ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠪᠥᠬᠦ ᠤᠯᠤᠰ᠂ ᠪᠥᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠵᠣᠬᠢᠶᠠᠨ ᠪᠠᠶᠢᠭᠤᠯᠵᠤ ᠰᠤᠷᠤᠯᠴᠠᠪᠠ
ᠨᠡᠶᠢᠲᠡᠯᠡᠭᠰᠡᠨ ᠴᠠᠭ᠄
2022/9/6
      9 ᠰᠠᠷ᠎ᠠ ᠶᠢᠨ 5  ᠤ ᠡᠳᠦᠷ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠳᠤ ᠪᠦᠬᠦ ᠤᠯᠤᠰ᠂ ᠪᠦᠬᠦ ᠣᠷᠣᠨ ᠤ ᠤᠬᠠᠭᠤᠯᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠲᠣᠰᠬᠤᠨ᠂ ᠨᠡᠶᠢᠭᠡᠮ ᠲᠣᠭᠤᠷᠢᠭ᠂ ᠬᠡᠷᠡᠭ ᠡᠷᠬᠢᠯᠡᠬᠦ ᠭᠠᠵᠠᠷ ᠤᠨ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠬᠠᠮᠲᠤ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ᠂ ᠨᠢᠭᠡ ᠳᠤ᠂ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤ ᠰᠠᠬᠢᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠲᠤᠪᠤᠶᠢᠯᠭᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠤᠨᠤᠯ ᠤᠨ ᠰᠤᠷᠤᠯᠴᠠᠯᠭ᠎ᠠ᠂ ᠤᠬᠠᠭᠤᠯᠭ᠎ᠠ ᠲᠦᠭᠡᠮᠡᠯᠵᠢᠭᠦᠯᠦᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠰᠤᠷᠤᠯᠴᠠᠵᠦ ᠰᠡᠳᠬᠢᠬᠦ ᠦᠢᠯᠡᠳᠦᠯᠭᠡᠵᠢᠭᠦᠯᠵᠦ ᠡᠵᠡᠮᠰᠢᠬᠦ ᠳᠤ ᠭᠦᠢᠴᠡᠳ ᠬᠦᠴᠦ ᠣᠷᠣᠭᠤᠯᠵᠤ᠂ ᠨᠡᠩ ᠰᠠᠶᠢᠨ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠤᠪᠤᠶᠢᠯᠭᠠᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠡᠨᠡᠬᠦ ᠭᠤᠣᠯ ᠰᠢᠵᠢᠮ ᠢ ᠤᠭᠲᠤᠬᠤ᠂ ᠤᠬᠠᠭᠤᠯᠬᠤ᠂ ᠲᠤᠤᠱᠯᠠᠭᠤᠯᠬᠤ ᠶᠢᠨ ᠲᠣᠭᠤᠷᠢᠨ ᠳᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠬᠦᠭ ᠠᠶᠠᠰ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠵᠢᠯ ᠤᠨ ᠭᠤᠣᠯ ᠰᠢᠵᠢᠮ ᠢ ᠤᠭᠲᠤᠬᠤ ᠶᠢ ᠲᠣᠪᠤᠶᠢᠯᠭᠠᠨ ᠤᠬᠠᠭᠤᠯᠵᠤ᠂ ᠡᠯ᠎ᠡ ᠵᠦᠢᠯ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠭᠤᠷᠪᠠ ᠳᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ᠂ ᠪᠣᠯᠪᠠᠰᠤᠨ ᠢ ᠦᠢᠯᠡᠳᠦᠯᠭᠡᠵᠢᠭᠦᠯᠬᠦ ᠭᠠᠵᠠᠷ ︵ᠦᠷᠳᠡᠭᠡ︶ ᠤᠨ ᠪᠠᠶᠢᠭᠤᠯᠤᠯᠲᠠ᠂ ᠬᠥᠳᠡᠭᠡ ᠶᠢᠨ ᠵᠠᠩ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠵᠡᠷᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠲᠠᠬᠢᠨ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ᠃ ᠳᠥᠷᠪᠡ ᠳᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠴᠢᠳᠠᠪᠤᠷᠢ ᠶᠢᠨ ᠪᠠᠶᠢᠭᠤᠯᠤᠯᠲᠠ᠂ ᠡᠩᠨᠡᠭᠡᠨ ᠤ ᠪᠠᠶᠢᠭᠤᠯᠤᠯᠲᠠ ᠵᠢᠴᠢ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠲᠤᠤᠱᠯᠠᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠣᠳᠠᠲᠠᠢ ᠠᠳᠬᠤᠵᠤ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号