︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠬᠠᠷᠠᠯᠲᠠ ᠪᠠᠨ ᠲᠣᠭᠲᠠᠭᠠᠵᠤ ᠬᠠᠶᠢᠨᠠᠨ ᠲᠣᠭᠤᠷᠢᠭ ᠤᠨ ᠬᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/9/6
      ᠣᠶᠢᠷ᠎ᠠ ᠶᠢᠨ ᠵᠢᠯ ᠠᠴᠠ᠂ ᠬᠠᠶᠢᠨᠠᠨ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠡᠵᠡᠮᠳᠡᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢᠨ ᠭᠤᠣᠯ ᠬᠠᠷᠠᠯᠲᠠ ᠪᠠ ᠦᠨᠡᠯᠡᠬᠦ ᠪᠠᠷᠢᠮᠵᠢᠶ᠎ᠠ ᠪᠣᠯᠭᠠᠵᠤ᠂ ᠡᠷᠴᠢ ᠵᠣᠷᠢᠭ ᠲᠠᠢ ᠪᠠᠷ ᠡᠷᠡᠯᠬᠡᠭᠯᠡᠨ ᠲᠡᠮᠡᠴᠡᠵᠦ᠂ ᠰᠢᠨᠲᠠᠷᠠᠰᠢ ᠦᠭᠡᠢ ᠴᠢᠷᠮᠠᠶᠢᠨ ᠠᠵᠢᠯᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠡᠢ᠃      ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠵᠦ᠂ ᠦᠨᠳᠦᠰᠦᠲᠡᠨ ᠤ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠬᠠᠶᠢᠨᠠᠨ ᠲᠣᠭᠤᠷᠢᠭ ᠤᠨ ᠢᠮᠠᠭᠲᠠ ᠦᠨᠳᠦᠰᠦᠲᠡᠨ ᠤ ᠠᠵᠢᠯ ᠢ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ  ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠣᠨ ᠤ ᠰᠢᠯᠭᠠᠨ ᠬᠢᠨᠠᠬᠤ ᠭᠦᠢᠴᠡᠳᠬᠡᠯ ᠲᠤᠭ᠎ᠠ ᠪᠠ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠰᠢᠯᠭᠠᠨ ᠬᠢᠨᠠᠬᠤ ᠭᠦᠢᠴᠡᠳᠬᠡᠯ ᠲᠤᠭ᠎ᠠ ᠳᠤ ᠣᠷᠣᠭᠤᠯᠵᠤ᠂ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠣᠨ ᠤ ᠠᠵᠢᠯ ᠤᠨ ᠲᠥᠯᠥᠪᠯᠡᠭᠡ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠣᠨ ᠤ ᠴᠠᠭᠳᠠᠨ ᠪᠠᠶᠢᠴᠠᠭᠠᠬᠤ ᠠᠵᠢᠯ ᠤᠨ ᠭᠤᠣᠯᠳᠠᠯᠭ᠎ᠠ ᠪᠠ ᠡᠭᠡᠯᠵᠢ ᠪᠦᠷᠢ ᠶᠢᠨ ᠴᠠᠭᠳᠠᠨ ᠪᠠᠶᠢᠴᠠᠭᠠᠬᠤ ᠠᠵᠢᠯ ᠤᠨ ᠲᠥᠰᠥᠯ ᠤᠨ ᠠᠭᠤᠯᠭ᠎ᠠ ᠳᠤ ᠣᠷᠣᠭᠤᠯᠤᠨ᠎ᠠ᠃ ᠡᠨᠡ ᠵᠢᠯ ᠠᠴᠠ ᠨᠠᠰᠢ᠂ ᠬᠤᠯᠪᠣᠭᠳᠠᠯ ᠪᠦᠬᠦᠢ ᠬᠤᠷᠠᠯ ᠬᠤᠷᠠᠯᠳᠤᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠤᠰᠬᠠᠢ ᠰᠡᠳᠦᠪ ᠢᠶᠠᠷ 7 ᠤᠳᠠᠭ᠎ᠠ ᠰᠤᠳᠤᠯᠤᠨ ᠠᠬᠢᠭᠤᠯᠵᠤ᠂ ᠲᠤᠬᠠᠢ ᠶᠢᠨ ᠭᠠᠵᠠᠷ ᠲᠤᠨᠢ 3 ᠡᠭᠡᠯᠵᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠴᠤ᠂ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠶᠢ 3 ᠲᠠᠯᠠᠪᠤᠷ ᠤᠳᠠᠭ᠎ᠠ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠡᠷᠭᠢᠯᠡᠭᠰᠡᠨ 14 ᠬᠤᠭᠤᠴᠠᠭᠠᠨ ᠤ ᠭᠤᠣᠯ ᠴᠣᠭᠴᠠ ᠶᠢᠨ ᠠᠩᠭᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠬᠢᠴᠢᠶᠡᠯ ᠤᠨ ᠴᠠᠭ ᠤᠨ ᠬᠠᠷᠢᠴᠠᠯ ᠢ 10% ᠠᠴᠠ ᠳᠡᠭᠡᠭᠰᠢ ᠭᠦᠷᠦᠭᠰᠡᠨ ᠪᠠᠶᠢᠨ᠎ᠠ᠃      ᠤᠷᠤᠭᠰᠢᠯᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠶ᠎ᠠ᠃      ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠺᠠᠳ᠋ᠷ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ ᠡᠨᠡ ᠵᠢᠯ ᠠᠴᠠ ᠨᠠᠰᠢ᠂ ᠡᠯ᠎ᠡ ᠲᠦᠷᠦᠯ ᠤᠨ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠦᠨᠳᠦᠰᠦᠨ ᠱᠠᠲᠤᠨ ᠳᠤ 17 ᠤᠳᠠᠭ᠎ᠠ ᠤᠬᠠᠭᠤᠯᠤᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠢ 800 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ᠃ ᠤᠯᠤᠰ ᠠᠷᠠᠳ ᠤᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠰᠤᠷᠭᠠᠭᠤᠯᠢ ᠨᠤᠭᠤᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ︽ᠲᠤᠯᠤᠭᠠᠨ ᠨᠢᠭᠡ︾ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠩᠬᠠᠨ ᠤ ᠬᠢᠴᠢᠶᠡᠯ ᠤᠨ ᠬᠥᠮᠦᠵᠢᠯ᠂ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠬᠤ᠂ ᠬᠠᠭᠤᠯᠤᠨ ᠮᠡᠳᠡᠭᠦᠯᠬᠦ ᠵᠡᠷᠭᠡ ᠠᠵᠢᠯᠯᠠᠭ᠎ᠠ ᠶᠢ 40 ᠭᠠᠷᠤᠢ ᠤᠳᠠᠭ᠎ᠠ ᠡᠷᠬᠢᠯᠡᠪᠡ᠃ ᠨᠡᠶᠢᠭᠡᠮ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠵᠦ᠂ ︽ᠪᠢᠴᠢᠯ ᠪᠦᠷᠭᠡ ᠨᠢᠭᠡ ᠦᠵᠦᠭᠦᠷ︾ ᠢ ᠠᠰᠢᠭᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠤᠯᠪᠤᠭᠳᠡᠯ ᠪᠦᠬᠦᠢ ᠠᠵᠢᠯᠯᠠᠭ᠎ᠠ ᠶᠢᠨ ᠮᠡᠳᠡᠭᠡ ᠵᠠᠩᠭᠢ ᠶᠢ 500 ᠭᠠᠷᠤᠢ ᠬᠤᠪᠢ ︵ᠵᠤᠷᠪᠤᠰ︶ ᠶᠢ ᠪᠠᠲᠤ ᠴᠣᠭᠴᠠᠯᠠᠪᠠ᠃ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡᠨ ᠤ ᠣᠷᠣᠨ ᠪᠠᠶᠢᠷᠢ ᠶᠢᠨ ᠣᠨᠴᠠᠯᠢᠭ ᠲᠠᠢ ︽ᠨᠢᠭᠡ ᠲᠠᠯ᠎ᠠ ᠶᠢᠨ ᠡᠬᠢ ᠪᠠᠶᠠᠯᠢᠭ︾ ᠢ ᠭᠦᠨᠵᠡᠭᠡᠢ ᠠᠭᠤᠳᠠᠯᠵᠤ ᠂ ︽ᠬᠤᠶᠠᠳᠤᠭᠠᠷ ᠬᠢᠴᠢᠶᠡᠯ ᠤᠨ ᠲᠠᠩᠬᠢᠮ︾ ᠢ ᠪᠤᠶ ᠪᠣᠯᠭᠠᠵᠤ᠂ ᠬᠠᠲᠤᠨ ᠭᠤᠣᠯ ᠤᠨ ᠰᠣᠶᠣᠯ ᠤᠨ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ᠂ ︽ᠵᠢᠵᠢᠭ ᠭᠤᠷᠪᠠᠳᠤᠭᠠᠷ ᠹᠷᠣᠨᠲ︾ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ᠂ ᠦᠬᠠᠢ ᠶᠢᠨ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ ᠵᠡᠷᠭᠡ ᠡᠬᠢ ᠪᠠᠶᠠᠯᠢᠭ ᠢ ᠭᠦᠢᠴᠡᠳ ᠠᠰᠢᠭᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠤᠨ ︽ᠬᠤᠶᠠᠳᠤᠭᠠᠷ ᠬᠢᠴᠢᠶᠡᠯ ᠤᠨ ᠲᠠᠩᠬᠢᠮ︾ ᠢ ᠴᠣᠭᠴᠠᠯᠠᠨ ᠪᠠᠶᠢᠭᠤᠯᠵᠤ᠂ ᠡᠨᠡ ᠵᠢᠯ ᠠᠴᠠ ᠨᠠᠰᠢ᠂ ᠡᠯ᠎ᠡ ᠲᠥᠷᠥᠯ ᠤᠨ ᠲᠣᠭᠤᠷᠢᠨ ᠦᠵᠡᠵᠦ ᠰᠤᠷᠤᠯᠴᠠᠬᠤ ᠠᠵᠢᠯᠯᠠᠭ᠎ᠠ ᠶᠢ 50 ᠭᠠᠷᠤᠢ ᠲᠠᠯᠠᠪᠤᠷ ᠡᠷᠭᠢᠯᠡᠨ᠂ ᠵᠠᠯᠭᠠᠨ ᠠᠪᠴᠤ᠂ ᠡᠯ᠎ᠡ ᠦᠨᠳᠦᠰᠦᠲᠡᠨ ᠤ ᠰᠣᠶᠣᠯ ᠤᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠠᠭᠤᠰᠤᠯᠴᠠᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠲᠦᠯᠬᠢᠨ ᠠᠬᠢᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠤᠷᠢᠳ ᠬᠤᠵᠢᠳ ᠡᠯ᠎ᠡ ᠱᠠᠲᠤᠨ ᠤ ᠡᠯ᠎ᠡ ᠲᠦᠷᠦᠯ ᠤᠨ ᠵᠢᠱᠢᠶ᠎ᠡ ᠦᠵᠡᠭᠦᠯᠬᠦ ᠨᠢᠭᠡᠴᠢ᠂ ᠬᠠᠮᠲᠤ ᠨᠡᠶᠢᠲᠡ 49 ᠶᠢ ᠡᠭᠦᠳᠦᠨ ᠪᠠᠶᠢᠭᠤᠯᠵᠤ᠂ 84 ᠲᠡᠷᠢᠭᠦᠨ ᠤ ᠵᠢᠱᠢᠶᠡᠴᠢ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃       ᠳᠤᠮᠳᠠᠳᠤ ᠶᠢᠨ ᠰᠣᠶᠣᠯ ᠢ ᠮᠡᠳᠡᠷᠡᠬᠦ ᠰᠡᠳᠬᠢᠯᠭᠡ ᠪᠠᠨ ᠴᠢᠩᠭᠠᠳᠬᠠᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ᠃       ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ︽ᠬᠠᠶᠢᠨᠠᠨ  ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ︵2021 ︱ 2025 ᠣᠨ︶︾ ᠶᠢ ᠲᠣᠭᠲᠠᠭᠠᠵᠤ᠂ ᠪᠥᠬᠦ ᠲᠠᠯ᠎ᠠ ᠪᠠᠷ ᠥᠷᠭᠡᠳᠬᠡᠬᠦ᠂ ᠭᠦᠨᠵᠡᠭᠡᠢ ᠠᠬᠢᠭᠤᠯᠬᠤ᠂ ᠨᠢᠭᠡᠳᠦᠯᠲᠡᠢ ᠲᠥᠯᠥᠪᠯᠡᠨ ᠠᠭᠤᠰᠤᠯᠴᠠᠭᠤᠯᠬᠤ ᠡᠭᠦᠳᠦᠨ ᠪᠠᠶᠢᠭᠤᠯᠬᠤ ᠠᠵᠢᠯ ᠤᠨ ᠰᠢᠰᠲ᠋ᠧᠮᠵᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠬᠤᠳᠠ ᠶᠢ ᠰᠢᠨᠡᠳᠬᠡᠬᠦ ᠠᠵᠢᠯᠯᠠᠭ᠎ᠠ ᠪᠠᠷ ᠲᠣᠬᠢᠶᠠᠯ ᠪᠣᠯᠭᠠᠨ᠂ ᠠᠷᠠᠳ ᠢ ᠨᠡᠭᠦᠯᠭᠡᠬᠦ᠂  ᠪᠤᠷᠤ ᠭᠡᠷ ᠤᠨ ᠲᠡᠭᠦᠷᠭᠡ ᠶᠢ ᠥᠭᠡᠷᠡᠴᠢᠯᠡᠬᠦ᠂ ᠪᠠᠲᠤᠯᠠᠭ᠎ᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠦᠨᠳᠦᠰᠦᠲᠡᠨ ᠨᠦᠭᠦᠳ ᠣᠨ ᠤᠯᠠᠨ ᠲᠦᠮᠡᠨ ᠢ ᠬᠠᠷᠢᠯᠴᠠᠨ ᠰᠢᠭᠢᠳᠬᠦ ᠠᠮᠢᠳᠣᠷᠠᠬᠤ ᠪᠣᠯᠭᠠᠬᠤ᠃ ᠰᠤᠷᠭᠠᠭᠤᠯᠢ ᠶᠢᠨ ᠪᠦᠲᠦᠴᠡ ᠶᠢᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠰᠤᠷᠭᠠᠭᠤᠯᠢ ᠬᠠᠮᠲᠤᠷᠠᠬᠤ᠂ ᠠᠩᠭᠢ ᠬᠤᠯᠢᠯᠳᠤᠨ ᠬᠤᠨᠣᠬᠤ ᠶᠢ ᠡᠮᠬᠢ ᠵᠢᠷᠤᠮ ᠲᠠᠢ ᠠᠬᠢᠭᠤᠯᠵᠤ᠂ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠥᠬᠡᠨᠠᠭᠤᠷ ᠤᠨ ᠲᠥᠪᠡᠳ ᠣᠷᠣᠨ ᠳᠤ ᠬᠦᠷᠴᠦ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ ᠢᠷᠠᠭᠤ ᠠᠯᠳᠠᠷᠲᠤ ᠦᠢᠯᠡ ᠠᠵᠢᠯᠯᠠᠭ᠎ᠠ ᠶᠢ ᠤᠬᠠᠭᠤᠯᠬᠤ ᠠᠵᠢᠯᠯᠠᠭ᠎ᠠ ᠶᠢ 14 ᠤᠳᠠᠭ᠎ᠠ ᠥᠷᠨᠢᠭᠦᠯᠵᠦ᠂ ᠶᠠᠩ ᠵᠢᠶᠠ ᠢᠦᠢ᠂ ᠵᠠᠩ ᠶᠣᠣ᠂ ᠵᠢᠶᠣᠣ ᠱᠤᠸᠠᠩ ᠱᠤᠸᠠᠩ᠂ ᠯᠦ ᠨᠢᠩ ᠵᠡᠷᠭᠡ ᠨᠢᠭᠡ ᠪᠦᠯᠦᠭ ᠤᠯᠤᠰ ᠤᠨ ᠰᠢᠯᠢᠳᠡᠭ ᠠᠯᠬᠤᠭ᠎ᠠ ᠤᠷᠤᠯᠳᠤᠭᠠᠨ ᠤ ᠲᠠᠮᠢᠷᠴᠢᠨ ᠢ ᠬᠥᠮᠥᠵᠢᠭᠦᠯᠵᠦ᠂ ᠦᠨᠳᠦᠰᠦᠲᠡᠨ ᠨᠦᠭᠦᠳ ᠤᠨ ᠰᠤᠷᠤᠭᠴᠢᠳ ᠤᠨ ᠬᠠᠮᠲᠤ ᠪᠠᠷ ᠰᠤᠷᠤᠯᠴᠠᠬᠤ᠂ ᠬᠠᠮᠲᠤ ᠪᠠᠷ ᠠᠮᠢᠳᠤᠷᠠᠬᠤ᠂ ᠬᠠᠮᠲᠤ ᠪᠠᠷ ᠦᠰᠦᠨ ᠪᠣᠶᠢᠵᠢᠬᠤ ᠶᠢ ᠲᠠᠰᠤᠷᠠᠯᠲᠠ ᠦᠭᠡᠢ ᠬᠥᠲᠥᠯᠥᠨ ᠵᠢᠯᠣᠭᠤᠳᠪᠠ᠃ ︽  ᠬᠤᠲᠠ ᠶᠢᠨ ᠤᠯᠠᠭᠠᠨᠮᠥ᠋ᠴᠢᠷ︾ ᠤᠨ ᠠᠵᠢᠯ ᠢ ᠰᠦᠪᠡᠭᠴᠢᠯᠡᠨ ᠠᠬᠢᠭᠤᠯᠵᠤ᠂ ᠲᠣᠭᠤᠷᠢᠭ ᠤᠨ ᠬᠠᠷᠢᠶ᠎ᠠ ᠤᠯᠠᠭᠠᠨᠮᠥ᠋ᠴᠢᠷ ᠢ ᠨᠡᠶᠢᠭᠡᠮ ᠲᠣᠭᠤᠷᠢᠭ ᠤᠨ ᠣᠯᠠᠨ ᠲᠦᠮᠡᠨᠴᠢ ᠴᠢᠨᠠᠷᠲᠠᠢ ᠤᠳᠬ᠎ᠠ ᠤᠷᠠᠯᠢᠭ ᠤᠨ ᠪᠦᠯᠬᠦᠮ ᠲᠠᠢ ᠠᠭᠤᠰᠤᠯᠴᠠᠭᠤᠯᠤᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠳᠬ᠎ᠠ ᠤᠷᠠᠯᠢᠭ ᠤᠨ ᠤᠬᠠᠭᠤᠯᠭ᠎ᠠ ᠶᠢᠨ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ︽ᠨᠡᠷ᠎ᠡ ᠴᠤᠤᠲᠠᠢ ᠬᠥᠮᠥᠨ︾  ᠤ ᠤᠤᠭᠠᠯ ᠪᠦᠲᠦᠭᠡᠯ ᠢ ᠰᠠᠶᠢᠲᠤᠷ ᠬᠡᠷᠡᠭᠯᠡᠨ᠂ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠳᠠᠭᠤᠷᠢᠯᠢᠭ ᠮᠠᠨᠳᠠᠷᠠᠸ᠎ᠠ ᠱᠠᠩᠨᠠᠯ ᠤᠨ ᠨᠡᠷ᠎ᠡ ᠳᠤᠷᠠᠳᠤᠭᠳᠠᠭᠴᠢ ᠶᠤᠸᠠᠨ ᠫᠧᠢ ᠶᠣᠣ ᠪᠠᠭᠰᠢ ᠪᠦᠯᠬᠦᠮ ᠳᠠᠭᠠᠭᠤᠯᠤᠨ ᠡᠯ᠎ᠡ ᠪᠠᠯᠭᠠᠰᠤ᠂ ᠵᠡᠭᠡᠯᠢ ᠭᠤᠳᠤᠮᠵᠢ ᠳᠤ 5 ᠤᠳᠠᠭ᠎ᠠ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃       ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠤᠮᠠᠷᠠᠲᠤ ᠶᠢᠨ ᠬᠠᠶᠢᠨᠠᠨ ᠤ ᠵᠣᠯ ᠵᠢᠷᠭᠠᠯᠲᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃       ᠬᠠᠶᠢᠨᠠᠨ ᠲᠤᠭᠤᠷᠢᠭ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠠᠪᠤᠳᠠᠯ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠰᠬᠡᠯ ᠪᠠ ᠲᠡᠭᠦᠰᠬᠡᠯ ᠪᠣᠯᠭᠠᠨ᠎ᠠ᠃ ᠣᠶᠢᠷ᠎ᠠ ᠶᠢᠨ ᠵᠢᠯ ᠠᠴᠠ᠂ ᠠᠵᠤ ᠠᠬᠤᠢ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠬᠤ ᠶᠢ ᠪᠠᠲᠤᠯᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠴᠥᠮ ᠪᠦᠬᠦ ᠤᠯᠤᠰ ᠤᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠵᠤ᠂ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠤᠨ ᠵᠠᠷᠤᠯᠭ᠎ᠠ ᠶᠢᠨ ᠡᠵᠡᠯᠡᠬᠦ ᠬᠠᠷᠢᠴᠠᠯ ᠵᠢᠯ ᠪᠦᠷᠢ 70% ᠠᠴᠠ ᠳᠡᠭᠡᠭᠰᠢ ᠪᠠᠶᠢᠬᠤ ᠶᠢ ᠪᠠᠲᠤᠯᠠᠪᠠ᠃ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠲᠠ ᠶᠢᠨ ᠲᠣᠭᠤᠷᠢᠭ ᠲᠤ ᠨᠢᠭᠡ ᠮᠥᠴᠡ᠂ ᠲᠠᠷᠢᠶᠠᠯᠠᠬᠤ ᠣᠷᠣᠨ ᠳᠤ ᠬᠠᠭᠠᠰ ᠴᠠᠭ ᠤᠨ ᠳᠣᠲᠣᠷ᠎ᠠ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠵᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠴᠢᠯᠡᠭᠡ ᠪᠠ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠢ ᠦᠨᠳᠦᠰᠦᠨ ᠳᠡᠭᠡᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠡᠯᠡ ᠮᠥᠩᠭᠦ  ᠶᠢ ᠰᠠᠶᠢᠲᠤᠷ ᠬᠡᠷᠡᠭᠯᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ  ᠶᠢ ᠳᠡᠮᠵᠢᠵᠦ᠂ ᠲᠥᠷᠥ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠬᠦ ᠶᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠤᠨᠢᠨ ᠳᠡᠭᠡᠷ᠎ᠡ ᠨᠢ ᠬᠡᠷᠡᠭᠯᠡᠵᠦ᠂ ᠪᠡᠯᠡ ᠮᠥᠩᠭᠦ ᠶᠢᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠶᠢ ᠪᠠᠲᠤᠯᠠᠵᠤ᠂ 2022 ᠣᠨ ᠳᠤ 131 ᠲᠦᠮᠡᠨ ᠲᠥᠭᠦᠷᠢᠭ ᠤᠨ ᠪᠡᠯᠡ ᠮᠥᠩᠭᠦ ᠶᠢ ᠵᠣᠯᠭᠠᠭᠤᠯᠵᠤ ᠂ ᠬᠠᠶᠢᠨᠠᠨ ᠤ  ᠪᠠᠶᠠᠨᠲᠣᠬᠤᠢ ᠪᠠᠯᠭᠠᠰᠤ ᠶᠢᠨ ᠵᠠᠭᠤᠨ ᠮᠦ ᠵᠢᠭᠠᠰᠤᠨ ᠴᠥᠭᠦᠷᠥᠮ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠲᠦᠷᠦᠯ ᠵᠦᠢᠯ ᠪᠣᠯᠣᠨ  ᠷᠠᠰᠠᠩ ᠰᠦᠮ᠎ᠡ ᠪᠠᠯᠭᠠᠰᠤ ᠶᠢᠨ ᠲᠠᠷᠢᠮᠠᠯ ᠤᠨ ᠵᠦᠢᠯ ᠢ ᠬᠤᠷᠢᠶᠠᠨ ᠬᠠᠳᠠᠭᠠᠯᠠᠵᠤ ᠡᠳ᠋ᠰᠢᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠢᠨᠵᠧᠨᠧᠷᠢᠩ ᠤᠨ ᠭᠠᠯ ᠤᠨᠲᠠᠷᠠᠭᠠᠬᠤ ᠤᠰᠤᠨ ᠴᠥᠭᠦᠷᠥᠮ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠶᠠᠳᠠᠭᠤ ᠠᠴᠠ ᠠᠩᠭᠢᠵᠢᠷᠠᠭᠰᠠᠨ 113 ᠡᠷᠦᠬᠡ ᠶᠢ ᠬᠠᠮᠤᠷᠴᠤ᠂ ᠬᠠᠶᠢᠨᠠᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠥᠭᠵᠢᠯᠲᠡ ᠶᠢᠨ ᠠᠰᠢᠭ ᠢ ᠦᠨᠡᠨᠬᠦ ᠡᠳ᠋ᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号