ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2023/1/5
      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ︵2023 ᠣᠨ ᠤ 1 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠲᠤᠯᠠᠪᠠ︶      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ 2023 ᠣᠨ ᠤ 1 ᠰᠠᠷ᠎ᠠ ᠶᠢᠨ 4 ᠤ ᠡᠳᠦᠷ ᠬᠤᠷᠠᠯᠳᠤᠪᠠ᠃      ᠡᠨᠡ ᠤᠳᠠᠭᠠᠨ ᠤ ᠬᠤᠷᠠᠯᠳᠤᠭᠠᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 28 ᠬᠥᠮᠦᠨ᠂ ᠣᠷᠣᠯᠠᠭᠴᠢ ᠭᠡᠰᠢᠭᠦᠨ 5 ᠬᠥᠮᠦᠨ ᠣᠷᠣᠯᠴᠠᠪᠠ᠃ ᠲᠤᠭᠤᠷᠢᠭ ᠤᠨ ᠱᠠᠲᠤᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃      1 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      1 ᠰᠠᠷ᠎ᠠ ᠶᠢᠨ 4 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠪᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠪᠢᠩ ᠲᠣᠰ ᠲᠣᠰ ᠶᠠᠷᠢᠶ᠎ᠠ ᠲᠠᠯᠪᠢᠪᠠ᠃      1 ᠰᠠᠷ᠎ᠠ ᠶᠢᠨ 4 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠬᠠᠶᠢᠨᠠᠨ ᠲᠣᠭᠤᠷᠢᠭ ᠲᠤ ᠬᠤᠷᠠᠯᠳᠤᠪᠠ᠃      ᠪᠦᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠤᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2022 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ ᠣᠳᠣᠬᠠᠨ ᠤ ᠪᠠᠶᠢᠳᠠᠯ ᠢ ᠭᠦᠨᠵᠡᠭᠡᠢ ᠵᠠᠳᠠᠯᠵᠤ᠂ 2023 ᠣᠨ ᠤ ᠭᠤᠣᠯ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠪᠥᠬᠦᠳᠡ ᠬᠤᠷᠠᠯ ᠠᠴᠠ ︽ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ ᠲᠤᠤᠱᠯᠠᠭᠤᠯᠬᠤ ᠲᠤᠬᠠᠢ ᠲᠣᠭᠲᠠᠭᠠᠯ︾᠂ ︽2022 ᠣᠨ ᠤ ᠬᠠᠶᠢᠨᠠᠨ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾᠂ ︽2022 ᠣᠨ ᠤ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠬᠢᠨᠠᠨ ᠵᠥᠪᠯᠡᠵᠦ ᠪᠠᠲᠤᠯᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ︽ᠲᠣᠭᠲᠠᠭᠠᠯ ︵ᠶᠠᠷᠢᠯᠴᠠᠬᠤ  ᠨᠣᠤᠷᠠᠭ︶︾ ᠶᠢᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃      ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠪᠣᠯᠤᠨ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠬᠦᠳᠡ ᠬᠤᠷᠠᠯ ᠵᠢᠴᠢ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠪᠠ᠃      ᠪᠦᠬᠦᠳᠡ ᠬᠤᠷᠠᠯ ᠠᠴᠠ ᠨᠢᠭᠡ ᠵᠢᠯ ᠤᠨ ᠲᠤᠷᠰᠢᠬᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠪᠠ᠃ 2022 ᠣᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶᠠᠨ ᠤ ︽ᠨᠢᠭᠡ ᠶᠢ ᠵᠢᠷᠣᠮᠯᠡᠯ ᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠡᠷᠡᠰ ᠪᠠᠲᠤ᠂ ᠠᠮᠢ ᠠᠬᠤᠢ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠬᠥᠭᠵᠢᠯᠲᠡ ᠶᠢᠨ ᠶᠠᠰᠤ ᠴᠢᠨᠠᠷ ᠢᠯᠡᠳᠲᠡ ᠳᠡᠭᠡᠭᠰᠢᠯᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠ ᠬᠥᠳᠡᠭᠡ ᠶᠢᠨ ᠠᠭᠤᠰᠤᠯᠴᠠᠯ ᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠤᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠪᠠᠲᠤ ᠪᠠᠬᠢ ᠠᠯᠬᠤᠮ ᠢ ᠠᠯᠬᠤᠪᠠ᠃      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠪᠣᠯᠪᠠᠰᠤᠷᠠᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠦᠷᠢᠶᠡᠯᠡᠨ ᠬᠠᠮᠠᠭᠠᠯᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃      ᠪᠦᠬᠦᠳᠡ ᠬᠤᠷᠠᠯ ᠠᠴᠠ᠂ 2023 ᠣᠨ ᠤ ᠪᠦᠬᠦ ᠣᠷᠣᠨ ᠤ ᠠᠵᠤ ᠠᠬᠤᠢ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠳᠡᠭᠡᠭᠰᠢᠯᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠭᠤᠷᠢᠨ ᠳᠡᠭᠡᠷ᠎ᠡ ᠲᠦᠷᠭᠡᠨ ᠤᠷᠤᠭᠰᠢᠯᠠᠵᠤ᠂ ᠲᠣᠭᠲᠠᠭᠤᠨ ᠤ ᠳᠤᠮᠳᠠ ᠤᠷᠤᠭᠰᠢᠯᠠᠭᠰᠠᠨ ᠰᠠᠭᠤᠷᠢᠨ ᠳᠡᠭᠡᠷ᠎ᠡ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠰᠢᠨ᠎ᠡ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠪᠠ ᠬᠤᠳᠠ ᠶᠢᠨ ᠬᠡᠯᠪᠡᠷᠢ ᠶᠢ ᠬᠤᠪᠢᠷᠠᠭᠤᠯᠬᠤ ᠰᠢᠨ᠎ᠡ ᠠᠯᠬᠤᠮ ᠢ ᠠᠯᠬᠤᠬᠤ ᠶᠢ ᠠᠬᠢᠭᠤᠯᠵᠤ᠂ ᠰᠢᠨ᠎ᠡ ᠠᠶᠠᠨ ᠵᠠᠮ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠪᠦᠬᠦᠳᠡ ᠬᠤᠷᠠᠯ ᠠᠴᠠ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠬᠤ ᠳᠡᠭᠡᠷ᠎ᠡ ᠬᠦᠴᠦ ᠣᠷᠣᠭᠤᠯᠵᠤ᠂ ᠬᠥᠭᠵᠢᠯᠲᠡ ᠶᠢᠨ ᠦᠵᠡᠯᠲᠡ ᠪᠠᠨ ᠡᠷᠡᠰ ᠲᠥᠪ ᠪᠣᠯᠭᠠᠵᠤ᠂ ︽ᠲᠤᠯᠤᠭᠠᠨ ᠤᠬᠠᠮᠰᠠᠷ︾ ᠢ ᠲᠠᠰᠤᠷᠠᠯᠲᠠ ᠦᠭᠡᠢ ᠴᠢᠩᠭᠠᠳᠬᠠᠵᠤ᠂ ︽ᠲᠠᠪᠤᠨ ᠵᠦᠢᠯ ᠤᠨ ᠬᠠᠷᠢᠴᠠᠭ᠎ᠠ︾ ᠶᠢ ᠵᠥᠪ ᠰᠢᠢᠳᠪᠦᠷᠢᠯᠡᠵᠦ᠂ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ ᠶᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠦᠢᠯᠡᠴᠢᠯᠡᠭᠡᠨ ᠤ ᠦᠢᠯᠡᠰ ᠤᠨ ᠬᠤᠷᠳᠤᠴᠠ ᠶᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠬᠥᠳᠡᠭᠡ ᠠᠵᠤ ᠠᠬᠤᠢ ᠶᠢ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠶᠡᠬᠡᠪᠡᠷ ᠠᠳᠬᠤᠵᠤ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠪᠠ ᠠᠵᠤ ᠦᠢᠯᠡᠰ ᠤᠨ ᠰᠠᠭᠤᠷᠢ ᠶᠢ ᠳᠡᠭᠡᠳᠦ ᠲᠡᠰᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠰᠠᠭᠤᠷᠢ ᠶᠢ ᠪᠠᠲᠤᠳᠬᠠᠵᠤ᠂ ᠨᠡᠩ ᠶᠡᠭᠡ ᠡᠷᠴᠢᠮ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠠᠬᠢᠭᠤᠯᠵᠤ᠂ ᠨᠡᠩ ᠥᠨᠳᠥᠷ ᠵᠣᠭᠰᠣᠴᠠ ᠪᠠᠷ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ᠃ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢᠶᠠᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠬᠡᠬᠡᠯᠳᠡ ᠬᠢᠵᠦ ᠬᠠᠮᠲᠤᠷᠠᠯᠴᠠᠬᠤ ᠶᠢ ᠥᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠬᠤᠳᠠ ᠶᠢᠨ ᠰᠢᠨᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠶᠡᠬᠡᠪᠡᠷ ᠪᠠᠲᠤᠯᠠᠨ ᠰᠠᠶᠢᠵᠢᠷᠠᠭᠤᠯᠵᠤ᠂ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠤᠯᠠᠨ ᠲᠡᠰ ᠳᠠᠪᠬᠤᠷᠭ᠎ᠠ ᠪᠠᠷ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ︽ᠠᠷᠠᠳ ᠤᠨ ᠠᠮᠢᠳᠤᠷᠠᠯ ᠤᠨ ᠳᠤᠯᠠᠭᠠᠴᠠ︾ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ︽ᠵᠣᠯ ᠵᠢᠷᠭᠠᠯ ᠤᠨ ᠵᠤᠵᠠᠭᠠᠨ ᠤ ᠬᠡᠮᠵᠢᠶ᠎ᠡ︾ ᠶᠢ ᠨᠡᠮᠡᠭᠳᠡᠭᠦᠯᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠩ ᠥᠨᠳᠥᠷ ᠲᠦᠪᠰᠢᠨ ᠢᠶᠠᠷ ᠬᠠᠤᠯᠢᠵᠢᠯ ᠤᠨ ᠬᠠᠶᠢᠨᠠᠨ ᠤ ᠪᠠᠶᠢᠭᠤᠯᠤᠯᠲᠠ ᠶᠢ ᠠᠬᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠶ᠎ᠡ ᠵᠣᠬᠢᠴᠠᠩᠭᠤᠢ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃      ᠪᠦᠬᠦᠳᠡ ᠬᠤᠷᠠᠯ ᠠᠴᠠ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠵᠦ᠂ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠠᠬᠢᠭᠤᠯᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂ ᠦᠵᠡᠯ ᠰᠠᠨᠠᠭᠠᠨ ᠤ ᠪᠠᠶᠢᠭᠤᠯᠤᠯᠲᠠ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠢᠮᠠᠭᠲᠠ ᠲᠤᠤᠱᠲᠠᠢ ᠠᠬᠢᠭᠤᠯᠤᠨ᠎ᠠ᠃      ᠪᠥᠬᠦᠳᠡ ᠬᠤᠷᠠᠯ ᠠᠴᠠ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ︽ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢ ᠬᠠᠷᠠᠯᠲᠠ ᠪᠠᠨ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠵᠢᠷᠤᠮᠵᠢᠭᠤᠯᠬᠤ᠂ ᠨᠠᠷᠢᠯᠢᠭᠵᠢᠭᠤᠯᠬᠤ᠂ ᠬᠤᠷᠳᠤᠴᠠ ᠶᠢ ᠲᠦᠷᠭᠡᠳᠬᠡᠬᠦ ᠳᠡᠭᠡᠷ᠎ᠡ ᠬᠦᠴᠦ ᠲᠠᠯᠪᠢᠵᠤ᠂ ︽ᠲᠠᠪᠤᠨ ᠳᠦᠷᠢ ᠲᠥᠷᠬᠦ︾ ᠶᠢ ᠦᠨᠡᠨ ᠬᠦ ᠲᠣᠭᠲᠠᠭᠠᠬᠤ ᠬᠡᠷᠡᠭᠲᠡᠶ᠃ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ︽ᠳᠠᠩᠰᠠ ᠲᠤᠰᠢᠶᠠᠬᠤ︾ ᠤᠬᠠᠮᠰᠠᠷ ᠢᠶᠠᠨ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠬᠥᠯᠥᠰᠥᠨ ᠠᠵᠢᠯᠴᠢᠨ ᠤ ᠴᠠᠯᠢᠩ ᠢ ᠲᠠᠷᠬᠠᠭᠠᠬᠤ᠂ ᠨᠡᠭᠦᠷᠡᠰᠦ ᠴᠠᠬᠢᠯᠭᠠᠨ ᠲᠤᠰᠤ ᠬᠡᠢ ᠳᠤᠯᠠᠭᠠᠯᠠᠭ᠎ᠠ ᠶᠢᠨ ᠬᠠᠩᠭᠠᠯᠭ᠎ᠠ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠ ᠠᠶᠤᠯᠭᠦᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠠᠷᠠᠳ ᠣᠯᠠᠨ ᠤ ᠪᠠᠶᠠᠷ ᠤᠨ ᠡᠳᠦᠷ ᠢᠶᠠᠨ ᠪᠠᠶᠠᠷ ᠬᠥᠷ ᠲᠠᠢ ᠥᠯᠵᠡᠶ ᠪᠡᠯᠭᠡ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠪᠦᠬᠦᠳᠡ ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠡᠨᠡᠭ ᠡᠪᠦᠭᠡᠨ ᠤ ᠠᠭᠤᠯᠠ ᠶᠢ ᠨᠡᠭᠦᠯᠭᠡᠬᠦ ᠰᠥᠰᠥ ᠵᠣᠷᠢᠭ᠂ ᠳᠤᠰᠤᠯ ᠤᠰᠤ ᠴᠢᠯᠠᠭᠤ ᠨᠡᠪᠲᠡᠯᠬᠦ ᠰᠥᠰᠥ ᠵᠣᠷᠢᠭ ᠢ ᠪᠠᠲᠤᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ ᠡᠷᠴᠢ ᠵᠣᠷᠢᠭ ᠢᠶᠠᠨ ᠬᠥᠪᠴᠢᠯᠡᠵᠦ᠂ ᠰᠢᠨᠲᠠᠷᠠᠰᠢ ᠦᠭᠡᠢ ᠴᠢᠷᠮᠠᠶᠢᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号