ᠬᠠᠶᠢᠨᠠᠨ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠠᠩᠬᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/31
      10 ᠰᠠᠷ᠎ᠠ ᠶᠢᠨ 30 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠬᠠᠶᠢᠨᠠᠨ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠠᠩᠬᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠸᠧᠶ ᠾᠧᠦ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠯᠪᠣᠭ᠎ᠠ ᠠᠪᠬᠤ ᠳᠤᠭᠤᠶᠢᠯᠠᠩ ᠤᠨ ᠳᠠᠷᠤᠭ᠎ᠠ ᠯᠢ ᡁᠢ ᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ︽ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ ︿ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ﹀ ᠶᠢ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠴᠢᠬᠤᠯᠠ ᠭᠠᠷᠳᠠᠴᠠ ᠪᠣᠯᠭᠠᠬᠤ ᠲᠤᠬᠠᠶ ᠮᠡᠳᠡᠭᠳᠡᠯ︾ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠨᠠᠨ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠬᠤᠭᠤᠴᠠᠭᠠᠨ ᠳᠠᠬᠢ ᠪᠠᠶᠢᠴᠠᠭᠠᠨ ᠰᠤᠳᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠵᠡᠷᠭᠡ 6 ᠨᠥᠬᠦᠳ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ ᠣᠶᠢᠷ᠎ᠠ ᠶᠢᠨ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠦᠷ᠎ᠡ ᠪᠦᠲᠦᠭᠡᠯ ᠤᠨ ᠲᠤᠬᠠᠶ ᠲᠠᠰ ᠳᠠᠷᠠᠭᠠᠯᠠᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠢᠦᠢ ᡁᠢ ᠶᠦᠩ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠴᠠᠭᠠᠨ ᠰᠤᠳᠤᠯᠤᠯᠲᠠ ᠶᠢᠨ ᠳᠠᠷᠠᠭᠠᠬᠢ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠯᠴᠠᠬᠤ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠲᠣᠭᠲᠠᠴᠠ ᠶᠢᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠪᠠᠶᠢᠴᠠᠭᠠᠨ ᠰᠤᠳᠤᠯᠬᠤ ᠴᠢᠳᠠᠪᠤᠷᠢ ᠪᠠᠨ ᠲᠠᠰᠤᠷᠠᠯᠲᠠ ᠥᠬᠡᠶ ᠴᠢᠩᠭᠠᠷᠠᠭᠤᠯᠤᠨ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠲᠠᠶᠢᠯᠪᠦᠷᠢᠯᠠᠬᠤ ᠰᠡᠳᠬᠢᠬᠦᠶ︾ ᠶᠢ ᠪᠣᠶ ᠪᠣᠯᠭᠠᠵᠤ᠂ ᠪᠠᠶᠢᠴᠠᠭᠠᠨ ᠰᠤᠳᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠶᠢᠴᠠᠭᠠᠨ ᠰᠤᠳᠤᠯᠬᠤ ᠠᠵᠢᠯ ᠢ ᠡᠳᠦᠷ ᠲᠤᠲᠤᠮ ᠤᠨ ᠠᠵᠢᠯ ᠳᠠᠭᠠᠨ ᠠᠭᠤᠰᠤᠯᠴᠠᠭᠤᠯᠤᠨ᠂ ᠪᠠᠶᠢᠩᠭᠤ ᠠᠳᠬᠤᠵᠤ᠂ ᠪᠠᠶᠢᠴᠠᠭᠠᠨ ᠰᠤᠳᠤᠯᠬᠤ ᠠᠵᠢᠯ ᠢ ᠳᠦᠷᠢᠮᠵᠢᠭᠦᠯᠬᠦ᠂ ᠵᠢᠷᠤᠮᠵᠢᠭᠤᠯᠬᠤ ᠶᠢ ᠬᠦᠴᠦᠯᠡᠨ ᠠᠬᠢᠭᠤᠯᠵᠤ᠂ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢᠯᠠᠯᠲᠠ᠂ ᠠᠷᠠᠳᠴᠢᠯᠠᠯᠲᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ︔ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠪᠠᠷᠢᠮᠲᠠᠯᠠᠨ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃  ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ᠂ ᠠᠵᠢᠯ ᠤᠨ ᠲᠦᠷᠢᠮ ᠢ ᠰᠤᠷᠤᠯᠴᠠᠨ ᠳᠡᠯᠭᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠦᠨᠡᠨ ᠪᠣᠳᠠᠲᠠᠢ ᠠᠷᠭ᠎ᠠ ᠪᠤᠳᠤᠯᠭ᠎ᠠ ᠠᠪᠴᠤ᠂ ︽ᠨᠢᠭᠡ ᠶᠠᠪᠤᠳᠠᠯ︾ ᠢ ᠰᠢᠢᠳᠪᠦᠷᠢᠯᠡᠬᠦ ᠠᠴᠠ ︽ᠨᠢᠭᠡ ᠲᠦᠷᠦᠯ ᠤᠨ ᠶᠠᠪᠤᠳᠠᠯ︾ ᠢ ᠰᠠᠶᠢᠲᠤᠷ ᠬᠢᠬᠦ ᠲᠡᠰᠢ ᠤᠷᠲᠤᠳᠬᠠᠬᠤ ᠶᠢ ᠠᠬᠢᠭᠤᠯᠵᠤ᠂ ᠤᠯᠠᠨ ᠲᠦᠮᠡᠨ ᠢ ᠨᠡᠩ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ︔ ᠪᠠᠶᠢᠴᠠᠭᠠᠨ ᠰᠤᠳᠤᠯᠬᠤ ᠰᠤᠷᠲᠠᠯ ᠢ ᠪᠣᠳᠠᠲᠠᠢ ᠠᠳᠬᠤᠬᠤ ᠶᠢ ᠪᠠᠷᠢᠮᠲᠠᠯᠠᠵᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ ᠪᠣᠳᠠᠲᠠᠢ ᠦᠷ᠎ᠡ ᠪᠦᠲᠦᠮᠵᠢ ᠲᠠᠢ ᠪᠣᠯᠭᠠᠬᠤ ᠶᠢ ᠪᠠᠲᠤᠯᠠᠬᠤ ᠬᠡᠷᠡᠭᠲᠡᠢ᠃ ︽ᠰᠣᠷᠣᠭᠰᠠᠨ ᠢᠶᠠᠨ ᠬᠡᠷᠡᠭᠯᠡᠬᠦ︾᠂ ︽ᠱᠠᠯᠠᠪᠳᠠᠭᠤᠯᠬᠤ ᠪᠠᠷ ᠦᠷ᠎ᠡ ᠪᠦᠲᠦᠮᠵᠢ ᠶᠢ ᠠᠬᠢᠭᠤᠯᠬᠤ︾᠂ ︽ᠰᠦᠪᠡᠭᠴᠢᠯᠡᠬᠦ ᠪᠠᠷ ᠠᠵᠢᠯ ᠢ ᠠᠬᠢᠭᠤᠯᠬᠤ︾ ᠶᠢ ᠳᠣᠪᠤᠶᠢᠯᠭᠠᠵᠤ᠂ ︽ᠶᠡᠭᠡ ᠰᠤᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠲᠠ︾ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠳᠡᠭᠡᠷ᠎ᠡ ᠳᠤᠷᠠᠳᠤᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠣᠳᠠᠲᠠᠶ ᠠᠳᠬᠤᠬᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠵᠡᠷᠭᠡ ᠭᠤᠤᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠤᠨ᠂ ᠪᠠᠶᠢᠴᠠᠭᠠᠨ ᠰᠤᠳᠤᠯᠤᠯᠲᠠ ᠬᠢᠬᠦ ᠶᠢ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ᠂ ᠨᠠᠩ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠪᠠ᠃      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠬᠥᠮᠦᠰ ᠬᠤᠷᠠᠯ ᠳᠤ ᠣᠷᠣᠯᠴᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号