11 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ | ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠶᠢᠰᠦᠳᠦᠭᠡᠷ | ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ | ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ᠂ ᠵᠠᠬᠢᠳᠠᠯ ᠢᠯᠡᠭᠡᠬᠦ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ ᠢ | ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ | ᠠᠮᠢᠳᠤᠯᠢᠭ ᠢᠶᠠᠷ ᠰᠠᠶᠢᠲᠤᠷ ᠬᠡᠷᠡᠭᠯᠡᠵᠦ᠂ ᠣᠷᠣᠨ ᠪᠦᠰᠡ ᠶᠢᠨ ᠬᠥᠭᠵᠢᠯᠲᠡ ᠶᠢᠨ ᠳᠤᠲᠠᠭᠤᠳᠠᠯ ᠢ ᠤᠯᠠᠮ ᠴᠢᠨᠠᠭᠰᠢᠳᠠ | ᠨᠥᠬᠦᠪᠥᠷᠢᠯᠡᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠬᠤᠶᠠᠷ ᠶᠡᠭᠡ | ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠥᠮᠦᠰ ᠤᠨ ᠰᠡᠳᠬᠢᠯ ᠢ ᠨᠢᠭᠲᠠᠷᠠᠭᠤᠯᠬᠤ ᠶᠢ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠵᠣᠷᠢᠯᠲᠠ ᠪᠠ ᠲᠤᠰᠤᠯᠲᠠ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠬᠡᠷᠡᠭᠲᠡᠢ᠃ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠶᠤᠯ ᠲᠦᠭᠰᠢᠭᠦᠷᠢ ᠶᠢ ᠰᠢᠢᠳᠪᠦᠷᠢᠯᠡᠬᠦ | ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠵᠦ᠂ ᠥᠷᠢ ᠥᠭᠴᠡᠭᠡ ᠶᠢ ᠠᠷᠢᠯᠭᠠᠬᠤ ᠠᠵᠢᠯ ᠢ ᠰᠠᠶᠢᠲᠤᠷ ᠬᠢᠵᠦ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ | ᠪᠠᠲᠤ ᠰᠠᠬᠢᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠡᠮᠡᠭᠲᠡᠶᠢᠴᠦᠳ ᠤᠨ | ᠬᠤᠯᠪᠣᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠵᠡᠯ ᠰᠠᠨᠠᠭ᠎ᠠ ᠤᠯᠤᠰ ᠲᠦᠷᠦ ᠶᠢᠨ | ᠵᠢᠯᠤᠭᠤᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠮᠦᠰ᠂ ᠡᠮᠡᠭᠲᠡᠶᠢᠴᠦᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ︽ᠬᠤᠶᠠᠷ ᠶᠡᠭᠡ ᠶᠠᠪᠤᠳᠠᠯ︾ ᠤᠨ ᠪᠣᠳᠠᠲᠠᠢ ᠦᠢᠯᠡᠳᠦᠯᠭᠡ ᠶᠢ | ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ ︽ᠬᠠᠶᠢᠨᠠᠨ ᠲᠣᠭᠤᠷᠢᠭ ᠤᠨ ︿ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ︾ ᠶᠢ ᠰᠤᠳᠤᠯᠤᠨ ᠬᠢᠨᠠᠨ ᠵᠥᠪᠯᠡᠵᠦ᠂ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠮᠠᠨ ᠤ | ᠲᠤᠭᠤᠷᠢᠭ ᠤᠨ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ ᠳᠠᠬᠢ ᠪᠣᠳᠠᠲᠠᠶ ᠡᠭᠦᠷᠭᠡ ᠳᠤ ᠪᠣᠳᠠᠲᠠᠶ | ᠠᠷᠭ᠎ᠠ ᠵᠠᠮ ᠪᠠ ᠭᠠᠷᠳᠠᠴᠠ ᠶᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ | ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠥᠬᠦ ᠬᠦᠴᠦᠨ ᠢᠶᠠᠷ ᠢᠶᠠᠨ ᠤᠷᠤᠭᠰᠢ ᠠᠬᠢᠭᠤᠯᠵᠤ᠂ ︽ᠰᠠᠨᠠᠯ︾ | ᠳᠤ ᠲᠣᠳᠣᠷᠬᠠᠶᠢᠯᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠩᠬᠠᠷᠴᠤ᠂ 2024 ᠣᠨ ᠤ | ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠬᠦᠯᠢᠶᠡᠬᠦ ᠦᠭᠡᠢ ᠲᠦᠰᠢᠭᠯᠡᠬᠦ ᠦᠭᠡᠢ | ᠵᠣᠯᠭᠠᠭᠤᠯᠵᠤ᠂ ᠨᠡᠩ ᠤᠯᠠᠨ ᠭᠤᠣᠯᠳᠠᠯᠭ᠎ᠠ ᠲᠠᠢ ᠲᠦᠷᠦᠯ ᠵᠦᠢᠯ ᠢ ᠳᠡᠭᠡᠳᠦ ᠱᠠᠲᠤᠨ ᠤ ᠳᠡᠮᠵᠢᠬᠦ ᠬᠡᠪᠴᠢᠶᠡᠨ ᠳᠤ | ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠬᠡᠬᠦ ᠶᠢ ᠲᠦᠷᠭᠡᠳᠬᠡᠵᠦ᠂ ᠲᠦᠷᠦᠯ ᠵᠦᠢᠯ ᠳᠤ ᠢᠳᠡᠪᠬᠢᠲᠡᠢ ᠪᠠᠷ ᠪᠦᠬᠦ ᠲᠠᠯ᠎ᠠ ᠶᠢᠨ ᠦᠢᠯᠡᠴᠢᠯᠡᠭᠡ | ᠬᠠᠩᠭᠠᠵᠤ᠂ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢ ᠴᠢᠨᠠᠭᠰᠢᠳᠠ ᠴᠢᠩᠭᠠᠷᠠᠭᠤᠯᠵᠤ᠂ ᠲᠦᠷᠦᠯ ᠵᠦᠢᠯ ᠢ ᠡᠷᠲᠡ | ᠨᠠᠶᠢᠳᠠᠪᠤᠷᠢᠵᠢᠭᠤᠯᠵᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠶᠢ ᠭᠦᠨᠵᠡᠭᠡᠢ | ᠥᠷᠨᠢᠭᠦᠯᠵᠦ᠂ ᠨᠢᠭᠡ ᠪᠦᠯᠦᠭ ᠰᠠᠶᠢᠨ ᠲᠦᠷᠦᠯ ᠵᠦᠢᠯ ᠲᠤᠮᠤ ᠲᠦᠷᠦᠯ ᠵᠦᠢᠯ ᠢ ᠣᠷᠣᠭᠤᠯᠤᠨ ᠠᠪᠴᠢᠷᠠᠵᠤ | ᠨᠠᠶᠢᠳᠠᠪᠤᠷᠢᠵᠢᠭᠤᠯᠬᠤ ᠬᠡᠷᠡᠭᠲᠡᠢᠭᠡᠵᠡᠢ᠃ | ᠬᠤᠷᠠᠯ ᠠᠴᠠ ᠪᠠᠰᠠ ᠪᠥᠬᠦ ᠣᠷᠣᠨ ᠤ ᠬᠡᠦᠷᠰᠢᠭᠦᠯᠬᠦ ᠠᠵᠢᠯ ᠲᠥᠷᠥᠯ ᠢ ᠡᠮᠬᠢᠯᠡᠨ ᠨᠡᠶᠢᠯᠡᠭᠦᠯᠵᠦ ᠲᠠᠰ | ᠳᠡᠪᠰᠢᠭᠦᠯᠬᠦ ᠠᠵᠢᠯ ᠤᠨ ᠪᠠᠶᠢᠳᠠᠯ᠂ ᠪᠥᠬᠦ ᠣᠷᠣᠨ ᠤ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ | ᠠᠵᠢᠯ ᠤᠨ ᠪᠠᠶᠢᠳᠠᠯ᠂ ᠪᠥᠬᠦ ᠣᠷᠣᠨ ᠤ ᠦᠵᠡᠯ ᠰᠠᠨᠠᠭ᠎ᠠ ᠤᠯᠤᠰ ᠲᠥᠷᠥ᠂ ᠰᠠᠭᠤᠷᠢ ᠬᠥᠮᠦᠵᠢᠯ ᠪᠠ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |