ᠪᠥᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/14
      11 ᠰᠠᠷ᠎ᠠ ᠶᠢᠨ 13 ᠤ ᠡᠳᠦᠷ᠂ ᠪᠦᠬᠦ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠵᠤ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠠᠨ ᠫᠢᠩ ᠬᠤᠷᠠᠯ ᠢ ᠡᠷᠬᠢᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠦ ᠬᠤᠤ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠰᠢᠶᠤᠤ ᠵᠢᠶᠦ᠋ᠨ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠪᠥᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠰᠠᠨᠠᠭᠤᠯᠭ᠎ᠠ ᠶᠢ ᠰᠣᠨᠣᠰᠴᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠶᠢ ᠰᠤᠳᠤᠯᠪᠠ᠃ ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠪᠠᠶᠠᠨᠲᠣᠬᠤᠶ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠬᠦᠬᠤᠰᠣ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ ᠠᠴᠠ ᠣᠷᠣᠰᠢᠵᠤ ᠪᠠᠶᠢᠭ᠎ᠠ ᠠᠰᠠᠭᠤᠳᠠᠯ ᠪᠠ ᠠᠵᠢᠯ ᠤᠨ ᠰᠠᠨᠠᠭᠤᠯᠭ᠎ᠠ ᠶᠢᠨ ᠲᠣᠭᠤᠷᠢᠨ ᠳᠤ ᠲᠠᠰ ᠳᠠᠷᠠᠭᠠᠯᠠᠨ ᠦᠭᠡ ᠬᠡᠯᠡᠪᠡ᠃ ᠪᠠᠢ ᠴᠦᠨ ᠯᠸᠢ ᠪᠥᠬᠦ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠹᠷᠣᠨᠲ ᠤᠨ ᠡᠮᠴᠢ ᠰᠤᠪᠢᠯᠠᠭᠴᠢ ᠶᠢᠨ ᠣᠷᠳᠣ ᠬᠤᠭᠤᠴᠠᠭᠠᠨ ᠤ ᠲᠤᠷᠰᠢᠬᠢ ᠰᠢᠷᠭᠠᠭᠤ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠡᠮᠴᠢᠯᠡᠭᠡᠨ ᠤ ᠡᠬᠢ ᠪᠠᠶᠠᠯᠢᠭ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠲᠠᠯ᠎ᠠ ᠪᠠᠷ ᠲᠠᠰᠤᠷᠠᠯᠲᠠ ᠥᠬᠡᠶ ᠣᠷᠣᠭᠤᠯᠤᠯᠲᠠ ᠪᠠᠨ ᠨᠡᠮᠡᠭᠳᠡᠭᠦᠯᠵᠦ᠂ ᠪᠥᠬᠦ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠥᠭᠵᠢᠯᠲᠡ ᠲᠦᠷᠭᠡᠨ ᠳᠠᠪᠰᠢᠯᠲᠠ ᠲᠠᠢ ᠪᠣᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠪᠠᠰᠠ ᠠᠰᠠᠭᠤᠳᠠᠯ ᠳᠤ ᠵᠥᠪ ᠢᠶᠠᠷ ᠬᠠᠨᠳᠤᠵᠤ᠂ ᠮᠠᠨ ᠤ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠪᠣᠯᠤᠨ ᠤᠯᠠᠨ ᠲᠦᠮᠡᠨ ᠤ ᠬᠦᠰᠡᠯ ᠡᠷᠡᠮᠡᠯᠵᠡᠯ ᠪᠠᠰᠠ ᠵᠥᠷᠢᠶ᠎ᠡ ᠲᠠᠢ ᠪᠠᠶᠢᠨ᠎ᠠ᠂ ᠡᠷᠬᠡᠪᠰᠢ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ᠂ ᠡᠷᠡᠭᠦᠯ ᠮᠡᠨᠳᠤ ᠶᠢᠨ ᠬᠠᠶᠢᠨᠠᠨ ᠵᠡᠷᠭᠡ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ᠃      ᠪᠠᠶ ᠴᠦᠨ ᠯᠸᠢ ᠬᠡᠯᠡᠭᠰᠡᠨ ᠨᠢ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯ ᠰᠡᠳᠦᠪᠲᠦ ᠰᠤᠷᠭᠠᠨ ᠬᠥᠮᠦᠵᠢᠯ ᠲᠠᠢ ᠤᠶᠠᠯᠳᠤᠭᠤᠯᠤᠨ ᠥᠭᠡᠷᠡᠴᠢᠯᠡᠯᠲᠡ ᠶᠢ ᠠᠬᠢᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠲᠥᠷᠥᠭᠳᠡᠯ ᠢ ᠰᠠᠶᠢᠵᠢᠷᠠᠭᠤᠯᠬᠤ ᠪᠠᠷ ᠡᠭᠦᠰᠦᠯᠲᠡ ᠪᠣᠯᠭᠠᠵᠤ᠂ ᠡᠯ᠎ᠡ ᠡᠮᠴᠢᠯᠡᠭᠡᠨ ᠤ ᠨᠢᠭᠡᠴᠡ ᠶᠢᠨ ᠡᠭᠦᠷᠭᠡ ᠴᠢᠳᠠᠪᠤᠷᠢ ᠪᠠ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠠᠶᠢᠭᠤᠯᠵᠤ᠂ ᠪᠥᠬᠦ ᠲᠣᠭᠤᠷᠢᠭ ᠤᠨ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠳᠠᠬᠢᠨ ᠥᠷᠭᠡᠳᠬᠡᠬᠦ᠂ ᠡᠮᠴᠢᠯᠡᠭᠡᠨ ᠤ ᠦᠶ᠋ᠯᠡᠴᠢᠯᠡᠭᠡᠨ ᠤ ᠬᠢᠷᠢ ᠲᠦᠪᠰᠢᠨ ᠢ ᠳᠠᠬᠢᠨ ᠳᠡᠭᠡᠭᠰᠢᠯᠡᠭᠦᠯᠬᠦ᠂ ᠡᠷᠡᠭᠦᠯ ᠮᠡᠨᠳᠦ ᠶᠢᠨ ᠪᠠᠲᠤᠯᠠᠭ᠎ᠠ ᠶᠢᠨ ᠰᠠᠭᠤᠷᠢ ᠶᠢ ᠳᠠᠬᠢᠨ ᠪᠠᠬᠢᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠦ ᠶᠢᠨ ᠪᠤᠳᠤᠯᠭ᠎ᠠ ᠪᠣᠯᠤᠨ ᠶᠡᠷᠦᠩᠬᠡᠶᠢᠯᠡᠭᠰᠡᠨ ᠢᠵᠢ ᠪᠦᠷᠢᠳᠦᠭᠦᠯᠦᠯᠲᠡ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠰᠠᠨ᠂ ᠨᠠᠷᠢᠯᠢᠬᠵᠢᠭᠤᠯᠤᠭᠰᠠᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠢ ᠰᠢᠯᠢᠳᠡᠭᠵᠢᠭᠦᠯᠦᠨ᠂ ᠨᠢᠭᠡ ᠪᠦᠯᠦᠭ ᠨᠡᠯᠢᠶᠡᠳ ᠴᠢᠩᠭ᠎ᠠ ᠨᠥᠯᠥᠭᠡᠯᠡᠬᠦ ᠬᠦᠴᠦᠨ ᠲᠠᠢ ᠡᠮᠴᠢᠯᠡᠭᠡᠨ ᠤ ᠲᠤᠰᠬᠠᠶ ᠰᠠᠯᠠᠭᠠᠨ ᠤ ᠰᠠᠯᠠᠭ᠎ᠠ ᠶᠢ ᠬᠦᠴᠦᠯᠡᠨ ᠪᠠᠶᠢᠭᠤᠯᠵᠤ᠂ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠴᠢᠳᠠᠪᠤᠷᠢᠲᠠᠨ ᠤ ᠬᠠᠮᠢᠶᠠᠷᠤᠯᠲᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠲᠤᠯᠭᠠᠭᠤᠷᠢᠯᠠᠬᠤ ᠦᠢᠯᠡᠳᠦᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠢ ᠢᠳᠡᠪᠬᠢᠲᠡᠶ ᠥᠷᠨᠢᠭᠦᠯᠵᠦ᠂ ᠴᠢᠳᠠᠪᠤᠷᠢᠲᠠᠨ ᠢ ᠦᠯᠡᠳᠡᠭᠡᠨ ᠬᠡᠷᠡᠭᠯᠡᠬᠦ ᠪᠠᠲᠤᠯᠠᠭ᠎ᠠ ᠶᠢ ᠰᠠᠶᠢᠲᠤᠷ ᠬᠢᠵᠦ᠂ ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ ᠤᠨ ᠨᠢᠭᠡᠳᠦᠯᠲᠡᠶ ᠲᠥᠯᠥᠪᠯᠡᠨ ᠨᠢᠭᠡᠳᠦᠯᠲᠡᠶ ᠬᠠᠮᠢᠶᠠᠷᠬᠤ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠷᠣᠨ ᠲᠤᠭ᠎ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠰᠢᠯᠢᠳᠡᠭ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶᠢᠯᠬᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号