ᠪᠠᠶ ᠴᠦᠨ ᠯᠸᠢ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠵᠢᠴᠢ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠢᠴᠢ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠨᠠᠷ ᠤᠷᠢᠳ ᠬᠤᠵᠢᠳ ᠶᠢᠨ ᠷᠦᠩ ᠨᠡᠭᠦᠷᠡᠰᠦᠨ ᠤ ᠦᠶ᠋ᠯᠡᠰ᠂ ᠮᠢᠩ ᠰᠢᠩ ᠨᠡᠭᠦᠷᠡᠰᠦ ᠤᠬᠢᠶᠠᠬᠤ ᠦᠶ᠋ᠯᠡᠳᠪᠦᠷᠢ᠂ ᠦᠬᠠᠶ ᠬᠤᠲᠠ ᠶᠢᠨ ᠶᠢᠨ ᠯᠢᠶᠠᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠴᠢᠶᠠᠨ ᠵᠧᠨ ᠨᠡᠭᠦᠷᠡᠰᠦ ᠬᠡᠦᠷᠡᠰᠦ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠶᠧ ᠠᠵᠤ ᠦᠶ᠋ᠯᠡᠳᠪᠦᠷᠢ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠵᠢᠴᠢ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠠᠶ ᠳᠤ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ᠃ ᠲᠡᠷᠡ ᠬᠡᠯᠡᠬᠦ ᠳᠡᠭᠡᠨ᠂ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠨᠡᠭᠦᠷᠡᠰᠦ ᠤᠬᠢᠶᠠᠵᠤ ᠰᠣᠩᠭᠤᠬᠤ ᠠᠵᠤ ᠦᠢᠯᠡᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠠᠬᠢ ᠴᠢᠬᠤᠯᠠ ᠪᠠᠶᠢᠷᠢ ᠰᠠᠭᠤᠷᠢ ᠶᠢ ᠭᠦᠨᠵᠡᠭᠡᠶ ᠡᠵᠡᠮᠳᠡᠵᠦ᠂ ᠨᠡᠭᠦᠷᠡᠰᠦᠨ ᠤ ᠤᠬᠢᠶᠠᠨ ᠰᠣᠩᠭᠤᠵᠤ ᠡᠳ᠋ᠰᠢᠭᠦᠯᠬᠦ ᠠᠵᠢᠯ ᠲᠥᠷᠥᠯ ᠤᠨ ᠡᠭᠴᠡ ᠪᠠᠨ ᠨᠢᠭᠡ ᠴᠤᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠪᠥᠬᠦ ᠲᠣᠭᠤᠷᠢᠭ ᠤᠨ ᠨᠡᠭᠦᠷᠡᠰᠦ ᠤᠬᠢᠶᠠᠵᠤ ᠰᠣᠩᠭᠤᠬᠤ ᠠᠵᠤ ᠦᠢᠯᠡᠰ ᠤᠨ ᠠᠮᠤᠷ ᠲᠦᠪᠰᠢᠨ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠬᠠᠷᠢᠶ᠎ᠠ ᠣᠷᠣᠨ ᠤ ᠳᠣᠲᠣᠷᠠᠬᠢ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠲᠦᠷᠭᠡᠳᠬᠡᠵᠦ᠂ ᠨᠤᠷᠠᠭᠠᠬᠤ ᠶᠣᠰᠣᠲᠠᠢ ᠶᠢ ᠨᠢ ᠡᠷᠬᠡᠪᠰᠢ ᠡᠷᠡᠰ ᠢᠶᠠᠷ ᠴᠡᠭᠴᠡᠯᠡᠨ ᠰᠠᠶᠢᠵᠢᠷᠠᠭᠤᠯᠵᠤ᠂ ᠬᠠᠤᠯᠢ ᠠᠴᠠ ᠵᠥᠷᠢᠴᠡᠨ ᠪᠠᠶᠢᠴᠠᠭᠠᠨ ᠰᠢᠢᠳᠪᠦᠷᠢᠯᠡᠵᠦ᠂ ᠬᠠᠤᠯᠢ ᠶᠣᠰᠣᠭᠠᠷ ᠬᠠᠮᠢᠶᠠᠷᠴᠤ᠂ ᠡᠯ᠎ᠡ ᠲᠦᠷᠦᠯ ᠤᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠡᠭᠦᠷᠡᠰᠦ ᠤᠬᠢᠶᠠᠵᠤ ᠰᠢᠯᠢᠬᠦ ᠠᠵᠢᠯ ᠲᠦᠷᠦᠯ ᠤᠨ ᠭᠠᠶᠢᠯᠢ ᠶᠢᠨ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠭᠦᠷᠡᠰᠦᠨ ᠤ ᠭᠠᠶᠢᠯᠢ ᠰᠦᠢᠳᠬᠡᠯ ᠤᠨ ᠭᠤᠭᠤᠵᠢᠵᠤ ᠭᠤᠭᠤᠵᠢᠬᠤ ᠦᠢᠯᠡ ᠠᠵᠢᠯᠯᠠᠭ᠎ᠠ ᠳᠤ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠴᠢᠩᠭ᠎ᠠ ᠴᠣᠬᠢᠯᠲᠠ ᠥᠭᠴᠦ᠂ ᠭᠠᠶᠢᠯᠢ ᠲᠠᠲᠠᠪᠤᠷᠢ ᠶᠢᠨ ᠲᠠᠲᠠᠪᠤᠷᠢᠯᠠᠬᠤ ᠶᠣᠰᠣᠲᠠᠢ ᠶᠢ ᠨᠢ ᠪᠦᠬᠦᠨ ᠢ ᠲᠠᠲᠠᠪᠤᠷᠢᠯᠠᠬᠤ ᠶᠢ ᠪᠠᠲᠤᠯᠠᠬᠤ ᠬᠡᠷᠡᠭᠲᠡᠢ᠃ ᠠᠵᠤ ᠠᠬᠤᠶᠢᠯᠠᠯ ᠤᠳ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠠᠶᠤᠯ ᠥᠬᠡᠶ ᠦᠢᠯᠡᠳᠪᠦᠷᠢᠯᠡᠯ ᠤᠨ ᠣᠷᠣᠭᠤᠯᠤᠯᠲᠠ ᠪᠠᠨ ᠨᠡᠮᠡᠭᠳᠡᠭᠦᠯᠦᠨ᠂ ᠠᠶᠤᠯ ᠥᠬᠡᠶ ᠦᠢᠯᠡᠳᠪᠦᠷᠢᠯᠡᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠪᠣᠳᠠᠲᠠᠶᠢᠵᠢᠭᠤᠯᠬᠤ᠂ ᠴᠡᠭᠴᠡᠯᠡᠨ ᠵᠠᠰᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠥᠬᠦ  ᠲᠣᠭᠤᠷᠢᠭ ᠤᠨ ᠠᠶᠤᠯ ᠥᠬᠡᠶ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ ᠪᠠᠶᠢᠳᠠᠯ ᠢ ᠪᠠᠬᠢᠵᠢᠭᠦᠯᠬᠦ ᠬᠡᠷᠡᠭᠲᠡᠶ ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号