ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2023 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 2023 ᠣᠨ ᠤ 18 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠦᠷᠰᠢᠭᠦᠯᠬᠦ᠂ ᠠᠭᠤᠷᠬᠠᠢ ᠶᠢᠨ ᠡᠷᠭᠡ᠂ ᠤᠬᠢᠶᠠᠵᠤ ᠰᠢᠯᠢᠵᠦ ᠨᠡᠶᠢᠳᠬᠡᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠶᠢᠨᠠᠨ ᠲᠣᠭᠤᠷᠢᠭ ᠤᠨ 2024 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠪᠠᠶᠢᠭ᠎ᠠ ᠠᠵᠢᠯ ᠢ ᠰᠤᠳᠤᠯᠵᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠪᠠᠯᠭᠠᠰᠤᠨ ᠤ ᠠᠯᠪᠠᠨ ᠬᠡᠷ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠶᠠᠷᠢᠶᠠᠨ ᠤ ᠭᠤᠤᠯ ᠠᠭᠤᠯᠭ᠎ᠠ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠱᠠᠲᠤ ᠦᠶ᠎ᠡ ᠶᠢᠨ ᠴᠢᠨᠠᠷᠲᠠᠶ ᠣᠨᠴᠠᠯᠢᠭ ᠢ ᠣᠨᠣᠪᠴᠢᠲᠠᠶ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠶᠡᠭᠡ ᠪᠠᠷ ᠥᠷᠨᠢᠭᠦᠯᠵᠦ᠂ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ︾ ᠶᠢ ᠢᠳᠡᠪᠬᠢᠲᠡᠶ ᠠᠬᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠶ ᠲᠥᠷᠥᠭᠳᠡᠯ ᠲᠠᠢ ᠪᠦᠲᠦᠮᠵᠢᠲᠡᠶ ᠪᠠᠲᠤ ᠴᠣᠭᠴᠠᠯᠠᠬᠤ ᠶᠢ ᠠᠬᠢᠭᠤᠯᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠰᠤᠳᠤᠯᠵᠤ᠂ ᠥᠭᠡᠷᠡᠴᠢᠯᠡᠯᠲᠡ ᠶᠢᠨ ᠠᠷᠭ᠎ᠠ ᠪᠣᠯᠤᠨ ᠰᠢᠨ᠎ᠡ ᠶᠢ ᠡᠭᠦᠳᠬᠦ ᠰᠡᠳᠬᠢᠬᠦᠶ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠶᠠᠭ ᠥᠷᠨᠢᠭᠦᠯᠵᠦ ᠪᠠᠶᠢᠭ᠎ᠠ ᠭᠤᠤᠯ ᠰᠡᠳᠦᠪᠲᠦ ᠬᠥᠮᠦᠵᠢᠯ ᠲᠠᠢ ᠨᠢᠭᠲᠠ ᠤᠶᠠᠯᠳᠤᠭᠤᠯᠵᠤ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠠᠬᠢᠭᠤᠯᠬᠤ ᠶᠢ ᠠᠳᠬᠤᠵᠤ᠂ ᠪᠥᠬᠦ ᠵᠢᠯ ᠤᠨ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ᠮᠠᠨ ᠤ ᠲᠤᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠲᠦᠷᠦᠯ ᠵᠦᠢᠯ ᠢ ᠠᠳᠬᠤᠬᠤ ᠪᠣᠯ ᠳᠠᠷᠤᠢ ᠠᠵᠤ ᠠᠬᠤᠢ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠦᠷᠦᠯ ᠵᠦᠢᠯ ᠢ ᠲᠥᠯᠥᠪᠵᠢᠭᠦᠯᠬᠦ ᠪᠣᠯ ᠳᠠᠷᠤᠢ ᠢᠷᠡᠭᠡᠳᠦᠢ ᠶᠢ ᠰᠦᠪᠡᠭᠴᠢᠯᠡᠵᠦ ᠪᠠᠶᠢᠭ᠎ᠠ ᠶᠠᠪᠤᠳᠠᠯ ᠮᠥᠨ︾ ᠭᠡᠬᠦ ᠤᠬᠠᠮᠰᠠᠷ ᠢ ᠪᠠᠲᠤ ᠪᠤᠢ ᠪᠣᠯᠭᠠᠵᠤ᠂ ᠲᠦᠷᠦᠯ ᠵᠦᠢᠯ ᠢ ᠲᠥᠯᠥᠪᠵᠢᠭᠦᠯᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠴᠠᠭ ᠲᠤᠬᠠᠢ ᠳᠤᠨᠢ ᠵᠣᠯᠭᠠᠭᠤᠯᠤᠨ ᠨᠡᠪᠲᠡᠷᠡᠯᠴᠡᠵᠦ᠂ 2021 ᠣᠨ ᠳᠤ ᠬᠡᠷᠡᠭᠵᠢᠭᠦᠯᠬᠦ ᠪᠠᠷ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠢ ᠥᠨᠳᠥᠷ ᠭᠠᠷᠤᠭ᠎ᠠ ᠠᠴᠠ ᠲᠥᠯᠥᠪᠵᠢᠭᠦᠯᠦᠨ ᠲᠡᠭᠦᠯᠳᠡᠷᠵᠢᠭᠦᠯᠵᠦ᠂ ᠪᠡᠯᠡ ᠮᠥᠩᠭᠦ ᠶᠢᠨ ᠢᠷᠡᠯᠳᠡ ᠶᠢ ᠰᠤᠳᠤᠯᠬᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠯ᠎ᠡ ᠭᠤᠭᠴᠤᠭ᠎ᠠ ᠶᠢ ᠥᠨᠳᠥᠷ ᠪᠦᠲᠦᠮᠵᠢᠲᠡᠢ ᠪᠠᠷ ᠠᠬᠢᠭᠤᠯᠬᠤ᠂ ᠵᠠᠪᠰᠠᠷ ᠦᠭᠡᠢ ᠵᠣᠯᠭᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠭᠤᠷᠪᠠ ᠶᠢ ᠨᠡᠶᠢᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠪᠣᠷ ᠨᠢ ᠡᠷᠡᠰ ᠪᠠᠲᠤ ᠪᠠᠶᠢᠵᠤ᠂ ᠡᠳᠦᠷ ᠲᠤᠲᠤᠮ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠪᠣᠳᠠᠲᠠᠶ ᠡᠭᠦᠷᠭᠡ ᠨᠢᠭᠡᠪᠦᠷᠢ ᠶᠢ ᠪᠡᠶᠡᠯᠡᠭᠦᠯᠬᠦ ᠴᠠᠭ ᠤᠨ ᠬᠢᠵᠠᠭᠠᠷ ᠢ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠥᠬᠦ ᠬᠦᠴᠦᠨ ᠢᠶᠠᠷ ᠢᠶᠠᠨ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠶᠢᠳᠠᠯ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠭᠤᠷᠪᠠᠳᠤᠭᠠᠷ ᠤᠯᠠᠷᠢᠯ ᠤᠨ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ︽ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠶᠡᠷᠦᠩᠬᠡᠶᠢᠯᠡᠭᠰᠡᠨ ᠬᠢᠨᠠᠨ ᠰᠢᠯᠭᠠᠵᠤ ᠱᠠᠩᠨᠠᠵᠤ ᠲᠣᠷᠭᠠᠬᠤ ᠠᠷᠭ᠎ᠠ︾᠂ ︽ᠬᠠᠶᠢᠨᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠲᠦᠷᠢᠮ︾ ᠢ ᠰᠤᠳᠤᠯᠤᠨ ᠬᠢᠨᠠᠨ ᠵᠥᠪᠯᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号