11 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠭᠤᠤᠯ | ᠰᠡᠳᠦᠪᠲᠦ ᠬᠥᠮᠦᠵᠢᠯ ᠵᠢᠴᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ | ᠪᠠᠶᠢᠴᠠᠭᠠᠨ ᠰᠤᠳᠤᠯᠪᠠ᠃ | ᠦᠬᠠᠶ ᠬᠤᠲᠠ ᠶᠢᠨ ᠪᠦᠦ ᠶᠤᠸᠠᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠂ | ᠦᠬᠠᠶ ᠬᠤᠲᠠ ᠶᠢᠨ ᠷᠦᠩ ᠭᠤᠸᠠᠨ ᠠᠮᠢ ᠠᠬᠤᠶ ᠶᠢᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ | ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠶ ᡁᠢ ᠶᠦᠩ ᠪᠦᠦ ᠶᠤᠸᠠᠨ ᠤ ᠬᠤᠶᠠᠳᠤᠭᠠᠷ ᠬᠤᠭᠤᠴᠠᠭᠠᠨ ᠤ | ᠳᠥᠴᠢᠨ ᠲᠦᠮᠡᠨ ᠦᠨᠳᠡᠭᠡ ᠳᠠᠬᠢᠶ᠎ᠠ ᠶᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠢᠷᠠᠭᠤ ᠠᠯᠳᠠᠷ ᠤᠨ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠤ | ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ | ᠠᠬᠤᠶᠢᠯᠠᠯ ᠤᠨ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ ᠪᠣᠯᠤᠨ ᠣᠯᠠᠨ ᠲᠦᠮᠡᠨ ᠤ ᠬᠥᠮᠦᠵᠢᠯ | ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠠᠵᠤ ᠠᠬᠤᠶᠢᠯᠠᠯ ᠤᠨ ᠬᠢᠨ ᠭᠤᠤᠯ | ᠰᠡᠳᠦᠪᠲᠦ ᠬᠥᠮᠦᠵᠢᠯ ᠤᠨ ᠠᠵᠢᠯ ᠪᠣᠯᠤᠨ ᠠᠵᠤ ᠠᠬᠤᠶᠢᠯᠠᠯ ᠤᠨ ᠦᠶ᠋ᠯᠡᠳᠪᠦᠷᠢᠯᠡᠯ ᠡᠵᠡᠩᠨᠡᠯᠲᠡ ᠬᠥᠭᠵᠢᠯᠲᠡ ᠶᠢ | ᠨᠢᠭᠲᠠ ᠤᠶᠠᠯᠳᠤᠭᠤᠯᠵᠤ᠂ ᠬᠠᠷᠢᠯᠴᠠᠨ ᠠᠭᠤᠰᠤᠯᠴᠠᠭᠤᠯᠵᠤ᠂ ᠰᠤᠷᠤᠯᠴᠠᠯᠭ᠎ᠠ ᠪᠠᠷ ᠣᠶᠤᠨ ᠰᠦᠨᠡᠰᠦ ᠶᠢ ᠱᠤᠭᠤᠵᠤ᠂ | ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠤᠯᠠᠮ ᠨᠢᠭᠡ ᠠᠯᠬᠤᠮ ᠴᠢᠩᠭᠠᠳᠬᠠᠵᠤ᠂ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠨᠠᠩ ᠣᠯᠠᠨ ᠲᠣᠰᠬᠤᠨ ᠤ ᠠᠷᠠᠳ ᠢ ᠳᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠡᠶ᠃ | ᠶᠠᠩ ᠯᠦ ᠵᠢᠩ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠪᠠᠶᠢᠴᠠᠭᠠᠨ | ᠰᠤᠳᠤᠯᠤᠯᠲᠠ ᠬᠢᠬᠦ ᠳᠡᠭᠡᠨ᠂ ᠢᠦᠢ ᡁᠢ ᠶᠦᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠲᠣᠰᠬᠤᠨ ᠤ ᠨᠠᠮ ᠤᠨ ᠬᠤᠷᠢᠶᠠᠨ ᠤ ᠭᠤᠣᠯ ᠰᠡᠳᠦᠪᠲᠦ | ᠬᠥᠮᠦᠵᠢᠯ ᠪᠣᠯᠤᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ | ᠲᠡᠷᠡ ᠬᠡᠯᠡᠭᠰᠡᠨ ᠨᠢ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ | ᠣᠶᠢᠯᠭᠠᠨ ᠡᠵᠡᠮᠰᠢᠵᠦ᠂ ᠭᠤᠤᠯ ᠰᠡᠳᠦᠪᠲᠦ ᠬᠥᠮᠦᠵᠢᠯ ᠤᠨ ᠬᠡᠯᠪᠡᠷᠢ ᠪᠣᠯᠤᠨ ᠠᠭᠤᠯᠭ᠎ᠠ ᠶᠢ ᠲᠠᠰᠤᠷᠠᠯᠲᠠ ᠥᠬᠡᠶ | ᠪᠠᠶᠠᠯᠢᠭᠵᠢᠭᠤᠯᠵᠤ᠂ ᠪᠣᠳᠠᠲᠠᠶ ᠱᠠᠭᠠᠷᠳᠠᠯᠭ᠎ᠠ ᠶᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ | ᠲᠤᠤᠱᠯᠠᠭᠤᠯᠵᠤ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠬᠦᠴᠦᠯᠡᠨ ᠰᠢᠶ᠋ᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠣᠯᠤᠨ ᠠᠷᠠᠳ ᠲᠦᠮᠡᠨ ᠳᠤ | ᠦᠶ᠋ᠯᠡᠴᠢᠯᠡᠵᠦ᠂ ᠭᠤᠤᠯ ᠰᠡᠳᠦᠪᠲᠦ ᠬᠥᠮᠦᠵᠢᠯ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠬᠥᠮᠦᠰ ᠤᠨ | ᠰᠡᠳᠬᠢᠯ ᠢ ᠬᠥᠳᠡᠯᠭᠡᠵᠦ᠂ ᠬᠥᠮᠦᠰ ᠤᠨ ᠰᠡᠳᠬᠢᠯ ᠢ ᠤᠷᠮᠠᠰᠢᠭᠤᠯᠬᠤ ᠪᠠᠷ ᠴᠢᠷᠮᠠᠶᠢᠵᠤ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ ᠪᠠᠷ ᠴᠢᠷᠮᠠᠶᠢᠬᠤ ᠬᠡᠷᠡᠭᠲᠡᠶ ᠭᠡᠵᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ | ᠭᠦᠢᠴᠡᠳ ᠪᠠᠳᠠᠷᠠᠭᠤᠯᠵᠤ᠂ ᠲᠤᠰ ᠪᠡᠶ᠎ᠡ ᠶᠢᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠰᠡᠨ ᠰᠢᠨ᠎ᠡ ᠵᠠᠮ ᠢ | ᠢᠳᠡᠪᠬᠢᠲᠡᠢ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ | ᠪᠤᠵᠠᠭᠠᠶᠢᠷᠠᠭᠤᠯᠵᠤ᠂ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠰᠠᠶᠢᠨ ᠰᠠᠶᠢᠬᠠᠨ ᠪᠠᠶᠢᠳᠠᠯ ᠢ | ᠴᠢᠷᠮᠠᠶᠢᠨ ᠪᠡᠶᠡᠯᠡᠭᠦᠯᠬᠦ ᠬᠡᠷᠡᠭᠲᠡᠢ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠢᠦᠢ ᡁᠢ ᠶᠦᠩ ᠸᠠᠨ ᠮᠦ ᠲᠠᠨ ᠲᠣᠰᠬᠤᠨ ᠤ ᠦ᠋ | ᠰᠢᠨ ᠲᠣᠰᠬᠤᠨ ᠤ ᠠᠷᠠᠳ ᠤᠨ ᠳᠤᠭᠤᠶᠢᠯᠠᠩ ᠳᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠳᠣᠲᠣᠷᠠᠬᠢ ᠬᠠᠯᠠᠮᠵᠢᠯᠠᠨ ᠲᠡᠳᠬᠦᠬᠦ ᠡᠲᠡᠭᠡᠳ ᠭᠠᠨ ᠰᠢᠦ ᠶᠢᠨ ᠢ ᠪᠣᠯᠭᠤᠭᠠᠨ ᠲᠣᠬᠤᠨᠢᠭᠤᠯᠵᠤ᠂ | ᠭᠠᠨ ᠰᠢᠦ ᠶᠢᠨ ᠪᠡᠶ᠎ᠡ ᠮᠠᠬᠠᠪᠣᠳ ᠤᠨ ᠪᠠᠶᠢᠳᠠᠯ ᠪᠣᠯᠤᠨ ᠭᠡᠷ ᠪᠦᠯᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ | ᠳᠣᠲᠣᠭᠠᠳᠤ ᠶᠢᠨ ᠬᠠᠯᠠᠮᠵᠢᠯᠠᠨ ᠲᠣᠬᠤᠨᠢᠭᠤᠯᠬᠤ ᠮᠥᠩᠭᠦ ᠬᠦᠷᠭᠡᠵᠦ᠂ ᠲᠡᠭᠦᠨ ᠢ ᠪᠠᠶᠠᠰᠤᠩᠭᠤᠢ ᠢᠳᠡᠪᠬᠢᠲᠡᠢ | ᠰᠡᠳᠬᠢᠴᠡ ᠶᠢᠨ ᠪᠠᠶᠢᠳᠠᠯ ᠲᠠᠢ ᠪᠠᠶᠢᠬᠤ ᠶᠢ ᠵᠣᠷᠢᠭᠵᠢᠭᠤᠯᠵᠤ᠂ ᠡᠪᠡᠳᠴᠢᠨ ᠡᠮᠭᠡᠭ ᠢ ᠡᠷᠲᠡᠬᠡᠨ ᠢᠯᠠᠨ ᠳᠠᠪᠠᠭ᠋ᠤ ᠶᠢ | ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠨᠠᠮ ᠤᠨ ᠳᠣᠲᠣᠭᠠᠳᠤ ᠶᠢᠨ ᠬᠠᠯᠠᠮᠵᠢᠯᠠᠨ | ᠲᠡᠳᠬᠦᠬᠦ ᠶᠢᠨ ᠤᠷᠮᠠᠰᠢᠭᠤᠯᠤᠨ ᠳᠤᠯᠠᠭᠠᠴᠠᠭᠤᠯᠬᠤ ᠦᠢᠯᠡᠳᠦᠯ ᠪᠣᠯᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠬᠦᠴᠢᠷᠳᠡᠯᠲᠡᠢ ᠨᠠᠮ ᠤᠨ ᠭᠡᠰᠢᠭᠦᠨ᠂ ᠤᠯᠠᠨ ᠲᠦᠮᠡᠨ ᠤ ᠠᠮᠢᠳᠤᠷᠠᠯ ᠢ ᠢᠯᠡᠭᠦᠬᠡᠨ ᠬᠠᠯᠠᠮᠵᠢᠯᠠᠵᠤ᠂ | ᠲᠡᠳᠡᠨ ᠢ ᠬᠠᠪᠰᠤᠷᠤᠨ ᠠᠵᠢᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠢ ᠴᠠᠭ | ᠲᠤᠬᠠᠢ ᠳᠤᠨᠢ ᠰᠢᠢᠳᠪᠦᠷᠢᠯᠡᠵᠦ᠂ ᠦᠨᠡᠨ ᠰᠡᠳᠬᠢᠯ ᠠᠴᠠ ᠪᠠᠨ ᠲᠡᠳᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ | ᠠᠰᠠᠭᠤᠳᠠᠯ ᠢ ᠨᠢ ᠰᠢᠢᠳᠪᠦᠷᠢᠯᠡᠵᠦ᠂ ᠲᠡᠳᠡᠨ ᠳᠤ ᠨᠠᠮ ᠤᠨ ᠬᠠᠶᠢᠷ᠎ᠠ ᠬᠠᠯᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ | ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠬᠡᠷᠡᠭᠲᠡᠢ ᠭᠡᠵᠡᠢ᠃ | |