ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠬᠦᠨ ᠬᠠᠮᠲᠤ ᠪᠠᠷ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/11/17
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠣᠣ ᠸᠧᠶ ᠾᠧᠦ ᠪᠦᠯᠬᠦᠮ ᠳᠠᠭᠠᠭᠤᠯᠤᠨ ᠮᠠᠨ ᠤ ᠲᠤᠭᠤᠷᠢᠭ ᠤᠨ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠵᠢᠴᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠢᠦᠢ ᠽᠧ ᠶᠤᠸᠠᠨ ᠰᠠᠭᠤᠭᠠᠯᠢ ᠠᠷᠠᠳ ᠤᠨ ᠲᠣᠭᠤᠷᠢᠭ ᠪᠣᠯᠤᠨ ᠦᠬᠠᠢ ᠬᠤᠳᠠ ᠶᠢᠨ ᠬᠤᠳᠠ ᠪᠠᠯᠭᠠᠰᠤᠨ ᠤ ᠤᠰᠤᠨ ᠤ ᠶᠠᠪᠤᠳᠠᠯ ᠤᠨ ᠪᠦᠯᠦᠭᠯᠡᠯ ᠺᠣᠮᠫᠠᠨᠢ ᠳᠤ ᠬᠦᠷᠴᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠠ ᠬᠤᠳᠠ ᠶᠢᠨ ᠰᠢᠨᠡᠴᠢᠯᠡᠯᠲᠡ ᠶᠢᠨ ᠤᠶᠤᠨᠲᠤ ᠤᠰᠤᠨ ᠤ ᠬᠡᠮᠵᠢᠭᠦᠷ ᠢ ᠰᠣᠯᠢᠬᠤ ᠵᠡᠷᠭᠡ 2 ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠣᠯᠤᠮᠵᠢᠲᠤ ᠰᠠᠨᠠᠯ ᠰᠠᠨᠠᠭᠤᠯᠭ᠎ᠠ ᠳᠤᠷᠠᠳᠴᠠᠢ᠃ ᠳᠠᠷᠠᠭ᠎ᠠ ᠨᠢ᠂ ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭᠯᠢᠭ ︵ᠪᠦᠯᠦᠭᠯᠡᠯ︶ ᠤᠨ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠰᠢ ᠯᠠᠢ ᠹᠧᠩ ᠺᠣᠮᠫᠠᠨᠢ ᠵᠢᠴᠢ ᠦᠬᠠᠢ ᠶᠢᠨ ᠾᠧᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠺᠣᠮᠫᠠᠨᠢ ᠵᠡᠷᠭᠡ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠠᠶᠢᠴᠠᠭᠠᠨ ᠦᠵᠡᠵᠦ᠂ ᠲᠦᠷᠦᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠬᠤᠭᠤᠴᠠᠭᠠᠨ ᠤ ᠲᠤᠬᠢᠷᠠᠭᠤᠯᠤᠯᠳᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ᠂ ᠦᠢᠯᠡᠳᠬᠦᠨ ᠤ ᠦᠢᠯᠡᠳᠪᠦᠷᠢᠯᠡᠯ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃      ᠵᠤᠤ ᠸᠧᠶ ᠾᠧᠦ ᠬᠡᠯᠡᠭᠰᠡᠨ ᠨᠢ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠶᠡᠭᠡ ᠢᠨᠵᠧᠨᠧᠷᠢᠩ ᠭᠡᠰᠡᠨ ᠦᠭᠡᠢ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠵᠢᠵᠢᠭ ᠲᠥᠷᠥᠯ ᠵᠦᠢᠯ ᠭᠡᠰᠡᠨ ᠦᠭᠡᠢ᠂ ᠴᠥᠮ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠪᠣᠳᠠᠲᠠᠶ ᠢᠯᠡᠷᠡᠯ ᠮᠥᠨ᠃ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠪᠣᠯᠤᠨ ᠥᠷᠭᠡᠨ ᠤᠯᠠᠨ ᠭᠡᠰᠢᠭᠦᠳ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠭᠤᠣᠯ ᠰᠡᠳᠦᠪᠲᠦ ᠬᠥᠮᠦᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠦᠷᠢᠮ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠭᠡᠰᠢᠭᠦᠳ ᠤᠨ ᠡᠲᠡᠭᠡᠳ ᠤᠨ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠦᠢᠯᠡᠳᠦᠯ ᠢ ᠴᠢᠩᠭᠠᠳᠬᠠᠵᠤ᠂ ᠤᠬᠠᠮᠰᠠᠷ ᠠᠴᠠ ᠪᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠤᠯᠠᠨ ᠲᠦᠮᠡᠨ ᠳᠤ ᠦᠢᠯᠡᠴᠢᠯᠡᠬᠦ᠂ ᠨᠡᠶᠢᠭᠡᠮ ᠤᠨ ᠵᠠᠰᠠᠯᠲᠠ ᠶᠢᠨ ᠨᠢᠭᠡᠳᠦᠭᠡᠷ ᠹᠷᠣᠨᠲ ᠲᠤ ᠣᠷᠣᠯᠴᠠᠵᠤ᠂ ᠦᠨᠡᠨᠬᠦ ᠵᠥᠪᠳᠡᠯᠴᠡᠭᠡᠳ ᠠᠷᠭ᠎ᠠ ᠲᠠᠢ᠂ ᠬᠢᠨᠠᠯᠲᠠ ᠨᠢ ᠬᠦᠴᠦᠲᠡᠢ᠂ ᠵᠠᠰᠠᠭ ᠤᠨ ᠶᠠᠪᠤᠳᠠᠯ ᠳᠤ ᠣᠷᠣᠯᠴᠠᠨ ᠦᠢᠯᠡᠰ ᠪᠦᠲᠦᠭᠡᠬᠦ ᠪᠣᠳᠠᠲᠤ ᠠᠵᠢᠯᠯᠠᠭ᠎ᠠ ᠪᠠᠷ ᠢᠶᠠᠨ ᠭᠠᠵᠠᠷ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯᠤᠨ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠡᠷ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠬᠠᠮᠲᠤ ᠪᠠᠷ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠭᠠᠵᠠᠷ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠳᠤ ᠣᠯᠤᠭᠰᠠᠨ ᠠᠮᠵᠢᠯᠲᠠ ᠪᠦᠲᠦᠮᠵᠢ ᠶᠢ ᠭᠦᠶ᠋ᠴᠡᠳ ᠣᠶᠢᠯᠠᠭᠠᠵᠤ᠂ ᠬᠥᠮᠦᠰ ᠢ ᠶᠡᠬᠡᠳᠡ ᠵᠣᠷᠢᠭᠵᠢᠭᠤᠯᠵᠤ᠂ ᠢᠲᠡᠭᠡᠯ ᠵᠣᠷᠢᠭ ᠢ ᠨᠢ ᠳᠠᠬᠢᠨ ᠢᠶᠠᠷ ᠨᠡᠮᠡᠭᠳᠡᠭᠦᠯᠪᠡ᠃ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠭᠤᠤᠯ ᠶᠡᠭᠡ ᠲᠠᠯ᠎ᠠ ᠶᠢᠨ ᠲᠣᠭᠤᠷᠢᠨ ᠳᠤ ᠦᠨᠡᠨ ᠬᠦ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ ᠶᠢ ᠠᠬᠢᠭᠤᠯᠬᠤ ᠳᠤᠮᠳᠠ ᠭᠡᠰᠢᠭᠦᠳ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠪᠠᠷ ᠬᠦᠴᠦᠯᠡᠨ ᠴᠢᠷᠮᠠᠶᠢᠨ᠎ᠠ ᠭᠡᠵᠦ ᠢᠯᠡᠳᠬᠡᠪᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号