︽ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠬᠠᠶᠢᠨᠠᠨ | ᠲᠣᠭᠤᠷᠢᠭ ᠤᠨ ᠬᠢᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠬᠤᠲᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ | ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠭᠤᠤᠯ ᠰᠡᠳᠦᠪ ᠭᠤᠤᠯ ᠱᠤᠭᠤᠮ ᠢ ᠳᠣᠪᠤᠶᠢᠯᠭᠠᠵᠤ᠂ ᠲᠠᠪᠤᠨ ᠵᠦᠢᠯ ᠤᠨ ᠭᠤᠤᠯᠳᠠᠯᠭ᠎ᠠ ᠲᠠᠢ | ᠠᠷᠭ᠎ᠠ ᠬᠡᠮᠵᠢᠶ᠎ᠡ ᠶᠢ ᠨᠢᠭᠡ ᠴᠤᠭᠴᠠᠵᠢᠭᠤᠯᠤᠨ ᠠᠬᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠭᠤᠤᠯ | ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ | ᠲᠦᠷᠦᠭᠦᠯᠡᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠪᠣᠳᠠᠲᠠᠶ ᠠᠵᠢᠯᠯᠠᠬᠤ ᠶᠢ ᠡᠬᠢᠯᠡᠭᠦᠯᠬᠦ ᠶᠢ | ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ | ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ | ᠶᠠᠪᠤᠳᠠᠯ ᠠᠮᠵᠢᠯᠲᠠ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠶ᠎ᠠ︾ ᠬᠡᠵᠡᠢ᠃ | ᠣᠶᠢᠷ᠎ᠠ ᠳᠤ᠂ ᠰᠤᠷᠪᠤᠯᠵᠢᠯᠠᠭᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ | ᠬᠥᠮᠦᠵᠢᠯ ᠪᠣᠯᠤᠨ ᠪᠣᠳᠠᠲᠠᠶ ᠠᠵᠢᠯ ᠢ ᠬᠡᠷᠬᠢᠨ ᠠᠬᠢᠭᠤᠯᠬᠤ ᠲᠤᠬᠠᠶ ᠭᠤᠤᠯ ᠰᠡᠳᠦᠪᠲᠦ ᠬᠥᠮᠦᠵᠢᠯ ᠢ ᠲᠠᠰᠤᠷᠠᠯᠲᠠ | ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ | ᠢᠦᠢ ᡁᠢ ᠶᠦᠩ ᠢᠯᠡᠷᠭᠡᠶᠢᠯᠡᠭᠰᠡᠨ ᠨᠢ᠂ ᠬᠠᠶᠢᠨᠠᠨ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ | ᠫᠢᠩ ᠤᠨ ︽ᠲᠠᠪᠤ ᠶᠢ ᠨᠡᠩ ᠴᠢᠬᠤᠯᠠᠴᠢᠯᠠᠬᠤ︾ ᠲᠤᠬᠠᠢ ᠴᠢᠬᠤᠯᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠨᠳᠦᠰᠦᠨ ᠱᠠᠲᠤᠨ ᠳᠤ ᠤᠳᠤᠷᠢᠳᠤᠮᠵᠢ | ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠵᠦ᠂ ︽ᠲᠦᠷᠪᠡᠨ ᠦᠨᠳᠦᠰᠦᠨ | ᠱᠠᠲᠤᠨ ᠳᠤ ᠪᠠᠭᠤᠬᠤ︾ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ | ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ | ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ ᠦᠷ᠎ᠡ ᠪᠦᠲᠦᠮᠵᠢ ᠤᠯᠬᠤ ᠪᠠᠷ | ᠴᠢᠷᠮᠠᠶᠢᠨ᠎ᠠ ᠬᠡᠵᠡᠢ᠃ ᠨᠢᠭᠡ ᠳᠤ᠂ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ | ᠦᠵᠡᠯᠲᠡ ᠶᠢ ᠪᠠᠲᠤ ᠪᠤᠢ ᠪᠣᠯᠭᠠᠵᠤ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠪᠡ᠃ ᠣᠯᠠᠨ ᠲᠦᠮᠡᠨ ᠳᠤ ᠬᠡᠴᠢᠨᠡᠨ | ᠰᠠᠶᠢᠨ ᠶᠠᠪᠤᠳᠠᠯ ᠪᠣᠳᠠᠲᠤ ᠶᠠᠪᠤᠳᠠᠯ ᠬᠢᠵᠦ ᠥᠭᠬᠦ ᠪᠠᠷ ᠵᠠᠰᠠᠭ ᠤᠨ ᠠᠵᠢᠯ ᠤᠨ ᠪᠦᠲᠦᠮᠵᠢ ᠶᠢ ᠰᠢᠯᠭᠠᠨ ᠪᠠᠶᠢᠴᠠᠭᠠᠬᠤ | ᠴᠢᠬᠤᠯᠠ ᠪᠠᠷᠢᠮᠵᠢᠶ᠎ᠠ ᠪᠣᠯᠭᠠᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠰᠤᠷᠭᠠᠨ ᠬᠥᠮᠦᠵᠢᠯ ᠡᠮ ᠡᠮᠨᠡᠯᠭᠡ ᠶᠢᠨ | ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠴᠢᠨᠠᠷ ᠰᠠᠶᠢᠲᠠᠶ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠬᠤᠲᠠ ᠶᠢᠨ ᠠᠷᠪᠠ ᠶᠢᠰᠦᠳᠦᠭᠡᠷ | ᠳᠤᠮᠳᠠᠳᠤ ᠰᠤᠷᠭᠠᠭᠤᠯᠢ᠂ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠪᠠ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠠᠷᠠᠳ ᠣᠯᠠᠨ ᠳᠤ ᠨᠠᠩ ᠴᠢᠨᠠᠷ ᠰᠠᠶᠢᠲᠠᠶ ᠰᠤᠷᠭᠠᠨ | ᠬᠥᠮᠦᠵᠢᠯ ᠡᠮᠴᠢᠯᠡᠭᠡᠨ ᠤ ᠡᠬᠢ ᠪᠠᠶᠠᠯᠢᠭ ᠢ ᠡᠳ᠋ᠯᠡᠭᠦᠯᠦᠨ᠎ᠡ︔ ᠣᠯᠠᠨ ᠲᠦᠮᠡᠨ ᠤ ᠬᠡᠷᠡᠭᠴᠡᠭᠡ ᠲᠠᠢ ᠨᠢᠭᠲᠠ | ᠤᠶᠠᠯᠳᠤᠭᠤᠯᠤᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ︽ᠨᠢᠭᠡ ᠮᠦᠴᠡᠲᠤ ᠨᠡᠶᠢᠭᠡᠮ | ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢᠨ 42 ᠥᠭᠡᠷᠡᠴᠢᠯᠡᠨ ᠳᠡᠭᠡᠭᠰᠢᠯᠡᠭᠦᠯᠬᠦ ᠲᠥᠷᠥᠯ ᠵᠦᠢᠯ ᠢ | ᠠᠬᠢᠭᠤᠯᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ ᠦᠢᠯᠡᠴᠢᠯᠡᠭᠡᠨ ᠤ ᠬᠠᠩᠭᠠᠯᠭ᠎ᠠ ᠶᠢ ᠡᠳ᠋ᠯᠡᠭᠦᠯᠦᠨ᠎ᠡ︔ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠲᠠᠢ ᠨᠢᠭᠲᠠ ᠤᠶᠠᠯᠳᠤᠭᠤᠯᠤᠨ᠂ | ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠶᠡᠬᠡᠪᠡᠷ | ᠰᠤᠷᠪᠤᠯᠵᠢᠯᠠᠬᠤ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ︾ ᠠᠵᠢᠯᠯᠠᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ ᠤᠨ ᠠᠰᠠᠭᠤᠳᠠᠯ ᠢ | ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠨᠠᠮ ᠣᠯᠠᠨ ᠲᠦᠮᠡᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠠᠩ | ᠡᠶ᠎ᠡ ᠨᠠᠶᠢᠷᠲᠠᠶ ᠪᠣᠯᠭᠠᠬᠤ ᠶᠢ ᠠᠬᠢᠭᠤᠯᠤᠨ᠎ᠠ᠃ ᠬᠤᠶᠠᠷ ᠲᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ | ᠪᠠᠳᠠᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠭᠦᠢᠴᠡᠳ ᠪᠠᠳᠠᠷᠠᠭᠤᠯᠬᠤ ᠬᠡᠷᠡᠭᠲᠡᠢ᠃ | ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠷᠢᠮᠲᠠᠯᠠᠵᠤ᠂ ᠬᠥᠮᠦᠨ ᠤᠴᠢᠷ ᠶᠠᠪᠤᠳᠠᠯ ᠢ | ᠦᠵᠡᠵᠦ ᠵᠥᠪ ᠴᠢᠭᠯᠡᠯ ᠢᠶᠠᠷ ᠤᠷᠮᠠᠰᠢᠭᠤᠯᠬᠤ 12 ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠤᠷᠪᠤᠰ ᠰᠠᠨᠠᠯ ᠪᠠ ᠤᠳᠤᠷᠢᠳᠬᠤ | ᠺᠠᠳ᠋ᠷ ᠤᠨ ᠲᠠᠪᠰᠢᠵᠤ ᠪᠣᠯᠬᠤ ᠨᠠᠷᠢᠨ ᠲᠦᠷᠢᠮ ᠢ ᠬᠡᠷᠡᠭᠵᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠪᠠᠶᠢᠳᠠᠯ ᠢ ᠪᠦᠬᠦ ᠲᠠᠯ᠎ᠠ ᠪᠠᠷ ᠬᠥᠭᠵᠢᠭᠡᠨ᠎ᠡ᠃ ︽ᠲᠠᠪᠤᠨ ᠲᠦᠷᠢ | ᠲᠦᠷᠬᠦ ᠶᠢ ᠪᠤᠢ ᠪᠤᠯᠭᠠᠬᠤ︾ ᠱᠠᠭᠠᠷᠳᠠᠯᠭ᠎ᠠ ᠶᠢᠨ ᠲᠤᠭᠤᠷᠢᠨ ᠳᠤ᠂ ︽ᠭᠤᠷᠪᠠᠨ ᠤᠯᠠᠨ ᠭᠤᠷᠪᠠᠨ ᠴᠦᠭᠡᠨ | ᠲᠤᠭᠠᠳᠤ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠨᠠᠮ ᠤᠨ ᠭᠡᠰᠢᠭᠦᠨ | ᠺᠠᠳ᠋ᠷ ᠢ ᠭᠦᠳᠦᠯᠦᠨ ᠵᠢᠯᠤᠭᠤᠳᠴᠤ ᠪᠠᠶᠢᠭᠠᠳ ᠰᠢᠯᠢᠳᠡᠭ ᠰᠤᠷᠳᠠᠯ ᠢᠶᠠᠷ ᠠᠵᠢᠯ ᠭᠢᠵᠤ ᠦᠢᠯᠡᠰ ᠪᠤᠰᠬᠠᠬᠤ᠂ | ᠲᠡᠷᠢᠭᠦᠨ ᠳᠤ ᠣᠷᠣᠬᠤ ᠪᠠᠷ ᠴᠢᠷᠮᠠᠶᠢᠵᠦ ᠪᠤᠢ᠃ ᠠᠵᠤ ᠦᠢᠯᠡᠰ ᠤᠨ ᠪᠦᠲᠦᠴᠡ ᠳᠠᠩ ᠴᠤᠯᠭᠤᠢ᠂ ᠬᠦᠴᠦᠨ | ᠵᠦᠢᠯ ᠤᠨ ᠪᠠᠲᠤᠯᠠᠭ᠎ᠠ ᠪᠠᠴᠢᠮ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠤᠯᠠᠮᠵᠢᠯᠠᠯᠲᠤ | ᠠᠵᠤ ᠦᠢᠯᠡᠰ ᠤᠨ ᠳᠡᠰ ᠳᠡᠪᠰᠢᠬᠦ ᠶᠢ ᠲᠥᠷᠭᠡᠳᠬᠡᠨ ᠠᠬᠢᠭᠤᠯᠵᠤ᠂ ᠵᠠᠳᠠᠷᠠᠵᠤ ᠪᠣᠯᠬᠤ ᠮᠠᠲ᠋ᠧᠷᠢᠶᠠᠯ᠂ ᠭᠡᠷᠡᠯ | ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠭᠵᠢᠯᠲᠡ ᠶᠢ | ᠬᠦᠴᠦᠯᠡᠨ ᠠᠬᠢᠭᠤᠯᠤᠨ᠎ᠠ᠃ ᠭᠤᠷᠪᠠ ᠳᠤ᠂ ᠦᠨᠡᠨ ᠪᠣᠳᠠᠲᠠᠢ ᠪᠠᠷ ᠠᠵᠢᠯᠯᠠᠬᠤ ᠶᠢ ᠲᠤᠪᠤᠶᠢᠯᠭᠠᠵᠦ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠠᠵᠢᠯ ᠤᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ ︽ᠥᠪᠥᠷ | ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠭᠦᠨᠵᠡᠭᠡᠶ ᠰᠤᠳᠤᠯᠵᠤ᠂ ︽ᠬᠤᠶᠠᠷ ᠶᠡᠭᠡ ᠶᠠᠪᠤᠳᠠᠯ︾ ᠢ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ | ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠨᠡᠭᠦᠷᠡᠰᠦ ᠤᠬᠢᠶᠠᠵᠤ ᠰᠣᠩᠭᠤᠬᠤ ᠠᠵᠢᠯ ᠲᠥᠷᠥᠯ ᠤᠨ ᠡᠭᠴᠡᠯᠡᠨ | ᠨᠢᠭᠡ ᠴᠤᠭᠴᠠᠵᠢᠭᠤᠯᠤᠨ ᠡᠮᠬᠢᠯᠡᠨ ᠨᠡᠶᠢᠯᠡᠭᠦᠯᠬᠦ᠂ ᠬᠡᠦᠷᠰᠢᠭᠦᠯᠬᠦ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ | ᠪᠠᠶᠢᠭᠤᠯᠵᠤ ᠲᠠᠰ ᠳᠡᠪᠰᠢᠭᠦᠯᠬᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ ᠠᠮᠢ ᠠᠬᠤᠶ | ᠣᠷᠴᠢᠨ ᠲᠣᠭᠤᠷᠢᠨ ᠤ ︽ᠳᠣᠯᠤᠭ᠎ᠠ ᠶᠢ ᠵᠠᠰᠠᠬᠤ︾ ᠵᠡᠷᠭᠡ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠦᠨᠡᠨ | ᠪᠣᠳᠠᠲᠠᠶ ᠲᠥᠷᠥᠯ ᠵᠦᠢᠯ ᠤᠨ ᠨᠠᠷᠢᠨ ᠲᠠᠩᠰᠠ ᠪᠠ ᠬᠥᠭᠵᠢᠯᠲᠡ ᠶᠢᠨ ᠬᠢᠷᠢ ᠪᠦᠲᠦᠮᠵᠢ ᠶᠢᠨ ᠬᠠᠭᠤᠳᠠᠰᠤ ᠪᠣᠯᠭᠠᠨ | ᠬᠤᠪᠢᠷᠠᠭᠤᠯᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠴᠢᠷᠮᠠᠶᠢᠨ | ᠪᠠᠶᠢᠭᠤᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠬᠥᠭᠵᠢᠯᠲᠡ ᠶᠢᠨ ᠰᠡᠳᠬᠢᠴᠡ ᠶᠢᠨ ᠲᠣᠭᠤᠷᠢᠨ ᠳᠤ᠂ | ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠶᠢ ᠥᠷᠨᠢᠭᠦᠯᠵᠦ᠂ ᠳᠠᠪᠠᠭᠤᠯᠢᠭ ᠢᠶᠠᠨ ᠬᠠᠮᠢᠭ᠎ᠠ᠂ ᠵᠥᠷᠢᠶ᠎ᠡ ᠪᠠᠨ ᠬᠠᠮᠢᠭ᠎ᠠ ᠲᠣᠳᠣᠷᠬᠠᠶ | ᠣᠶᠢᠯᠠᠭᠠᠵᠤ᠂ ᠰᠢᠯᠲᠠᠭᠠᠨ ᠢ ᠨᠢ ᠨᠡᠪᠲᠡ ᠵᠠᠳᠠᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ | ᠳᠤᠮᠳᠠ ᠵᠤᠭᠠᠴᠠᠯ ᠳᠤ ᠣᠷᠣᠬᠤ︾᠂ ᠦᠬᠠᠶ ᠬᠤᠲᠠ ᠶᠢᠨ ︽ᠴᠢᠨᠠᠷ ᠰᠠᠶᠢᠲᠠᠶ ᠬᠥᠭᠵᠢᠯᠲᠡ᠂ ᠴᠢᠨᠠᠷ ᠰᠠᠶᠢᠲᠠᠶ | ᠠᠮᠢᠳᠤᠷᠠᠯ᠂ ᠴᠢᠨᠠᠷ ᠰᠠᠶᠢᠲᠠᠶ ᠵᠠᠰᠠᠯᠲᠠ︾ ᠶᠢᠨ ᠬᠠᠷᠠᠯᠲᠠ ᠶᠢ ᠪᠡᠶᠡᠯᠡᠭᠦᠯᠬᠦ ᠳᠤ ᠬᠠᠶᠢᠨᠠᠨ ᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠶ ᠭᠡᠵᠡᠢ᠃ | |