ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ  ᠢ ᠰᠤᠷᠪᠤᠯᠵᠢᠯᠠᠭᠰᠠᠨ ᠨᠢ᠄
ᠨᠡᠶᠢᠲᠡᠯᠡᠭᠰᠡᠨ ᠴᠠᠭ᠄
2023/11/21
      ︽ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠠᠷᠢᠭᠤᠨ ᠴᠢᠬᠡᠴᠢ ᠤᠯᠤᠰ ᠲᠥᠷᠥ ᠶᠢ ᠪᠠᠶᠢᠭᠤᠯᠬᠤ᠂  ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠤᠶᠢᠵᠢᠭᠤᠯᠬᠤ ᠳᠣᠲᠣᠭᠠᠳᠤ ᠱᠠᠭᠠᠷᠳᠠᠯᠭ᠎ᠠ ᠮᠥᠨ᠂  ᠠᠷᠢᠭᠤᠨ ᠴᠢᠬᠡᠴᠢ ᠶᠢ ᠡᠷᠬᠢᠮᠯᠡᠬᠦ᠂ ᠢᠯᠵᠠᠷᠠᠯ ᠤᠨ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠪᠠ ᠪᠠᠳᠠᠷᠠᠭᠤᠯᠬᠤ ᠴᠢᠬᠤᠯᠠ ᠢᠨᠵᠧᠨᠧᠷᠢᠩ ᠮᠥᠨ︾ ᠬᠡᠵᠡᠢ᠃ ᠣᠶᠢᠷ᠎ᠠ ᠳᠤ᠂ ᠰᠤᠷᠪᠤᠯᠵᠢᠯᠠᠭᠴᠢ ᠬᠠᠶᠢᠨᠠᠨ ᠲᠣᠭᠤᠷᠢᠭ ᠤᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠬᠡᠷᠬᠢᠨ ᠥᠷᠨᠢᠭᠦᠯᠬᠦ᠂ ᠠᠷᠢᠭᠤᠨ ᠴᠢᠬᠡᠴᠢ ᠪᠠᠶᠢᠬᠤ ᠶᠢ ᠡᠷᠬᠢᠮᠯᠡᠬᠦ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠲᠤᠬᠠᠶ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ  ᠢ ᠲᠤᠰᠬᠠᠶᠢᠯᠠᠨ ᠰᠤᠷᠪᠤᠯᠵᠢᠯᠠᠪᠠ᠃      ᠢᠦᠶ ᡁᠢ ᠶᠦᠩ ᠢᠯᠡᠷᠭᠡᠶᠢᠯᠡᠭᠰᠡᠨ ᠨᠢ᠂ ᠬᠠᠶᠢᠨᠠᠨ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠤᠳᠤᠷᠢᠳᠬᠤ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠣᠯᠭᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠠᠷᠢᠭᠤᠨ ᠴᠢᠬᠡᠴᠢ ᠪᠠᠶᠢᠬᠤ ᠦᠷᠳᠡᠭ ᠤᠨ ᠣᠶᠢᠯᠠᠭᠠᠭᠳᠠᠬᠤᠨ ᠢ ᠶᠡᠬᠡᠪᠡᠷ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ ᠬᠡᠵᠡᠢ᠃      ᠨᠢᠭᠡ ᠳᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠰᠣᠶᠣᠯ ᠤᠨ ᠬᠥᠷᠥᠰᠥ ᠰᠢᠷᠣᠢ ᠶᠢ ᠵᠤᠵᠠᠭᠠᠳᠬᠠᠵᠤ᠂ ᠲᠥᠪ ᠭᠤᠣᠯᠴᠢ ᠠᠷᠢᠭᠤᠨ ᠴᠢᠬᠡᠴᠢ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠎ᠠ᠃ ᠤᠨᠤᠯ ᠢᠶᠠᠷ ᠵᠡᠪᠰᠡᠭᠯᠡᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠷᠢᠭᠤᠨ ᠴᠢᠬᠡᠴᠢ ᠰᠣᠶᠣᠯ ᠤᠨ ᠲᠤᠬᠠᠢ ᠴᠢᠬᠤᠯᠠ ᠥᠭᠦᠯᠡᠯᠲᠡ ᠶᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠴᠢᠬᠤᠯᠠ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠤᠯᠢᠵᠢᠯ ᠤᠨ ᠤᠬᠠᠮᠰᠠᠷ᠂ ᠨᠠᠮ ᠤᠨ ᠲᠣᠭᠲᠠᠭᠠᠯ ᠤᠨ ᠤᠬᠠᠮᠰᠠᠷ᠂ ᠲᠦᠷᠢᠮ ᠤᠨ ᠤᠬᠠᠮᠰᠠᠷ᠂ ᠰᠠᠬᠢᠯᠭ᠎ᠠ ᠪᠠᠲᠤ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ︽ᠵᠢᠵᠢᠭ ᠭᠤᠷᠪᠠᠨ ᠱᠤᠭᠤᠮ︾ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ᠂ ᠦᠬᠠᠢ ᠶᠢᠨ ᠨᠢᠭᠡᠳᠦᠭᠡᠷ ᠨᠠᠮ ᠤᠨ ᠡᠭᠦᠷ ᠵᠡᠷᠭᠡ ᠬᠤᠪᠢᠰᠬᠠᠯ ᠤᠨ ᠡᠬᠢ ᠪᠠᠶᠠᠯᠢᠭ ᠤᠨ ︽ᠭᠤᠣᠯ ᠵᠢᠭᠰᠠᠭᠠᠯ ᠤᠨ ᠭᠠᠵᠠᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠠᠷᠢᠭᠤᠨ ᠴᠢᠬᠡᠴᠢ ᠦᠢᠯᠡ ᠠᠵᠢᠯᠯᠠᠭ᠎ᠠ ᠶᠢ ᠭᠦᠨᠵᠡᠭᠡᠢ ᠠᠭᠤᠳᠠᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠤᠶᠤᠨ ᠰᠠᠨᠠᠭᠠᠨ ᠤ ᠬᠦᠴᠦᠨ ᠢ ᠰᠢᠩᠭᠡᠭᠡᠨ ᠠᠪᠴᠤ᠂ ᠢᠲᠡᠭᠡᠯ ᠪᠢᠰᠢᠷᠡᠯ ᠢᠲᠡᠭᠡᠯ ᠵᠣᠷᠢᠭ ᠢᠶᠠᠨ ᠦᠨᠡᠨ ᠬᠦ ᠪᠠᠲᠤᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠢᠳᠡᠪᠬᠢᠲᠡᠢ ᠪᠥᠭᠡᠳ ᠡᠷᠡᠭᠦᠯ ᠨᠠᠮ ᠤᠨ ᠳᠣᠲᠣᠭᠠᠳᠤ ᠶᠢᠨ ᠤᠯᠤᠰ ᠲᠦᠷᠦ ᠰᠣᠶᠣᠯ ᠢ ᠬᠥᠭᠵᠢᠭᠦᠯᠵᠦ᠂ ᠨᠠᠮ ᠤᠨ ᠲᠦᠷᠢᠮ ᠢ ᠴᠢᠩᠭ᠎ᠠ ᠵᠢᠷᠤᠮᠯᠠᠵᠤ᠂ ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠠᠷᠢᠮᠵᠢᠶ᠎ᠠ ᠨᠤᠭᠤᠳ ᠢ ᠴᠢᠩᠭ᠎ᠠ ᠬᠡᠷᠡᠭᠵᠢᠭᠦᠯᠵᠦ᠂ ᠡᠷᠬᠢᠮ ᠳᠡᠭᠡᠳᠦ ᠤᠶᠤᠨ ᠰᠠᠨᠠᠭᠠᠨ ᠤ ᠬᠥᠭᠡᠭᠡᠴᠡᠯᠳᠦᠯ ᠢ ᠪᠠᠷᠢᠮᠲᠠᠯᠠᠵᠤ᠂ ᠡᠷᠡᠭᠦᠯ ᠠᠮᠢᠳᠤᠷᠠᠯ ᠤᠨ ᠳᠤᠷ᠎ᠠ ᠰᠣᠨᠢᠷᠬᠠᠯ ᠢ ᠬᠥᠮᠦᠵᠢᠭᠦᠯᠵᠦ᠂ ᠠᠮᠢᠳᠤᠷᠠᠯ ᠤᠨ ᠬᠦᠷᠢᠶ᠎ᠡ᠂ ᠶᠠᠪᠤᠯᠴᠠᠭ᠎ᠠ ᠶᠢᠨ ᠬᠦᠷᠢᠶ᠎ᠡ ᠪᠠᠨ ᠰᠠᠶᠢᠲᠤᠷ ᠬᠠᠮᠢᠶᠠᠷᠴᠤ᠂ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠨᠥᠬᠦᠳ ᠤᠨ ᠬᠠᠷᠢᠴᠠᠭ᠎ᠠ᠂ ᠶᠣᠰᠣ ᠨᠣᠮ ᠲᠠᠢ ᠳᠡᠭᠡᠳᠦ ᠲᠤᠤᠷᠠᠳᠤ ᠱᠠᠲᠤᠨ ᠤ ᠬᠠᠷᠢᠴᠠᠭ᠎ᠠ᠂ ᠠᠷᠢᠭᠤᠨ ᠴᠢᠬᠡᠴᠢ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠲᠤᠯᠠᠭᠤᠯᠤᠨ᠎ᠠ᠃      ᠬᠤᠶᠠᠷ ᠲᠤ᠂ ᠤᠯᠠᠨ ᠡᠰᠢᠲᠦ ᠪᠣᠰᠤᠭ᠎ᠠ ᠴᠣᠭᠴᠠᠲᠤ ᠠᠷᠢᠭᠤᠨ ᠴᠢᠬᠡᠴᠢ ᠶᠢᠨ ᠵᠢᠭᠰᠠᠭᠠᠯ ᠢ ᠪᠠᠶᠢᠭᠤᠯᠵᠤ᠂ ᠠᠷᠢᠭᠤᠨ ᠴᠢᠬᠡᠴᠢ ᠶᠢ ᠡᠷᠬᠢᠮᠯᠡᠬᠦ ᠠᠷᠢᠭᠤᠨ ᠴᠢᠬᠡᠴᠢ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠠᠳᠠᠷᠠᠭᠤᠯᠤᠨ᠎ᠠ᠃ ᠠᠷᠢᠭᠤᠨ ᠴᠢᠬᠡᠴᠢ ᠶᠢᠨ ᠱᠠᠭᠠᠷᠳᠠᠯᠭ᠎ᠠ ᠶᠢ ᠡᠳᠦᠷ ᠳᠤᠳᠤᠮ ᠤᠨ ᠬᠥᠮᠦᠵᠢᠯ ᠬᠠᠮᠢᠶᠠᠷᠤᠯᠲᠠ ᠬᠢᠨᠠᠯᠲᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠨᠠᠮ ᠤᠨ ᠳᠣᠲᠣᠭᠠᠳᠤ ᠶᠢᠨ ᠶᠠᠷᠢᠯᠴᠠᠬᠤ᠂ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠪᠠᠶᠢᠩᠭᠤ ᠶᠢᠨ ᠴᠢᠨᠠᠷᠲᠠᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠲᠤᠬᠠᠢ ᠳᠤᠨᠢ ᠠᠷᠢᠭᠤᠨ ᠴᠢᠬᠡᠴᠢ ᠶᠢᠨ ᠬᠥᠮᠦᠵᠢᠯ ᠢ ᠥᠷᠨᠢᠭᠦᠯᠵᠦ᠂ ᠦᠵᠡᠯ ᠰᠠᠨᠠᠭᠠᠨ ᠤ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠢᠩᠭ᠎ᠠ ᠱᠠᠭᠠᠷᠳᠠᠯᠭ᠎ᠠ ᠶᠢ ᠺᠠᠳ᠋ᠷ ᠢ ᠬᠥᠮᠦᠵᠢᠭᠦᠯᠬᠦ᠂ ᠰᠢᠯᠢᠨ ᠳᠡᠪᠰᠢᠭᠦᠯᠬᠦ᠂ ᠬᠠᠮᠢᠶᠠᠷᠬᠤ᠂ ᠬᠡᠷᠡᠭᠯᠡᠬᠦ ᠡᠯ᠎ᠡ ᠭᠤᠭᠴᠤᠭ᠎ᠠ ᠳᠤ ᠢᠯᠡᠷᠡᠭᠦᠯᠵᠦ᠂ ᠡᠷᠲᠡ ᠠᠴᠠ ᠠᠳᠬᠤᠨ ᠪᠠᠭ᠎ᠠ ᠳᠤᠨᠢ ᠠᠳᠬᠤᠵᠤ᠂ ᠪᠠᠭ᠎ᠠ ᠳᠡᠭᠡᠷ᠎ᠡ ᠨᠢ ᠰᠡᠷᠭᠡᠶᠢᠯᠡᠬᠦ ᠶᠢ ᠪᠡᠶᠡᠯᠡᠭᠦᠯᠬᠦ ᠬᠡᠷᠡᠭᠲᠡᠢ᠃ ᠪᠠᠶᠢᠳᠠᠯ ᠤᠨ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠪᠠᠶᠢᠳᠠᠯ ᠤᠨ ᠮᠡᠳᠡᠭᠦᠯᠦᠯᠲᠡ᠂ ᠤᠨᠤᠯ ᠤᠨ ᠤᠬᠠᠭᠤᠯᠭ᠎ᠠ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠵᠡᠷᠭᠡ ᠠᠷᠭ᠎ᠠ ᠬᠡᠯᠪᠡᠷᠢ ᠶᠢ ᠠᠪᠴᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠡᠭᠦᠷᠭᠡ ᠪᠣᠯᠤᠨ ᠲᠡᠦᠬᠡᠲᠦ ᠴᠢᠨᠠᠷᠲᠠᠢ ᠠᠮᠵᠢᠯᠲᠠ ᠶᠢ ᠤᠬᠠᠭᠤᠯᠤᠨ ᠲᠠᠶᠢᠯᠪᠤᠷᠢᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠳᠤ ᠵᠠᠪᠠᠯ ᠢᠯᠠᠬᠤ ᠢᠲᠡᠭᠡᠯ ᠵᠣᠷᠢᠭ ᠢ ᠴᠢᠩᠭᠠᠳᠬᠠᠵᠤ᠂ ᠨᠠᠮ ᠤᠨ ᠭᠡᠰᠢᠭᠦᠨ ᠺᠠᠳ᠋ᠷᠴᠤᠳ ᠢ ᠶᠠᠮᠠᠷᠪᠠ ᠦᠶ᠎ᠡ ᠳᠤ ᠴᠥᠮ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠦᠢᠯᠡ ᠠᠵᠢᠯᠯᠠᠭ᠎ᠠ ᠪᠠᠨ ᠬᠠᠮᠢᠶᠠᠷᠴᠤ᠂ ᠠᠷᠢᠭᠤᠨ ᠴᠢᠬᠡᠴᠢ ᠪᠠᠶᠢᠯᠭᠠᠬᠤ ᠶᠢ ᠬᠥᠮᠦᠵᠢᠭᠦᠯᠬᠦ ᠬᠡᠷᠡᠭᠲᠡᠢ᠃ ᠰᠡᠷᠡᠮᠵᠢᠯᠡᠭᠦᠯᠵᠦ ᠰᠦᠷᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ ︽ᠰᠡᠷᠡᠮᠵᠢᠯᠡᠭᠦᠯᠬᠦ ᠬᠥᠮᠦᠵᠢᠯ +︾ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠲᠠᠭᠰᠠᠨ ᠬᠤᠭᠤᠴᠠᠭ᠎ᠠ ᠲᠠᠢ ᠪᠠᠷ ᠪᠦᠬᠦ ᠣᠷᠣᠨ ᠤ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠡᠷᠭᠡᠳᠡᠬᠢ ᠬᠥᠮᠦᠨ ᠪᠠ ᠳᠡᠷᠭᠡᠳᠡᠬᠢ ᠶᠠᠪᠤᠳᠠᠯ ᠭᠡᠬᠦ ᠡᠨᠡᠬᠦ ︽ᠠᠮᠢᠳᠤ ᠵᠢᠭᠠᠬᠤ ᠮᠠᠲ᠋ᠧᠷᠢᠶᠠᠯ︾ ᠢ ᠰᠠᠶᠢᠲᠤᠷ ᠬᠡᠷᠡᠭᠯᠡᠵᠦ᠂ ᠤᠨᠢᠨ ᠳᠡᠭᠡᠷ᠎ᠡ ᠨᠢ ︽ᠪᠠᠯᠴᠢᠷ ᠭᠠᠵᠠᠷ︾ ᠢ ᠵᠠᠰᠠᠵᠤ᠂ ᠤᠨᠢᠨ ᠳᠡᠭᠡᠷ᠎ᠡ ᠨᠢ ᠵᠠᠰᠠᠵᠤ᠂ ︽ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠬᠡᠰᠡᠭ ᠢ ᠰᠡᠷᠡᠮᠵᠢᠯᠡᠭᠦᠯᠵᠦ᠂ ᠨᠢᠭᠡ ᠲᠠᠯ᠎ᠠ ᠶᠢ ᠵᠠᠰᠠᠬᠤ︾ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠲᠤ ᠰᠡᠷᠡᠮᠵᠢ ᠥᠭᠴᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠷᠡᠭᠦᠯᠬᠦ ᠬᠡᠷᠡᠭᠲᠡᠢ᠃      ᠭᠤᠷᠪᠠ ᠳᠤ᠂ ᠰᠤᠷᠲᠠᠯ ᠴᠢᠬᠡᠴᠢ ᠣᠪᠣᠷ ᠲᠥᠪ ᠠᠷᠢᠭᠤᠨ ᠴᠢᠬᠡᠴᠢ ᠰᠣᠶᠣᠯ ᠢ ᠪᠤᠢ ᠪᠣᠯᠭᠠᠵᠤ᠂ ᠥᠭᠡᠳᠡᠯᠡᠨ ᠲᠠᠪᠰᠢᠬᠤ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠠᠷᠢᠭᠤᠨ ᠴᠢᠬᠡᠴᠢ ᠰᠣᠶᠣᠯ ᠤᠨ ᠰᠢᠯᠢᠳᠡᠭ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠢ ᠨᠢᠭᠡᠳᠦᠯᠲᠡᠢ ᠲᠥᠯᠥᠪᠵᠢᠭᠦᠯᠵᠦ᠂ ︽ᠰᠤᠷᠲᠠᠯ ᠴᠢᠬᠡᠴᠢ ᠣᠪᠣᠷ ᠲᠥᠪ ᠳᠠᠷᠪᠠᠭᠤᠯ ᠬᠡᠶᠢᠰᠬᠡᠬᠦ︾ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢᠨ ᠤᠳᠬ᠎ᠠ ᠤᠷᠠᠯᠢᠭ ᠤᠨ ᠪᠦᠲᠦᠭᠡᠯ ᠤᠨ ᠳᠡᠯᠭᠡᠨ ᠨᠡᠪᠲᠡᠷᠡᠭᠦᠯᠭᠡ ᠶᠢ ᠢᠳᠡᠪᠬᠢᠲᠡᠢ ᠥᠷᠨᠢᠭᠦᠯᠵᠦ᠂ ︽ᠠᠷᠢᠭᠤᠨ ᠴᠢᠬᠡᠴᠢ ᠪᠠᠷ ᠵᠠᠰᠠᠭ ᠪᠠᠷᠢᠬᠤ ᠤᠷᠳᠤ ᠬᠤᠩᠬᠢᠯ︾᠂ ︽ᠠᠷᠢᠭᠤᠨ ᠴᠢᠬᠡᠴᠢ ᠶᠢᠨ ᠨᠡᠶᠢᠲᠡ ᠶᠢᠨ ᠮᠠᠰᠢᠨ ᠲᠡᠷᠭᠡᠨ ᠤ ᠦᠷᠳᠡᠭᠡ ᠶᠢᠨ ᠫᠠᠶᠢᠰᠠ︾᠂ ︽ᠠᠷᠢᠭᠤᠨ ᠴᠢᠬᠡᠴᠢ ᠦᠵᠡᠮᠵᠢ ᠶᠢᠨ ᠵᠢᠵᠢᠭ ᠪᠦᠲᠦᠭᠡᠭᠳᠡᠬᠦᠨ︾ ᠵᠡᠷᠭᠡ ᠪᠢᠴᠢᠯ ᠵᠢᠭᠰᠠᠭᠠᠯ ᠤᠨ ᠭᠠᠵᠠᠷ ᠢ ᠪᠠᠶᠢᠭᠤᠯᠵᠤ᠂ ᠠᠷᠢᠭᠤᠨ ᠴᠢᠬᠡᠴᠢ ᠰᠣᠶᠣᠯ ᠢ ᠦᠵᠡᠭᠳᠡᠬᠦ᠋ᠰᠢᠲᠡᠢ᠂ ᠦᠵᠡᠵᠦ ᠪᠣᠯᠬᠤ᠂ ᠰᠡᠷᠡᠭᠳᠡᠬᠦ ᠬᠡᠯᠪᠡᠷᠢ ᠪᠠᠷ ᠢᠯᠡᠷᠡᠭᠦᠯᠵᠦ᠂ ᠠᠷᠢᠭᠤᠨ ᠴᠢᠬᠡᠴᠢ ᠦᠷᠳᠡᠭ ᠤᠨ ᠣᠶᠢᠯᠠᠭᠠᠭᠳᠠᠬᠤᠨ ᠢ ᠤᠷᠢᠬᠠᠨ ᠰᠠᠯᠬᠢ ᠲᠠᠢ ᠪᠣᠯᠭᠠᠵᠤ᠂ ᠦᠭᠡ ᠳᠠᠭᠤᠨ ᠦᠭᠡᠢ ᠪᠣᠯᠭᠠᠨ᠎ᠠ᠃ ᠠᠷᠢᠭᠤᠨ ᠴᠢᠬᠡᠴᠢ ᠶᠢᠨ ᠡᠯᠧᠮᠧᠨ᠋ᠲ ᠢ ᠡᠯ᠎ᠡ ᠲᠦᠷᠦᠯ ᠤᠨ ᠰᠣᠶᠣᠯ ᠤᠨ ᠠᠴᠢᠶᠠᠯᠠᠪᠤᠷᠢ ᠳᠤ ᠠᠭᠤᠰᠤᠯᠴᠠᠭᠤᠯᠬᠤ ᠶᠢ ᠴᠢᠬᠤᠯᠠᠴᠢᠯᠠᠵᠤ᠂ ︽ᠢᠵᠢᠯ ᠲᠥᠪᠲᠦ ᠲᠣᠭᠤᠷᠢᠭ︾ ︽ᠵᠣᠯ ᠵᠢᠷᠭᠠᠯᠲᠤ ᠦᠳᠡᠰᠢ ᠶᠢᠨ ᠨᠠᠷᠠᠨ︾᠂ ᠪᠠᠩᠵᠠᠨ ᠤᠬᠠᠭᠤᠯᠤᠨ ᠲᠠᠶᠢᠯᠪᠤᠷᠢᠯᠠᠬᠤ ᠠᠩᠬᠢ ᠵᠡᠷᠭᠡ ᠤᠨᠴᠠᠯᠢᠬᠳᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠰᠠᠯᠪᠤᠷᠢ ᠠᠩᠬᠢ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠪᠠᠶᠢᠭᠤᠯᠭ᠎ᠠ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠳᠤ ᠭᠦᠨᠵᠡᠭᠡᠶᠢᠷᠡᠵᠦ᠂ ︽ᠬᠤᠶᠠᠷ ᠢ ᠴᠣᠭᠴᠠᠯᠠᠬᠤ︾᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠡᠷᠭᠡ ᠭᠤᠣᠯ ᠰᠡᠳᠦᠪ ᠲᠠᠢ ᠤᠶᠠᠯᠳᠤᠭᠤᠯᠤᠨ ᠤᠳᠬ᠎ᠠ ᠤᠷᠠᠯᠢᠭ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠲᠥᠪ ᠭᠤᠣᠯᠴᠢ ᠰᠣᠶᠣᠯ ᠤᠨ ᠰᠢᠮ᠎ᠡ ᠲᠡᠵᠢᠭᠡᠯ ᠬᠦᠷᠲᠡᠭᠡᠪᠡ᠃ ᠠᠷᠢᠭᠤᠨ ᠴᠢᠬᠡᠴᠢ ᠪᠠᠶᠢᠬᠤ ᠬᠥᠮᠦᠵᠢᠯ ᠢ ᠭᠡᠷ ᠪᠦᠯᠢ ᠶᠢᠨ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ ᠶᠢ ᠢᠳᠡᠪᠬᠢᠲᠡᠢ ᠠᠬᠢᠭᠤᠯᠵᠤ᠂ ︽ᠠᠷᠢᠭᠤᠨ ᠴᠢᠬᠡᠴᠢ ᠪᠠᠶᠢᠬᠤ ᠪᠠ ᠭᠡᠷ ᠪᠦᠯᠢ ᠶᠢ ᠬᠠᠷᠠᠭᠠᠯᠵᠠᠬᠤ︾᠂ ︽ᠭᠡᠷ ᠤᠨ ᠰᠤᠷᠲᠠᠯ ᠢ ᠰᠠᠶᠢᠲᠤᠷ ᠬᠥᠮᠦᠵᠢᠭᠦᠯᠵᠦ᠂ ᠰᠠᠶᠢᠨ ᠤᠯᠠᠮᠵᠢᠯᠠᠬᠤ︾᠂ ︽ᠠᠷᠢᠭᠤᠨ ᠴᠢᠬᠡᠴᠢ ᠭᠡᠷ ᠤᠨ ᠰᠤᠷᠲᠠᠯ ᠢ ᠪᠠᠳᠠᠷᠠᠭᠤᠯᠤᠨ ᠪᠠᠭᠠᠴᠤᠳ ᠪᠣᠯᠬᠤ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠰᠠᠶᠢᠨ ᠭᠡᠷ ᠤᠨ ᠰᠤᠷᠲᠠᠯ ᠢᠶᠠᠷ ᠨᠠᠮ ᠤᠨ ᠰᠤᠷᠲᠠᠯ ᠢ ᠠᠬᠢᠭᠤᠯᠵᠤ᠂ ᠵᠠᠰᠠᠭ ᠤᠨ ᠰᠤᠷᠲᠠᠯ ᠢ ᠠᠬᠢᠭᠤᠯᠵᠤ᠂ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠳᠠᠭᠠᠭᠤᠯᠵᠤ᠂ ᠲᠡᠷᠢᠭᠦᠨ ᠤ ᠬᠢ ᠶᠢ ᠡᠷᠬᠢᠮᠯᠡᠬᠦ᠂ ᠲᠡᠷᠢᠭᠦᠨ ᠤ ᠬᠢ ᠠᠴᠠ ᠰᠤᠷᠤᠯᠴᠠᠬᠤ᠂ ᠲᠡᠷᠢᠭᠦᠨ ᠤ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠡᠢ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号