11 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠭᠤᠤᠯ ᠤᠨ ᠵᠠᠮ ᠢ ᠵᠠᠰᠠᠬᠤ ᠠᠵᠢᠯ ᠢ ᠱᠠᠯᠠᠪᠳᠠᠭᠤᠯᠤᠨ ᠵᠢᠯᠣᠭᠤᠳᠪᠠ᠃ | ᠲᠣᠭᠤᠷᠢᠭ ᠤᠨ ᠤᠳᠤᠷᠢᠳᠤᠯᠭ᠎ᠠ ᠸᠠᠩ ᠬᠤᠩ ᠼᠦᠨ᠂ ᠯᠢᠦ ᠲᠢᠶᠠᠨ ᠴᠢᠩ ᠣᠷᠣᠯᠴᠠᠪᠠ᠃ | ᠦᠵᠦᠭᠦᠷ ᠭᠤᠤ᠂ ᠪᠠᠢ ᠴᠦᠨ ᠯᠸᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ ᠬᠡᠯᠪᠡᠷᠢ ᠪᠠᠷ ᠭᠤᠣᠯ ᠤᠨ ᠵᠠᠮ ᠢ ᠵᠠᠰᠠᠬᠤ ᠵᠢᠴᠢ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ | ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠭᠤᠣᠯ ᠤᠨ ᠵᠠᠮ ᠢ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠥᠨᠳᠥᠷ ᠪᠠᠷᠢᠮᠵᠢᠶ᠎ᠠ᠂ ᠪᠣᠳᠠᠲᠠᠢ ᠠᠷᠭ᠎ᠠ ᠬᠡᠮᠵᠢᠶ᠎ᠡ ᠪᠠᠷ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ᠃ ᠭᠤᠣᠯ ᠤᠨ ᠵᠠᠮ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ᠂ ᠲᠣᠭᠲᠠᠮᠠᠯ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠪᠠᠷ ᠭᠤᠣᠯ ᠤᠨ ᠵᠠᠮ ᠤᠨ ᠲᠣᠭᠤᠷᠢᠨ | ᠪᠠᠶᠢᠴᠠᠭᠠᠬᠤ ᠠᠵᠢᠯ ᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠳᠤ ᠨᠠᠷᠢᠨ ᠲᠠᠩᠰᠠᠴᠢᠯᠠᠭᠰᠠᠨ᠂ | ᠪᠢᠲᠡᠭᠦᠮᠵᠢᠯᠡᠭᠰᠡᠨ ᠬᠡᠯᠪᠡᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠶᠢ ᠢᠯᠡᠷᠡᠭᠦᠯᠪᠡᠯ ᠨᠢᠭᠡ ᠶᠢ ᠴᠡᠭᠴᠡᠯᠡᠨ | ᠵᠠᠰᠠᠵᠤ᠂ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠠᠷᠢᠯᠭᠠᠬᠤ ᠬᠡᠷᠡᠭᠲᠡᠢ᠃ | ︽ᠳᠥᠷᠪᠡᠨ ᠰᠠᠮᠠᠭᠤᠨ ᠢ ᠠᠷᠢᠯᠭᠠᠬᠤ︾ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ | ᠪᠠᠶᠢᠭᠤᠯᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠤᠤᠯ ᠤᠨ ᠵᠠᠮ ᠤᠨ ᠦᠶᠡᠷ ᠵᠠᠯᠠᠬᠤ | ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠲᠦᠪᠰᠢᠨ ᠢ ᠦᠨᠡᠨ | ᠬᠦ ᠳᠡᠭᠡᠭᠰᠢᠯᠡᠭᠦᠯᠵᠦ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠤᠨ ᠬᠠᠮᠠᠭᠠᠯᠠᠬᠤ ᠬᠡᠷᠡᠭᠲᠡᠶ ᠭᠡᠵᠡᠢ᠃ |