ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/22
      11 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠱᠠᠨ ᠰᠢ ᠮᠤᠵᠢ ᠶᠢᠨ ᠯᠢᠦᠢ ᠯᠢᠶᠠᠩ ᠬᠤᠳᠠ ᠶᠢᠨ ᠶᠦᠩ ᠵᠢᠤᠢ ᠨᠡᠭᠦᠷᠡᠰᠦᠨ ᠠᠭᠤᠷᠬᠠᠢ ᠶᠢᠨ ᠠᠯᠪᠠᠨ ᠠᠰᠠᠷ ᠤᠨ ᠭᠠᠯ ᠤᠨ ᠭᠠᠮᠰᠢᠭ ᠤᠨ ᠠᠳᠡᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ᠂ ᠪᠡᠭᠡᠵᠢᠩ ᠤᠨ ᠾᠧᠪᠸᠢ ᠳᠤ ᠭᠠᠮᠰᠢᠭ ᠤᠨ ᠳᠠᠷᠠᠭᠠᠬᠢ ᠰᠡᠷᠭᠦᠭᠡᠵᠦ ᠲᠠᠬᠢᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠠᠩᠬᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠯᠢᠯᠴᠠᠭᠠᠨ ᠤ ᠶᠡᠭᠡ ᠬᠤᠷᠠᠯ ᠳᠤ ᠵᠠᠬᠢᠳᠠᠯ ᠢᠷᠡᠭᠦᠯᠦᠭᠰᠡᠨ ᠵᠣᠷᠢᠭ ᠰᠠᠨᠠᠭ᠎ᠠ ᠪᠣᠯᠤᠨ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠭᠤᠣᠯᠳᠠᠯᠭ᠎ᠠ ᠲᠠᠢ ᠣᠷᠣᠨ ᠪᠦᠰᠡ᠂ ᠴᠢᠬᠤᠯᠠ ᠬᠦᠷᠢᠶ᠎ᠡ ᠪᠣᠯᠤᠨ ᠭᠤᠣᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠠᠶᠤᠯᠭᠦᠢ ᠦᠢᠯᠡᠳᠪᠦᠷᠢᠯᠡᠯ ᠪᠣᠯᠤᠨ ᠭᠠᠯ ᠤᠨᠲᠠᠷᠠᠭᠠᠬᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠯᠳᠠᠰᠢ ᠭᠠᠷᠬᠤ ᠶᠢ ᠬᠤᠷᠢᠭᠯᠠᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠬᠥᠮᠦᠵᠢᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠨ᠂ ᠥᠷᠭᠡᠨ ᠤᠯᠠᠨ ᠲᠦᠮᠡᠨ ᠤ ᠭᠠᠮᠰᠢᠭ ᠢ ᠰᠡᠷᠭᠡᠶᠢᠯᠡᠬᠦ ᠠᠶᠤᠯ ᠠᠴᠠ ᠵᠠᠶᠢᠯᠠᠬᠤ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠬᠦᠴᠦᠯᠡᠬᠦ ᠴᠡᠭ ᠢ ᠣᠨᠣᠪᠴᠢᠲᠠᠶ ᠣᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠶ᠃      ᠬᠤᠷᠠᠯ ᠠᠴᠠ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠤᠳᠠ ᠶᠢᠨ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠪᠣᠳᠠᠲᠠᠢ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ᠂ ᠮᠠᠨ ᠤ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠤᠷᠢᠳᠴᠢᠯᠠᠨ ᠲᠥᠯᠥᠪᠵᠢᠭᠦᠯᠦᠨ ᠥᠷᠨᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠠᠶᠢᠨᠠᠨ ᠤ ᠬᠤᠪᠢ ᠨᠡᠮᠡᠷᠢ ᠦᠵᠡᠭᠦᠯᠬᠦ ᠬᠡᠷᠡᠭᠲᠡᠢ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠵᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠦᠨᠡᠨ ᠬᠦ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠳ᠋ᠦᠩᠨᠡᠨ ᠦᠨᠡᠯᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠣᠨᠣᠪᠴᠢᠲᠠᠶ ᠡᠷᠢᠵᠦ᠂ ︽ᠳᠣᠯᠤᠭ᠎ᠠ ᠶᠢ ᠵᠠᠰᠠᠬᠤ︾ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠪᠥᠬᠦ ᠲᠠᠯ᠎ᠠ ᠪᠠᠷ ᠲᠦᠢᠯᠪᠤᠷᠢᠲᠠᠶ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠡᠭᠦᠷᠭᠡ᠂ ᠵᠠᠩᠭᠢᠯᠠᠭ᠎ᠠ ᠶᠢᠨ ᠴᠡᠭ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠨᠠᠶᠢᠳᠠᠪᠤᠷᠢᠵᠢᠭᠤᠯᠬᠤ ᠦᠭᠡᠢ᠂ ᠬᠠᠷᠢᠯᠴᠠᠨ ᠲᠦᠯᠬᠢᠯᠴᠡᠬᠦ ᠵᠡᠷᠭᠡ ᠠᠰᠠᠭᠤᠳᠠᠯ ᠢ ᠡᠷᠡᠰ ᠬᠤᠷᠢᠭᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠠᠵᠢᠯ ᠤᠨ ᠳᠤᠮᠳᠠ ᠠᠴᠠ ᠤᠬᠠᠮᠰᠠᠷ ᠠᠴᠠ ᠪᠠᠨ ᠪᠠᠶᠢᠷᠢ ᠲᠣᠭᠲᠠᠭᠠᠯᠲᠠ ᠪᠠ ᠡᠭᠦᠷᠭᠡ ᠶᠢ ᠡᠷᠢᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠨᠠᠶᠢᠳᠠᠪᠤᠷᠢᠵᠢᠭᠤᠯᠬᠤ ᠶᠢ ᠪᠦᠲᠦᠭᠡᠯᠴᠢ ᠴᠢᠨᠠᠷᠲᠠᠶ ᠪᠠᠷ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠯᠠᠪᠳᠠᠭᠤᠨ ᠢᠶᠠᠷ ᠰᠢᠢᠳᠪᠦᠷᠢᠯᠡᠵᠦ᠂ ᠠᠶᠤᠯᠭᠦᠶ ᠦᠢᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠪᠥᠬᠦ ᠣᠷᠣᠨ ᠤ ᠪᠦᠬᠦᠯᠢ ᠴᠣᠭᠴᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠶ ᠭᠠᠩ ᠨᠥᠬᠦᠷ ᠤᠨ ᠮᠠᠨ ᠤ ᠬᠤᠲᠠ ᠳᠤ ᠭᠤᠤᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠬᠤ ᠦᠶ᠎ᠡ ᠶᠢᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号