ᠬᠠᠶᠢᠨᠠᠨ ᠲᠣᠭᠤᠷᠢᠭ ᠤᠨ ︽ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠶᠢᠨ ᠳᠦᠷᠢᠮ︾ ᠤᠨ ᠠᠵᠢᠯ ᠤᠨ | ᠲᠥᠰᠦᠯ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠶᠢᠨ ᠲᠥᠯᠥᠭᠡ᠂ | ᠠᠵᠤ ᠦᠢᠯᠡᠰ ᠤᠨ ᠰᠠᠭᠤᠷᠢ ᠶᠢ ᠳᠡᠭᠡᠳᠦ ᠳᠡᠰᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ | ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠬᠦ ᠶᠢ ᠲᠠᠰᠤᠷᠠᠯᠲᠠ ᠥᠬᠡᠶ ᠠᠬᠢᠭᠤᠯᠵᠤ᠂ ᠭᠠᠵᠠᠷ ᠣᠷᠣᠨ ᠤ ᠣᠨᠴᠠᠯᠢᠭ ᠲᠠᠢ | ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠮᠠᠨ ᠤ ᠲᠤᠭᠤᠷᠢᠭ ᠤᠨ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠬᠠᠶᠢᠨᠠᠨ ᠲᠣᠭᠤᠷᠢᠭ ᠤᠨ | ︿ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠶᠢᠨ ᠲᠦᠷᠢᠮ︾ ᠤᠨ ᠠᠵᠢᠯ ᠤᠨ ᠲᠥᠰᠦᠯ︾ ᠢ ᠣᠨᠴᠠᠭᠠᠶᠢᠯᠠᠨ | ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠶᠢᠨ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠮᠠᠨ ᠤ ᠲᠤᠭᠤᠷᠢᠭ ᠤᠨ ᠣᠲᠣ ᠶᠢᠨ ᠪᠠᠶᠢᠭ᠎ᠠ ᠠᠵᠤ ᠦᠢᠯᠡᠰ ᠤᠨ ᠰᠢᠰᠲ᠋ᠧᠮᠵᠢ ᠪᠠ ᠠᠵᠤ | ᠦᠢᠯᠡᠰ ᠤᠨ ᠠᠮᠢ ᠠᠬᠤᠶ ᠳᠤ ᠰᠢᠰᠲ᠋ᠧᠮ ᠤᠨ ᠥᠭᠡᠷᠡᠴᠢᠯᠡᠯᠲᠡ ᠪᠠ ᠪᠥᠬᠦ ᠲᠠᠯ᠎ᠠ ᠪᠠᠷ ᠰᠢᠯᠢᠳᠡᠭᠵᠢᠵᠦ᠂ ᠪᠥᠬᠦ | ᠬᠡᠯᠬᠢᠶ᠎ᠡ᠂ ᠣᠷᠴᠢᠯᠵᠢᠭᠰᠠᠨ᠂ ᠥᠷᠭᠡᠨ ᠢᠶᠠᠷ ᠢᠵᠢ ᠪᠥᠷᠢᠳᠦᠭᠰᠡᠨ ᠪᠣᠬᠢᠷᠲᠤᠯ ᠥᠬᠡᠶ ᠠᠵᠤ ᠦᠢᠯᠡᠰ ᠤᠨ | ᠰᠢᠰᠲ᠋ᠧᠮᠵᠢ ᠶᠢ ᠪᠣᠶ ᠪᠣᠯᠭᠠᠵᠤ᠂ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠠᠵᠢᠯ ᠤᠨ ᠬᠠᠷᠠᠯᠲᠠ | ︽ᠬᠡᠯᠬᠢᠶ᠎ᠡ ᠶᠢ ᠲᠣᠭᠲᠠᠭᠠᠬᠤ᠂ ᠤᠷᠲᠤᠳᠬᠠᠬᠤ᠂ ᠲᠣᠭᠲᠠᠭᠠᠬᠤ︾ ᠵᠠᠷᠴᠢᠮ ᠶᠣᠰᠣᠭᠠᠷ ︽ᠠᠵᠤ | ᠦᠢᠯᠡᠰ ᠤᠨ ᠬᠡᠯᠬᠢᠶ᠎ᠡ ᠶᠢᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ᠂ ᠮᠠᠨ ᠤ ᠣᠷᠣᠨ ᠤ ᠬᠥᠭᠵᠢᠯᠲᠡ ᠶᠢᠨ | ᠪᠣᠭᠤᠮᠢ ᠶᠢ ᠲᠦᠷᠭᠡᠳᠬᠡᠨ ᠰᠢᠪᠲᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠢᠷᠢ ᠲᠦᠪᠰᠢᠨ ᠪᠠ ᠥᠷᠢᠰᠦᠯᠳᠦᠬᠦ | ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠠᠬᠢᠭᠤᠯᠵᠤ᠂ ᠨᠢᠭᠡ ᠪᠦᠯᠦᠭ ᠮᠡᠷᠭᠡᠵᠢᠯ ᠤᠨ ᠳᠠᠪᠠᠭᠤᠯᠢᠭ ᠲᠠᠢ | ᠬᠥᠲᠥᠴᠢ ᠠᠵᠤ ᠠᠬᠤᠶᠢᠯᠠᠯ ᠢ ᠪᠤᠶᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠵᠤ᠂ ᠮᠠᠨ ᠤ ᠣᠷᠣᠨ ᠤ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢᠨ ᠬᠢᠷᠢ ᠲᠦᠪᠰᠢᠨ ᠢ ᠴᠢᠨᠠᠷ ᠰᠠᠶᠢᠲᠠᠶ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ | ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ | ︵ᠨᠢᠭᠡ︶ ᠬᠡᠯᠬᠢᠶᠡᠰᠦ ᠶᠢᠨ ᠳᠠᠷᠤᠭ᠎ᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠃ ᠠᠵᠤ ᠦᠶ᠋ᠯᠡᠰ ᠤᠨ | ᠬᠡᠯᠬᠢᠶ᠎ᠡ ᠶᠢᠨ ᠬᠥᠭᠵᠢᠯᠲᠡ ᠶᠢ ᠲᠦᠷᠦᠭᠦᠯᠡᠨ ᠵᠢᠯᠣᠭᠤᠳᠬᠤ ᠪᠠ ᠠᠬᠢᠭᠤᠯᠬᠤ ᠶᠢ ᠬᠠᠷᠢᠭᠤᠴᠠᠨ᠎ᠠ᠃ | 1. ᠬᠦᠴᠢᠷ ᠠᠰᠠᠭᠤᠳᠠᠯ ᠢ ᠰᠢᠶ᠋ᠳᠪᠦᠷᠢᠯᠡᠨ᠎ᠡ᠃ ᠲᠦᠷᠦᠭᠦᠯᠡᠨ ᠬᠢᠬᠦ ᠰᠠᠯᠠᠭ᠎ᠠ ᠮᠥᠴᠢᠷ ᠢ ᠳᠠᠶᠢᠴᠢᠯᠠᠨ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠴᠢ ᠡᠭᠦᠷᠭᠡᠯᠡᠵᠦ ᠪᠠᠶᠢᠭ᠎ᠠ ᠬᠠᠮᠢᠶ᠎ᠠ ᠪᠥᠬᠦᠶ ᠭᠤᠤᠯᠳᠠᠯᠭ᠎ᠠ ᠲᠠᠢ | ᠠᠵᠢᠯ ᠲᠠᠢ ᠬᠠᠷᠢᠴᠠᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠣᠳᠣᠬᠢ ᠪᠠᠶᠢᠳᠠᠯ ᠢ | ᠰᠢᠰᠲ᠋ᠧᠮ ᠲᠠᠢ ᠪᠠᠷ ᠡᠮᠬᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠭᠤᠤᠯᠳᠠᠯᠭ᠎ᠠ ᠲᠠᠢ ᠠᠵᠤ ᠠᠬᠤᠶᠢᠯᠠᠯ᠂ | ᠭᠤᠤᠯᠳᠠᠯᠭ᠎ᠠ ᠲᠠᠢ ᠲᠥᠷᠥᠯ ᠵᠦᠢᠯ᠂ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠮᠡᠷᠭᠡᠵᠢᠯ᠂ ᠬᠢᠵᠠᠭᠠᠷᠯᠠᠬᠤ ᠪᠣᠭᠤᠮᠢ | ᠵᠡᠷᠭᠡ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠠᠵᠤ ᠦᠢᠯᠡᠰ ᠤᠨ ᠬᠡᠯᠬᠢᠶ᠎ᠡ ᠶᠢᠨ ᠬᠤᠯᠪᠣᠭᠳᠠᠬᠤ ᠠᠵᠤ | ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ | 2. ᠰᠤᠳᠤᠯᠤᠯᠲᠠ ᠪᠠᠨ ᠴᠢᠩᠭᠠᠳᠬᠠᠬᠤ ᠬᠡᠷᠡᠭᠲᠡᠶ᠃ ᠮᠠᠨ ᠤ ᠣᠷᠣᠨ ᠤ ᠠᠵᠤ ᠦᠢᠯᠡᠰ ᠤᠨ | ᠬᠥᠭᠵᠢᠯᠲᠡ ᠶᠢᠨ ᠴᠢᠭᠯᠡᠯ ᠳᠤ ᠨᠡᠶᠢᠴᠡᠭᠰᠡᠨ ᠠᠵᠤ ᠦᠢᠯᠡᠰ ᠤᠨ ᠬᠡᠯᠬᠢᠶ᠎ᠡ ᠶᠢ ᠰᠠᠨᠠᠭᠠᠴᠢᠯᠠᠭ᠎ᠠ ᠠᠴᠠ ᠪᠠᠨ | ᠰᠦᠪᠡᠭᠴᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠬᠤᠯᠪᠣᠭᠳᠠᠬᠤ ᠠᠵᠤ | ᠠᠬᠤᠶᠢᠯᠠᠯ ᠵᠢᠴᠢ ᠢᠵᠢ ᠪᠦᠷᠢᠳᠦᠭᠦᠯᠬᠦ ᠲᠥᠷᠥᠯ ᠵᠦᠢᠯ ᠢ ᠨᠥᠬᠦᠪᠥᠷᠢᠯᠡᠨ᠎ᠡ᠃ | 3. ᠪᠠᠲᠤᠯᠠᠬᠤ ᠡᠯᠧᠮᠧᠨ᠋ᠲ᠃ ᠡᠯ᠎ᠡ ᠰᠠᠯᠠᠭ᠎ᠠ ᠮᠥᠴᠢᠷ ᠢ ᠬᠥᠲᠥᠯᠥᠨ ᠵᠢᠯᠣᠭᠤᠳᠴᠤ ᠪᠠᠶᠢᠭᠠᠳ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠵᠦ᠂ ᠠᠵᠤ ᠦᠢᠯᠡᠰ ᠤᠨ ᠬᠡᠯᠬᠢᠶ᠎ᠡ ᠶᠢᠨ ᠡᠯ᠎ᠡ ᠬᠤᠯᠪᠣᠭᠳᠠᠬᠤ ᠠᠵᠤ ᠠᠬᠤᠶᠢᠯᠠᠯ ᠢ ᠢᠳᠡᠪᠬᠢᠲᠡᠶ ᠪᠠᠷ | ᠬᠠᠪᠰᠤᠷᠤᠨ ᠲᠡᠳᠬᠦᠵᠦ᠂ ᠠᠵᠤ ᠠᠬᠤᠶᠢᠯᠠᠯ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ︵ᠬᠤᠶᠠᠷ︶ ᠲᠦᠷᠦᠭᠦᠯᠡᠬᠦ ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠃ ᠬᠡᠯᠬᠢᠶ᠎ᠡ ᠶᠢᠨ | ᠳᠠᠷᠤᠭ᠎ᠠ ᠲᠠᠢ ᠬᠠᠮᠵᠢᠯᠴᠠᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠬᠠᠮᠢᠶ᠎ᠠ ᠪᠥᠬᠦᠶ | ᠰᠠᠯᠠᠭ᠎ᠠ ᠮᠥᠴᠢᠷ ᠢ ᠵᠣᠬᠢᠴᠠᠭᠤᠯᠬᠤ᠂ ᠬᠤᠯᠪᠣᠭᠳᠠᠬᠤ ᠠᠵᠤ ᠠᠬᠤᠶᠢᠯᠠᠯ ᠢ ᠵᠣᠯᠭᠠᠭᠤᠯᠬᠤ ᠪᠠ ᠪᠣᠳᠠᠲᠠᠶ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | 1. ᠲᠥᠰᠦᠯ ᠲᠣᠭᠲᠠᠭᠠᠬᠤ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠲᠥᠰᠥᠯ᠂ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠢᠷᠤᠭ᠂ ᠬᠠᠷᠠᠯᠲᠠᠲᠤ ᠬᠤᠳᠠᠯᠳᠤᠭᠠᠴᠢᠨ ᠤᠷᠢᠬᠤ ᠵᠢᠷᠤᠭ᠂ ᠠᠵᠤ | ᠦᠢᠯᠡᠰ ᠤᠨ ᠬᠡᠯᠬᠢᠶ᠎ᠡ ᠳᠤ ᠬᠤᠯᠪᠣᠭᠳᠠᠬᠤ ᠲᠥᠷᠥᠯ ᠵᠦᠢᠯ ᠤᠨ ᠬᠥᠮᠥᠷᠭᠡ ᠵᠢᠴᠢ ᠭᠤᠣᠯᠳᠠᠯᠭ᠎ᠠ ᠲᠠᠢ ᠠᠵᠤ | ᠠᠬᠤᠶᠢᠯᠠᠯ ᠤᠨ ᠬᠦᠰᠦᠨᠦᠭᠲᠦ ᠶᠢ ᠰᠤᠳᠤᠯᠤᠨ ᠲᠣᠭᠲᠠᠭᠠᠵᠤ᠂ ︽ᠨᠢᠭᠡ ᠲᠥᠰᠥᠯ᠂ ᠬᠤᠶᠠᠷ ᠵᠢᠷᠤᠭ᠂ ᠨᠢᠭᠡ | ᠬᠥᠮᠥᠷᠭᠡ᠂ ᠨᠢᠭᠡ ᠬᠦᠰᠦᠨᠦᠭᠲᠦ︾ ᠶᠢᠨ ᠠᠵᠢᠯ ᠤᠨ ᠡᠬᠡ ᠲᠠᠩᠰᠠ ᠶᠢ ᠪᠣᠶ ᠪᠣᠯᠭᠠᠵᠤ᠂ ᠨᠠᠭᠠᠲᠤ ᠵᠠᠬ᠎ᠠ ᠳᠤ ᠪᠠᠨ | ᠨᠢᠭᠡ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠲᠣᠭᠲᠠᠭᠠᠨ᠎ᠠ᠃ | 2. ᠲᠣᠬᠢᠷᠠᠭᠤᠯᠤᠨ ᠵᠣᠬᠢᠴᠠᠭᠤᠯᠤᠨ᠎ᠠ᠃ ᠤᠯᠠᠷᠢᠯ ᠪᠦᠷᠢ ᠪᠤᠶᠤ ᠬᠡᠷᠡᠭᠴᠡᠭᠡ ᠶᠣᠰᠣᠭᠠᠷ ᠲᠤᠰᠬᠠᠶ ᠰᠡᠳᠦᠪᠲᠦ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠦᠶ᠋ᠯᠡᠰ ᠤᠨ ᠬᠡᠯᠬᠢᠶ᠎ᠡ ᠶᠢᠨ ᠬᠥᠭᠵᠢᠯᠲᠡ ᠳᠠᠬᠢ | ᠠᠰᠠᠭᠤᠳᠠᠯ ᠢ ᠵᠣᠬᠢᠴᠠᠭᠤᠯᠤᠨ ᠰᠢᠶ᠋ᠳᠪᠦᠷᠢᠯᠡᠵᠦ᠂ ᠴᠢᠬᠤᠯᠠ ᠶᠡᠭᠡ ᠵᠦᠶ᠋ᠯᠡᠰ ᠢ ᠴᠠᠭ ᠲᠤᠬᠠᠶ ᠳᠤᠨᠢ ᠲᠤᠭᠤᠷᠢᠭ ᠤᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠬᠤᠷᠠᠯ ᠳᠤ ᠳᠡᠪᠰᠢᠭᠦᠯᠦᠨ ᠰᠤᠳᠤᠯᠤᠭᠤᠯᠵᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠪᠣᠯᠤᠨ ᠬᠤᠯᠪᠣᠭᠳᠠᠯ ᠪᠥᠬᠦᠶ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ | ᠠᠵᠤ ᠦᠶ᠋ᠯᠡᠰ ᠤᠨ ᠬᠡᠯᠬᠢᠶ᠎ᠡ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠤᠨ᠎ᠠ᠃ | 3. ᠴᠦᠷᠭᠡᠯᠡᠭᠡ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠳᠥᠷᠪᠡ᠂ ᠠᠵᠢᠯ ᠤᠨ ᠰᠢᠰᠲ᠋ᠧᠮᠵᠢ | ︵ᠨᠢᠭᠡ︶ ᠬᠡᠯᠬᠢᠶᠡᠨ ᠤ ᠳᠠᠷᠤᠭ᠎ᠠ ᠶᠢᠨ ᠳᠦᠷᠢᠮ ᠤᠨ ᠳᠡᠰ ᠬᠤᠪᠢᠶᠠᠨ ᠠᠬᠢᠭᠤᠯᠬᠤ ᠰᠢᠰᠲ᠋ᠧᠮᠵᠢ ᠶᠢ | ᠪᠠᠶᠢᠭᠤᠯᠤᠨ᠎ᠠ᠃ ᠲᠥᠯᠥᠪᠵᠢᠭᠦᠯᠭᠡ ᠶᠢᠨ ᠲᠣᠭᠤᠷᠢᠨ ᠳᠤ ᠪᠠᠶᠢᠭᠤᠯᠤᠭᠰᠠᠨ 5 ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ᠂ ︽ᠨᠢᠭᠡ ᠠᠵᠤ ᠦᠢᠯᠡᠰ ᠤᠨ ᠬᠡᠯᠬᠢᠶ᠎ᠡ᠂ ᠨᠢᠭᠡ ᠣᠷᠣᠨ ᠤ ᠲᠡᠰ ᠤᠨ ᠤᠳᠤᠷᠢᠳᠤᠯᠭ᠎ᠠ᠂ ᠨᠢᠭᠡ | ᠲᠦᠷᠦᠭᠦᠯᠡᠬᠦ ᠰᠠᠯᠠᠭ᠎ᠠ ᠮᠥᠴᠢᠷ᠂ ᠨᠢᠭᠡ ᠢᠵᠢ ᠠᠵᠢᠯ ᠤᠨ ᠲᠥᠰᠦᠯ︾ ᠤᠨ ᠳᠥᠷᠪᠡᠨ ᠠᠵᠢᠯ ᠤᠨ ᠲᠣᠭᠲᠠᠴᠠ | ᠶᠣᠰᠣᠭᠠᠷ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠵᠤ᠂ | ᠲᠦᠷᠦᠭᠦᠯᠡᠬᠦ ᠰᠠᠯᠠᠭ᠎ᠠ ᠮᠥᠴᠢᠷ ᠠᠴᠠ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠵᠣᠬᠢᠶᠠᠨ ᠪᠠᠶᠢᠭᠤᠯᠵᠤ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠬᠡᠯᠬᠢᠶᠡᠵᠢᠯ ᠤᠨ ᠳᠠᠷᠤᠭ᠎ᠠ ᠶᠢᠨ ᠳᠦᠷᠢᠮ ᠤᠨ ᠲᠤᠯᠭᠠᠭᠤᠷᠢᠯᠠᠬᠤ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠎ᠠ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠰᠤᠳᠤᠯᠭᠠᠨ ᠤ ᠪᠠᠶᠢᠭᠤᠯᠤᠮᠵᠢ ᠪᠣᠯᠤᠨ ᠣᠶᠤᠨ ᠤ | ᠬᠥᠮᠥᠷᠭᠡ ᠶᠢᠨ ᠬᠦᠴᠦᠨ ᠳᠤ ᠲᠦᠰᠢᠭᠯᠡᠨ᠂ ᠠᠵᠤ ᠦᠢᠯᠡᠰ ᠤᠨ ᠬᠡᠯᠬᠢᠶ᠎ᠡ ᠨᠢᠭᠡ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠵᠠᠭᠪᠤᠷ ᠶᠣᠰᠣᠭᠠᠷ᠂ ᠠᠵᠤ ᠦᠢᠯᠡᠰ ᠤᠨ ᠬᠥᠭᠵᠢᠯᠲᠡ ᠶᠢᠨ ᠪᠠᠷᠠᠭᠠᠯᠠᠯᠳᠤ ᠴᠢᠨᠠᠷ᠂ ᠪᠠᠶᠢᠯᠳᠤᠬᠤ | ᠪᠣᠳᠣᠯᠭ᠎ᠠ ᠶᠢᠨ ᠴᠢᠨᠠᠷ᠂ ᠪᠦᠬᠦ ᠲᠠᠯ᠎ᠠ ᠶᠢᠨ ᠴᠢᠨᠠᠷᠲᠠᠶ ᠠᠰᠠᠭᠤᠳᠠᠯ ᠢ ᠰᠤᠳᠤᠯᠬᠤ ᠬᠡᠷᠡᠭᠲᠡᠶ᠃ ᠲᠣᠭᠤᠷᠢᠭ ᠤᠨ | ᠵᠠᠰᠠᠭ ᠤᠨ ᠣᠷᠳᠣᠨ ᠤ ᠡᠯ᠎ᠡ ᠬᠠᠮᠢᠶ᠎ᠠ ᠪᠦᠬᠦᠢ ᠳᠡᠳ᠋ ᠳᠠᠷᠤᠭ᠎ᠠ ᠬᠠᠮᠵᠢᠯᠴᠠᠬᠤ ᠠᠵᠢᠯ ᠢ ᠢᠳᠡᠪᠬᠢᠲᠡᠢ ᠰᠠᠶᠢᠲᠤᠷ | ᠬᠢᠵᠦ᠂ ᠠᠵᠤ ᠦᠢᠯᠡᠰ ᠤᠨ ᠬᠡᠯᠬᠢᠶ᠎ᠡ ᠶᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠬᠠᠪᠰᠤᠷᠤᠨ ᠰᠢᠢᠳᠪᠦᠷᠢᠯᠡᠬᠦ ᠬᠡᠷᠡᠭᠲᠡᠢ︔ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠣᠰ ᠪᠡᠶ᠎ᠡ ᠶᠢᠨ | ᠠᠵᠢᠯ ᠤᠨ ᠡᠭᠦᠷᠭᠡ ᠴᠢᠳᠠᠪᠤᠷᠢ ᠪᠠᠨ ᠦᠨᠳᠦᠰᠦᠯᠡᠨ᠂ ᠡᠳᠦᠷ ᠲᠤᠲᠤᠮ ᠤᠨ ᠲᠤᠯᠭᠠᠭᠤᠷᠢᠯᠠᠬᠤ ᠦᠢᠯᠡᠴᠢᠯᠡᠭᠡᠨ ᠤ | ᠲᠣᠭᠲᠠᠴᠠ ᠶᠢ ᠪᠠᠶᠢᠭᠤᠯᠵᠤ᠂ ᠡᠯ᠎ᠡ ᠠᠵᠤ ᠦᠢᠯᠡᠰ ᠤᠨ ᠬᠡᠯᠬᠢᠶ᠎ᠡ ᠶᠢᠨ ᠳᠠᠷᠤᠭ᠎ᠠ ᠪᠠ ᠲᠦᠷᠦᠭᠦᠯᠡᠬᠦ ᠰᠠᠯᠠᠭ᠎ᠠ | ᠮᠥᠴᠢᠷ ᠢ ᠬᠠᠮᠵᠢᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠲᠠᠪᠤ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ | 1. ᠣᠳᠣ ᠦᠶ᠎ᠡ ᠶᠢᠨ ᠨᠡᠭᠦᠷᠡᠰᠦ ᠬᠡᠦᠷᠰᠢᠭᠦᠯᠬᠦ ᠠᠵᠤ ᠦᠢᠯᠡᠰ ᠤᠨ ᠬᠡᠯᠬᠢᠶ᠎ᠡ | ᠬᠢᠨᠵᠢᠨ ᠳᠠᠷᠤᠭ᠎ᠠ᠄ ᠯᠢᠦ ᠲᠢᠶᠠᠨ ᠴᠢᠩ | ᠲᠦᠷᠦᠭᠦᠯᠡᠨ ᠬᠢᠬᠦ ᠰᠠᠯᠠᠭ᠎ᠠ ᠮᠥᠴᠢᠷ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ | ᠬᠡᠯᠬᠢᠶᠡᠰᠦ ᠶᠢᠨ ᠭᠤᠤᠯ ᠠᠵᠤ ᠠᠬᠤᠶᠢᠯᠠᠯ᠄ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ | ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠶ ᠹᠧᠩ ᠬᠤᠪᠢᠶᠠᠷᠢ ᠺᠣᠮᠫᠠᠨᠢ᠂ ᠦᠬᠠᠶ | ᠬᠤᠲᠠ ᠶᠢᠨ ᠷᠦᠩ ᠰᠢᠨ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠶᠢᠨ | ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠬᠠᠶ ᠶᠢᠨ ᠴᠢᠩ ᠱᠢ ᠬᠢᠮᠢ ᠶᠢᠨ | ᠬᠢᠵᠠᠭᠠᠷᠲᠤ ᠺᠣᠮᠫᠠᠨᠢ | 2. ᠨᠠᠷᠢᠯᠢᠬ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ | ᠬᠢᠨᠵᠢᠨ ᠳᠠᠷᠤᠭ᠎ᠠ᠄ ᠯᠢᠦ ᠲᠢᠶᠠᠨ ᠴᠢᠩ | ᠲᠦᠷᠦᠭᠦᠯᠡᠨ ᠬᠢᠬᠦ ᠰᠠᠯᠠᠭ᠎ᠠ ᠮᠥᠴᠢᠷ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ | ᠬᠡᠯᠬᠢᠶ᠎ᠡ ᠶᠢᠨ ᠭᠤᠤᠯ ᠠᠵᠤ ᠠᠬᠤᠶᠢᠯᠠᠯ᠄ ᠦᠬᠠᠶ ᠶᠢᠨ ᠵᠥᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ | 3. ᠵᠠᠳᠠᠷᠠᠭᠤᠯᠵᠤ ᠪᠣᠯᠬᠤ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ | ᠬᠢᠨᠵᠢᠨ ᠳᠠᠷᠤᠭ᠎ᠠ᠄ ᠯᠢᠦ ᠲᠢᠶᠠᠨ ᠴᠢᠩ | ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ | ᠬᠡᠯᠬᠢᠶᠡᠰᠦ ᠶᠢᠨ ᠭᠤᠤᠯ ᠠᠵᠤ ᠠᠬᠤᠶᠢᠯᠠᠯ᠄ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ | ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠶ ᠹᠧᠩ ᠬᠤᠪᠢᠶᠠᠷᠢ ᠺᠣᠮᠫᠠᠨᠢ᠂ ᠦᠬᠠᠶ | ᠬᠤᠲᠠ ᠶᠢᠨ ᠾᠧᠩ ᠶᠧ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠰᠠᠢ ᠾᠧ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ | 4. ᠣᠳᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ | ᠬᠢᠨᠵᠢ᠄ ᠸᠠᠩ ᠬᠤᠩ ᠼᠦᠨ | ᠲᠦᠷᠦᠭᠦᠯᠡᠨ ᠬᠢᠬᠦ ᠰᠠᠯᠠᠭ᠎ᠠ ᠮᠥᠴᠢᠷ᠄ ᠲᠤᠭᠤᠷᠢᠭ ᠤᠨ ᠡᠨᠧᠷᠭᠢ ᠶᠢᠨ ᠲᠣᠪᠴᠢᠶ᠎ᠠ | ᠬᠡᠯᠬᠢᠶᠡᠰᠦ ᠶᠢᠨ ᠭᠤᠤᠯ ᠠᠵᠤ ᠠᠬᠤᠶᠢᠯᠠᠯ᠄ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ | ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠦᠬᠠᠶ ᠶᠢᠨ ᠬᠢᠮᠢ ᠶᠢᠨ ᠠᠵᠤ | ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠦᠦ ᠡᠤ ᠴᠡᠪᠡᠷ ᠡᠨᠧᠷᠭᠢ ᠶᠢᠨ ᠬᠢᠵᠠᠭᠠᠷᠲᠤ ᠺᠣᠮᠫᠠᠨᠢ | 5. ᠠᠷᠠᠯᠵᠢᠶ᠎ᠠ ᠬᠤᠳᠠᠯᠳᠤᠭ᠎ᠠ ᠪᠠᠷᠠᠭ᠎ᠠ ᠶᠢᠨ ᠭᠦᠢᠯᠭᠡᠭᠡᠨ ᠤ ᠠᠵᠤ ᠦᠢᠯᠡᠰ ᠤᠨ ᠬᠡᠯᠬᠢᠶ᠎ᠡ | ᠬᠢᠨᠵᠢᠨ ᠳᠠᠷᠤᠭ᠎ᠠ᠄ ᠰᠢᠤ ᠹᠠᠩ | ᠲᠦᠷᠦᠭᠦᠯᠡᠨ ᠬᠢᠬᠦ ᠰᠠᠯᠠᠭ᠎ᠠ ᠮᠥᠴᠢᠷ᠄ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ | ᠬᠡᠯᠬᠢᠶᠡᠰᠦ ᠶᠢᠨ ᠭᠤᠤᠯ ᠠᠵᠤ ᠠᠬᠤᠶᠢᠯᠠᠯ᠄ ᠦᠬᠠᠶ ᠬᠤᠲᠠ ᠶᠢᠨ ᠬᠠᠶᠢᠨᠠᠨ ᠤ ᠬᠤᠲᠠ ᠪᠠᠯᠭᠠᠰᠤ ᠶᠢᠨ | ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠲᠣᠬᠢᠷᠠᠭᠤᠯᠬᠤ ᠬᠢᠵᠠᠭᠠᠷᠲᠤ ᠺᠣᠮᠫᠠᠨᠢ ︵ᠳᠤᠮᠳᠠᠳᠤ | ᠮᠣᠩᠭᠤᠯ ᠣᠷᠣᠰ ᠤᠨ ᠤᠨᠴᠠᠯᠢᠭᠳᠤ ᠠᠷᠠᠯᠵᠢᠶᠠᠨ ᠤ ᠲᠣᠭᠤᠷᠢᠭ︶ | ︵ᠬᠤᠶᠠᠷ︶ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠢ ᠨᠠᠷᠢᠯᠢᠭᠵᠢᠭᠤᠯᠤᠨ ᠲᠡᠭᠦᠯᠳᠡᠷᠵᠢᠭᠦᠯᠦᠨ᠎ᠡ᠃ | ᠮᠠᠨ ᠤ ᠣᠷᠣᠨ ᠤ ᠠᠵᠤ ᠦᠢᠯᠡᠰ ᠤᠨ ᠳᠠᠪᠠᠭᠤᠯᠢᠭ ᠬᠢᠭᠡᠳ ᠳᠤᠲᠠᠭᠤᠳᠠᠯ ᠢ ᠭᠦᠨᠵᠡᠭᠡᠶ ᠵᠠᠳᠠᠯᠵᠤ᠂ ᠠᠵᠤ | ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠶᠠᠪᠤᠴᠠ᠂ ᠵᠠᠩᠭᠢᠯᠠᠭ᠎ᠠ ᠶᠢᠨ ᠭᠤᠭᠴᠤᠭ᠎ᠠ ᠶᠢ ᠡᠮᠬᠢᠯᠡᠵᠦ᠂ ᠠᠵᠤ | ᠦᠢᠯᠡᠰ ᠤᠨ ᠬᠡᠯᠬᠢᠶ᠎ᠡ ᠬᠢᠭᠡᠳ ᠬᠠᠩᠭᠠᠯᠭ᠎ᠠ ᠶᠢᠨ ᠬᠡᠯᠬᠢᠶ᠎ᠡ ᠶᠢᠨ ᠲᠦᠭᠵᠢᠷᠡᠯ᠂ ᠲᠠᠰᠤᠯᠳᠠᠯ ᠢ ᠨᠠᠷᠢᠯᠢᠭ | ᠣᠨᠣᠴᠠᠲᠠᠶ ᠪᠠᠷ ᠨᠡᠪᠲᠡᠷᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠶᠢᠨ ᠬᠦᠷᠢᠶ᠎ᠡ ᠬᠡᠪᠴᠢᠶ᠎ᠡ ᠪᠠ ᠳᠡᠭᠡᠳᠦ ᠳᠣᠤᠷᠠᠳᠤ | ᠤᠷᠤᠰᠬᠠᠯ ᠤᠨ ᠬᠠᠮᠢᠶ᠎ᠠ ᠪᠥᠬᠦᠶ ᠭᠤᠭᠴᠤᠭ᠎ᠠ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ | ᠳᠣᠤᠷᠠᠳᠤ ᠤᠷᠤᠰᠬᠠᠯ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠨᠣᠪᠴᠢᠲᠠᠶ ᠡᠵᠡᠮᠰᠢᠵᠦ᠂ | ᠬᠠᠷᠠᠯᠲᠠ ᠶᠢᠨ ᠬᠤᠳᠠᠯᠳᠤᠭᠠᠴᠢᠨ ᠤᠷᠢᠬᠤ ᠵᠢᠷᠤᠭ ᠢ ᠲᠥᠯᠥᠪᠵᠢᠭᠦᠯᠦᠨ᠎ᠡ᠃ | ︵ᠭᠤᠷᠪᠠ︶ ᠲᠥᠷᠥᠯ ᠵᠦᠢᠯ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠤᠨ | ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠭᠦᠢᠴᠡᠳ ᠡᠵᠡᠮᠰᠢᠵᠦ᠂ ᠴᠠᠭ ᠲᠤᠬᠠᠶ ᠳᠤᠨᠢ ᠵᠥᠪᠳᠡᠯᠴᠡᠨ | ᠰᠤᠳᠤᠯᠤᠨ ᠮᠠᠭᠠᠳᠯᠠᠬᠤ ᠶᠢᠨ ᠬᠠᠮᠲᠤ ᠪᠥᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ | ᠲᠥᠷᠥᠯ ᠤᠨ ᠲᠤᠰᠬᠠᠶ ᠵᠦᠶ᠋ᠯ ᠤᠨ ᠪᠠᠯᠠ ᠮᠥᠩᠭᠦ ᠶᠢ ᠢᠳᠡᠪᠬᠢᠲᠡᠶ ᠳᠠᠶᠢᠴᠢᠯᠠᠵᠤ᠂ ᠨᠢᠭᠡ ᠪᠦᠯᠦᠭ ᠠᠵᠤ | ᠦᠶ᠋ᠯᠡᠰ ᠤᠨ ᠵᠣᠷᠢᠭᠵᠢᠭᠤᠯᠬᠤ ᠲᠥᠷᠥᠯ᠂ ᠠᠵᠢᠯ ᠲᠥᠷᠥᠯ ᠤᠨ ᠳᠠᠭᠠᠭᠤᠯᠤᠭᠴᠢ ᠬᠤᠨᠢ ᠪᠣᠯᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠲᠥᠷᠥᠯ ᠵᠦᠶ᠋ᠯ ᠢ ᠪᠤᠶᠢᠵᠢᠭᠤᠯᠵᠤ᠂ ︽ᠨᠢᠭᠡ ᠬᠥᠮᠥᠷᠭᠡ | ᠨᠢᠭᠡ ᠬᠦᠰᠦᠨᠦᠭᠲᠦ︾ ᠶᠢ ᠪᠦᠷᠢᠯᠳᠦᠭᠦᠯᠬᠦ ᠬᠡᠷᠡᠭᠲᠡᠶ᠃ | ︵ᠲᠦᠷᠪᠡ︶ ᠠᠵᠤ ᠦᠢᠯᠡᠰ ᠤᠨ ᠬᠥᠭᠵᠢᠯᠲᠦ ᠶᠢᠨ ᠲᠠᠪᠴᠠᠩ ᠪᠠᠶᠢᠭᠤᠯᠵᠤ᠃ | ᠠᠵᠤ ᠦᠢᠯᠡᠰ ᠤᠨ ᠬᠡᠯᠬᠢᠶ᠎ᠡ ᠶᠢᠨ ᠭᠤᠤᠯ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ | ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠨᠢ ᠠᠵᠤ ᠠᠬᠤᠶᠢᠯᠠᠯ ᠯᠤᠭ᠎ᠠ ᠪᠥᠬᠦ ᠲᠠᠯ᠎ᠠ ᠪᠠᠷ | ᠬᠠᠮᠲᠤᠷᠠᠯᠴᠠᠬᠤ ᠶᠢ ᠬᠥᠲᠥᠯᠦᠨ ᠵᠢᠯᠣᠭᠤᠳᠴᠤ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ | ᠣᠷᠣᠭᠤᠯᠤᠨ ᠠᠪᠴᠢᠷᠠᠬᠤ ᠪᠠ ᠪᠤᠶᠢᠵᠢᠭᠤᠯᠬᠤ ᠶᠢ ᠲᠦᠷᠭᠡᠳᠬᠡᠨ᠎ᠡ | ᠮᠡᠷᠭᠡᠵᠢᠯ ᠤᠨ ᠬᠠᠮᠲᠤᠷᠠᠯᠴᠠᠭ᠎ᠠ᠂ ᠦᠷ᠎ᠡ ᠪᠦᠲᠦᠭᠡᠯ ᠢ ᠨᠡᠭᠡᠭᠡᠨ ᠬᠥᠭᠵᠢᠭᠦᠯᠬᠦ᠂ ᠲᠥᠷᠥᠯ ᠵᠦᠢᠯ ᠢ ᠨᠡᠪᠴᠢᠭᠦᠯᠬᠦ | ᠵᠡᠷᠭᠡ ᠠᠷᠭ᠎ᠠ ᠮᠠᠶ᠋ᠢᠭ ᠢᠶᠠᠷ ᠨᠢᠭᠡ ᠪᠦᠯᠦᠭ ᠠᠵᠤ ᠦᠢᠯᠡᠰ ᠤᠨ ᠬᠥᠭᠵᠢᠯᠲᠡ ᠶᠢᠨ ᠲᠠᠪᠴᠠᠩ ᠢ ᠪᠠᠶᠢᠭᠤᠯᠤᠨ᠎ᠠ᠃ | ︵ᠲᠠᠪᠤ︶ ᠬᠦᠴᠦᠨ ᠵᠦᠢᠯ ᠤᠨ ᠪᠠᠲᠤᠯᠠᠭ᠎ᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠯᠧᠮᠧᠨ᠋ᠲ ᠤᠨ ᠡᠬᠢ ᠪᠠᠶᠠᠯᠢᠭ ᠤᠨ ᠲᠥᠪᠯᠡᠷᠡᠯ ᠢ ᠬᠥᠲᠥᠯᠥᠨ ᠵᠢᠯᠣᠭᠤᠳᠴᠤ᠂ ᠡᠨᠧᠷᠭᠢ ᠶᠢᠨ ᠬᠤᠷᠣᠭᠳᠠᠯ᠂ | ᠤᠰᠤᠨ ᠤ ᠭᠦᠢᠴᠡᠳᠬᠡᠯ ᠲᠤᠭ᠎ᠠ᠂ ᠪᠡᠯᠡ ᠮᠥᠩᠭᠦ᠂ ᠭᠠᠵᠠᠷ ᠰᠢᠷᠣᠶ ᠵᠡᠷᠭᠡ ᠲᠠᠯ᠎ᠠ ᠶᠢᠨ ᠬᠦᠴᠢᠷᠳᠡᠯ ᠲᠠᠢ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠳᠣᠲᠣᠭᠠᠳᠤ ᠶᠢᠨ ᠰᠢᠨ᠎ᠡ ᠪᠠᠷ | ᠪᠠᠶᠢᠭᠤᠯᠬᠤ ᠲᠥᠷᠥᠯ ᠵᠦᠢᠯ ᠤᠨ ᠬᠥᠭᠵᠢᠯᠲᠡ ᠪᠠ ᠪᠥᠲᠥᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠬᠡᠷᠡᠭᠴᠡᠭᠡ | ᠱᠠᠭᠠᠷᠳᠠᠯᠭ᠎ᠠ ᠶᠢ ᠬᠦᠴᠦᠯᠡᠨ ᠪᠠᠲᠤᠯᠠᠨ᠎ᠠ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠠᠵᠤ ᠦᠢᠯᠡᠰ ᠤᠨ | ᠬᠡᠯᠬᠢᠶ᠎ᠡ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠪᠣᠯ ᠮᠠᠨ ᠤ ᠣᠷᠣᠨ ᠤ ᠠᠵᠤ ᠦᠢᠯᠡᠰ ᠤᠨ | ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠬᠤ ᠴᠢᠬᠤᠯᠠ ᠰᠢᠢᠳᠪᠦᠷᠢᠲᠦ ᠪᠣᠳᠣᠯᠭ᠎ᠠ ᠮᠥᠨ᠂ ᠠᠵᠤ | ᠠᠬᠤᠢ ᠶᠢᠨ ᠬᠥᠭᠵᠢᠯᠲᠡ ᠶᠢᠨ ᠪᠣᠭᠤᠮᠢ ᠶᠢ ᠰᠢᠪᠲᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠰᠠᠯᠠᠭ᠎ᠠ | ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ | ᠴᠢᠩᠭᠠᠳᠬᠠᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ | ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ | ᠳᠡᠭᠡᠷ᠎ᠡ ᠨᠢ ᠬᠦᠴᠦᠯᠡᠵᠦ᠂ ᠠᠳᠠᠯᠢ ᠪᠤᠰᠤ ᠠᠵᠤ ᠦᠢᠯᠡᠰ ᠤᠨ ᠬᠡᠯᠬᠢᠶ᠎ᠡ ᠳᠤ ᠴᠢᠭᠯᠡᠭᠦᠯᠦᠨ ︽ᠨᠢᠭᠡ ᠬᠡᠯᠬᠢᠶ᠎ᠡ ᠳᠤ | ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ︾ ᠶᠢ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠬᠠᠮ ᠠᠷᠭ᠎ᠠ | ᠪᠤᠳᠤᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠳᠤ ᠲᠦᠷᠦ ᠶᠢᠨ | ᠪᠤᠳᠤᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ᠃ | ︵ᠭᠤᠷᠪᠠ︶ ᠲᠣᠬᠢᠷᠠᠭᠤᠯᠵᠤ ᠬᠢᠨᠠᠨ ᠵᠢᠯᠤᠭᠤᠳᠬᠤ ᠶᠢ ᠴᠢᠩᠭᠠᠳᠬᠠᠨ᠎ᠠ᠃ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠡᠳᠦᠷ ᠲᠤᠲᠤᠮ ᠤᠨ ᠬᠢᠨᠠᠨ | ᠵᠢᠯᠣᠭᠤᠳᠬᠤ ᠶᠢ ᠴᠢᠩᠭᠠᠳᠬᠠᠵᠤ᠂ ᠡᠯ᠎ᠡ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠠᠬᠢᠴᠠ ᠶᠢᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠵᠣᠬᠢᠴᠠᠭᠤᠯᠵᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠡᠮᠵᠢᠵᠦ᠂ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢ ᠠᠬᠢᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠬᠡᠯᠬᠢᠶᠡᠵᠢᠯ ᠤᠨ | ᠳᠠᠷᠤᠭ᠎ᠠ ᠶᠢᠨ ᠲᠦᠷᠢᠮ ᠤᠨ ᠠᠵᠢᠯ ᠤᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠪᠣᠶ ᠪᠣᠯᠭᠠᠬᠤ ᠶᠢ | ᠴᠢᠩᠭᠠᠳᠬᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢᠯᠠᠭᠤᠷ ᠲᠤ ᠭᠦᠢᠴᠡᠳ ᠲᠦᠰᠢᠭᠯᠡᠨ᠂ ᠣᠯᠠᠨ ᠬᠠᠷᠠᠭᠠᠰᠤ᠂ ᠣᠯᠠᠨ ᠬᠡᠯᠪᠡᠷᠢ ᠪᠠᠷ ᠤᠬᠠᠭᠤᠯᠤᠨ ᠮᠡᠳᠡᠭᠡᠯᠡᠬᠦ ᠶᠢ | ᠴᠢᠩᠭᠠᠳᠬᠠᠵᠤ᠂ ᠰᠠᠶᠢᠨ ᠰᠠᠶᠢᠬᠠᠨ ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ | |