ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠨᠣᠮ ᠤᠩᠰᠢᠬᠤ ᠠᠩᠭᠢ ︵ᠭᠤᠷᠪᠠᠳᠤᠭᠠᠷ ᠬᠤᠭᠤᠴᠠᠭ᠎ᠠ︶ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/24
      11 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠲᠥᠪᠯᠡᠷᠡᠭᠦᠯᠦᠨ ᠨᠣᠮ ᠤᠩᠰᠢᠬᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢᠨ ᠲᠣᠭᠤᠷᠢᠨ ᠳᠤ ᠲᠤᠰᠬᠠᠶ ᠰᠡᠳᠦᠪᠲᠦ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠬᠤᠷᠠᠯ ᠢ ᠡᠷᠬᠢᠯᠡᠪᠡ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠵᠢᠴᠢ ᠪᠤᠰᠤᠳ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠲᠤᠰ ᠬᠤᠭᠤᠴᠠᠭᠠᠨ ᠤ ᠨᠣᠮ ᠤᠩᠰᠢᠬᠤ ᠠᠩᠬᠢ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠤᠶᠠᠳᠤᠭᠠᠷ ᠳᠡᠰ ᠤᠨ ᠫᠷᠤᠹᠧᠰᠰᠤᠷ ᠢᠦᠢ ᠯᠢᠶᠠᠨ ᠷᠦᠢ ᠶᠢ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭᠠᠨ ᠤ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠥᠷᠨᠢᠭᠦᠯᠵᠦ᠂ ︽ᠰᠢ ᠶᠢᠨ ᠫᠢᠩ ᠤᠨ ᠵᠣᠬᠢᠶᠠᠯ ᠪᠦᠲᠦᠭᠡᠯ ᠢ ᠰᠣᠩᠭᠤᠨ ᠤᠩᠰᠢᠬᠤ︾᠂ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠥᠭᠦᠯᠡᠬᠦ ᠨᠢ︾᠂ ︽ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠥᠭᠦᠯᠡᠯᠲᠡ ᠶᠢᠨ ᠲᠡᠭᠦᠪᠦᠷᠢ︾ ᠵᠡᠷᠭᠡ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠪᠠ᠃ ᠭᠧᠩ ᡁᠢ᠂ ᠵᠸᠤ ᠬᠤᠤ᠂ ᠪᠠᠶᠠᠷ᠂ ᠶᠦᠨ ᠰᠢᠶᠤᠤ ᠵᠢᠶᠦ᠋ᠨ᠂ ᠹᠦ᠋ ᠵᠢᠶᠧ᠂ ᠰᠦᠨ ᠸᠧᠨ ᠬᠤᠸᠠ ᠲᠤᠰ ᠲᠤᠰ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠤᠳᠤᠷᠢᠳᠤᠯᠭ᠎ᠠ ᠪᠢᠴᠢᠭ ᠤᠨ ᠮᠠᠲ᠋ᠧᠷᠢᠶᠠᠯ ᠢᠶᠠᠨ ᠳᠡᠪᠰᠢᠭᠦᠯᠵᠡᠢ᠃      ᠢᠦᠢ ᡁᠢ ᠶᠦᠩ ᠬᠡᠯᠡᠬᠦ ᠳᠤ ᠪᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ ᠪᠦᠳᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠢᠮᠠᠭᠲᠠ ᠲᠤᠭᠤᠰᠢᠯᠠᠭᠤᠯᠬᠤ ᠶᠢᠨ ᠱᠠᠭᠠᠷᠳᠠᠯᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠵᠠᠮ ᠢ ᠨᠡᠭᠡᠭᠡᠵᠦ᠂ ᠳᠤᠮᠳᠠ ᠵᠤᠭᠠᠴᠠᠯ ᠳᠤ ᠣᠷᠣᠬᠤ︾ ᠬᠠᠷᠠᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠡᠳᠬᠢᠴᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠳᠤᠯᠤᠭ᠎ᠠ ᠶᠢ ᠵᠢᠱᠢᠶᠡᠴᠢ ᠪᠣᠯᠭᠠᠬᠤ︾ ᠪᠠ ᠬᠤᠳᠠ ᠶᠢᠨ ᠨᠠᠮ ᠤᠨ ᠬᠤᠷᠢᠶ᠎ᠠ ᠶᠢᠨ ︽ᠳᠤᠯᠤᠭ᠎ᠠ ᠶᠢ ᠵᠢᠱᠢᠶᠡᠴᠢ ᠪᠣᠯᠭᠠᠬᠤ︾ ᠶᠢ ᠠᠬᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠥᠨᠳᠥᠷ ᠵᠣᠭᠰᠣᠴᠠ ᠠᠴᠠ ᠪᠦᠬᠦ ᠲᠠᠯ᠎ᠠ ᠪᠠᠷ ᠨᠢᠭᠡ ᠣᠷᠣᠨ ᠪᠦᠰᠡ ᠶᠢ ᠲᠥᠯᠥᠪᠵᠢᠭᠦᠯᠵᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠵᠦ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠢᠱᠢᠶᠡᠴᠢ ᠶᠢ ᠡᠯ᠎ᠡ ᠬᠦᠷᠢᠶ᠎ᠡ᠂ ᠡᠯ᠎ᠡ ᠲᠠᠯ᠎ᠠ ᠳᠤ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃      ᠢᠦᠢ ᡁᠢ ᠶᠦᠩ ᠬᠡᠯᠡᠭᠰᠡᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠶᠠᠨ ᠢ ᠡᠷᠡᠰ ᠭᠤᠶᠢᠪᠢᠰᠢ ᠦᠭᠡᠢ ᠳᠠᠭᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠰᠤᠷᠤᠯᠴᠠᠨ ᠣᠶᠢᠯᠠᠭᠠᠬᠤ ᠲᠠᠯ᠎ᠠ ᠪᠠᠷ ᠤᠶᠤᠨ ᠲᠠᠷᠢᠬᠢᠨ ᠳᠠᠭᠠᠨ ᠬᠠᠳᠠᠩᠰᠢᠭᠤᠯᠵᠤ᠂ ᠤᠬᠠᠭᠤᠯᠤᠨ ᠲᠠᠶᠢᠯᠪᠤᠷᠢᠯᠠᠬᠤ ᠲᠠᠯ᠎ᠠ ᠪᠠᠷ ᠭᠦᠨᠵᠡᠭᠡᠢ ᠪᠣᠳᠠᠲᠠᠶᠢᠵᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠥᠷᠭᠡᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠦᠨᠳᠦᠰᠦ ᠶᠢ ᠪᠠᠬᠢᠵᠢᠭᠦᠯᠬᠦ ᠠᠷᠭ᠎ᠠ ᠬᠡᠮᠵᠢᠶ᠎ᠡ᠂ ᠠᠯᠤᠰ ᠬᠡᠳᠤ ᠶᠢᠨ ᠪᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠡᠯᠪᠡᠷᠢ ᠲᠠᠢ ᠠᠵᠢᠯ᠂ ᠡᠯᠪᠡᠭ ᠪᠠᠶᠠᠯᠢᠭ ᠲᠦᠷᠦᠭᠳᠡᠯ ᠲᠠᠢ ᠠᠵᠢᠯ ᠢ ᠭᠦᠨᠵᠡᠭᠡᠶᠢᠷᠡᠭᠦᠯᠵᠦ᠂ ᠪᠦᠲᠦᠮᠵᠢᠲᠡᠢ ᠠᠵᠢᠯ ᠢ ᠪᠣᠳᠠᠲᠠᠢ ᠠᠳᠬᠤᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠦᠨᠳᠦᠰᠦᠲᠡᠨ ᠤ ᠠᠵᠢᠯ ᠤᠨ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠡᠳᠦᠷ ᠳᠤᠳᠤᠮ ᠤᠨ ᠠᠮᠢᠳᠤᠷᠠᠯ ᠳᠤᠮᠳᠠ ᠪᠠᠨ ᠠᠭᠤᠰᠤᠯᠴᠠᠭᠤᠯᠵᠤ᠂ ᠦᠨᠳᠦᠰᠦᠲᠡᠨ ᠨᠦᠭᠦᠳ ᠤᠨ ᠨᠡᠩ ᠰᠠᠶᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠡᠶᠡᠯᠡᠭᠦᠯᠬᠦ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠶᠢᠨᠠᠨ ᠤ ᠦᠢᠯᠡᠳᠦᠯᠭᠡ ᠶᠢ ᠠᠬᠢᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠭᠦᠢᠴᠡᠳ ᠰᠠᠶᠢᠲᠤᠷ ᠬᠡᠷᠡᠭᠯᠡᠵᠦ᠂ ᠲᠠᠪᠤᠨ ᠶᠡᠭᠡ ᠡᠭᠦᠷᠭᠡ ᠶᠢᠨ ᠠᠮᠵᠢᠯᠲᠠ ᠪᠦᠲᠦᠮᠵᠢ ᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ ᠲᠦᠷᠭᠡᠳᠬᠡᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠠᠴᠠ ᠡᠬᠢᠯᠡᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠤᠳᠠ ᠶᠢᠨ ᠴᠢᠳᠠᠪᠬᠢ ᠶᠢ ᠲᠦᠷᠭᠡᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠠᠵᠠᠷ ᠣᠷᠣᠨ ᠤ ᠠᠮᠤᠷ ᠲᠣᠭᠲᠠᠭᠤᠨ ᠢ ᠡᠷᠡᠰ ᠬᠠᠮᠠᠭᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠶᠡᠭᠡ ᠰᠤᠷᠪᠤᠯᠵᠢᠯᠠᠬᠤ᠂ ᠶᠡᠭᠡ ᠵᠢᠭᠰᠠᠭᠠᠨ ᠪᠠᠶᠢᠴᠠᠭᠠᠬᠤ᠂ ᠶᠡᠬᠡᠪᠡᠷ ᠰᠢᠢᠳᠪᠦᠷᠢᠯᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠢᠳᠡᠪᠬᠢᠲᠡᠢ ᠠᠬᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠬᠠᠶᠢᠨᠠᠨ ᠤ ᠬᠥᠭᠵᠢᠯᠲᠡ ᠶᠢᠨ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠵᠦ᠂ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠣᠳᠠᠲᠤ ᠪᠠᠶᠢᠳᠠᠯ ᠳᠤ ᠰᠠᠭᠤᠷᠢᠯᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠴᠢᠨᠠᠷ ᠰᠠᠶᠢᠲᠠᠶ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠭᠡᠭᠡᠯᠲᠡ ᠶᠢᠨ ᠲᠠᠰ ᠳᠠᠪᠬᠤᠷᠭ᠎ᠠ ᠪᠠ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠬᠦᠴᠦ ᠪᠠᠨ ᠲᠥᠪᠯᠡᠷᠡᠭᠦᠯᠦᠨ ᠰᠢᠨ᠎ᠡ ᠰᠤᠷᠲᠠᠯ ᠲᠥᠪ ᠰᠤᠷᠲᠠᠯ ᠢ ᠪᠣᠢ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠤᠨ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠡᠷᠡᠰ ᠪᠠᠲᠤ ᠡᠷᠡᠯᠬᠡᠭᠯᠡᠨ ᠤᠷᠤᠭᠰᠢᠯᠠᠬᠤ ᠵᠣᠷᠢᠭ ᠢ ᠨᠢ ᠪᠠᠲᠤᠳᠬᠠᠨ᠂ ᠰᠤᠷᠲᠠᠯ ᠤᠨ ᠰᠠᠭᠤᠷᠢ ᠪᠠᠨ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤᠮᠳᠠ ᠬᠦᠨᠳᠦ ᠡᠭᠦᠷᠭᠡ ᠶᠢ ᠨᠠᠩ ᠰᠠᠶᠢᠲᠤᠷ ᠡᠭᠦᠷᠭᠡᠯᠡᠵᠦ᠂ ᠬᠦᠨᠳᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号