ᠠᠷᠠᠳ ᠤᠨ ᠠᠷᠠᠳᠴᠢᠯᠠᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠣᠩᠭᠤᠭᠤᠯᠢ ᠶᠢᠨ ᠠᠷᠠᠳ ᠤᠨ | ᠰᠣᠩᠭᠤᠭᠤᠯᠢ ᠶᠢᠨ ᠡᠷᠬᠡ ᠪᠠ ᠰᠣᠩᠭᠤᠭᠳᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠬᠦᠨᠳᠦᠳᠬᠡᠬᠦ ᠶᠢᠨ | ᠲᠥᠯᠥᠭᠡ᠂ ︽ᠦᠨᠳᠦᠰᠦᠨ ᠬᠠᠤᠯᠢ︾ ᠪᠠ ︽ᠰᠣᠩᠭᠤᠭᠤᠯᠢ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ | 11 ᠰᠠᠷ᠎ᠠ ᠶᠢᠨ 27 ᠤ ᠡᠳᠦᠷ᠂ ᠷᠠᠰᠠᠩ ᠰᠦᠮ᠎ᠡ ᠪᠠᠯᠭᠠᠰᠤ ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠨᠥᠬᠦᠨ ᠰᠣᠩᠭᠤᠬᠤ | ᠠᠵᠢᠯ ᠢ ᠥᠷᠨᠢᠭᠦᠯᠪᠡ᠃ | ᠲᠣᠰ ᠤᠳᠠᠭᠠᠨ ᠤ ᠰᠣᠩᠭᠤᠭᠤᠯᠢ ᠳᠤ ᠮᠢᠨ ᠯᠧ ᠨᠡᠶᠢᠭᠡᠮ ᠲᠣᠭᠤᠷᠢᠭ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠲᠣᠭᠤᠷᠢᠭ ᠲᠤ ᠲᠣᠰ ᠲᠣᠰ 2 ᠪᠢᠯᠧᠲ ᠥᠭᠬᠦ ᠥᠷᠲᠡᠭᠡ ᠲᠣᠬᠢᠷᠠᠭᠤᠯᠪᠠ᠃ ᠪᠢᠯᠧᠲ ᠥᠭᠬᠦ | ᠰᠣᠩᠭᠤᠭᠤᠯᠢ ᠨᠢᠭᠤᠴᠠ ᠰᠣᠩᠭᠤᠭᠤᠯᠢ ᠶᠢᠨ ᠠᠷᠭ᠎ᠠ ᠬᠡᠯᠪᠡᠷᠢ ᠪᠠᠷ ᠶᠠᠪᠤᠭᠳᠠᠵᠤ᠂ ᠰᠣᠩᠭᠤᠭᠤᠯᠢ ᠶᠢᠨ ᠲᠤᠬᠠᠢ ᠶᠢᠨ | ᠲᠠᠯᠠᠪᠠᠢ ᠡᠮᠬᠢ ᠳᠢᠭᠯᠢᠮ ᠲᠠᠢ ᠪᠠᠶᠢᠵᠤ᠂ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠵᠢᠷᠤᠮᠯᠠᠵᠤ᠂ | ᠠᠷᠠᠳ ᠤᠯᠠᠨ ᠥᠷᠭᠡᠨ ᠢᠶᠠᠷ ᠣᠷᠣᠯᠴᠠᠪᠠ᠃ ᠪᠢᠯᠧᠲ ᠬᠢᠨᠠᠭᠴᠢ ᠶᠢᠨ ᠬᠢᠨᠠᠯᠲᠠ ᠳᠣᠣᠷ᠎ᠠ᠂ ᠵᠢᠱᠢᠭᠳᠡᠭᠰᠡᠳ ᠤᠨ | ᠣᠯᠤᠭᠰᠠᠨ ᠪᠢᠯᠧᠲ ᠤᠨ ᠲᠤᠭ᠎ᠠ ᠶᠢ ᠪᠦᠷᠢᠳᠬᠡᠵᠦ᠂ ᠰᠣᠩᠭᠤᠭᠤᠯᠢ ᠶᠢᠨ ᠠᠵᠢᠯ ᠤᠨ ᠡᠭᠦᠷᠭᠡ ᠪᠠᠨ ᠤᠷᠤᠭᠰᠢᠲᠠᠶ | ᠪᠡᠶᠡᠯᠡᠭᠦᠯᠪᠡ᠃ ᠰᠣᠩᠭᠤᠭᠤᠯᠢ ᠶᠢᠨ ᠠᠷᠠᠳ ᠢ 462 ᠬᠥᠮᠦᠨ᠂ ᠰᠣᠩᠭᠤᠭᠤᠯᠢ ᠶᠢᠨ ᠠᠷᠠᠳ 429 ᠬᠥᠮᠦᠨ᠂ | ᠰᠣᠩᠭᠤᠭᠤᠯᠢ ᠳᠤ ᠣᠷᠣᠯᠴᠠᠭᠰᠠᠨ ᠨᠣᠷᠮ᠎ᠠ 92 % ᠳᠤ ᠬᠦᠷᠴᠦ᠂ ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ 1 ᠬᠥᠮᠦᠨ ᠢ | ᠰᠣᠩᠭᠤᠨ ᠭᠠᠷᠭᠠᠪᠠ᠃ | |