11 ᠰᠠᠷ᠎ᠠ ᠶᠢᠨ 27 ᠤ ᠡᠳᠦᠷ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠬᠤᠷᠠᠯᠳᠤᠵᠤ᠂ ᠪᠥᠬᠦ ᠲᠤᠭᠤᠷᠢᠭ ᠤᠨ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠠᠬᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ᠂ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢᠨ ᠬᠠᠷᠢᠭᠤ ᠮᠡᠳᠡᠭᠦᠯᠦᠯᠲᠡ ᠶᠢ | ᠰᠣᠨᠣᠰᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ | ᠯᠸᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠠᠨ ᠫᠢᠩ ᠬᠤᠷᠠᠯ ᠢ ᠡᠷᠭᠢᠯᠡᠪᠡ᠃ ᠲᠣᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠧᠦ ᠬᠤᠤ᠂ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠦᠨ ᠰᠢᠶᠤᠤ ᠵᠢᠶᠦ᠋ᠨ ᠬᠤᠷᠠᠯ ᠳᠤ | ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠡᠰᠡᠭ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠵᠢᠴᠢ ᠪᠠᠭᠰᠢ ᠶᠢᠨ | ᠲᠥᠯᠥᠭᠡᠯᠡᠭᠴᠢ ᠣᠷᠣᠰᠢᠵᠤ ᠪᠠᠶᠢᠭ᠎ᠠ ᠠᠰᠠᠭᠤᠳᠠᠯ ᠪᠣᠯᠤᠨ ᠠᠵᠢᠯ ᠤᠨ ᠰᠠᠨᠠᠭᠤᠯᠭ᠎ᠠ ᠶᠢᠨ ᠲᠣᠭᠤᠷᠢᠨ ᠳᠤ ᠲᠡᠰ | ᠳᠠᠷᠠᠭᠠᠯᠠᠨ ᠶᠠᠷᠢᠶ᠎ᠠ ᠲᠠᠯᠪᠢᠪᠠ᠃ ᠪᠠᠶ ᠴᠦᠨ ᠯᠸᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠲᠡᠷᠡ | ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠮᠠᠨ ᠤ ᠲᠣᠭᠤᠷᠢᠭ ᠰᠤᠷᠭᠠᠨ ᠬᠥᠮᠦᠵᠢᠯ ᠢ ᠡᠩ ᠲᠡᠷᠢᠭᠦᠨ ᠳᠤ | ᠬᠥᠭᠵᠢᠭᠦᠯᠬᠦ ᠶᠢ ᠪᠠᠷᠢᠮᠲᠠᠯᠠᠵᠤ᠂ ᠦᠬᠠᠶ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠤᠨ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠭᠤᠯᠢ ᠡᠷᠭᠢᠯᠡᠬᠦ ᠬᠢᠷᠢ | ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠢᠳᠡᠪᠬᠢᠲᠡᠶ ᠦᠷ᠎ᠡ ᠪᠦᠲᠦᠮᠵᠢ ᠤᠯᠪᠠ᠃ | ᠭᠡᠪᠡᠴᠦ ᠮᠠᠨ ᠤ ᠣᠷᠣᠨ ᠤ ᠰᠤᠷᠭᠠᠨ ᠬᠥᠮᠦᠵᠢᠯ ᠤᠨ ᠣᠳᠣᠬᠢ ᠪᠠᠶᠢᠳᠠᠯ ᠨᠢ ᠥᠷᠭᠡᠨ ᠣᠯᠠᠨ ᠲᠦᠮᠡᠨ ᠤ ᠬᠦᠰᠡᠯ | ᠡᠷᠡᠮᠡᠯᠵᠡᠯ ᠠᠴᠠ ᠪᠠᠰᠠ ᠵᠣᠬᠢᠬᠤ ᠵᠥᠷᠢᠶ᠎ᠡ ᠲᠠᠢ ᠪᠠᠶᠢᠬᠤ ᠶᠢ ᠰᠡᠷᠭᠡᠭ ᠢᠶᠠᠷ ᠣᠯᠵᠤ ᠦᠵᠡᠬᠦ ᠬᠡᠷᠡᠭᠲᠡᠶ᠃ ᠡᠷᠬᠡᠪᠰᠢ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠬᠥᠭᠵᠢᠯᠲᠡ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠶ᠃ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ ᠭᠤᠭᠴᠤᠭ᠎ᠠ ᠶᠢ ᠱᠠᠯᠠᠪᠳᠠᠨ ᠰᠠᠶᠢᠵᠢᠷᠠᠭᠤᠯᠵᠤ᠂ ᠣᠷᠣᠨ ᠪᠦᠰᠡ ᠶᠢᠨ | ᠬᠤᠭᠤᠷᠣᠨᠳᠣᠬᠢ᠂ ᠰᠤᠷᠭᠠᠭᠤᠯᠢ ᠶᠢᠨ ᠬᠤᠭᠤᠷᠣᠨᠳᠣᠬᠢ᠂ ᠰᠤᠷᠤᠯᠭ᠎ᠠ ᠶᠢᠨ ᠬᠡᠰᠡᠭ ᠤᠨ ᠬᠤᠭᠤᠷᠣᠨᠳᠣᠬᠢ ᠵᠥᠷᠢᠶ᠎ᠡ ᠶᠢ | ᠤᠯᠠᠮ ᠴᠢᠨᠠᠭᠰᠢᠳᠠ ᠪᠠᠭᠠᠰᠬᠠᠬᠤ ᠬᠡᠷᠡᠭᠲᠡᠢ︔ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ | ᠦᠷᠭᠦᠯᠵᠢᠯᠡᠨ ᠭᠦᠨᠵᠡᠭᠡᠶᠢᠷᠡᠭᠦᠯᠵᠦ᠂ ᠶᠠᠮᠠᠷ ᠬᠥᠮᠦᠨ ᠢ ᠬᠥᠮᠦᠵᠢᠭᠦᠯᠬᠦ᠂ ᠬᠥᠮᠦᠨ ᠢ ᠬᠡᠷᠬᠢᠨ ᠬᠥᠮᠦᠵᠢᠭᠦᠯᠬᠦ᠂ ᠬᠡᠨ ᠤ | ᠲᠥᠯᠥᠭᠡ ᠬᠥᠮᠦᠨ ᠢ ᠬᠥᠮᠦᠵᠢᠭᠦᠯᠬᠦ ᠡᠨᠡ ᠬᠦ ᠭᠤᠣᠯ ᠰᠡᠳᠦᠪ ᠤᠨ ᠲᠣᠭᠤᠷᠢᠨ ᠳᠤ ᠶᠣᠰᠣ ᠰᠤᠷᠲᠠᠬᠤᠨ ᠤ ᠬᠥᠮᠦᠵᠢᠯ᠂ | ᠤᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠪᠠᠷ ᠬᠥᠮᠦᠵᠢᠭᠦᠯᠬᠦ ᠶᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠩ ᠤᠯᠠᠨ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠭᠠᠷᠮᠠᠭᠠᠶ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ | ᠬᠥᠮᠦᠵᠢᠭᠦᠯᠬᠦ ᠢᠨᠵᠧᠨᠧᠷᠢᠩ ᠢ ᠭᠦᠨᠵᠡᠭᠡᠶ ᠥᠷᠨᠢᠭᠦᠯᠵᠦ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠪᠠ ᠤᠷᠢᠵᠤ ᠬᠡᠷᠡᠭᠯᠡᠬᠦ ᠠᠵᠢᠯ ᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠴᠢᠳᠠᠪᠤᠷᠢᠲᠠᠨ᠂ | ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ᠂ ᠣᠨᠴᠠ ᠲᠠᠰ ᠤᠨ ᠪᠠᠭᠰᠢ ᠵᠡᠷᠭᠡ ᠱᠠᠲᠤᠯᠢᠭ ᠡᠩᠨᠡᠭᠡ ᠶᠢᠨ ᠦᠰᠦᠨ | ᠪᠤᠶᠢᠵᠢᠬᠤ ᠲᠣᠭᠲᠠᠴᠠ ᠶᠢ ᠪᠠᠶᠢᠭᠤᠯᠵᠤ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠪᠠ ᠰᠢᠯᠢᠳᠡᠭ ᠪᠠᠭᠰᠢ ᠶᠢᠨ | ᠡᠩᠨᠡᠭᠡ ᠶᠢᠨ ᠲᠤᠰᠬᠠᠶᠢᠵᠢᠭᠰᠠᠨ ᠦᠰᠦᠨ ᠪᠤᠶᠢᠵᠢᠯᠲᠠ᠂ ᠠᠵᠢᠯ ᠮᠡᠷᠭᠡᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠶ᠃ | ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ︽ᠬᠤᠶᠠᠷ ᠢ ᠪᠠᠭᠠᠰᠬᠠᠬᠤ︾ ᠶᠢ ᠪᠠᠬᠢᠵᠢᠭᠦᠯᠬᠦ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠲᠣᠭᠤᠷᠢᠭ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ᠃ ᠦᠬᠠᠶ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ | ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠵᠡᠷᠭᠡ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠬᠥᠭᠵᠢᠯᠲᠡ ᠶᠢᠨ ᠶᠠᠷᠢᠯᠴᠠᠬᠤ ᠬᠤᠷᠠᠯ ᠠᠴᠠ ᠳᠤᠷᠠᠳᠤᠭᠰᠠᠨ ᠠᠰᠠᠭᠤᠳᠠᠯ ᠲᠠᠢ ᠬᠠᠷᠢᠴᠠᠭᠤᠯᠤᠨ᠂ ᠨᠠᠷᠢᠨ ᠲᠠᠩᠰᠠ | ᠭᠠᠷᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠨᠡᠮᠡᠭᠳᠡᠯ ᠤᠨ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠭᠰᠢ ᠶᠢ | ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠵᠤ᠂ ︽ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠬᠠᠯᠠᠭᠤᠨ ᠳᠤᠯᠠᠭ᠎ᠠ ᠲᠠᠢ᠂ ᠬᠠᠶᠢᠷ᠎ᠠ ᠰᠡᠳᠬᠢᠯᠭᠡ ᠲᠠᠢ᠂ ᠶᠠᠰᠤ | ᠴᠢᠨᠠᠷ ᠲᠠᠢ ᠰᠤᠷᠭᠠᠨ ᠬᠥᠮᠦᠵᠢᠯ ᠢ ᠴᠢᠷᠮᠠᠶᠢᠨ ᠡᠷᠭᠢᠯᠡᠬᠦ ᠬᠡᠷᠡᠭᠲᠡᠶ ᠬᠡᠵᠡᠢ᠃ |