ᠷᠠᠰᠠᠩ ᠰᠦᠮ᠎ᠡ ᠪᠠᠯᠭᠠᠰᠤ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/29
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃ 11 ᠰᠠᠷ᠎ᠠ ᠶᠢᠨ 28 ᠤ ᠡᠳᠦᠷ᠂ ᠷᠠᠰᠠᠩ ᠰᠦᠮ᠎ᠡ ᠪᠠᠯᠭᠠᠰᠤ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠬᠤᠷᠠᠯ ᠢ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠡᠯ᠎ᠡ ᠭᠤᠤᠯ ᠳᠤᠭᠤᠶᠢᠯᠠᠩ ᠤᠨ ᠪᠦᠷᠢᠯᠳᠦᠬᠦᠨ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠭᠤᠤᠯ ᠰᠡᠳᠦᠪ ᠤᠨ ᠲᠣᠭᠤᠷᠢᠨ ᠳᠤ᠂ ᠲᠣᠰ ᠪᠡᠶ᠎ᠡ ᠶᠢᠨ ᠪᠣᠳᠠᠲᠠᠶ ᠠᠵᠢᠯ ᠲᠠᠢ ᠪᠠᠨ ᠨᠢᠭᠲᠠ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ︽ᠬᠤᠶᠠᠷ ᠶᠡᠭᠡ ᠶᠠᠪᠤᠳᠠᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠠᠵᠢᠯ ᠤᠨ ᠳᠠᠪᠠᠭᠤᠯᠢᠭ ᠢ ᠬᠠᠮᠢᠭ᠎ᠠ ᠬᠠᠨᠳᠤᠭᠤᠯᠵᠤ᠂ ᠵᠥᠷᠢᠶ᠎ᠡ ᠪᠠᠨ ᠬᠠᠮᠢᠭ᠎ᠠ ᠲᠣᠳᠣᠷᠬᠠᠶ ᠣᠶᠢᠯᠠᠭᠠᠵᠤ᠂ ︽ᠰᠢᠨ᠎ᠡ ᠵᠠᠮ ᠢ ᠨᠡᠭᠡᠭᠡᠬᠦ᠂ ᠳᠤᠮᠳᠠ ᠬᠡᠯᠬᠢᠶ᠎ᠡ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠡᠷᠴᠢ ᠵᠣᠷᠢᠭ ᠢᠶᠠᠨ ᠬᠥᠪᠴᠢᠯᠡᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠬᠥᠳᠡᠯᠭᠡᠬᠦ ᠬᠦᠴᠦᠨ ᠢᠶᠠᠨ ᠨᠡᠮᠡᠭᠳᠡᠭᠦᠯᠬᠦ ᠵᠡᠷᠭᠡ ᠲᠠᠯ᠎ᠠ ᠪᠠᠷ ᠨᠠᠩ ᠰᠠᠶᠢᠲᠤᠷ ᠰᠤᠳᠤᠯᠤᠨ ᠶᠠᠷᠢᠯᠴᠠᠪᠠ᠃      ᠬᠤᠷᠠᠯ ᠠᠴᠠ᠂ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠷᠢᠯᠢᠭ ᠰᠤᠷᠤᠯᠴᠠᠵᠤ ᠨᠠᠷᠢᠨ ᠰᠤᠳᠤᠯᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠴᠢ ᠵᠢᠯᠣᠭᠤᠳᠬᠤ ᠰᠠᠨᠠᠯ ᠤᠨ ᠦᠵᠡᠯ ᠰᠠᠨᠠᠭᠠᠨ ᠤ ᠠᠭᠤᠯᠤᠭᠳᠠᠬᠤᠨ ᠢ ᠪᠠᠲᠤ ᠡᠵᠡᠮᠳᠡᠵᠦ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠣᠳᠠᠲᠠᠢ ᠡᠷᠬᠢᠯᠡᠬᠦ ᠶᠢᠨ ᠲᠣᠭᠤᠷᠢᠨ ᠳᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠢᠯᠡᠳᠦᠯᠭᠡ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ᠃ ᠬᠤᠶᠠᠷ ᠲᠤ᠂ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠰᠠᠶᠢᠵᠢᠷᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠲᠠᠬᠢᠨ ᠪᠠᠶᠢᠴᠠᠭᠠᠨ ᠦᠵᠡᠵᠦ᠂ ᠲᠠᠬᠢᠨ ᠳᠡᠭᠡᠭᠰᠢᠯᠡᠭᠦᠯᠵᠦ᠂ ᠲᠠᠬᠢᠨ ᠲᠡᠭᠦᠯᠳᠡᠷᠵᠢᠭᠦᠯᠵᠦ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠡᠬᠢᠨ ᠠᠴᠠ ᠨᠢ ᠠᠳᠠᠭ ᠲᠤᠨᠢ ᠬᠦᠷᠲᠡᠯ᠎ᠡ ᠲᠦᠢᠯᠪᠤᠷᠢᠲᠠᠢ ᠰᠢᠢᠳᠪᠦᠷᠢᠯᠡᠵᠦ᠂ ᠪᠣᠳᠠᠲᠠᠢ ᠠᠵᠢᠯ ᠤᠨ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠯᠡᠬᠦ ᠬᠡᠷᠡᠭᠲᠡᠢ᠃ ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠥᠬᠦ ᠲᠠᠯ᠎ᠠ ᠪᠠᠷ ᠨᠢᠭᠲᠠᠷᠠᠭᠤᠯᠤᠨ᠂ ᠪᠥᠬᠦ ᠲᠠᠯ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ︽ᠰᠢᠨ᠎ᠡ ᠵᠠᠮ ᠢ ᠨᠡᠭᠡᠭᠡᠵᠦ᠂ ᠳᠤᠮᠳᠠ ᠵᠢᠭᠤᠯᠴᠢᠯᠠᠯ ᠢ ᠠᠬᠢᠭᠤᠯᠬᠤ︾ ᠬᠠᠷᠠᠯᠲᠠ ᠶᠢ ᠲᠣᠭᠲᠠᠭᠠᠵᠤ᠂ ︽ᠲᠠᠪᠤᠨ ᠶᠡᠭᠡ ᠡᠭᠦᠷᠭᠡ︾ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠭᠤᠤᠯᠳᠠᠯᠭ᠎ᠠ ᠲᠠᠢ ᠬᠦᠷᠢᠶ᠎ᠡ ᠶᠢ ᠱᠠᠯᠠᠪᠳᠠᠨ ᠰᠤᠳᠤᠯᠵᠤ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠠᠷᠠᠯᠲᠠ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠣᠳᠣᠬᠢᠴᠢᠯᠠᠭᠰᠠᠨ ᠷᠠᠰᠠᠩ ᠰᠦᠮ᠎ᠡ ᠶᠢᠨ ᠪᠥᠲᠥᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号