ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ 11 ᠰᠠᠷ᠎ᠠ ᠶᠢᠨ 28 ᠤ ᠡᠳᠦᠷ᠂ | ᠱᠦ ᠭᠤᠸᠠᠩ ᠲᠣᠰᠬᠤᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠲᠠᠯ᠎ᠠ ᠨᠤᠲᠤᠭ ᠤᠨ ᠨᠣᠮ ᠤᠨ ᠥᠷᠥᠭᠡ ᠶᠢᠨ | ᠳᠣᠲᠣᠷ᠎ᠠ ᠪᠥᠬᠦ ᠠᠷᠠᠳ ᠢᠶᠠᠷ ᠢᠶᠠᠨ ︽ᠣᠭ ᠵᠣᠬᠢᠶᠠᠯ ᠢ ᠤᠩᠰᠢᠵᠤ ᠣᠭ ᠵᠣᠬᠢᠶᠠᠯ ᠢ ᠣᠶᠢᠯᠠᠭᠠᠬᠤ︾ ᠭᠤᠤᠯ | ᠰᠡᠳᠦᠪᠲᠦ ᠬᠥᠮᠦᠵᠢᠯ ᠤᠨ ᠤᠩᠰᠢᠬᠤ ᠬᠤᠷᠠᠯ ᠢ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠨᠠᠮ ᠤᠨ ᠶᠡᠷᠦᠩᠬᠡᠢ ᠡᠭᠦᠷ ᠤᠨ ᠱᠦᠵᠢ ᠣᠯᠠᠨ ᠳᠤ ︽ᠰᠢ ᠶᠢᠨ ᠫᠢᠩ ᠡᠭᠡᠯ | ᠠᠷᠠᠳ ᠤᠨ ᠭᠡᠷ ᠲᠤ ᠣᠴᠢᠶ᠎ᠠ︾ ᠭᠡᠬᠦ ᠨᠣᠮ ᠢ ᠳᠠᠭᠠᠭᠤᠯᠤᠨ ᠥᠭᠴᠦ᠂ ᠲᠡᠷᠡ ᠪᠣᠷᠣᠭᠵᠢᠭᠤᠨ ᠦᠭᠡ ᠬᠡᠯᠡ ᠪᠠᠷ | ᠨᠣᠮ ᠤᠨ ᠳᠣᠲᠣᠷᠠᠬᠢ ᠦᠯᠢᠭᠡᠷ ᠢ ᠶᠠᠷᠢᠵᠤ᠂ ᠥᠪᠡᠷᠮᠢᠴᠡ ᠬᠠᠷᠠᠭᠠᠰᠤ᠂ ᠠᠮᠢᠳᠤ ᠰᠣᠷᠭᠤᠭ ᠦᠵᠡᠭᠳᠡᠯ ᠢᠶᠠᠷ ᠡᠩᠬᠡ | ᠲᠠᠶᠢᠪᠤᠩ ᠦᠨᠡᠨ ᠪᠣᠳᠠᠲᠠᠢ ᠦᠰᠦᠭ ᠪᠢᠴᠢᠭ ᠢᠶᠠᠷ ᠠᠷᠠᠳ ᠲᠦᠮᠡᠨ ᠤ ᠤᠳᠤᠷᠢᠳᠤᠭᠴᠢ ᠶᠢᠨ ︽ᠪᠢ ᠥᠪᠡᠷ ᠢᠶᠠᠨ | ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ︾ ᠭᠡᠬᠦ ᠴᠢᠩ ᠦᠨᠡᠨᠴᠢ ᠰᠡᠳᠬᠢᠯᠭᠡ ᠶᠢ ᠠᠮᠢᠳᠤᠯᠢᠭ ᠢᠶᠠᠷ | ᠶᠠᠷᠢᠪᠠ᠃ | ᠲᠣᠰ ᠤᠳᠠᠭᠠᠨ ᠤ ᠨᠣᠮ ᠤᠩᠰᠢᠬᠤ ᠬᠤᠷᠠᠯ ᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ | ᠺᠠᠳ᠋ᠷᠴᠤᠳ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠵᠢᠴᠢ ᠲᠡᠭᠦᠨ ᠳᠤ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠶᠢᠨ ᠦᠵᠡᠯᠲᠡ ᠶᠢ ᠤᠯᠠᠮ ᠨᠢᠭᠡ ᠠᠯᠬᠤᠮ ᠰᠤᠷᠤᠯᠴᠠᠭᠤᠯᠵᠤ᠂ ︽ᠣᠭ | ᠵᠣᠬᠢᠶᠠᠯ ᠢ ᠤᠩᠰᠢᠵᠤ ᠣᠭ ᠵᠣᠬᠢᠶᠠᠯ ᠢ ᠣᠶᠢᠯᠠᠭᠠᠬᠤ︾ ᠪᠣᠯ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠬᠦ | ᠴᠢᠬᠤᠯᠠ ᠠᠷᠭ᠎ᠠ ᠬᠡᠯᠪᠡᠷᠢ ᠮᠥᠨ᠂ ᠬᠤᠶᠢᠰᠢᠳᠠ ᠦᠷᠭᠦᠯᠵᠢ ᠰᠤᠷᠤᠯᠴᠠᠵᠤ᠂ ᠦᠷᠭᠦᠯᠵᠢ ᠡᠷᠭᠢᠴᠡᠭᠦᠯᠦᠨ ᠲᠤᠩᠭᠠᠬᠤ | ᠪᠣᠯᠤᠨ᠎ᠠ᠃ | |