11 ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠢᠦᠢ ᡁᠢ ᠶᠦᠩ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ ᠵᠢᠴᠢ | ᠲᠣᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ | ᠠᠷᠪᠠᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠠᠵᠢᠯ ᠤᠨ | ᠲᠣᠬᠢᠷᠠᠭᠤᠯᠤᠯᠲᠠ︾᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠨᠠᠨ ᠲᠣᠭᠤᠷᠢᠭ ᠤᠨ 2024 ᠣᠨ ᠳᠤ ᠭᠤᠣᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠲᠠᠷᠠᠭᠠᠴᠢ ᠶᠢᠨ | ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠬᠠᠮᠢᠶ᠎ᠠ ᠪᠦᠬᠦᠢ | ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠶᠠᠭ ᠥᠷᠨᠢᠭᠦᠯᠵᠦ ᠪᠠᠶᠢᠭ᠎ᠠ ᠭᠤᠤᠯ | ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠴᠢᠩᠭ᠎ᠠ ᠠᠳᠬᠤᠵᠤ᠂ ᠨᠠᠮ ᠤᠨ ᠦᠨᠳᠦᠰᠦᠲᠡᠨ ᠤ | ᠠᠵᠢᠯ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠭᠤᠤᠯ ᠰᠢᠵᠢᠮ ᠢᠶᠠᠨ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠱᠢᠶᠡᠴᠢ | ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠡᠯ᠎ᠡ ᠵᠦᠢᠯ ᠤᠨ ᠠᠵᠢᠯ ᠳᠤ ᠦᠨᠡᠨ | ᠬᠦ ᠭᠦᠨᠵᠡᠭᠡᠶ ᠲᠤᠭᠤᠰᠢᠯᠠᠭᠤᠯᠵᠤ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ᠂ ᠳᠦᠷᠢᠮᠵᠢᠯᠲᠡ ᠪᠦᠭᠡᠳ | ᠪᠣᠳᠠᠲᠠᠶ ᠪᠥᠭᠡᠳ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ 2024 ᠣᠨ ᠤ ᠲᠦᠷᠦᠯ ᠵᠦᠢᠯ ᠤᠨ | ᠬᠡᠷᠡᠭᠵᠢᠭᠦᠯᠦᠯᠲᠡ ᠶᠢ ᠰᠠᠶᠢᠲᠤᠷ ᠠᠳᠬᠤᠵᠤ᠂ ︽ᠡᠪᠦᠯ ᠤᠨ ᠰᠡᠯᠡᠭᠦᠦ ᠴᠠᠭ︾ ᠢ ᠠᠰᠢᠭᠯᠠᠨ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠱᠠᠯᠠᠪᠳᠠᠨ ᠭᠦᠢᠴᠡᠳᠬᠡᠵᠦ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ | ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ | ᠲᠦᠷᠦᠯ ᠵᠦᠢᠯ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠡᠷᠲᠡᠬᠡᠨ ᠪᠡᠶᠡᠯᠡᠭᠦᠯᠬᠦ ᠬᠡᠷᠡᠭᠲᠡᠢ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ︽ᠨᠢᠭᠡ ᠪᠦᠯᠦᠭ ᠢ | ᠰᠦᠪᠡᠭᠴᠢᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠰᠠᠶᠢᠨ | ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠬᠠᠢ ᠬᠤᠳᠠ ᠶᠢᠨ | ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠨᠡ ᠵᠢᠯ ᠠᠴᠠ ᠨᠠᠰᠢᠬᠢ ᠲᠤᠭᠤᠷᠢᠭ ᠤᠨ ᠨᠠᠮ ᠤᠨ ᠬᠤᠷᠢᠶᠠᠨ ᠤ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠥᠭᠡᠷᠡᠴᠢᠯᠡᠯᠲᠡ ᠶᠢᠨ ᠡᠭᠦᠷᠭᠡ ᠶᠢ ᠪᠦᠬᠦ | ᠲᠠᠯ᠎ᠠ ᠪᠠᠷ ᠡᠮᠬᠢᠯᠡᠵᠦ᠂ ᠲᠤᠰ ᠵᠢᠯ ᠤᠨ ᠥᠭᠡᠷᠡᠴᠢᠯᠡᠯᠲᠡ ᠶᠢᠨ ᠠᠵᠢᠯ ᠤᠨ ᠭᠤᠣᠯᠳᠠᠯᠭ᠎ᠠ ᠲᠠᠢ ᠬᠠᠷᠢᠴᠠᠭᠤᠯᠤᠨ | ᠭᠦᠨᠵᠡᠭᠡᠢ ᠲᠣᠭᠠᠯᠠᠨ ᠪᠦᠷᠢᠳᠬᠡᠵᠦ᠂ ᠮᠥᠷᠳᠡᠨ ᠲᠣᠬᠢᠷᠠᠭᠤᠯᠬᠤ ᠪᠠᠨ ᠴᠢᠩᠭᠠᠳᠬᠠᠵᠤ᠂ ᠪᠦᠬᠦ ᠲᠤᠭᠤᠷᠢᠭ ᠤᠨ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠥᠭᠡᠷᠡᠴᠢᠯᠡᠨ ᠰᠠᠶᠢᠵᠢᠷᠠᠭᠤᠯᠬᠤ ᠲᠠᠢ ᠪᠠᠶᠢᠬᠤ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠥᠭᠡᠷᠡᠴᠢᠯᠡᠯᠲᠡ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠥᠭᠡᠷᠡᠴᠢᠯᠡᠯᠲᠡ ᠶᠢᠨ ᠰᠡᠳᠬᠢᠴᠡ ᠪᠣᠯᠤᠨ ᠠᠷᠭ᠎ᠠ ᠪᠠᠷ ᠲᠦᠭᠵᠢᠷᠡᠯ ᠢ ᠨᠡᠪᠲᠡᠷᠡᠭᠦᠯᠵᠦ᠂ ᠬᠦᠴᠢᠷ ᠠᠰᠠᠭᠤᠳᠠᠯ ᠢ | ᠰᠢᠢᠳᠪᠦᠷᠢᠯᠡᠵᠦ᠂ ᠮᠠᠨ ᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠠᠮᠢ ᠠᠬᠤᠢ ᠶᠢᠨ | ᠣᠷᠴᠢᠨ ᠲᠣᠭᠤᠷᠢᠨ ᠤ ᠰᠠᠶᠢᠵᠢᠷᠠᠯᠲᠠ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠶᠢᠨ | ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠬᠤ ᠬᠡᠷᠡᠭᠲᠡᠢ︔ ᠠᠷᠠᠳ ᠤᠨ ᠲᠥᠯᠥᠭᠡ | ᠥᠭᠡᠷᠡᠴᠢᠯᠡᠯᠲᠡ ᠬᠢᠬᠦ ᠣᠶᠢᠯᠠᠭᠠᠭᠳᠠᠬᠤᠨ ᠢ ᠪᠠᠷᠢᠮᠲᠠᠯᠠᠵᠤ᠂ ᠨᠢᠭᠡ ᠪᠦᠯᠦᠭ ᠴᠢᠩᠭ᠎ᠠ ᠨᠢᠮᠪᠠᠢ᠂ ᠲᠦᠷᠭᠡᠨ ᠦᠷ᠎ᠡ | ᠪᠦᠲᠦᠮᠵᠢ ᠤᠯᠬᠤ᠂ ᠦᠷᠭᠦᠯᠵᠢᠯᠡᠬᠦ ᠴᠢᠨᠠᠷᠲᠠᠢ ᠥᠭᠡᠷᠡᠴᠢᠯᠡᠯᠲᠡ ᠶᠢ ᠥᠷᠨᠢᠭᠦᠯᠵᠦ᠂ ᠥᠭᠡᠷᠡᠴᠢᠯᠡᠯᠲᠡ ᠶᠢᠨ ᠦᠷ᠎ᠡ | ᠪᠦᠲᠦᠭᠡᠯ ᠢᠶᠠᠷ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠦᠨᠡᠨᠬᠦ ᠨᠡᠮᠡᠭᠳᠡᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢᠨ ᠬᠢᠯᠠᠰ ᠴᠡᠭ ᠢ | ᠳ᠋ᠦᠩᠨᠡᠨ ᠪᠣᠯᠪᠠᠰᠤᠷᠠᠭᠤᠯᠵᠤ᠂ ᠨᠡᠶᠢᠲᠡᠯᠢᠭ ᠵᠢᠱᠢᠶ᠎ᠡ ᠶᠢ ᠪᠤᠶᠢᠵᠢᠭᠤᠯᠬᠤ ᠪᠠ ᠲᠤᠷᠰᠢᠯᠭ᠎ᠠ ᠶᠢ ᠳᠡᠯᠭᠡᠷᠡᠭᠦᠯᠬᠦ ᠶᠢ | ᠴᠢᠩᠭᠠᠳᠬᠠᠵᠤ᠂ ᠠᠯᠳᠠᠷᠲᠠᠢ ᠥᠭᠡᠷᠡᠴᠢᠯᠡᠯᠲᠡ ᠶᠢᠨ ᠲᠦᠷᠦᠯ ᠲᠡᠮᠳᠡᠭ ᠢ ᠴᠢᠷᠮᠠᠶᠢᠨ ᠡᠭᠦᠳᠬᠦ ᠬᠡᠷᠡᠭᠲᠡᠢ᠃ | ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ | ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠳᠡᠭᠡᠳᠦ | ᠲᠤᠤᠷᠠᠳᠤ ᠱᠠᠳᠤ ᠪᠠᠷ ᠢᠶᠠᠨ ᠬᠠᠮᠵᠢᠯᠴᠠᠭᠰᠠᠨ᠂ ᠰᠢᠰᠲ᠋ᠧᠮ ᠪᠠ ᠬᠡᠰᠡᠭ ᠢ ᠤᠶᠠᠯᠳᠤᠭᠤᠯᠤᠭᠰᠠᠨ ᠥᠭᠡᠷᠡᠴᠢᠯᠡᠯᠲᠡ ᠶᠢᠨ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠪᠣᠳᠠᠲᠠᠢ ᠨᠠᠷᠢᠯᠢᠭ ᠬᠢᠬᠦ ᠬᠡᠷᠡᠭᠲᠡᠭ᠊ ᠭᠡᠵᠡᠢ᠃ | ᠬᠤᠷᠠᠯ ᠠᠴᠠ ᠪᠠᠰᠠ ᠪᠥᠬᠦ ᠣᠷᠣᠨ ᠤ ᠬᠡᠦᠷᠰᠢᠭᠦᠯᠬᠦ ᠠᠵᠢᠯ ᠲᠥᠷᠥᠯ ᠢ ᠡᠮᠬᠢᠯᠡᠨ ᠨᠡᠶᠢᠯᠡᠭᠦᠯᠵᠦ ᠲᠠᠰ | ᠳᠡᠪᠰᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |