ᠷᠠᠰᠢᠵᠦ᠋ᠩ ᠵᠡᠭᠡᠯᠢ ᠭᠤᠳᠤᠮᠵᠢ ᠨᠠᠮ ᠤᠨ ᠠᠵᠢᠯ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
      11 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠢᠶ ᠰᠢᠨ ᠴᠤᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠭᠦᠨᠵᠡᠭᠡᠢ ᠠᠭᠤᠰᠤᠯᠴᠠᠭᠤᠯᠵᠤ᠂ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠣᠳᠣᠬᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠵᠤ᠂ ᠠᠵᠢᠯ ᠤᠨ ᠬᠤᠷᠴᠠ ᠰᠡᠷᠭᠡᠭ ᠴᠢᠨᠠᠷ ᠪᠣᠯᠤᠨ ᠰᠠᠨᠠᠭᠠᠴᠢᠯᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠯᠢ ᠠᠩ᠂ ᠰᠦᠨ ᠴᠢᠩ ᠨᠥᠬᠦᠷ ᠤᠨ ᠪᠦᠬᠦ ᠬᠤᠲᠠ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠤᠯ ᠰᠡᠳᠦᠪᠲᠦ ᠬᠥᠮᠦᠵᠢᠯ ᠢ ᠪᠡᠶᠡᠯᠡᠭᠦᠯᠦᠭᠰᠡᠨ ᠪᠠᠶᠢᠳᠠᠯ ᠢ ᠪᠠᠶᠢᠴᠠᠭᠠᠨ ᠦᠵᠡᠵᠦ᠂ ᠵᠡᠭᠡᠯᠢ ᠭᠤᠳᠤᠮᠵᠢ ᠶᠢᠨ ᠬᠢᠨ ᠬᠤᠲᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠨᠣᠯ ᠢᠶᠠᠷ ᠵᠡᠪᠰᠡᠭᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠠᠰᠠᠭᠤᠳᠠᠯ ᠤᠨ ᠨᠠᠷᠢᠨ ᠲᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠲᠣᠭᠲᠠᠴᠠ ᠶᠢ ᠴᠢᠩᠳᠠᠯᠠᠵᠤ᠂ ᠦᠢᠯᠡᠳᠦᠯᠭᠡ ᠶᠢᠨ ᠦᠷ᠎ᠡ ᠪᠦᠲᠦᠭᠡᠯ ᠢ ᠲᠦᠷᠢᠮ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号