ᠬᠦᠬᠤᠰᠣ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/30
      11 ᠰᠠᠷ᠎ᠠ ᠶᠢᠨ 29 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳ᠋ᠦᠩ ᠷᠦᠢ ᠯᠸᠢ ᠭᠦᠨ ᠤᠰᠤ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠪᠦᠬᠦ ᠬᠡᠰᠢᠬᠦᠨ᠂ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠤᠨ ᠬᠠᠮᠢᠶ᠎ᠠ ᠪᠦᠬᠦᠢ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠳᠡᠭᠡᠳᠦ ᠱᠠᠲᠤᠨ ᠤ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠠᠰᠠᠭᠤᠳᠠᠯ ᠢ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠪᠠᠶᠢᠴᠠᠭᠠᠨ ᠦᠵᠡᠵᠦ᠂ ᠪᠥᠬᠦ ᠪᠠᠯᠭᠠᠰᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠳ᠋ᠦᠩ ᠷᠦᠢ ᠯᠸᠢ᠂ ᠤᠨᠤᠯ ᠤᠨ ᠰᠤᠷᠤᠯᠴᠠᠯᠭ᠎ᠠ ᠶᠢ ᠪᠠᠶᠢᠩᠭᠤ ᠰᠤᠷᠤᠯᠴᠠᠵᠤ ᠪᠠᠶᠢᠩᠭᠤ ᠰᠢᠨᠡᠴᠢᠯᠡᠵᠦ᠂ ᠪᠠᠶᠢᠩᠭᠤ ᠣᠶᠢᠯᠠᠭᠠᠵᠤ ᠪᠠᠶᠢᠩᠭᠤ ᠠᠬᠢᠭᠤᠯᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ ᠢᠮᠠᠭᠲᠠ ᠤᠷᠢᠳᠠᠪᠠᠷ ᠰᠤᠷᠤᠯᠴᠠᠵᠤ᠂ ᠭᠦᠨᠵᠡᠭᠡᠢ ᠰᠤᠷᠤᠯᠴᠠᠵᠤ᠂ ᠦᠷᠭᠦᠯᠵᠢᠯᠡᠨ ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠳᠤᠮᠳᠠ ᠠᠴᠠ ᠰᠡᠳᠬᠢᠴᠡ ᠪᠠᠨ ᠡᠷᠢᠵᠦ᠂ ᠠᠷᠭ᠎ᠠ ᠬᠡᠮᠵᠢᠶ᠎ᠡ ᠶᠢ ᠡᠷᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠳᠡᠭᠡᠨ ᠬᠤᠪᠢᠷᠠᠭᠤᠯᠤᠯᠲᠠ ᠶᠢ ᠰᠠᠶᠢᠲᠤᠷ ᠠᠳᠬᠤᠵᠤ᠂ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠳᠠᠬᠢᠨ ᠲᠡᠭᠦᠯᠳᠡᠷᠵᠢᠭᠦᠯᠵᠦ᠂ ᠨᠢᠭᠡ ᠪᠦᠯᠦᠭ ᠦᠷᠭᠦᠯᠵᠢᠯᠡᠬᠦ᠂ ᠳᠡᠯᠭᠡᠷᠡᠭᠦᠯᠵᠦ ᠪᠣᠯᠬᠤ᠂ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ ᠰᠠᠨᠠᠯ ᠰᠠᠨᠠᠭᠤᠯᠭ᠎ᠠ ᠶᠢ ᠪᠦᠷᠢᠯᠳᠦᠭᠦᠯᠬᠦ ᠬᠡᠷᠡᠭᠲᠡᠶ︔ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠳᠠᠬᠢᠨ ᠬᠦᠴᠦᠯᠡᠵᠦ᠂ ︽ᠨᠢᠭᠡ ᠪᠢᠯᠵᠤᠤᠬᠠᠢ ᠶᠢ ᠲᠤᠶᠠᠴᠢᠨ ᠨᠢᠭᠡ ᠲᠥᠷᠥᠯ ᠤᠨ ᠠᠰᠠᠭᠤᠳᠠᠯ ᠢ ᠰᠢᠢᠳᠪᠦᠷᠢᠯᠡᠬᠦ︾ ᠪᠠᠷ ᠴᠢᠷᠮᠠᠶᠢᠬᠤ ᠬᠡᠷᠡᠭᠲᠡᠢ︔ ᠪᠠᠶᠢᠭᠤᠯᠤᠮᠵᠢ ᠲᠣᠭᠲᠠᠴᠠ ᠶᠢ ᠳᠠᠬᠢᠨ ᠰᠢᠯᠢᠳᠡᠭᠵᠢᠭᠦᠯᠵᠦ᠂ ᠡᠪᠳᠡᠬᠦ ᠪᠠᠶᠢᠭᠤᠯᠬᠤ ᠶᠢ ᠤᠶᠠᠯᠳᠤᠭᠤᠯᠬᠤ᠂ ᠡᠴᠦᠰ ᠲᠤᠨᠢ ᠲᠤᠯᠲᠠᠯ᠎ᠠ ᠠᠳᠬᠤᠬᠤ ᠶᠢ ᠪᠠᠷᠢᠮᠲᠠᠯᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠣᠷᠳᠣ ᠬᠤᠭᠤᠴᠠᠭ᠎ᠠ ᠪᠠᠷ ᠪᠠᠶᠢᠭᠤᠯᠬᠤ︾ ᠶᠢ ᠤᠶᠠᠯᠳᠤᠭᠤᠯᠵᠤ᠂ ᠪᠠᠶᠢᠴᠠᠭᠠᠨ ᠰᠤᠳᠤᠯᠤᠯᠲᠠ ᠶᠢᠨ ᠠᠵᠢᠯ ᠤᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃      ᠳ᠋ᠦᠩ ᠷᠦᠢ ᠯᠸᠢ᠂ ᠬᠥᠭᠵᠢᠯᠲᠡ ᠶᠢ ᠠᠬᠢᠭᠤᠯᠬᠤ ᠳᠤ ᠬᠠᠷᠠᠯᠲᠠ ᠪᠠᠨ ᠲᠣᠭᠲᠠᠭᠠᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠵᠢᠯ ᠤᠨ ᠡᠴᠦᠰ ᠪᠣᠯᠲᠠᠯ᠎ᠠ ᠵᠥᠪᠬᠡᠨ ᠰᠠᠷ᠎ᠠ ᠭᠠᠷᠤᠢ ᠦᠯᠡᠳᠡᠵᠦ ᠪᠠᠶᠢᠨ᠎ᠠ᠂ ᠡᠯ᠎ᠡ ᠵᠦᠢᠯ ᠤᠨ ᠠᠵᠢᠯ ᠴᠥᠮ ᠰᠢᠪᠲᠤᠯᠤᠯᠲᠠ ᠬᠢᠬᠦ ᠵᠠᠩᠭᠢᠯᠠᠭ᠎ᠠ ᠶᠢᠨ ᠱᠠᠲᠤᠨ ᠳᠤ ᠬᠦᠷᠴᠦ᠂ ᠡᠷᠬᠡᠪᠰᠢ ᠬᠢᠵᠦ ᠬᠢᠬᠦ᠂ ᠠᠩᠬᠠᠷᠤᠨ ᠬᠢᠬᠦ᠂ ᠭᠦᠶᠦᠵᠦ ᠬᠢᠬᠦ᠂ ᠳᠠᠭᠠᠭᠤᠯᠤᠨ ᠬᠢᠬᠦ ᠶᠢ ᠪᠠᠷᠢᠮᠲᠠᠯᠠᠵᠤ᠂ ᠴᠢᠬᠤᠯᠠ ᠭᠦᠢᠴᠡᠳᠬᠡᠯ ᠲᠤᠭ᠎ᠠ ᠶᠢ ᠣᠷᠣᠨ ᠪᠠᠶᠢᠷᠢ ᠳᠤᠨᠢ ᠣᠷᠣᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠤᠷ ᠲᠦᠪᠰᠢᠨ ᠲᠣᠭᠲᠠᠭᠤᠨ ᠢ ᠪᠠᠲᠤ ᠠᠳᠬᠤᠵᠤ᠂ ᠢᠷᠡᠬᠦ ᠵᠢᠯ ᠳᠤ ᠨᠢᠭᠡ ᠬᠤᠪᠢ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠳᠤ ᠦᠨᠡᠨ ᠬᠦ ᠬᠠᠲᠠᠭᠤ ᠲᠠᠢ ᠨᠢ ᠬᠠᠯᠳᠠᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠠᠵᠢᠯ ᠤᠨ ᠠᠶᠢᠵᠠᠮ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠵᠦ᠂ ᠠᠰᠠᠭᠤᠳᠠᠯ ᠢ ᠰᠢᠯᠢᠳᠡᠭᠵᠢᠭᠦᠯᠦᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠳᠡᠭᠡᠳᠦ ᠲᠤᠤᠷᠠᠳᠤ ᠱᠠᠳᠤ ᠬᠤᠯᠪᠣᠭᠠᠯᠠᠨ ᠬᠥᠳᠡᠯᠦᠯᠴᠡᠵᠦ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠪᠠᠷᠢᠮᠵᠢᠶ᠎ᠠ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠮᠥᠷᠳᠡᠨ ᠬᠢᠨᠠᠨ ᠵᠢᠯᠣᠭᠤᠳᠴᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号