11 ᠰᠠᠷ᠎ᠠ ᠶᠢᠨ 29 ᠤ ᠡᠳᠦᠷ᠂ ᠷᠠᠰᠠᠩ ᠰᠦᠮ᠎ᠡ ᠪᠠᠯᠭᠠᠰᠤ ︽ᠬᠠᠶᠢᠨᠠᠨ ᠲᠣᠭᠤᠷᠢᠭ ᠤᠨ ᠷᠠᠰᠠᠩ ᠰᠦᠮ᠎ᠡ | ᠪᠠᠯᠭᠠᠰᠤᠨ ᠤ ᠣᠶᠢᠯᠠᠯᠭ᠎ᠠ︾ ᠶᠢ ᠨᠠᠶᠢᠷᠠᠭᠤᠯᠬᠤ ᠠᠵᠢᠯ ᠤᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ | ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠬᠤᠷᠠᠯ ᠢ ᠡᠷᠭᠢᠯᠡᠵᠦ᠂ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠵᠢᠴᠢ | ᠣᠨᠴᠠ ᠤᠷᠢᠭᠰᠠᠨ ᠨᠠᠶᠢᠷᠠᠭᠤᠯᠤᠭᠴᠢ ᠬᠤᠤ ᠸᠠᠨ ᠬᠤ᠋ ᠬᠤᠷᠠᠯ ᠳᠤ ᠣᠷᠣᠯᠴᠠᠵᠠᠶ᠃ | ᠬᠤᠷᠠᠯ ᠠᠴᠠ ᠡᠯ᠎ᠡ ᠰᠠᠯᠠᠭ᠎ᠠ ᠲᠠᠰᠤᠭ ᠤᠨ ᠨᠠᠶᠢᠷᠠᠭᠤᠯᠬᠤ ᠠᠵᠢᠯᠲᠠᠨ ᠤ ᠣᠶᠢᠷ᠎ᠠ ᠶᠢᠨ ᠬᠤᠭᠤᠴᠠᠭᠠᠨ ᠤ | ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠶᠢᠷᠠᠭᠤᠯᠤᠨ ᠲᠤᠭᠤᠷᠪᠢᠭᠴᠢ | ᠬᠤᠤ ᠸᠠᠨ ᠬᠤ᠋ ᠭᠠᠷᠴᠠᠭ ᠤᠨ ᠬᠥᠲᠥᠯᠪᠦᠷᠢ ᠶᠢ ᠦᠨᠳᠦᠰᠦᠯᠡᠨ᠂ ᠭᠠᠷᠴᠠᠭ ᠤᠨ ᠳᠣᠲᠣᠷᠠᠬᠢ ᠪᠠᠶᠢᠭᠠᠯᠢ ᠶᠢᠨ ᠣᠷᠴᠢᠨ | ᠲᠣᠭᠤᠷᠢᠨ᠂ ᠲᠠᠷᠢᠶᠠᠯᠠᠩ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠡᠰᠡᠭ ᠠᠭᠤᠯᠭ᠎ᠠ ᠶᠢᠨ ᠨᠥᠬᠦᠪᠥᠷᠢ ᠮᠠᠲ᠋ᠧᠷᠢᠶᠠᠯ ᠢ | ᠨᠠᠷᠢᠨ ᠲᠣᠳᠣᠷᠬᠠᠶᠢᠯᠠᠯᠲᠠ ᠬᠢᠵᠦ᠂ ᠪᠠᠯᠭᠠᠰᠤᠨ ᠤ ᠣᠶᠢᠯᠠᠯᠭ᠎ᠠ ᠶᠢ ᠨᠠᠶᠢᠷᠠᠭᠤᠯᠬᠤ ᠲᠠᠷᠠᠭᠠᠴᠢ ᠶᠢᠨ ᠠᠯᠬᠤᠮ ᠤᠨ | ᠠᠵᠢᠯ ᠤᠨ ᠴᠢᠭᠯᠡᠯ ᠢ ᠲᠣᠳᠣᠷᠬᠠᠶᠢᠯᠠᠪᠠ᠃ ᠡᠭᠦᠨ ᠤ ᠬᠠᠮᠲᠤ ᠡᠯ᠎ᠡ ᠰᠠᠯᠠᠭ᠎ᠠ ᠲᠠᠰᠤᠭ ᠤᠨ ᠨᠠᠶᠢᠷᠠᠭᠤᠯᠤᠭᠴᠢᠳ ᠤᠨ | ᠮᠠᠲ᠋ᠧᠷᠢᠶᠠᠯ ᠴᠤᠭᠯᠠᠭᠤᠯᠬᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢᠭᠡᠳ ᠨᠢᠭᠡ ᠪᠠᠷ | ᠲᠠᠶᠢᠯᠪᠤᠷᠢᠯᠠᠨ ᠥᠭᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠠᠯᠭᠠᠰᠤᠨ ᠤ ᠣᠶᠢᠯᠠᠯᠭ᠎ᠠ ᠨᠠᠶᠢᠷᠠᠭᠤᠯᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠠᠵᠢᠯᠲᠠᠨ ᠤ ᠡᠭᠦᠷᠭᠡ | ᠬᠠᠷᠢᠭᠤᠴᠠᠯᠭ᠎ᠠ ᠶᠢ ᠬᠤᠪᠢᠶᠠᠷᠢᠯᠠᠵᠤ᠂ ᠪᠠᠯᠭᠠᠰᠤᠨ ᠤ ᠣᠶᠢᠯᠠᠯᠭ᠎ᠠ ᠨᠠᠶᠢᠷᠠᠭᠤᠯᠬᠤ ᠡᠭᠦᠷᠭᠡ ᠬᠠᠷᠢᠭᠤᠴᠠᠯᠭ᠎ᠠ ᠶᠢᠨ | ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠰᠣᠳᠣᠨ ᠪᠦᠲᠦᠭᠡᠯ ᠤᠨ ᠤᠬᠠᠮᠰᠠᠷ ᠢ ᠦᠨᠡᠨᠬᠦ ᠴᠢᠩᠭᠠᠳᠬᠠᠬᠤ | ᠬᠡᠷᠡᠭᠲᠡᠶ᠃ ᠦᠨᠡᠨ ᠠᠴᠠ ᠵᠥᠪ ᠢ ᠡᠷᠢᠵᠦ ᠠᠵᠢᠯ ᠢᠶᠠᠨ ᠥᠷᠨᠢᠭᠦᠯᠵᠦ᠂ ᠨᠠᠶᠢᠷᠠᠭᠤᠯᠬᠤ ᠠᠵᠢᠯ ᠤᠨ ᠵᠠᠷᠴᠢᠮᠲᠤ | ᠴᠢᠨᠠᠷ ᠢ ᠰᠠᠶᠢᠲᠤᠷ ᠡᠵᠡᠮᠳᠡᠵᠦ᠂ ᠲᠡᠦᠬᠡ ᠶᠢ ᠬᠦᠨᠳᠦᠳᠬᠡᠬᠦ᠂ ᠪᠤᠰᠤᠳᠴᠢ ᠦᠨᠡᠨ ᠪᠣᠳᠠᠲᠠᠢ ᠪᠠᠶᠢᠬᠤ ᠵᠠᠷᠴᠢᠮ ᠢ | ᠪᠠᠷᠢᠮᠲᠠᠯᠠᠵᠤ᠂ ᠤᠯᠤᠰ ᠲᠦᠷᠦ ᠶᠢᠨ ᠪᠣᠭᠤᠮᠲᠠ᠂ ᠲᠡᠦᠬᠡ ᠶᠢᠨ ᠪᠣᠳᠠᠲᠤ ᠶᠠᠪᠤᠳᠠᠯ᠂ ᠠᠭᠤᠯᠭ᠎ᠠ ᠶᠢᠨ ᠪᠣᠭᠤᠮᠲᠠ ᠶᠢ | ᠴᠢᠩᠭ᠎ᠠ ᠠᠳᠬᠤᠵᠤ᠂ ᠡᠬᠡ ᠨᠤᠤᠷᠠᠭ ᠢᠶᠠᠨ ᠨᠡᠩ ᠲᠡᠭᠦᠯᠳᠡᠷᠵᠢᠭᠦᠯᠵᠦ᠂ ᠨᠡᠩ ᠲᠡᠭᠦᠯᠳᠡᠷᠵᠢᠭᠦᠯᠵᠦ᠂ ᠴᠠᠭ | ᠦᠶ᠎ᠡ ᠶᠢᠨ ᠣᠨᠴᠠᠯᠢᠭ ᠪᠠ ᠣᠷᠣᠨ ᠨᠤᠲᠤᠭ ᠤᠨ ᠣᠨᠴᠠᠯᠢᠭ ᠢ ᠲᠤᠪᠤᠶᠢᠯᠭᠠᠬᠤ ᠬᠡᠷᠡᠭᠲᠡᠢ᠃ ᠣᠯᠠᠨ ᠲᠠᠯ᠎ᠠ ᠪᠠᠷ | ᠬᠠᠮᠵᠢᠯᠴᠠᠨ ᠨᠡᠪᠲᠡᠷᠡᠯᠴᠡᠵᠦ᠂ ᠴᠠᠭ ᠤᠨ ᠠᠯᠭᠠᠰᠠᠯ ᠣᠷᠳᠣ᠂ ᠣᠳᠣ ᠪᠠᠶᠢᠭ᠎ᠠ ᠮᠠᠲ᠋ᠧᠷᠢᠶᠠᠯ ᠳᠤᠲᠠᠭᠳᠠᠭᠰᠠᠨ ᠵᠡᠷᠭᠡ | ᠠᠰᠠᠭᠤᠳᠠᠯ ᠳᠤ ᠣᠷᠣᠨ ᠤ ᠰᠢᠭᠤᠳ ᠬᠠᠷᠢᠶ᠎ᠠ ᠠᠵᠢᠯ ᠲᠥᠷᠥᠯ ᠤᠨ ᠰᠠᠯᠠᠭ᠎ᠠ ᠮᠥᠴᠢᠷ᠂ ᠤᠤᠯ ᠤᠨ ᠠᠵᠢᠯ ᠤᠨ | ᠪᠠᠶᠢᠷᠢ ᠶᠢᠨ ᠬᠠᠷᠢᠭᠤᠴᠠᠯᠭᠠᠲᠠᠨ ᠲᠠᠢ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠣᠯᠠᠨ ᠲᠠᠯ᠎ᠠ ᠪᠠᠷ | ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠪᠠᠯᠭᠠᠰᠤᠨ ᠤ ᠣᠶᠢᠯᠠᠯᠭ᠎ᠠ ᠶᠢ ᠨᠠᠶᠢᠷᠠᠭᠤᠯᠤᠨ ᠪᠢᠴᠢᠬᠦ ᠡᠭᠦᠷᠭᠡ ᠶᠢ | ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃ | |