ᠬᠠᠶᠢᠨᠠᠨ ᠲᠣᠭᠤᠷᠢᠭ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠨᠯᠳᠣᠭᠤᠯᠪᠠ
ᠨᠡᠶᠢᠲᠡᠯᠡᠭᠰᠡᠨ ᠴᠠᠭ᠄
2023/11/30
      11 ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠬᠠᠶᠢᠨᠠᠨ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠬᠤᠶᠠᠳᠤᠭᠠᠷ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠶ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠣᠣ ᠸᠧᠶ ᠾᠧᠦ ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠲᠥᠪ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠪᠣᠯᠤᠨ ᠰᠦᠨ ᠱᠣᠤ ᠴᠧᠩ ᠱᠦᠵᠢ ᠶᠢᠨ ᠪᠤᠭᠤᠲᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠣᠶᠢᠷ᠎ᠠ ᠶᠢᠨ ᠬᠤᠭᠤᠴᠠᠭᠠᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠭᠤᠰᠢᠯᠠᠭᠤᠯᠵᠤ᠂ ᠲᠤᠭᠤᠷᠢᠭ ᠤᠨ ᠱᠠᠲᠤᠨ ᠤ ᠲᠠᠰ ᠳᠠᠪᠬᠤᠷᠭ᠎ᠠ ᠶᠢᠨ ᠠᠰᠠᠭᠤᠳᠠᠯ ᠵᠢᠴᠢ ᠲᠤᠰᠬᠠᠶ ᠴᠡᠭᠴᠡᠯᠡᠨ ᠵᠠᠰᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠠᠩ ᠳ᠋ᠢᠩ ᠸᠧᠢ᠂ ᠵᠤᠤ ᠸᠧᠢ ᠾᠧᠦ ᠵᠡᠷᠭᠡ 7 ᠨᠥᠬᠦᠳ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ︾ ᠭᠤᠣᠯ ᠰᠡᠳᠦᠪ ᠤᠨ ᠲᠣᠭᠤᠷᠢᠨ ᠳᠤ᠂ ᠪᠠᠶᠢᠴᠠᠭᠠᠨ ᠰᠤᠳᠤᠯᠤᠯᠲᠠ ᠳᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ᠂ ᠠᠰᠠᠭᠤᠳᠠᠯ ᠢ ᠰᠢᠢᠳᠪᠦᠷᠢᠯᠡᠬᠦ ᠰᠡᠳᠬᠢᠴᠡ ᠠᠷᠭ᠎ᠠ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠭᠰᠡᠨ ᠪᠠᠶᠢᠳᠠᠯ ᠵᠡᠷᠭᠡ ᠠᠭᠤᠯᠭ᠎ᠠ ᠲᠠᠢ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠢᠦᠢ ᡁᠢ ᠶᠦᠩ ᠬᠡᠯᠡᠭᠰᠡᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠢᠯᠡ ᠲᠣᠳᠣ ᠭᠤᠣᠯ ᠰᠡᠳᠦᠪ ᠮᠥᠨ᠂ ᠪᠢᠳᠡ ︽ᠬᠤᠶᠠᠷ ᠡᠭᠦᠷᠢᠳᠡ ᠵᠤᠬᠰᠤᠰᠢ ᠦᠭᠡᠢ ᠪᠠᠶᠢᠬᠤ︾ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠬᠤᠶᠠᠷ ᠶᠡᠭᠡ ᠵᠠᠩᠭᠢᠯᠠᠭ᠎ᠠ︾ ᠶᠢ ᠡᠵᠡᠮᠳᠡᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡ ᠬᠦ ᠭᠤᠣᠯ ᠰᠡᠳᠦᠪ ᠭᠤᠣᠯ ᠱᠤᠭᠤᠮ ᠪᠣᠯᠤᠨ ᠦᠨᠳᠦᠰᠦᠨ ᠡᠭᠦᠷᠭᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠨᠢᠭᠡ ᠴᠤᠬᠴᠠᠵᠢᠭᠤᠯᠤᠨ ᠰᠤᠷᠤᠯᠴᠠᠨ ᠣᠶᠢᠯᠠᠭᠠᠵᠤ᠂ ᠪᠦᠬᠦᠯᠢ ᠴᠣᠭᠴᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠲᠦᠷᠢᠮ ᠢᠶᠠᠷ ᠬᠥᠮᠦᠨ ᠢ ᠬᠠᠮᠢᠶᠠᠷᠴᠤ ᠡᠷᠬᠡ ᠶᠢ ᠬᠠᠮᠢᠶᠠᠷᠬᠤ ᠶᠢ ᠪᠠᠷᠢᠮᠲᠠᠯᠠᠵᠤ᠂ ᠴᠢᠩᠭ᠎ᠠ ᠬᠦᠭ ᠠᠶᠠᠰ ᠢᠶᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ᠂ ᠮᠣᠷᠠᠯ ᠴᠢᠳᠠᠪᠤᠷᠢ ᠬᠤᠣᠰᠯᠠᠭᠰᠠᠨ ᠶᠣᠰᠣ ᠮᠣᠷᠠᠯ ᠢᠶᠠᠷ ᠲᠡᠷᠢᠭᠦᠨ ᠳᠤ ᠲᠠᠯᠪᠢᠭᠰᠠᠨ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢ ᠭᠦᠨᠵᠡᠭᠡᠶᠢᠷᠡᠭᠦᠯᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠶᠢ ᠢᠮᠠᠭᠲᠠ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠭᠠᠵᠤ᠂ ︽ᠶᠡᠬᠡᠪᠡᠷ ᠰᠤᠷᠪᠤᠯᠵᠢᠯᠠᠬᠤ᠂ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠠᠷᠢᠯᠭᠠᠬᠤ︾ ᠠᠵᠢᠯ ᠢ ᠭᠦᠨᠵᠡᠭᠡᠶᠢᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠱᠠᠯᠠᠪᠳᠠᠨ ᠡᠮᠬᠢᠯᠡᠵᠦ᠂ ᠨᠠᠷᠢᠨ ᠲᠠᠩᠰᠠ ᠭᠠᠷᠭᠠᠵᠤ᠂ ᠠᠰᠠᠭᠤᠳᠠᠯ ᠪᠠ ᠰᠢᠯᠲᠠᠭᠠᠨ ᠢ ᠦᠨᠡᠨ ᠬᠦ ᠣᠨᠣᠪᠴᠢᠲᠠᠶ ᠪᠥᠭᠡᠳ ᠪᠣᠳᠠᠲᠠᠶ ᠡᠷᠢᠵᠦ᠂ ᠭᠦᠢᠴᠡᠳ ᠰᠤᠳᠤᠯᠬᠤ ᠪᠠᠷ ᠳᠡᠮᠵᠢᠨ᠂ ᠨᠡᠯᠢᠶᠡᠳ ᠪᠣᠯᠪᠠᠰᠤᠷᠠᠩᠭᠤᠶ ᠪᠠᠶᠢᠴᠠᠭᠠᠨ ᠰᠤᠳᠤᠯᠤᠯᠲᠠ ᠶᠢᠨ ᠰᠠᠨᠠᠯ ᠢ ᠴᠠᠭ ᠲᠤᠬᠠᠶ ᠳᠤᠨᠢ ᠠᠵᠢᠯ ᠤᠨ ᠰᠡᠳᠬᠢᠴᠡ ᠪᠠ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠪᠥᠬᠦ ᠲᠤᠭᠤᠷᠢᠭ ᠤᠨ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠠᠷᠠᠯᠲᠠ ᠪᠠᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠭᠤᠤᠯ ᠰᠡᠳᠦᠪᠲᠦ ᠬᠥᠮᠦᠵᠢᠯ ᠤᠨ ᠲᠥᠪ ᠤᠨ ᠲᠣᠭᠤᠷᠢᠨ ᠵᠢᠯᠣᠭᠤᠳᠬᠤ ᠲᠤᠭᠤᠶᠢᠯᠠᠩ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠮᠠᠭᠲᠠ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠳᠤ ᠴᠢᠭᠯᠡᠭᠦᠯᠦᠨ ᠰᠤᠷᠤᠯᠴᠠᠵᠤ᠂ ᠠᠰᠠᠭᠤᠳᠠᠯ ᠳᠤ ᠴᠢᠭᠯᠡᠭᠦᠯᠦᠨ ᠥᠭᠡᠷᠡᠴᠢᠯᠡᠵᠦ᠂ ︽ᠠᠰᠠᠭᠤᠳᠠᠯ ᠤᠨ ᠨᠠᠷᠢᠨ ᠲᠠᠩᠰᠠ︾ ᠶᠢ ᠲᠠᠰᠤᠷᠠᠯᠲᠠ ᠥᠬᠡᠶ ︽ᠦᠷ᠎ᠡ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠠᠰᠠᠭᠤᠳᠠᠯ ᠢ ᠰᠢᠢᠳᠪᠦᠷᠢᠯᠡᠬᠦ ᠪᠣᠳᠠᠲᠠᠶ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠦᠨ᠎ᠡ᠃ ᠡᠭᠦᠨ ᠤ ᠬᠠᠮᠲᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠡᠳᠦᠪᠲᠦ ᠬᠥᠮᠦᠵᠢᠯ ᠤᠨ ᠡᠷᠭᠢᠨ ᠬᠠᠷᠠᠬᠤ ᠠᠵᠢᠯ ᠲᠠᠢ ᠤᠶᠠᠯᠳᠤᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠣᠭᠲᠠᠭᠰᠠᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠬᠤᠭᠤᠴᠠᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠲᠦᠷᠭᠡᠳᠬᠡᠵᠦ᠂ ᠲᠣᠭᠲᠠᠭᠰᠠᠨ  ᠬᠤᠭᠤᠴᠠᠭᠠᠨ  ᠳᠤ  ᠳ᠋ᠤᠭᠠᠷ ᠬᠠᠰᠤᠬᠤ  ᠶᠢ  ᠪᠠᠲᠤᠯᠠᠬᠤ  ᠬᠡᠷᠡᠭᠲᠡᠶ ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号