11 ᠰᠠᠷ᠎ᠠ ᠶᠢᠨ 3 ᠤ ᠡᠳᠦᠷ᠂ ᠬᠠᠶᠢᠨᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ 2023 | ᠣᠨ ᠤ 10 ᠳ᠋ᠤᠭᠠᠷ ᠤᠳᠠᠭᠠᠨ ᠤ ᠠᠵᠢᠯ ᠤᠨ ᠬᠤᠷᠠᠯ ᠬᠤᠷᠠᠯᠳᠤᠭᠤᠯᠵᠤ᠂ ︽ᠦᠬᠠᠶ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︿︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ ᠡᠯ᠎ᠡ | ᠲᠥᠷᠥᠯ ᠤᠨ ᠬᠦᠨᠳᠦ ᠶᠡᠭᠡ ᠠᠶᠤᠯᠭᠦᠶ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠰᠡᠷᠭᠡᠶᠢᠯᠡᠬᠦ ᠲᠤᠬᠠᠶ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ﹀﹀ ᠤᠨ | ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ | ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠵᠤ᠂ ᠣᠨ ᠤ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ | ᠠᠵᠢᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠶᠢ ᠤᠭᠲᠤᠬᠤ ᠵᠡᠷᠭᠡ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ | ᠳᠠᠷᠤᠭ᠎ᠠ ᠪᠠᠢ ᠴᠦᠨ ᠯᠸᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠣᠳᠣᠬᠠᠨ ᠤ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠲᠦᠢᠯ ᠤᠨ ᠴᠢᠬᠤᠯᠠ ᠴᠢᠨᠠᠷ᠂ ᠤᠷᠳᠤ ᠬᠤᠭᠤᠴᠠᠭᠠᠲᠤ ᠴᠢᠨᠠᠷ᠂ ᠪᠤᠳᠤᠯᠢᠶᠠᠨᠲᠤ | ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠢᠴᠡᠳ ᠲᠠᠨᠢᠵᠤ᠂ ︽ᠬᠤᠷᠢᠭ᠎ᠠ ᠱᠤᠭᠤᠮ︾ ᠤᠨ ᠲᠠᠨᠢᠨ | ᠮᠡᠳᠡᠷᠡᠬᠦᠢ᠂ ︽ᠲᠡᠭ︾ ᠲᠠᠨᠢᠨ ᠮᠡᠳᠡᠬᠦᠢ ᠲᠠᠢ ᠪᠠᠶᠢᠬᠤ ᠬᠡᠷᠡᠭᠲᠡᠢ᠂ ᠶᠠᠭᠠᠬᠢᠭᠰᠠᠨ ᠴᠤ ᠭᠤᠷᠢᠳᠠᠬᠤ ᠪᠤᠳᠤᠯ ᠲᠠᠢ | ᠪᠠᠶᠢᠵᠤ᠂ ᠨᠠᠵᠠᠭᠠᠶᠢᠷᠠᠵᠤ ᠪᠣᠯᠬᠤ ᠦᠭᠡᠢ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ | ᠴᠢᠩᠭᠠᠯᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ | ᠰᠡᠷᠭᠡᠶᠢᠯᠡᠵᠦ᠂ ᠠᠵᠢᠯ ᠤᠨ ᠲᠣᠭᠲᠠᠭᠠᠯᠲᠤ ᠴᠢᠨᠠᠷ ᠢᠶᠠᠷ ᠠᠮᠤᠷ ᠲᠦᠪᠰᠢᠨ ᠤ ᠠᠳᠡᠯ ᠤᠨ ᠲᠣᠭᠲᠠᠪᠤᠷᠢ ᠦᠭᠡᠢ | ᠴᠢᠨᠠᠷ ᠢ ᠪᠦᠲᠦᠮᠵᠢᠲᠡᠢ ᠠᠷᠭᠠᠴᠠᠬᠤ ᠬᠡᠷᠡᠭᠲᠡᠢ᠃ ᠠᠵᠢᠯ ᠤᠨ ᠭᠤᠤᠯᠳᠠᠯᠭ᠎ᠠ ᠪᠠᠨ ᠳᠣᠪᠤᠶᠢᠯᠭᠠᠵᠤ᠂ ᠬᠦᠨᠳᠦ ᠶᠡᠭᠡ | ᠠᠳᠡᠯ ᠤᠨ ᠳᠠᠯᠳᠠ ᠭᠡᠮ ᠢ ᠲᠤᠰᠬᠠᠶ ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠪᠣᠯᠤᠨ | ᠬᠤᠶᠠᠳᠤᠭᠠᠷ ᠡᠭᠡᠯᠵᠢ ᠶᠢᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠨᠠᠷᠢᠨ ᠬᠢᠨᠠᠮᠠᠭᠠᠶ | ᠥᠷᠨᠢᠭᠦᠯᠵᠦ᠂ ᠡᠯ᠎ᠡ ᠱᠠᠲᠤ ᠦᠶ᠎ᠡ ᠶᠢᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠮᠤᠷ | ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠭᠦᠨᠵᠡᠭᠡᠶ ᠨᠠᠷᠢᠨ ᠨᠢᠮᠪᠠᠶ ᠥᠷᠨᠢᠭᠦᠯᠵᠦ᠂ | ᠢᠯᠠᠩᠭᠤᠶ᠎ᠠ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠢᠳᠡᠭᠡᠨ ᠤ ᠵᠦᠢᠯ ᠡᠮ ᠤᠨ ᠵᠦᠢᠯ᠂ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠪᠣᠯᠤᠨ ᠬᠦᠷᠢᠶ᠎ᠡ | ᠴᠠᠷᠠᠭ᠎ᠠ ᠶᠢ ᠳᠠᠷᠤᠶ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠳᠠᠯᠳᠠ ᠭᠡᠮ ᠢ | ᠲᠦᠢᠯᠪᠤᠷᠢᠲᠠᠶ ᠴᠡᠭᠴᠡᠯᠡᠨ ᠵᠠᠰᠠᠵᠤ᠂ ᠰᠢᠨ᠎ᠡ ᠳᠠᠯᠳᠠ ᠭᠡᠮ ᠭᠠᠷᠬᠤ ᠶᠢ ᠡᠷᠡᠰ ᠬᠤᠷᠢᠭᠯᠠᠵᠤ᠂ ᠣᠯᠠᠨ ᠲᠦᠮᠡᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠶᠤᠯᠭᠦᠶ ᠦᠢᠯᠡᠳᠪᠦᠷᠢᠯᠡᠯ ᠪᠠ ᠭᠠᠯ ᠤᠨᠲᠠᠷᠠᠭᠠᠬᠤ ᠬᠢᠨᠠᠨ ᠰᠢᠯᠭᠠᠵᠤ ᠲᠣᠭᠤᠷᠢᠨ | ᠪᠠᠶᠢᠴᠠᠭᠠᠬᠤ ᠶᠢ ᠤᠭᠲᠤᠬᠤ ᠡᠯ᠎ᠡ ᠵᠦᠢᠯ ᠤᠨ ᠠᠵᠢᠯ ᠢ ᠡᠷᠬᠡᠪᠰᠢ ᠰᠠᠶᠢᠲᠤᠷ ᠬᠢᠵᠦ᠂ ᠬᠢᠨᠠᠨ ᠰᠢᠯᠭᠠᠬᠤ ᠨᠠᠷᠢᠨ | ᠲᠦᠷᠢᠮ ᠲᠠᠢ ᠬᠢᠨᠠᠮᠠᠭᠠᠶ ᠬᠠᠷᠢᠴᠠᠭᠤᠯᠤᠨ ᠬᠠᠮᠢᠶ᠎ᠠ ᠪᠥᠬᠦᠶ ᠡᠬᠡ ᠲᠠᠩᠰᠠ ᠶᠢᠨ ᠮᠠᠲ᠋ᠧᠷᠢᠶᠠᠯ ᠢ ᠲᠥᠷᠥᠯ ᠬᠤᠪᠢᠶᠠᠨ | ᠡᠮᠬᠢᠯᠡᠵᠦ᠂ ᠬᠢᠨᠠᠨ ᠰᠢᠯᠭᠠᠵᠤ ᠰᠢᠯᠭᠠᠨ ᠪᠠᠶᠢᠴᠠᠭᠠᠬᠤ ᠶᠢ ᠤᠭᠲᠤᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ | ᠯᠠᠪᠳᠠᠭᠤᠨ ᠪᠠᠲᠤᠲᠠᠶ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠪᠠᠰᠠ ᠬᠠᠶᠢᠨᠠᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠰᠠᠭᠤᠳᠠᠯ ᠢ | ᠰᠤᠳᠤᠯᠪᠠ᠃ |