11 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ | ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠭᠤᠷᠪᠠᠳᠤᠭᠠᠷ ᠤᠳᠠᠭᠠᠨ ᠤ ᠬᠤᠷᠠᠯ ᠵᠢᠴᠢ ᠭᠤᠤᠯ ᠰᠡᠳᠦᠪᠲᠦ ᠬᠥᠮᠦᠵᠢᠯ ᠤᠨ ᠠᠩᠬᠠᠳᠤᠭᠠᠷ ᠤᠳᠠᠭᠠᠨ ᠤ | ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ᠂ ᠲᠣᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠲᠡᠷᠢᠭᠦᠯᠡᠭᠴᠢ ᠵᠤᠤ ᠸᠧᠢ ᠾᠧᠦ ᠵᠡᠷᠭᠡ ᠲᠣᠭᠤᠷᠢᠭ ᠤᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠯᠪᠣᠭ᠎ᠠ ᠠᠪᠬᠤ | ᠳᠤᠭᠤᠶᠢᠯᠠᠩ ᠤᠨ ᠳᠠᠷᠤᠭ᠎ᠠ ᠯᠢ ᡁᠢ ᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠼᠠᠢ ᠴᠢ ᠨᠥᠬᠦᠷ ᠤᠨ ᠲᠥᠪ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ ᠲᠣᠭᠤᠷᠢᠭ ᠤᠨ | ᠭᠤᠤᠯ ᠰᠡᠳᠦᠪᠲᠦ ᠬᠥᠮᠦᠵᠢᠯ ᠪᠣᠯᠤᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠦᠶ᠎ᠡ ᠶᠢᠨ | ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠠᠬᠢᠴᠠ᠂ ᠪᠦᠬᠦ ᠲᠤᠭᠤᠷᠢᠭ ᠤᠨ ᠭᠤᠤᠯ | ᠰᠡᠳᠦᠪᠲᠦ ᠬᠥᠮᠦᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠯᠢ ᡁᠢ ᠢ ᠬᠡᠯᠡᠭᠰᠡᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠭᠤᠤᠯ ᠰᠡᠳᠦᠪᠲᠦ ᠬᠥᠮᠦᠵᠢᠯ ᠤᠨ ᠴᠢᠬᠤᠯᠠ ᠴᠢᠨᠠᠷ᠂ ᠣᠳᠣᠬᠠᠨ ᠤ ᠪᠠᠶᠢᠳᠠᠯ ᠡᠭᠦᠷᠭᠡ ᠶᠢᠨ ᠲᠤᠯᠭᠠᠮ᠎ᠠ ᠴᠢᠨᠠᠷ ᠤᠨ | ᠲᠤᠬᠠᠶ ᠲᠠᠨᠢᠯᠲᠠ ᠪᠠᠨ ᠭᠦᠨᠵᠡᠭᠡᠶᠢᠷᠡᠭᠦᠯᠵᠦ᠂ ︽ᠪᠣᠳᠠᠲᠠᠶ︾ ᠶᠢᠨ ᠱᠠᠭᠠᠷᠳᠠᠯᠭ᠎ᠠ ᠶᠢ ᠭᠤᠤᠯ ᠰᠡᠳᠦᠪᠲᠦ | ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢ ᠭᠤᠤᠯ | ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠰᠢᠨ᠎ᠡ ᠦᠷ᠎ᠡ ᠪᠦᠲᠦᠮᠵᠢ ᠪᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠬᠤ ᠬᠡᠷᠡᠭᠲᠡᠶ᠃ | ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠳᠤ ᠰᠢᠭᠤᠳ ᠬᠠᠨᠳᠤᠵᠤ᠂ ᠬᠠᠲᠠᠭᠤ ᠲᠠᠢ ᠨᠢ ᠬᠠᠯᠳᠠᠵᠤ | ᠳᠤᠲᠠᠭᠤᠳᠠᠯ ᠪᠠᠭᠤᠷᠠᠶ ᠲᠠᠯ᠎ᠠ ᠪᠠᠨ ᠡᠷᠢᠵᠦ᠂ ᠢᠯᠠᠩᠭᠤᠶ᠎ᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠢ ᠰᠢᠭᠤᠳ ᠨᠥᠯᠥᠭᠡᠯᠡᠬᠦ ᠠᠰᠠᠭᠤᠳᠠᠯ ᠢ ᠪᠠᠶᠢᠴᠠᠭᠠᠨ ᠳᠡᠯᠭᠡᠬᠦ ᠶᠢ ᠳᠣᠪᠤᠶᠢᠯᠭᠠᠵᠤ᠂ ᠣᠯᠠᠨ | ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠰᠡᠳᠬᠢᠯ ᠠᠴᠠ ᠪᠠᠨ | ᠰᠠᠶᠢᠲᠤᠷ ᠰᠢᠢᠳᠪᠦᠷᠢᠯᠡᠵᠦ᠂ ᠦᠨᠡᠨ ᠬᠦ ᠪᠠᠶᠢᠴᠠᠭᠠᠨ ᠳᠣᠲᠣᠯᠠᠵᠤ ᠥᠭᠡᠷᠡᠴᠢᠯᠡᠭᠰᠡᠨ ᠦᠷ᠎ᠡ ᠪᠦᠲᠦᠮᠵᠢ ᠪᠠᠷ ᠥᠷᠭᠡᠨ | ᠣᠯᠠᠨ ᠺᠠᠳ᠋ᠷ ᠣᠯᠠᠨ ᠲᠦᠮᠡᠨ ᠳᠤ ᠭᠤᠤᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠶᠢ | ᠮᠡᠳᠡᠷᠡᠭᠦᠯᠬᠦ ᠬᠡᠷᠡᠭᠲᠡᠶ᠃ | ᠢᠦᠶ ᡁᠢ ᠶᠦᠩ ᠬᠡᠯᠡᠭᠰᠡᠨ ᠨᠢ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠮᠥᠨ᠃ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠭᠤᠤᠯ ᠰᠡᠳᠦᠪᠲᠦ | ᠬᠥᠮᠦᠵᠢᠯ ᠤᠨ ᠡᠯ᠎ᠡ ᠵᠦᠶ᠋ᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ | ᠤᠯᠤᠰ ᠲᠥᠷᠥ ᠶᠢᠨ ᠠᠮᠢᠳᠤᠷᠠᠯ ᠢ ᠤᠯᠠᠮ ᠨᠢᠭᠡ ᠠᠯᠬᠤᠮ ᠲᠥᠪ ᠴᠢᠩᠭ᠎ᠠ ᠪᠣᠯᠭᠠᠵᠤ᠂ ᠭᠤᠤᠯ ᠰᠡᠳᠦᠪᠲᠦ | ᠬᠥᠮᠦᠵᠢᠯ ᠢ ᠥᠷᠨᠢᠭᠦᠯᠦᠭᠰᠡᠨ ᠪᠣᠳᠠᠲᠤ ᠦᠷ᠎ᠡ ᠪᠦᠲᠦᠮᠵᠢ ᠪᠠᠷ ᠬᠠᠶᠢᠨᠠᠨ ᠲᠣᠭᠤᠷᠢᠭ ᠤᠨ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠬᠦ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠶ᠋ᠯᠡ | ᠠᠵᠢᠯᠯᠠᠭᠠᠨ ᠤ ᠤᠬᠠᠮᠰᠠᠷ ᠢ ᠢᠯᠡᠷᠡᠭᠦᠯᠬᠦ ᠬᠡᠷᠡᠭᠲᠡᠶ᠃ ᠡᠭᠦᠷᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠠᠵᠢᠯ ᠢᠶᠠᠨ | ᠨᠢᠭᠡᠳᠦᠯᠲᠡᠶ ᠲᠥᠯᠥᠪᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠤᠯ ᠰᠡᠳᠦᠪᠲᠦ ᠬᠥᠮᠦᠵᠢᠯ ᠤᠨ 5 | ᠵᠦᠶ᠋ᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠢᠭᠡ ᠴᠣᠭᠴᠠᠵᠢᠭᠤᠯᠤᠨ | ᠠᠬᠢᠭᠤᠯᠵᠤ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ | ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠣᠯᠤᠨ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ | ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠷᠤᠯᠴᠠᠯᠭ᠎ᠠ ᠰᠤᠳᠤᠯᠭᠠᠨ ᠢ ᠨᠠᠷᠢᠨ ᠬᠢᠨᠠᠮᠠᠭᠠᠶ | ᠵᠣᠬᠢᠶᠠᠨ ᠪᠠᠶᠢᠭᠤᠯᠤᠨ ᠥᠷᠨᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠤᠯ ᠰᠡᠳᠦᠪᠲᠦ | ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠦᠨᠡᠨ | ᠪᠣᠳᠠᠲᠠᠶ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠤᠯ | ᠰᠡᠳᠦᠪᠲᠦ ᠬᠥᠮᠦᠵᠢᠯ ᠢ ᠥᠷᠨᠢᠭᠦᠯᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ | ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠲᠤᠭᠤᠷᠢᠭ ᠤᠨ ᠳᠥᠷᠪᠡᠨ ᠶᠡᠭᠡ ᠤᠳᠤᠷᠢᠳᠬᠤ | ᠪᠠᠭ ᠤᠨ ᠤᠳᠤᠷᠢᠳᠬᠤ ᠺᠠᠳ᠋ᠷ ᠰᠠᠶᠢᠨ ᠦᠯᠢᠭᠡᠷ ᠳᠠᠭᠤᠷᠢᠶᠠᠯ ᠪᠣᠯᠵᠤ᠂ ᠵᠢᠱᠢᠶ᠎ᠡ ᠦᠵᠡᠭᠦᠯᠬᠦ ᠬᠡᠷᠡᠭᠲᠡᠶ᠂ | ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠯᠪᠠᠨ ᠭᠡᠷ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭ᠎ᠠ ᠠᠪᠴᠤ ᠵᠢᠯᠣᠭᠤᠳᠬᠤ ᠠᠵᠢᠯ ᠢ ᠰᠠᠶᠢᠲᠤᠷ | ᠬᠢᠵᠦ᠂ ᠬᠠᠷᠠᠯᠲᠠ ᠡᠭᠦᠷᠭᠡ ᠪᠣᠯᠤᠨ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠭᠤᠤᠯ | ᠰᠡᠳᠦᠪᠲᠦ ᠬᠥᠮᠦᠵᠢᠯ ᠤᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠭᠡᠵᠡᠢ᠃ | |