ᠢᠦᠶ ᡁᠢ ᠶᠦᠩ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/11/8
      11 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠵᠤᠤ ᠽᠧ ᠨᠢᠩ ᠣᠷᠣᠯᠴᠠᠪᠠ᠃      ᠦᠬᠠᠶ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠶ ᡁᠢ ᠶᠦᠩ ᠡᠮᠨᠡᠯᠭᠡ ᠶᠢᠨ ᠬᠤᠷᠢᠶᠠᠨ ᠤ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ᠂ ᠨᠠᠮ ᠤᠨ ᠪᠠᠶᠢᠭᠤᠯᠤᠯᠲᠠ ᠪᠠᠷ ᠡᠮ ᠡᠮᠨᠡᠯᠭᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠮᠨᠡᠯᠭᠡ ᠶᠢᠨ ᠬᠤᠷᠢᠶ᠎ᠠ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠠᠢ ᠨᠢᠭᠲᠠ ᠤᠶᠠᠯᠳᠤᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠲᠤᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠪᠣᠳᠠᠲᠠᠶ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠳᠤ ᠭᠤᠤᠯ ᠰᠡᠳᠦᠪᠲᠦ ᠰᠤᠷᠭᠠᠨ ᠬᠥᠮᠦᠵᠢᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠤ ᠠᠪᠴᠢᠷᠠᠭᠰᠠᠨ ᠰᠢᠨ᠎ᠡ ᠬᠤᠪᠢᠷᠠᠯᠲᠠ ᠰᠢᠨ᠎ᠡ ᠳᠦᠷᠰᠦ ᠪᠠᠶᠢᠳᠠᠯ ᠢ ᠪᠡᠶ᠎ᠡ ᠪᠠᠷ ᠢᠶᠠᠨ ᠮᠡᠳᠡᠷᠡᠭᠦᠯᠬᠦ ᠬᠡᠷᠡᠭᠲᠡᠶ᠃      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠶ ᡁᠢ ᠶᠦᠩ ᠰᠤᠷᠭᠠᠭᠤᠯᠢ ᠶᠢᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠰᠤᠷᠭᠠᠨ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠪᠣᠯᠤᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠤᠨ ᠬᠢᠴᠢᠶᠡᠯ ᠵᠡᠷᠭᠡ ᠶᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠬᠥᠲᠥᠯᠥᠨ ᠳᠠᠭᠠᠭᠤᠯᠵᠤ᠂ ᠣᠳᠣᠬᠠᠨ ᠤ ᠶᠠᠭ ᠥᠷᠨᠢᠭᠦᠯᠵᠦ ᠪᠠᠶᠢᠭ᠎ᠠ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ︽ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠲᠤᠬᠠᠶ ᠰᠠᠨᠠᠯ︾ ᠤᠨ ᠬᠤᠯᠪᠣᠭᠳᠠᠯ ᠪᠥᠬᠦᠶ ᠱᠠᠭᠠᠷᠳᠠᠯᠭ᠎ᠠ ᠪᠣᠯᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ︽1+N︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠪᠠᠭᠰᠢ ᠶᠢᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠦᠨᠡᠨᠬᠦ ᠰᠠᠶᠢᠲᠤᠷ ᠡᠷᠭᠢᠯᠡᠬᠦ ᠬᠡᠷᠡᠭᠲᠡᠶ᠃      ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠢᠦᠶ ᡁᠢ ᠶᠦᠩ ᠭᠤᠤᠯ ᠰᠡᠳᠦᠪᠲᠦ ᠬᠥᠮᠦᠵᠢᠯ ᠢ ᠨᠠᠷᠢᠨ ᠣᠶᠢᠯᠠᠭᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠬᠢᠭᠤᠯᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠭᠦᠯᠵᠦ᠂ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠵᠤ᠂ ᠭᠤᠤᠯ ᠰᠡᠳᠦᠪᠲᠦ ᠬᠥᠮᠦᠵᠢᠯ ᠤᠨ ᠨᠠᠩ ᠣᠯᠠᠨ ᠪᠣᠳᠠᠲᠠᠶ ᠶᠢ ᠡᠷᠬᠢᠮᠯᠡᠭᠰᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ ᠭᠡᠵᠡᠢ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号