11 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠰᠢᠨ ᠶᠠ ᠪᠦᠯᠦᠭᠯᠡᠯ ᠤᠨ ᠡᠤ ᠬᠤᠸᠠ ᠠᠭᠤᠷᠬᠠᠶ ᠶᠢᠨ ᠦᠢᠯᠡᠰ ᠲᠤ | ᠬᠦᠷᠴᠦ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ | ᠠᠭᠤᠷᠬᠠᠢ ᠶᠢᠨ ᠬᠤᠳᠳᠤᠭ ᠲᠤ ᠭᠦᠨᠵᠡᠭᠡᠶᠢᠷᠡᠨ ᠨᠡᠭᠦᠷᠡᠰᠦᠨ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ | ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠣᠭᠤᠷᠢᠭ ᠤᠨ ᠤᠳᠤᠷᠢᠳᠤᠯᠭ᠎ᠠ ᠸᠠᠩ ᠬᠤᠩ ᠼᠦᠨ | ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠢ ᠴᠦᠨ ᠯᠸᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠦᠢᠯᠡᠳᠪᠦᠷᠢᠯᠡᠯ ᠤᠨ ᠬᠡᠪᠴᠢᠶ᠎ᠡ᠂ | ᠨᠠᠮ ᠤᠨ ᠪᠠᠶᠢᠭᠤᠯᠤᠯᠲᠠ ᠶᠢᠨ ᠠᠵᠢᠯ᠂ ᠠᠭᠤᠷᠬᠠᠢ ᠶᠢᠨ ᠬᠤᠳᠳᠤᠭ ᠲᠤ ᠠᠵᠢᠯᠯᠠᠬᠤ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠴᠢᠬᠤᠯᠠ ᠠᠴᠢ | ᠬᠤᠯᠪᠣᠭᠳᠠᠯ ᠢ ᠭᠦᠨᠵᠡᠭᠡᠢ ᠲᠠᠨᠢᠵᠤ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ | ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ | ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯ | ᠰᠡᠳᠦᠪᠲᠦ ᠬᠥᠮᠦᠵᠢᠯ ᠢ ᠠᠵᠤ ᠠᠬᠤᠶᠢᠯᠠᠯ ᠤᠨ ᠬᠥᠭᠵᠢᠯᠲᠡ ᠲᠠᠢ ᠭᠦᠨᠵᠡᠭᠡᠢ ᠠᠭᠤᠰᠤᠯᠴᠠᠭᠤᠯᠵᠤ᠂ ᠭᠤᠣᠯ | ᠰᠡᠳᠦᠪᠲᠦ ᠬᠥᠮᠦᠵᠢᠯ ᠢ ᠠᠵᠤ ᠠᠬᠤᠶᠢᠯᠠᠯ ᠤᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠨᠠᠮ ᠤᠨ | ᠪᠠᠶᠢᠭᠤᠯᠤᠯᠲᠠ ᠪᠠᠷ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ | ᠭᠡᠵᠦ ᠬᠡᠯᠡᠪᠡ᠃ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠬᠦ ᠤᠬᠠᠮᠰᠠᠷ ᠪᠣᠯᠤᠨ ᠤᠯᠠᠭᠠᠨ ᠱᠤᠭᠤᠮ ᠤᠨ | ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠵᠢᠯᠲᠠᠳ ᠤᠨ | ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠴᠢᠩᠭᠠᠳᠬᠠᠵᠤ᠂ ᠠᠵᠢᠯᠯᠠᠬᠤ ᠶᠠᠪᠤᠴᠠ ᠶᠢ ᠵᠢᠷᠤᠮᠵᠢᠭᠤᠯᠵᠤ᠂ | ᠪᠠᠭᠤᠷᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ | ᠭᠡᠵᠡᠢ᠃ | |