ᠪᠠᠢ ᠴᠦᠨ ᠯᠸᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2023/11/8
      11 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃      ᠬᠦᠵᠦᠭᠦᠪᠴᠢᠨ ᠰᠢᠯᠢ ᠺᠠᠯᠼ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠢ ᠴᠦᠨ ᠯᠸᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠡᠷᠡᠭ ᠢ ᠰᠢᠢᠳᠪᠦᠷᠢᠯᠡᠬᠦ ᠶᠢ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ ᠠᠬᠢᠭᠤᠯᠵᠤ᠂ ᠤᠯᠠᠨ ᠲᠦᠮᠡᠨ ᠤ ᠲᠤᠰᠬᠠᠯ ᠲᠣᠪᠤᠶᠢᠮ᠎ᠠ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠢᠳᠡᠪᠬᠢᠲᠡᠢ ᠬᠠᠷᠢᠭᠤᠯᠲᠠ ᠥᠭᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠵᠠᠰᠠᠯᠲᠠ ᠶᠢᠨ ᠲᠥᠰᠦᠯ ᠤᠨ ᠱᠠᠭᠠᠷᠳᠠᠯᠭ᠎ᠠ᠂ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠣᠨ ᠪᠦᠰᠡ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠲᠦᠢᠯᠪᠤᠷᠢᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ  ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号