ᠬᠠᠶᠢᠨᠠᠨ ᠲᠣᠭᠤᠷᠢᠭ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠦᠨ ᠴᠢᠨᠠᠷ ᠰᠠᠶᠢᠲᠠᠶ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ‌ᠬᠤᠷᠠᠯᠳᠣᠭᠤᠯᠪᠠ
ᠨᠡᠶᠢᠲᠡᠯᠡᠭᠰᠡᠨ ᠴᠠᠭ᠄
2023/11/8
      11 ᠰᠠᠷ᠎ᠠ ᠶᠢᠨ 6 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠠᠶᠢᠨᠠᠨ ᠲᠣᠭᠤᠷᠢᠭ ᠤᠨ ᠬᠡᠦᠷᠰᠢᠭᠦᠯᠬᠦ ᠠᠵᠤ ᠦᠶ᠋ᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠦᠨ ᠴᠢᠨᠠᠷ ᠰᠠᠶᠢᠲᠠᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠬᠠᠶ ᠬᠤᠲᠠ ᠶᠢᠨ ᠬᠡᠦᠷᠰᠢᠭᠦᠯᠬᠦ ᠠᠵᠤ ᠦᠶ᠋ᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠦᠨ ᠴᠢᠨᠠᠷ ᠰᠠᠶᠢᠲᠠᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠭᠦᠯᠬᠦ ᠪᠣᠯ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠭᠦᠯᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃      ᠬᠤᠷᠠᠯ ᠠᠴᠠ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠠᠷᠭ᠎ᠠ ᠬᠡᠮᠵᠢᠶ᠎ᠡ᠂ ᠵᠠᠩᠭᠢᠯᠠᠭ᠎ᠠ ᠶᠢᠨ ᠴᠡᠭ᠂ ᠬᠠᠷᠢᠭᠤᠴᠠᠯᠭᠠᠲᠠᠨ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠴᠠᠭ ᠤᠨ ᠬᠢᠵᠠᠭᠠᠷ ᠢ ᠲᠣᠩᠭᠤᠷᠤᠭᠤᠯᠤᠨ ᠵᠢᠭᠰᠠᠭᠠᠵᠤ᠂ ᠴᠠᠭ ᠢ ᠠᠮᠵᠢᠨ ᠠᠳᠬᠤᠵᠤ᠂ ᠬᠠᠭᠠᠵᠤ ᠵᠣᠭᠰᠣᠭᠠᠬᠤ ᠠᠵᠢᠯ ᠤᠨ ᠳᠤᠮᠳᠠ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠡᠮᠬᠢᠯᠡᠨ ᠰᠤᠳᠤᠯᠤᠨ ᠮᠠᠭᠠᠳᠯᠠᠵᠤ᠂ ᠢᠳᠡᠪᠬᠢᠲᠡᠶ ᠵᠣᠬᠢᠴᠠᠭᠤᠯᠤᠨ ᠰᠢᠶ᠋ᠳᠪᠦᠷᠢᠯᠡᠵᠦ᠂ ᠡᠯ᠎ᠡ ᠵᠦᠶ᠋ᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠲᠤᠭᠤᠷᠢᠭ ᠤᠨ ᠲᠡᠰ ᠤᠨ ᠤᠳᠤᠷᠢᠳᠤᠯᠭ᠎ᠠ ᠭᠤᠣᠯᠳᠠᠯᠭ᠎ᠠ ᠲᠠᠢ ᠲᠦᠷᠦᠯ ᠵᠦᠢᠯ ᠲᠠᠢ ᠬᠠᠷᠢᠯᠴᠠᠬᠤ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠨᠢᠭᠲᠠ ᠲᠤᠬᠢᠷᠠᠭᠤᠯᠵᠤ᠂ ᠤᠷᠢᠳᠴᠢᠯᠠᠨ ᠵᠢᠯᠣᠭᠤᠳᠴᠤ᠂ ᠪᠦᠬᠦ ᠶᠠᠪᠤᠴᠠ ᠳᠤ ᠮᠥᠷᠳᠡᠨ ᠠᠬᠢᠭᠤᠯᠵᠤ᠂ ᠲᠦᠷᠦᠯ ᠵᠦᠢᠯ ᠤᠨ ᠦᠢᠯᠡᠴᠢᠯᠡᠭᠡ ᠪᠣᠯᠤᠨ ᠡᠯᠧᠮᠧᠨ᠋ᠲ ᠤᠨ ᠪᠠᠲᠤᠯᠠᠭ᠎ᠠ ᠵᠡᠷᠭᠡ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠠᠬᠢᠴᠠ ᠶᠢ ᠨᠥᠯᠥᠭᠡᠯᠡᠬᠦ ︽ᠬᠠᠷᠰᠢ ᠰᠠᠭᠠᠳ︾ ᠢ ᠴᠠᠭ ᠲᠤᠬᠠᠢ ᠳᠤᠨᠢ ᠠᠷᠢᠯᠭᠠᠵᠤ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠠᠮᠤᠷ ᠲᠦᠪᠰᠢᠨ ᠢᠶᠠᠷ ᠬᠥᠭᠵᠢᠭᠦᠯᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠵᠢᠯᠳᠠᠨ᠂ ᠠᠵᠢᠯᠯᠠᠭᠴᠢ ᠶᠢᠨ ᠠᠮᠤᠷ ᠲᠦᠪᠰᠢᠨ ᠤ ᠪᠣᠯᠪᠠᠰᠤᠷᠠᠯ ᠢ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠪᠣᠯᠤᠨ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠮᠡᠷᠭᠡᠵᠢᠯ ᠤᠨ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ ᠠᠵᠢᠯᠯᠠᠬᠤ ᠬᠡᠷᠡᠭᠲᠡᠢ᠃ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠬᠡᠦᠷᠰᠢᠭᠦᠯᠬᠦ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠬᠠᠭᠠᠵᠤ ᠵᠣᠭᠰᠣᠭᠠᠬᠤ ᠠᠵᠢᠯ ᠢ ᠲᠦᠷᠭᠡᠳᠬᠡᠨ ᠠᠬᠢᠭᠤᠯᠬᠤ ᠶᠢᠨ ᠬᠠᠮᠲᠤ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠵᠣᠯᠭᠠᠭᠤᠯᠤᠨ ᠨᠡᠪᠲᠡᠷᠡᠯᠴᠡᠬᠦ ᠪᠠᠨ ᠴᠢᠩᠭᠠᠳᠬᠠᠵᠤ᠂ ᠬᠡᠦᠷᠰᠢᠭᠦᠯᠬᠦ ᠵᠤᠤᠬ᠎ᠠ ᠶᠢ ᠬᠠᠭᠠᠵᠤ ᠵᠣᠭᠰᠣᠭᠠᠭᠰᠠᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠬᠤ ᠬᠡᠷᠡᠭᠲᠡᠶ ᠭᠡᠵᠡᠢ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号