11 ᠰᠠᠷ᠎ᠠ ᠶᠢᠨ 7 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ | ᠤᠯᠤᠰ ᠤᠨ ᠡᠨᠧᠷᠭᠢ ᠶᠢᠨ ᠦᠬᠠᠶ ᠶᠢᠨ ᠡᠨᠧᠷᠭᠢ ᠶᠢᠨ ᠺᠣᠮᠫᠠᠨᠢ ᠲᠠᠢ ᠶᠠᠷᠢᠯᠴᠠᠬᠤ ᠬᠤᠷᠠᠯ ᠬᠢᠪᠠ᠃ ᠲᠣᠭᠤᠷᠢᠭ ᠤᠨ | ᠨᠠᠮ ᠤᠨ ᠬᠤᠷᠢᠶᠠᠨ ᠤ ᠱᠦᠵᠢ ᠢᠦᠢ ᡁᠢ ᠶᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠤᠯᠤᠰ ᠤᠨ | ᠡᠨᠧᠷᠭᠢ ᠶᠢᠨ ᠦᠬᠠᠢ ᠶᠢᠨ ᠡᠨᠧᠷᠭᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ | ᠳᠠᠷᠤᠭ᠎ᠠ ᠵᠧᠦ ᠶᠦᠩ᠂ ᠶᠡᠷᠦᠩᠬᠡᠢ ᠨᠢᠭᠲᠠᠯᠠᠨ ᠪᠣᠳᠣᠭᠴᠢ ᠯᠠᠨ ᠾᠧᠦ ᠵᠢᠶᠦ᠋ᠨ᠂ ᠳᠡᠳ᠋ ᠶᠡᠷᠦᠩᠬᠡᠢ ᠢᠨᠵᠧᠨᠧᠷ ᠸᠠᠩ | ᠬᠤᠩ ᠦ᠋ ᠬᠤᠷᠠᠯ ᠳᠤ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠢ ᠴᠦᠨ ᠯᠸᠢ᠂ ᠲᠣᠭᠤᠷᠢᠭ ᠤᠨ ᠤᠳᠤᠷᠢᠳᠤᠯᠭ᠎ᠠ ᠮᠠ ᠺᠠᠢ᠂ ᠴᠧᠨ ᠬᠠᠢ ᠰᠢᠶᠤᠤ᠂ ᠸᠠᠩ | ᠬᠤᠩ ᠼᠦᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠵᠧᠦ ᠶᠦᠩ ᠬᠡᠷᠡᠭ ᠮᠡᠳᠡᠭᠴᠢᠳ ᠤᠨ ᠳᠠᠷᠤᠭ᠎ᠠ ᠬᠠᠶᠢᠨᠠᠨ ᠲᠣᠭᠤᠷᠢᠭ ᠤᠨ | ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠦᠬᠠᠢ ᠶᠢᠨ | ᠡᠨᠧᠷᠭᠢ ᠶᠢᠨ ᠺᠣᠮᠫᠠᠨᠢ ᠶᠢ ᠬᠠᠯᠠᠮᠵᠢᠯᠠᠨ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ | ᠢᠯᠡᠳᠬᠡᠬᠦ ᠶᠢᠨ ᠬᠠᠮᠲᠤ ᠭᠠᠵᠠᠷ ᠤᠨ ᠭᠠᠮᠰᠢᠭ ᠢ ᠵᠠᠰᠠᠬᠤ᠂ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ᠂ | ᠨᠡᠶᠢᠲᠡ ᠶᠢᠨ ᠠᠰᠠᠷᠠᠮᠵᠢ ᠶᠢᠨ ᠤᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ | ᠰᠣᠯᠢᠯᠴᠠᠪᠠ᠃ | ᠢᠦᠢ ᡁᠢ ᠶᠦᠩ ᠬᠡᠷᠡᠭ ᠮᠡᠳᠡᠭᠴᠢᠳ ᠤᠨ ᠳᠠᠷᠤᠭ᠎ᠠ ᠵᠧᠦ ᠶᠦᠩ ᠨᠠᠷ ᠤᠨ ᠬᠦᠷᠦᠯᠴᠡᠨ ᠢᠷᠡᠭᠰᠡᠨ ᠢ | ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠠᠶᠢᠨᠠᠨ ᠲᠣᠭᠤᠷᠢᠭ ᠪᠣᠯᠤᠨ ᠦᠬᠠᠢ ᠶᠢᠨ ᠡᠨᠧᠷᠭᠢ ᠶᠢᠨ ᠺᠣᠮᠫᠠᠨᠢ | ᠤᠯᠠᠨ ᠵᠢᠯ ᠤᠨ ᠬᠠᠮᠲᠤᠷᠠᠯᠴᠠᠭ᠎ᠠ ᠳᠤᠮᠳᠠ᠂ ᠨᠢᠭᠡᠨᠲᠡ ᠮᠠᠰᠢ ᠨᠢᠭᠲᠠ ᠬᠠᠮᠲᠤᠷᠠᠯᠴᠠᠭᠠᠨ ᠤ ᠬᠠᠨᠢᠲᠠᠨ ᠪᠣᠯᠵᠠᠢ᠃ | ᠬᠠᠶᠢᠨᠠᠨ ᠲᠣᠭᠤᠷᠢᠭ ᠤᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠦᠬᠠᠢ ᠶᠢᠨ ᠡᠨᠧᠷᠭᠢ ᠶᠢᠨ ᠺᠣᠮᠫᠠᠨᠢ ᠶᠢᠨ | ᠬᠠᠶᠢᠨᠠᠨ ᠲᠣᠭᠤᠷᠢᠭ ᠲᠠᠬᠢ ᠡᠯ᠎ᠡ ᠵᠦᠢᠯ ᠤᠨ ᠦᠢᠯᠡᠰ ᠤᠨ ᠬᠥᠭᠵᠢᠨ ᠪᠤᠵᠠᠭᠠᠢᠢᠷᠠᠬᠤ ᠶᠢ ᠳᠡᠮᠵᠢᠵᠦ᠂ ᠣᠷᠣᠰᠢᠵᠤ | ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ᠂ ᠦᠬᠠᠢ ᠶᠢᠨ ᠡᠨᠧᠷᠭᠢ ᠶᠢᠨ | ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠵᠠᠰᠠᠯᠲᠠ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠣᠷᠣᠨ ᠪᠦᠰᠡ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠬᠠᠶᠢᠨᠠᠨ ᠲᠣᠭᠤᠷᠢᠭ ᠲᠤ | ᠨᠡᠩ ᠤᠯᠠᠨ ᠳᠡᠮᠵᠢᠯᠭᠡ ᠦᠵᠡᠭᠦᠯᠵᠦ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠠᠵᠤ ᠠᠬᠤᠶᠢᠯᠠᠯ | ᠬᠠᠮᠲᠤᠷᠠᠯᠴᠠᠵᠤ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠬᠠᠮᠲᠤᠪᠠᠷ ᠡᠭᠦᠳᠬᠦ ᠶᠢ ᠬᠦᠰᠡᠵᠦ ᠪᠠᠶᠢᠨ᠎ᠠ ᠭᠡᠵᠡᠢ᠃ | | |