11 ᠰᠠᠷ᠎ᠠ ᠶᠢᠨ 7 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠲᠠᠪᠤᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠪᠠ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ︔ ᠵᠠᠰᠠᠭ ᠤᠨ ᠣᠷᠳᠣᠨ ᠤ | ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ᠂ | ᠨᠡᠭᠦᠷᠡᠰᠦᠨ ᠤ ᠶᠡᠷᠦᠩᠬᠡᠶᠢᠯᠡᠭᠰᠡᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ | ᠲᠤᠬᠠᠶ ᠮᠡᠳᠡᠭᠦᠯᠦᠯᠲᠡ᠂ ᠪᠠᠶᠠᠨᠲᠣᠬᠤᠶ ᠪᠠᠯᠭᠠᠰᠤ ᠬᠢᠭᠡᠳ ᠬᠤᠲᠠ ᠶᠢᠨ ᠲᠤᠤᠷ᠎ᠠ ᠨᠡᠭᠦᠷᠡᠰᠦᠲᠥ᠋ᠷᠥᠭᠴᠢᠲᠤ ᠠᠵᠤ | ᠦᠢᠯᠡᠰ ᠤᠨ ᠬᠦᠷᠢᠶᠡᠯᠡᠩ ᠢ ᠠᠭᠤᠰᠤᠯᠴᠠᠭᠤᠯᠤᠨ ᠬᠥᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ᠂ | ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠦᠨᠳᠦᠰᠦᠲᠡᠨ ᠤ ᠠᠵᠢᠯ ᠤᠨ ᠵᠥᠪᠯᠡᠯ ᠤᠨ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ | ᠦᠨᠳᠦᠰᠦᠲᠡᠨ ᠤ ᠠᠵᠢᠯ ᠤᠨ ᠵᠥᠪᠯᠡᠯ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ︿2023 ᠣᠨ ᠤ ᠰᠢᠨ᠎ᠡ ᠪᠠᠷ ᠨᠡᠮᠡᠭᠳᠡᠭᠰᠡᠨ ᠣᠷᠣᠨ ᠨᠤᠲᠤᠭ ᠤᠨ ᠵᠠᠰᠠᠭ ᠤᠨ ᠣᠷᠳᠣᠨ ᠤ | ᠥᠷᠢ ᠥᠭᠴᠡᠭᠡᠨ ᠤ ᠬᠢᠵᠠᠭᠠᠷ ᠲᠤᠭ᠎ᠠ ᠵᠢᠴᠢ ᠵᠢᠭᠡᠯᠡᠯᠭᠡ ᠶᠢᠨ ᠲᠡᠮᠳᠡᠭᠲᠦ ᠶᠢ ᠲᠣᠬᠢᠷᠠᠭᠤᠯᠤᠨ ᠬᠡᠷᠡᠭᠯᠡᠭᠰᠡᠨ | ᠪᠠᠶᠢᠳᠠᠯ ᠤᠨ ᠲᠤᠬᠠᠶ ᠮᠡᠳᠡᠭᠦᠯᠦᠯᠲᠡ﹀ ᠶᠢ ᠬᠢᠨᠠᠨ ᠵᠥᠪᠯᠡᠭᠰᠡᠨ ᠰᠠᠨᠠᠯ᠂ 2021 ᠣᠨ ᠤ ᠵᠠᠰᠠᠭ ᠤᠨ ᠣᠷᠳᠣᠨ ᠤ | ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠪᠠ | ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠭᠰᠠᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠮᠡᠳᠡᠭᠦᠯᠦᠯᠲᠡ᠂ ᠲᠤᠭᠤᠷᠢᠭ ᠤᠨ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠭᠤᠷᠪᠠᠳᠤᠭᠠᠷ ᠬᠤᠷᠠᠯᠳᠤᠭᠠᠨ ᠠᠴᠠ ᠳᠤᠷᠠᠳᠤᠭᠰᠠᠨ ᠡᠯ᠎ᠡ ᠵᠦᠢᠯ ᠤᠨ ᠬᠢᠨᠠᠨ ᠵᠥᠪᠯᠡᠭᠰᠡᠨ | ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ ᠪᠠ ᠬᠠᠤᠯᠢ ᠴᠠᠭᠠᠵᠠ ᠶᠢᠨ ᠠᠵᠢᠯ ᠳᠤ | ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠠᠨᠠᠯ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰᠢᠶᠠᠯ ᠳᠤ ᠲᠣᠮᠢᠯᠠᠵᠤ ᠲᠤᠰᠢᠶᠠᠯ ᠠᠴᠠ | ᠪᠠᠭᠤᠯᠭᠠᠬᠤ ᠠᠵᠢᠯ ᠤᠨ ᠠᠷᠭ᠎ᠠ︔ ᠬᠤᠷᠠᠯ ᠠᠴᠠ ᠪᠠᠰᠠ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ | ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠵᠦᠢᠯᠡᠰ ᠢ ᠪᠠᠲᠤᠯᠠᠪᠠ᠃ | ᠬᠤᠷᠠᠯ ᠠᠴᠠ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ | ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠃ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠪᠦᠬᠦ ᠲᠣᠭᠤᠷᠢᠭ ᠤᠨ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ | ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠠᠷᠳᠠᠬᠤ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ | ︽ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠥᠪ | ᠬᠤᠷᠢᠶᠠᠨ ᠤ ᠪᠠᠶᠢᠷᠢᠯᠠᠭᠤᠯᠤᠯᠲᠠ ᠲᠠᠢ᠂ ᠨᠠᠮ ᠤᠨ ᠬᠤᠷᠢᠶ᠎ᠠ ᠲᠤᠬᠢᠷᠠᠭᠤᠯᠤᠯᠳᠠ ᠲᠠᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠭ᠎ᠠ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠪᠣᠳᠠᠲᠠᠢ ᠶᠢ ᠡᠷᠬᠢᠮᠯᠡᠨ | ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ | ᠬᠤᠷᠢᠶᠠᠨ ᠤ ᠥᠪᠥᠷ ᠮᠣᠩᠭᠤᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ | ᠡᠵᠡᠮᠳᠡᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠳᠡᠭᠡᠨ ᠴᠡᠭᠡᠵᠢᠯᠡᠵᠦ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠵᠢᠱᠢᠶᠡᠴᠢ | ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠠᠬᠢᠭᠤᠯᠬᠤ ᠶᠠᠪᠤᠴᠠ ᠳᠠᠬᠢ ᠬᠦᠴᠢᠷ ᠲᠦᠪᠡᠭᠲᠡᠢ ᠠᠰᠠᠭᠤᠳᠠᠯ ᠢ | ᠴᠠᠭ ᠲᠤᠬᠠᠢ ᠳᠤᠨᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠠᠵᠢᠯᠯᠠᠭᠠᠨ ᠤ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠵᠤ᠂ ᠬᠠᠶᠢᠨᠠᠨ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠰᠢᠨ᠎ᠡ | ᠦᠷ᠎ᠡ ᠪᠦᠲᠦᠮᠵᠢ ᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃ | |