ᠪᠠᠢ ᠴᠦᠨ ᠯᠸᠢ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/11/9
      11 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ︽ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠵᠤ᠂ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠵᠠᠩ ᠶᠠᠨ ᠫᠢᠩ᠂ ᠴᠧᠨ ᠬᠠᠶ ᠰᠢᠶᠣᠣ᠂ ᠸᠠᠩ ᠶᠦᠩ ᠱᠧᠩ ᠵᠢᠴᠢ ᠡᠯ᠎ᠡ ᠪᠠᠯᠭᠠᠰᠤ ︵ᠵᠡᠭᠡᠯᠢ ᠭᠤᠳᠤᠮᠵᠢ︶᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠪᠦᠷᠢᠯᠳᠦᠬᠦᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠮ ᠤᠨ ᠬᠢᠴᠢᠶᠡᠯ ᠤᠨ ᠠᠵᠢᠯᠯᠠᠭ᠎ᠠ ᠳᠤ ᠣᠷᠣᠯᠴᠠᠪᠠ᠃      ᠪᠠᠢ ᠴᠦᠨ ᠯᠸᠢ᠂ ᠶᠡᠷᠦᠩᠬᠡᠢ ᠱᠦᠵᠢ ᠰᠢ ᠶᠢᠨ ᠫᠢᠩ ᠤᠨ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠠᠳ ᠲᠦᠮᠡᠨ ᠳᠤ ᠪᠤᠶᠠᠨ ᠦᠢᠯᠡᠳᠬᠦ ᠶᠢ ᠬᠠᠮᠤᠭ ᠤᠨ ᠴᠢᠬᠤᠯᠠ ᠠᠵᠢᠯ ᠤᠨ ᠪᠦᠲᠦᠮᠵᠢ ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ᠂ ᠪᠣᠳᠠᠲᠤ ᠦᠷ᠎ᠡ ᠪᠦᠲᠦᠮᠵᠢ ᠶᠢ ᠡᠭᠦᠳᠬᠦ᠂ ᠪᠣᠳᠠᠲᠤ ᠠᠮᠵᠢᠯᠲᠠ ᠶᠢ ᠡᠭᠦᠳᠬᠦ ᠶᠠᠪᠤᠳᠠᠯ ᠢ ᠢᠯᠡᠭᠦᠬᠡᠨ ᠬᠢᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠴᠦ᠂ ᠦᠢᠯᠡᠳᠦᠯᠭᠡ᠂ ᠠᠷᠠᠳ ᠲᠦᠮᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠳᠠᠲᠤ ᠦᠷ᠎ᠡ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃      ᠪᠠᠢ ᠴᠦᠨ ᠯᠸᠢ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠪᠠᠶᠢᠭᠤᠯᠤᠯ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢᠨ ᠴᠢᠬᠤᠯᠠ ᠤᠯᠠᠮᠵᠢᠯᠠᠯ ᠪᠠ ᠣᠨᠣᠯ ᠤᠨ ᠰᠢᠨ᠎ᠡ ᠡᠭᠦᠳᠦᠯᠲᠡ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠡᠬᠢ ᠰᠤᠷᠪᠤᠯᠵᠢ ᠪᠠ ᠠᠮᠢᠳᠤᠯᠢᠭ ᠦᠢᠯᠡᠳᠦᠯᠭᠡ ᠮᠥᠨ᠂ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠪᠠᠷ ᠳᠠᠮᠵᠢᠭᠤᠯᠤᠨ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠲᠦᠭ ᠲᠦᠮᠡᠨ ᠠᠶᠢᠯ ᠡᠷᠦᠬᠡ ᠶᠢᠨ ᠶᠠᠪᠤᠳᠠᠯ ᠢ ᠰᠠᠶᠢᠲᠤᠷ ᠬᠢᠵᠦ᠂ ᠣᠯᠠᠨ ᠲᠦᠮᠡᠨ ᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ᠬᠦᠴᠢᠷᠳᠡᠯ ᠢ ᠦᠨᠡᠨ ᠠᠴᠠ ᠵᠥᠪ ᠢ ᠡᠷᠢᠵᠦ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠳᠤ ᠪᠤᠶᠠᠨ ᠦᠢᠯᠡᠳᠬᠦ ᠦᠢᠯᠡᠰ ᠢ ᠲᠠᠰᠤᠷᠠᠯᠲᠠ ᠦᠭᠡᠢ ᠲᠦᠯᠬᠢᠨ ᠤᠷᠤᠭᠰᠢᠯᠠᠭᠤᠯᠬᠤ ᠬᠡᠷᠡᠭᠲᠡᠶ᠃ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠪᠦᠬᠦ ᠣᠷᠣᠨ ᠢᠶᠠᠷ ᠢᠶᠠᠨ ᠡᠷᠬᠡᠪᠰᠢ ᠰᠠᠭᠤᠵᠤ ᠳᠡᠶᠢᠯᠬᠦ ᠦᠭᠡᠢ ᠪᠠᠴᠢᠮ ᠲᠤᠯᠭᠠᠮ᠎ᠠ ᠰᠡᠳᠬᠢᠯᠭᠡ᠂ ᠤᠳᠠᠭᠠᠰᠢᠷᠠᠭᠤᠯᠵᠤ ᠪᠣᠯᠤᠰᠢ ᠦᠭᠡᠢ ᠲᠦᠭᠰᠢᠭᠦᠷᠢᠲᠦ ᠰᠡᠳᠬᠢᠯᠭᠡ᠂ ᠬᠦᠯᠢᠶᠡᠵᠦ ᠳᠡᠶᠢᠯᠬᠦ ᠦᠭᠡᠢ ᠬᠠᠷᠢᠭᠤᠴᠠᠯᠭᠠᠲᠤ ᠰᠡᠳᠬᠢᠯᠭᠡ ᠪᠠᠷ ᠠᠵᠤ ᠠᠬᠤᠢ ᠶᠢᠨ ᠠᠵᠢᠯᠯᠠᠭᠠᠨ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠰᠤᠳᠤᠯᠤᠨ ᠰᠦᠪᠡᠭᠴᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠵᠤ ᠠᠬᠤᠢ ᠨᠡᠶᠢᠭᠡᠮ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ᠠᠯᠢᠪᠠ ᠪᠦᠬᠦᠨ ᠳᠤ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠠᠵᠤ ᠠᠬᠤᠶᠢᠯᠠᠯ ᠳᠤ ᠭᠦᠨᠵᠡᠭᠡᠶᠢᠷᠡᠵᠦ᠂ ︽ᠰᠢᠨ᠎ᠡ ᠨᠠᠷᠢᠯᠢᠭ ᠪᠣᠳᠠᠲᠠᠢ︾ ᠰᠢᠯᠢᠳᠡᠭ ᠰᠢᠨ᠎ᠡ ᠰᠤᠷᠲᠠᠯ ᠢ ᠶᠡᠭᠡ ᠪᠠᠷ ᠪᠤᠢ ᠪᠣᠯᠭᠠᠵᠤ᠂ ᠨᠢᠭᠡ ᠶᠢ ᠬᠡᠯᠡᠪᠡᠯ ᠨᠢᠭᠡ ᠶᠢ ᠬᠢᠵᠦ᠂ ᠨᠢᠭᠡ ᠶᠢ ᠬᠢᠪᠡᠯ ᠨᠢᠭᠡ ᠶᠢ ᠪᠦᠲᠦᠭᠡᠬᠦ ᠶᠢ ᠪᠠᠲᠤᠯᠠᠬᠤ ᠬᠡᠷᠡᠭᠲᠡᠢ᠃      ᠪᠠᠢ ᠴᠦᠨ ᠯᠸᠢ᠂ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠶᠢᠭᠤᠯᠵᠤ᠂ ᠠᠰᠠᠭᠤᠳᠠᠯ ᠢ ᠰᠢᠢᠳᠪᠦᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠢᠮᠠᠭᠲᠠ ᠲᠤᠭᠤᠰᠢᠯᠠᠭᠤᠯᠵᠤ᠂ ᠠᠷᠠᠳ ᠲᠦᠮᠡᠨ ᠳᠤ ᠮᠡᠳᠡᠷᠡᠭᠳᠡᠭᠰᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠵᠠᠰᠠᠭ ᠤᠨ ᠠᠵᠢᠯ ᠤᠨ ᠪᠦᠲᠦᠮᠵᠢ ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号