ᠰᠤᠷᠪᠤᠯᠵᠢᠯᠡᠭᠴᠢ ᠥᠪᠡᠷᠲᠡᠭᠡᠨ ᠵᠠᠰᠠᠬᠤ ᠣᠷᠣᠨ ᠤ ᠡᠪᠡᠳᠴᠢᠨ ᠢ ᠰᠡᠷᠭᠡᠢᠯᠡᠨ ᠡᠵᠡᠮᠳᠡᠬᠦ ᠲᠣᠪᠴᠢᠶ᠎ᠠ ᠠᠴᠠ | ᠣᠶᠢᠯᠠᠭᠠᠭᠰᠠᠨ ᠨᠢ ᠂ ᠮᠠᠨ ᠤ ᠤᠷᠤᠨ 11 ᠰᠠᠷ᠎ᠠ ᠠᠴᠠ ᠡᠬᠢᠯᠡᠨ ᠪᠥᠬᠦ ᠣᠷᠣᠨ ᠤ ᠊ ᠡᠯ᠎ᠡ ᠠᠢᠮᠠᠭ ᠬᠤᠲᠠ ᠲᠤ | 9 ᠸᠠᠯᠧᠨ᠋ᠳ᠋ᠲᠤ HPV ᠸᠠᠺᠼᠢᠨ᠋ ᠤ ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠭ᠊ ᠦᠪᠡᠷ ᠪᠣᠶ᠃ | ᠥᠪᠡᠷᠲᠡᠭᠡᠨ ᠵᠠᠰᠠᠬᠤ ᠣᠷᠣᠨ᠋ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠵᠢᠯ ᠤᠨ | ᠪᠠᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ ᠥᠷᠭᠡᠨ ᠣᠯᠠᠨ ᠲᠤᠬᠢᠷᠠᠬᠤ ᠨᠠᠰᠤᠨ ᠤ ᠡᠮᠡᠭᠳᠡᠢ ᠶᠢᠨ HPV | ᠸᠠᠺᠼᠢᠨ᠋ ᠤ ᠲᠠᠷᠢᠯᠭ᠎ᠠ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠥᠷᠭᠡᠨ ᠣᠯᠠᠨ ᠡᠮᠡᠭᠳᠡᠢ ᠶᠢᠨ | ᠪᠡᠶ᠎ᠡ ᠮᠢᠬᠠᠪᠣᠳ ᠤᠨ ᠡᠷᠡᠭᠦᠯ ᠮᠡᠨᠳᠦ ᠪᠠ ᠠᠮᠢ ᠪᠡᠶ᠎ᠡ ᠶᠢᠨ ᠠᠰᠢᠭ᠋ ᠲᠣᠰᠠ ᠶᠢ ᠬᠠᠮᠠᠭᠠᠯᠠᠬᠤ ᠲᠥᠯᠥᠭᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ᠋ ᠤ ᠡᠪᠡᠳᠴᠢᠨ ᠡᠮᠭᠡᠭ ᠢ ᠰᠡᠷᠭᠡᠢᠯᠡᠨ ᠡᠵᠡᠮᠳᠡᠬᠦ ᠲᠣᠪᠴᠢᠶ᠎ᠠ HPV | ᠸᠠᠺᠼᠢᠨ ᠤ ᠬᠠᠩᠭᠠᠯᠭ᠎ᠠ ᠶᠢᠨ ᠠᠵᠤ ᠠᠬᠤᠢᠯᠠᠯ ᠲᠠᠢ ᠢᠳᠡᠪᠬᠢᠲᠡ᠊ ᠢ ᠪᠠᠷ ᠵᠥᠪᠳᠡᠯᠴᠡᠵᠦ ᠪᠠᠢᠭᠠᠳ ᠸᠠᠺᠼᠢᠨ᠋ ᠤ᠊ | ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠬᠦ ᠪᠠᠷ ᠪᠤᠯᠵᠠᠢ᠃ ᠣᠳᠣᠬᠠᠨ᠋ ᠲᠤ ᠡᠯ᠎ᠡ ᠠᠢᠮᠠᠭ ᠬᠤᠲᠠ ᠶᠢᠨ HPV | ᠸᠠᠺᠼᠢᠨ ᠢ ᠨᠢᠭᠡᠨᠲᠡ ᠵᠠᠯᠭᠠᠭ᠎ᠠ ᠪᠠᠷ ᠬᠦᠷᠭᠡᠭᠰᠡᠨ ᠪᠣᠯᠬᠤᠷ᠂ ᠪᠥᠬᠦ ᠣᠷᠣᠨ ᠲᠤ 11 ᠰᠠᠷ᠎ᠠ ᠶᠢᠨ ᠳᠣᠮᠳᠠᠴᠠ ᠠᠴᠠ | ᠡᠬᠢᠯᠡᠨ ︽ᠮᠦᠩᠬᠡ ᠰᠤᠪᠠᠭ︾ ︵蒙速办︶ APP ᠪᠠᠷ ᠳᠠᠮᠵᠢᠭᠤᠯᠤᠨ ᠤᠷᠢᠳᠴᠢᠯᠠᠨ ᠪᠣᠯᠵᠣᠬᠤ | ᠳ᠋ᠤᠭᠠᠷ ᠬᠠᠩᠭᠠᠭᠠᠬᠤ ᠪᠣᠶ᠃ | HPV ᠸᠠᠺᠼᠢᠨ ᠤ ᠲᠠᠷᠢᠯᠭ᠎ᠠ ᠪᠣᠯ ᠰᠠᠪᠠ ᠶᠢᠨ ᠬᠦᠵᠦᠭᠦᠨ᠋ ᠤ ᠥᠮᠡᠨ ᠵᠢᠴᠢ ᠬᠤᠯᠪᠣᠭᠳᠠᠯ ᠪᠦᠬᠦᠢ | ᠡᠪᠡᠳᠴᠢᠨ ᠢ ᠰᠡᠷᠭᠡᠢᠯᠡᠬᠦ ᠪᠦᠲᠦᠮᠵᠢᠲᠡᠶ ᠠᠷᠭ᠎ᠠ ᠮᠥᠨ᠂ ᠲᠣᠰ ᠸᠠᠺᠼᠢᠨ ᠨᠢ ᠡᠬᠢᠯᠢᠯᠡᠶᠢᠭᠡ ᠶᠢᠨ ᠲᠣᠯᠣᠪᠵᠢᠭᠦᠯᠭᠡ | ᠶᠢᠨ ᠪᠤᠰᠤ ᠸᠠᠺᠼᠢᠨ ᠮᠥᠨ᠂ ᠣᠯᠠᠨ ᠲᠦᠮᠡᠨ ᠰᠠᠢᠨ ᠲᠣᠷ᠎ᠠ ᠠᠴᠠ ᠪᠠᠨ ᠥᠪᠡᠷ ᠤᠨ ᠰᠦᠢᠳᠬᠡᠯ ᠢᠶᠠᠷ ᠢᠶᠠᠨ | ᠲᠠᠷᠢᠯᠭ᠎ᠠ ᠬᠢᠳᠡᠭ᠂ 9 — 45 ᠨᠠᠰᠤᠨ ᠤ ᠡᠮᠡᠭᠲᠡᠢ ᠳᠤ ᠲᠤᠬᠢᠷᠠᠨ᠎ᠠ᠃ ᠲᠠᠷᠢᠬᠤ ᠱᠠᠭᠠᠷᠳᠠᠯᠭ᠎ᠠ ᠲᠠᠢ ᠲᠤᠬᠢᠷᠠᠬᠤ | ᠨᠠᠰᠤᠨ᠋` ᠤ ᠬᠥᠮᠥᠰ ︽ᠮᠦᠩᠬᠡ ᠰᠤᠪᠠᠭ︾ ᠲᠤ ᠳᠠᠩᠰᠠᠯᠠᠭᠤᠯᠤᠭᠰᠠᠨ᠋ ᠤ ᠳᠠᠷᠠᠭ᠎ᠠ᠂ ᠲᠦᠷᠤᠭᠦᠤ ᠨᠢᠭᠤᠷ ᠲᠠᠬᠢ | HPV ᠸᠠᠺᠼᠢᠨ ᠤ ᠲᠠᠷᠢᠯᠭ᠎ᠠ ᠶᠢᠨ ᠬᠤᠯᠪᠤᠭᠠᠰᠤ ᠪᠠᠷ ᠤᠷᠤᠵᠤ ᠤᠷᠢᠳᠴᠢᠯᠠᠨ ᠪᠣᠯᠵᠣᠵᠤ ᠪᠣᠯᠣᠨ᠎ᠠ᠃ | 9 ᠸᠠᠯᠧᠨ᠋ᠳ᠋ᠲᠤ HPV ᠸᠠᠺᠼᠢᠨ ᠤ ᠲᠠᠷᠢᠯᠭ᠎ᠠ ᠲᠠᠷᠢᠬᠤ ᠬᠥᠮᠥᠨ ᠤ ᠲᠤᠭ᠎ᠠ ᠨᠡᠯᠢᠶᠡᠳ ᠣᠯᠠᠨ ᠪᠠᠢᠬᠤ | ᠤᠴᠢᠷ ᠠᠴᠠ ᠤᠷᠢᠳᠴᠢᠯᠠᠨ ᠪᠣᠯᠵᠣᠭᠰᠠᠨ ᠦᠭᠡᠢ ᠬᠥᠮᠥᠰ ᠬᠦᠯᠢᠴᠡᠩᠭᠦᠢ ᠪᠠᠷ ᠬᠦᠯᠢᠶᠡᠬᠦ ᠶᠢ ᠰᠠᠨᠠᠭᠤᠯᠵᠤ ᠪᠠᠢᠨ᠎ᠠ᠂ | ᠰᠠᠷ᠎ᠠ ᠪᠦᠷᠢ ᠤᠷᠢᠳᠴᠢᠯᠠᠨ ᠪᠦᠯᠵᠤᠬᠤ ᠦᠭᠡᠢ ᠨᠡᠭᠡᠭᠡᠬᠦ ᠤᠴᠢᠷ ᠠᠴᠠ ᠲᠠᠷᠢᠵᠤ ᠳᠡᠢᠯᠬᠦ ᠪᠦᠬᠦᠨ᠋ ᠲᠤ ᠴᠦᠮ | ᠲᠠᠷᠢᠬᠤ ᠪᠠᠷ ᠴᠢᠷᠮᠠᠢᠨ᠎ᠠ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠋ ᠤ ᠡᠪᠡᠳᠴᠢᠨ ᠡᠮᠭᠡᠭ ᠢ | ᠰᠡᠷᠭᠡᠢᠯᠡᠨ ᠡᠵᠡᠮᠳᠡᠬᠦ ᠲᠣᠪᠴᠢᠶ᠎ᠠ ᠶᠢᠨ ᠬᠢᠨ ᠢᠯᠡᠷᠬᠡᠢᠯᠡᠵᠡᠢ᠃ |