ᠪᠠᠢ ᠴᠦᠨ ᠯᠸᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/9
      11 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠶᠢᠨᠠᠨ ᠲᠣᠭᠤᠷᠢᠭ ᠤᠨ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠰᠤᠳᠤᠯᠤᠨ ᠬᠢᠨᠠᠨ ᠵᠥᠪᠯᠡᠵᠦ᠂ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ︽ᠰᠠᠨᠠᠯ︾ ᠢ ᠨᠡᠶᠢᠲᠡᠯᠡᠭᠰᠡᠨ ᠨᠢ ᠪᠢᠳᠡᠨ ᠤ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ᠂ ᠭᠤᠣᠯᠳᠠᠯᠭ᠎ᠠ ᠲᠠᠢ ᠠᠵᠢᠯ ᠢ ᠱᠠᠯᠠᠪᠳᠠᠨ ᠲᠠᠨᠢᠵᠤ᠂ ᠡᠭᠦᠷᠭᠡ ᠶᠢᠨ ᠨᠠᠷᠢᠨ ᠬᠠᠭᠤᠳᠠᠰᠤ ᠳᠤ ᠲᠣᠳᠣᠷᠬᠠᠶ ᠲᠣᠭᠲᠠᠭᠠᠭᠰᠠᠨ ᠪᠣᠳᠠᠲᠠᠶ ᠵᠦᠢᠯᠡᠰ ᠲᠤ ᠪᠣᠳᠠᠲᠠᠶ ᠶᠢ ᠡᠷᠬᠢᠮᠯᠡᠭᠰᠡᠨ ᠪᠥᠭᠡᠳ ᠲᠤᠰᠠᠲᠠᠶ ᠲᠥᠰᠦᠯ ᠠᠷᠭ᠎ᠠ ᠬᠡᠮᠵᠢᠶ᠎ᠡ ᠠᠪᠴᠤ᠂ ᠠᠷᠭ᠎ᠠ ᠵᠠᠮ ᠪᠠ ᠭᠠᠷᠳᠠᠴᠠ ᠶᠢ ᠲᠣᠳᠣᠷᠬᠠᠶᠢᠯᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠪᠡᠷᠰᠢᠶᠡᠯ ᠢ ᠠᠷᠢᠯᠭᠠᠨ᠂ ᠲᠦᠭᠵᠢᠷᠡᠯ ᠢ ᠨᠡᠪᠲᠡᠷᠡᠭᠦᠯᠵᠦ᠂ ᠡᠯ᠎ᠡ ᠵᠦᠢᠯ ᠤᠨ ᠡᠭᠦᠷᠭᠡ ᠪᠠᠨ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠶ᠃      ᠬᠤᠷᠠᠯ ᠠᠴᠠ᠂ 2023 ᠣᠨ ᠵᠥᠪᠬᠡᠨ ᠬᠤᠶᠠᠷ ᠰᠠᠷ᠎ᠠ ᠦᠯᠡᠳᠡᠵᠦ᠂ ᠪᠥᠬᠦ ᠵᠢᠯ ᠤᠨ ᠰᠢᠪᠲᠤᠯᠤᠯᠲᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠪᠥᠬᠦ ᠣᠷᠣᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠪᠠᠶᠢᠳᠠᠯ ᠢ ᠲᠣᠳᠣᠷᠬᠠᠶ ᠲᠠᠨᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠶ ᠠᠵᠢᠯᠯᠠᠵᠤ᠂ ᠪᠥᠬᠦ ᠵᠢᠯ ᠤᠨ ᠠᠵᠤ ᠠᠬᠤᠶ ᠶᠢᠨ ᠭᠦᠢᠴᠡᠳᠬᠡᠯ ᠲᠤᠭ᠎ᠠ ᠰᠥᠭᠡᠷᠭᠦ ᠪᠤᠯᠤᠬᠰᠠᠨ ᠢᠶᠠᠷ ᠲᠥᠪ ᠪᠣᠯᠭᠠᠬᠤ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠭᠠᠶᠢᠯᠢ ᠲᠠᠲᠠᠪᠤᠷᠢ ᠪᠠ ᠥᠷᠢ ᠥᠭᠴᠡᠭᠡ ᠶᠢ ᠠᠷᠢᠯᠭᠠᠬᠤ᠂ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠡᠭᠡᠯᠵᠢ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠬᠢᠨᠠᠨ ᠰᠢᠯᠭᠠᠵᠤ ᠰᠢᠯᠭᠠᠨ ᠪᠠᠶᠢᠴᠠᠭᠠᠬᠤ ᠶᠢ ᠤᠭᠲᠤᠬᠤ᠂ 3 ᠡᠮᠬᠢᠯᠡᠨ ᠨᠡᠶᠢᠯᠡᠭᠦᠯᠬᠦ ᠵᠢᠴᠢ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠰᠠᠶᠢᠲᠤᠷ ᠬᠢᠵᠦ᠂ ᠨᠠᠩ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠪᠥᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠡᠮᠦᠨ᠎ᠡ ᠨᠢ ᠵᠢᠯᠣᠭᠤᠳᠴᠤ᠂ ᠪᠦᠬᠦ ᠶᠠᠪᠤᠴᠠ ᠳᠤ ᠮᠥᠷᠳᠡᠨ ᠠᠬᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠨᠡᠩ ᠶᠡᠭᠡ ᠡᠷᠴᠢᠮ ᠢᠶᠠᠷ ᠲᠤᠬᠢᠷᠠᠭᠤᠯᠤᠯᠳᠠ ᠶᠢ ᠠᠳᠬᠤᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠠᠬᠢ ᠠᠰᠠᠭᠤᠳᠠᠯ ᠪᠣᠯᠤᠨ ᠬᠦᠴᠢᠷᠳᠡᠯ ᠢ ᠢᠳᠡᠪᠬᠢᠲᠡᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠲᠦᠷᠦᠯ ᠵᠦᠢᠯ ᠤᠨ ᠪᠣᠳᠠᠲᠠᠢ ᠠᠵᠢᠯ ᠤᠨ ᠬᠡᠮᠵᠢᠶ᠎ᠡ ᠪᠣᠯᠤᠨ ᠪᠣᠳᠠᠲᠠᠢ ᠨᠡᠮᠡᠭᠳᠡᠯ ᠤᠨ ᠬᠡᠮᠵᠢᠶ᠎ᠡ ᠶᠢ ᠲᠦᠷᠭᠡᠨ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠲᠥᠷᠥᠯ ᠵᠦᠢᠯ ᠤᠨ ᠨᠥᠭᠡᠴᠡ ᠶᠢ ᠲᠦᠷᠭᠡᠳᠬᠡᠨ᠂ ᠠᠯᠤᠰ ᠬᠡᠲᠦ ᠶᠢ ᠣᠨᠢᠯᠠᠵᠤ᠂ ᠰᠡᠳᠬᠢᠬᠦᠶ ᠪᠠᠨ ᠰᠢᠨᠡᠴᠢᠯᠡᠵᠦ᠂ ᠤᠷᠢᠳᠴᠢᠯᠠᠨ ᠲᠥᠯᠥᠪᠵᠢᠭᠦᠯᠵᠦ᠂ ᠪᠣᠳᠠᠲᠠᠶ ᠲᠠᠢ ᠪᠠᠨ ᠤᠶᠠᠯᠳᠤᠭᠤᠯᠤᠨ᠂ ᠨᠢᠭᠡ ᠪᠦᠯᠦᠭ ᠳᠤᠲᠠᠭᠤᠳᠠᠯ ᠢᠶᠠᠨ ᠨᠥᠬᠦᠪᠥᠷᠢᠯᠡᠬᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠬᠦ᠂ ᠠᠯᠤᠰ ᠬᠡᠲᠦ ᠳᠤ ᠠᠰᠢᠭᠲᠠᠶ ᠰᠠᠶᠢᠨ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠷᠡᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠭᠡᠵᠦ ᠱᠠᠭᠠᠷᠳᠠᠪᠠ᠃ ᠠᠵᠢᠯ ᠤᠨ ᠬᠠᠮᠲᠤᠷᠠᠯ ᠬᠦᠴᠦᠨ ᠢ ᠦᠨᠡᠨ ᠬᠦ ᠪᠦᠷᠢᠯᠳᠦᠭᠦᠯᠵᠦ᠂ ᠲᠦᠷᠦᠯ ᠵᠦᠢᠯ ᠤᠨ ᠠᠵᠢᠯᠯᠠᠭᠠᠨ ᠤ ᠪᠠᠲᠤᠯᠠᠭ᠎ᠠ ᠶᠢᠨ ᠲᠣᠭᠲᠠᠴᠠ ᠪᠣᠯᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠬᠤᠯᠠ ᠶᠡᠭᠡ ᠲᠦᠷᠦᠯ ᠵᠦᠢᠯ ᠤᠨ ᠤᠨᠢᠨ ᠳᠡᠭᠡᠷ᠎ᠡ ᠨᠢ ᠨᠥᠭᠡᠴᠡᠯᠡᠬᠦ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠪᠠᠷ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ 2024 ᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠪᠡᠯᠡ ᠮᠥᠩᠭᠦ ᠶᠢᠨ ᠲᠥᠯᠥᠪᠯᠡᠭᠡ ᠶᠢ ᠬᠥᠮᠥᠷᠭᠡ ᠳᠤ ᠣᠷᠣᠭᠤᠯᠵᠤ ᠨᠥᠭᠡᠴᠡᠯᠡᠬᠦ ᠲᠦᠷᠦᠯ ᠵᠦᠢᠯ ᠢ ᠵᠣᠯᠭᠠᠭᠤᠯᠤᠨ ᠠᠬᠢᠭᠤᠯᠤᠭᠰᠠᠨ ᠪᠠᠶᠢᠳᠠᠯ ᠢ ᠰᠣᠨᠣᠰᠴᠤ᠂ ᠬᠠᠶᠢᠨᠠᠨ ᠲᠣᠭᠤᠷᠢᠭ ᠤᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢ ᠬᠢᠵᠠᠭᠠᠷᠯᠠᠬᠤ ᠲᠣᠭᠤᠷᠢᠭ ᠪᠣᠯᠤᠨ ᠠᠰᠠᠷᠠᠵᠤ ᠪᠣᠯᠬᠤ ᠲᠣᠭᠤᠷᠢᠭ ᠤᠨ ᠬᠡᠪᠴᠢᠶᠡᠨ ᠳᠤ ᠲᠤᠬᠢᠷᠠᠭᠤᠯᠤᠯᠳᠠ ᠬᠢᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠲᠤᠬᠢᠷᠠᠭᠤᠯᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号