ᠬᠠᠶᠢᠨᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠳᠠᠬᠢ ᠵᠣᠬᠢᠴᠠᠭᠤᠯᠤᠨ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/9
      11 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠤ ᠵᠣᠬᠢᠴᠠᠭᠤᠯᠤᠨ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠱᠠᠯᠠᠪᠳᠠᠭᠤᠯᠤᠨ ᠪᠠᠶᠢᠴᠠᠭᠠᠬᠤ ᠬᠤᠭᠤᠴᠠᠭᠠᠨ ᠳᠠᠬᠢ ᠮᠠᠲ᠋ᠧᠷᠢᠶᠠᠯ ᠢ ᠰᠢᠯᠵᠢᠭᠦᠯᠦᠨ ᠦᠵᠡᠭᠰᠡᠨ ᠪᠠ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠣᠷᠴᠢᠨ ᠲᠣᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠵᠢᠴᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠣᠷᠣᠭᠰᠢ ᠪᠠᠶᠢᠴᠠᠭᠠᠭᠰᠠᠨ ᠪᠠᠶᠢᠳᠠᠯ᠂ ᠭᠤᠣᠯᠳᠠᠯᠭ᠎ᠠ ᠲᠠᠢ ᠣᠷᠣᠨ ᠪᠦᠰᠡ ᠶᠢᠨ ᠵᠠᠰᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠱᠠᠯᠠᠪᠳᠠᠭᠤᠯᠤᠨ ᠪᠠᠶᠢᠴᠠᠭᠠᠬᠤ ᠶᠢ ᠦᠨᠡᠨᠴᠢ ᠪᠠᠷ ᠬᠦᠯᠢᠶᠡᠨ ᠠᠪᠴᠤ᠂ ᠱᠠᠯᠠᠪᠳᠠᠭᠤᠯᠤᠨ ᠪᠠᠶᠢᠴᠠᠭᠠᠬᠤ ᠠᠵᠢᠯ ᠳᠤ ᠢᠳᠡᠪᠬᠢᠲᠡᠢ ᠬᠠᠮᠵᠢᠯᠴᠠᠵᠤ᠂ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠰᠢᠯᠵᠢᠭᠦᠯᠦᠨ ᠦᠵᠡᠬᠦ ᠮᠠᠲ᠋ᠧᠷᠢᠶᠠᠯ ᠢ ᠥᠨᠳᠥᠷ ᠪᠠᠷᠢᠮᠵᠢᠶ᠎ᠠ ᠪᠠᠷ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠠᠵᠢᠯ ᠢᠶᠠᠨ ᠦᠨᠡᠨ ᠬᠦ ᠪᠣᠳᠠᠲᠠᠢ ᠠᠳᠬᠤᠵᠤ ᠨᠠᠷᠢᠯᠢᠭ ᠠᠳᠬᠤᠵᠤ ᠭᠦᠨᠵᠡᠭᠡᠢ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠪᠣᠯᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠲᠣᠭᠲᠠᠭᠠᠵᠤ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠬᠦᠴᠦᠲᠡᠢ ᠠᠷᠭ᠎ᠠ ᠬᠡᠮᠵᠢᠶ᠎ᠡ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠭᠤᠷᠢᠭ ᠤᠨ ᠱᠠᠲᠤᠨ ᠤ ᠤᠳᠤᠷᠢᠳᠤᠯᠭ᠎ᠠ ᠬᠤᠪᠢᠳᠠᠨ ᠬᠠᠮᠢᠶᠠᠷᠬᠤ ᠬᠠᠷᠢᠭᠤᠴᠠᠯᠭ᠎ᠠ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ᠠᠵᠤ ᠠᠬᠤᠶᠢᠯᠠᠯ ᠤᠨ ᠬᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠲᠣᠤᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠲᠤ ᠡᠭᠦᠷᠭᠡᠯᠡᠵᠦ᠂ ᠭᠠᠷ ᠲᠠᠭᠠᠨ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠳᠬᠤᠬᠤ ᠬᠥᠮᠦᠨ ᠲᠠᠢ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号