ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/12/13
1.jpg     
      — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠢ ᠰᠣᠷᠪᠦᠯᠵᠢᠯᠠᠭᠰᠠᠨ ᠨᠢ      ᠰᠤᠷᠪᠤᠯᠵᠢᠯᠠᠭᠴᠢ᠄ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠣᠯᠠᠨ ᠤᠳᠠᠭ᠎ᠠ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠳᠤᠷᠠᠳᠪᠠ᠃ ᠥᠪᠥᠷ ᠮᠣᠩᠭᠤᠯ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠡᠷᠬᠢᠨ ᠨᠠᠶᠢᠳᠠᠪᠤᠷᠢᠵᠢᠭᠤᠯᠵᠤ᠂ ︽ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠡᠨᠡ ᠬᠦ ᠠᠵᠢᠯ︾ ᠢ ᠲᠥᠯᠥᠪᠵᠢᠭᠦᠯᠦᠨ ᠪᠠᠶᠢᠷᠢᠯᠠᠭᠤᠯᠪᠠ      ᠰᠦᠨ ᠱᠤᠤ ᠴᠧᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠠᠵᠢᠯ ᠤᠨ ᠲᠤᠬᠠᠢ 8 ᠤᠳᠠᠭ᠎ᠠ ᠶᠢᠨ ᠴᠢᠬᠤᠯᠠ ᠶᠠᠷᠢᠶᠠᠨ ᠳᠠᠭᠠᠨ ᠶᠡᠷᠦᠩᠬᠡᠢ ᠱᠦᠵᠢ ᠰᠢ ᠶᠢᠨ ᠫᠢᠩ 3 ᠤᠳᠠᠭ᠎ᠠ ᠳᠤᠷᠠᠳᠤᠭᠰᠠᠨ ᠪᠥᠭᠡᠳ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠶᠠᠪᠤᠳᠠᠯ ᠢ ᠰᠠᠶᠢᠲᠤᠷ ᠬᠢᠵᠦ᠂ ᠶᠡᠷᠦᠩᠬᠡᠢ ᠱᠦᠵᠢ ᠪᠢᠳᠡᠨ ᠳᠤ ᠡᠨᠡ ᠬᠦ ᠠᠵᠢᠯ ᠢ ᠰᠠᠶᠢᠲᠤᠷ ᠬᠢᠬᠦ ᠬᠦᠰᠡᠯ ᠨᠠᠶᠢᠳᠠᠯᠭ᠎ᠠ ᠮᠠᠰᠢ ᠥᠨᠳᠥᠷ᠂ ᠬᠦᠰᠡᠯ ᠨᠠᠶᠢᠳᠠᠯᠭ᠎ᠠ ᠬᠦᠨᠳᠦ ᠪᠠᠶᠢᠨ᠎ᠠ᠃      ᠥᠪᠥᠷ ᠮᠣᠩᠭᠤᠯ ᠡᠨᠧᠷᠭᠢ ᠶᠢᠨ ᠲᠣᠮᠣ ᠣᠷᠣᠨ ᠪᠣᠯᠤᠭᠰᠠᠨ ᠤ ᠬᠤᠪᠢ ᠳᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠪᠣᠯ ᠳᠠᠪᠠᠭᠤᠯᠢᠭ ᠲᠠᠯ᠎ᠠ ᠶᠢᠨ᠂ ᠠᠵᠠ ᠲᠣᠬᠢᠶᠠᠯ ᠪᠠ ᠬᠠᠷᠢᠭᠤᠴᠠᠯᠭ᠎ᠠ ᠮᠥᠨ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠡᠷᠬᠢᠨ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠨᠢᠭᠡᠨᠲᠡ ᠪᠢᠳᠡᠨ ᠳᠤ ᠴᠢᠭᠯᠡᠯ ᠢ ᠵᠢᠭᠠᠨ ᠥᠭᠴᠦ᠂ ᠠᠷᠭ᠎ᠠ ᠵᠠᠮ ᠢ ᠲᠣᠳᠣᠷᠬᠠᠢ ᠪᠣᠯᠭᠠᠭᠠᠳ᠂ ᠪᠢᠳᠡᠨ ᠤ ᠬᠢᠬᠦ ᠭᠡᠰᠡᠨ ᠶᠠᠪᠤᠳᠠᠯ ᠪᠣᠯ ᠳᠠᠷᠤᠢ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠤᠳᠤ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠨᠡᠭᠦᠷᠡᠰᠦ ᠴᠠᠬᠢᠯᠭᠠᠨ ᠲᠤᠰᠤ ᠬᠡᠢ ᠰᠠᠯᠬᠢ ᠬᠡᠷᠡᠯ ᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠤᠯᠠᠨ ᠵᠦᠢᠯ ᠤᠨ ᠡᠨᠧᠷᠭᠢ ᠶᠢ ᠬᠠᠮᠵᠢᠯᠴᠠᠨ ᠬᠠᠷᠢᠯᠴᠠᠨ ᠨᠥᠬᠦᠪᠥᠷᠢᠯᠡᠬᠦ᠂ ᠶᠡᠷᠦᠩᠬᠡᠶᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠡᠨᠧᠷᠭᠢ ᠬᠠᠩᠭᠠᠬᠤ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠬᠤ ᠶᠠᠪᠤᠳᠠᠯ ᠪᠣᠯᠤᠨ᠎ᠠ᠃ ᠪᠣᠳᠠᠲᠠᠢ ᠪᠠᠷ ᠬᠡᠯᠡᠪᠡᠯ᠄ ᠨᠢᠭᠡ ᠳᠤ᠂ ︽ᠰᠢᠨ᠎ᠡ ᠶᠢ ᠪᠠᠶᠠᠷᠯᠠᠬᠤ︾ ᠨᠢ ︽ᠬᠠᠭᠤᠴᠢᠨ ᠢᠶᠠᠨ ᠭᠤᠯᠣᠬᠤ︾ ᠦᠭᠡᠢ᠃ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠢᠯᠠᠩᠭᠤᠶ᠎ᠠ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠮᠡᠷᠭᠡᠵᠢᠯ ᠤᠨ ᠨᠡᠭᠡᠭᠡᠨ ᠬᠥᠭᠵᠢᠭᠦᠯᠵᠦ ᠪᠣᠯᠬᠤ ᠬᠡᠮᠵᠢᠶ᠎ᠡ ᠲᠣᠰ ᠲᠣᠰ ᠪᠠᠷᠤᠭ ᠪᠥᠬᠦ ᠤᠯᠤᠰ ᠤᠨ 57% ᠪᠠ 21% ᠶᠢ ᠡᠵᠡᠯᠡᠪᠡ᠃ ᠪᠢᠳᠡ ᠶᠠᠭ ᠰᠢᠨ᠎ᠡ ᠡᠨᠧᠷᠭᠢ ᠶᠢᠨ ᠲᠦᠷᠭᠡᠨ ᠬᠥᠭᠵᠢᠯᠲᠡ ᠶᠢᠨ ᠲᠡᠦᠬᠡᠨ ᠠᠵᠠ ᠲᠣᠬᠢᠶᠠᠯ ᠢ ᠠᠮᠵᠢᠵᠤ᠂ ᠲᠦᠷᠭᠡᠨ ᠠᠵᠢᠯᠯᠠᠵᠤ ᠰᠢᠨ᠎ᠡ ᠡᠨᠧᠷᠭᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠩᠭ᠎ᠠ ᠠᠳᠬᠤᠵᠤ᠂ ᠣᠳᠣᠬᠠᠨ ᠳᠤ ᠪᠦᠬᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠨᠢᠭᠡᠨᠲᠡ 7000 ᠲᠦᠮᠡᠨ ᠬᠢᠯᠦᠸᠠᠲ ᠢ ᠳᠠᠪᠠᠵᠤ᠂ ᠵᠢᠱᠢᠯᠲᠡ ᠪᠠᠷ 2023 ᠣᠨ ᠤ ᠡᠴᠦᠰ ᠪᠣᠯᠬᠤ ᠳᠤ 9000 ᠲᠦᠮᠡᠨ ᠺᠢᠯᠦᠸᠠᠲ ᠢ ᠳᠠᠪᠠᠭ᠋ᠤ ᠪᠣᠯᠤᠨ᠎ᠠ᠃ ᠡᠭᠦᠨ ᠤ ᠬᠠᠮᠲᠤ᠂ ᠨᠡᠭᠦᠷᠡᠰᠦ ᠨᠡᠯᠢᠶᠡᠳ ᠣᠷᠳᠣ ᠬᠤᠭᠤᠴᠠᠭᠠᠨ ᠤ ᠳᠣᠲᠣᠷ᠎ᠠ ᠮᠥᠨ ᠬᠦ ᠮᠠᠨ ᠤ ᠤᠯᠤᠰ ᠤᠨ ᠭᠤᠤᠯ ᠴᠣᠭᠴᠠ ᠶᠢᠨ ᠡᠨᠧᠷᠭᠢ ᠪᠣᠯᠵᠣ᠂ ᠨᠡᠭᠦᠷᠡᠰᠦ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠪᠠ ᠠᠷᠢᠭᠤᠨ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠰᠠᠶᠢᠲᠤᠷ ᠠᠳᠬᠤᠬᠤ ᠨᠢ ᠮᠥᠨ ᠬᠦ ᠮᠠᠨ ᠤ ᠣᠷᠣᠨ ᠤ ᠭᠤᠤᠯ ᠠᠵᠢᠯ ᠦᠢᠯᠡᠰ ᠤᠨ ᠨᠢᠭᠡ ᠪᠣᠯᠬᠤ ᠶᠢ ᠪᠢᠳᠡ ᠭᠦᠨᠵᠡᠭᠡᠶ ᠲᠠᠨᠢᠵᠤ ᠤᠯᠪᠠ᠃ ᠪᠢᠳᠡ ᠤᠯᠠᠨ ᠠᠴᠠ ᠣᠨᠴᠠᠭᠠᠢ ᠨᠡᠭᠦᠷᠡᠰᠦᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠭᠵᠢᠯᠲᠡ ᠬᠢᠭᠡᠳ ᠠᠮᠤᠷ ᠲᠦᠪᠰᠢᠨ᠂ ᠬᠠᠩᠭᠠᠯᠭ᠎ᠠ ᠶᠢ ᠪᠠᠲᠤᠯᠠᠬᠤ ᠪᠠ ᠬᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ︽ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ︾ ᠶᠢ ᠴᠢᠷᠮᠠᠶᠢᠨ ᠠᠬᠢᠭᠤᠯᠵᠤ᠂ ᠣᠳᠣᠬᠠᠨ ᠳᠤ ᠪᠦᠬᠦ ᠣᠷᠣᠨ ᠤ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ 13 ᠳ᠋ᠦᠩᠰᠢᠭᠤᠷ ᠲᠣᠨ ᠣᠷᠴᠢᠮ ᠳᠤ ᠲᠣᠭᠲᠠᠪᠤᠷᠢᠵᠢᠭᠤᠯᠵᠤ᠂ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢ ᠨᠢᠭᠡ ᠴᠤᠭᠴᠠᠵᠢᠭᠤᠯᠤᠭᠰᠠᠨ ᠬᠤᠪᠢ ᠶᠢᠨ ᠵᠢᠩ ᠢ 90% ᠠᠴᠠ ᠳᠡᠭᠡᠭᠰᠢ ᠳᠤ ᠬᠦᠷᠭᠡᠪᠡ᠃ ᠬᠤᠶᠠᠷ ᠲᠤ᠂ ︽ᠴᠢᠩᠭ᠎ᠠ ᠲᠠᠯ᠎ᠠ︾ ︽ᠰᠤᠯᠠᠷᠠᠭᠤᠯᠤᠯᠲᠠ︾ ᠦᠭᠡᠢ᠃ ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠥᠪᠥᠷ ᠮᠣᠩᠭᠤᠯ ᠪᠥᠬᠦ ᠤᠯᠤᠰ ᠤᠨ ᠬᠠᠮᠤᠭ ᠤᠨ ᠲᠣᠮᠣ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠣᠶ ᠪᠣᠯᠭᠠᠵᠤ᠂ ᠤᠯᠤᠰ ᠤᠨ ᠪᠠᠷᠠᠭᠤᠨ ᠣᠷᠣᠨ ᠤ ᠲᠣᠮᠣ ᠬᠡᠯᠪᠡᠷᠢ ᠶᠢᠨ ᠥᠩᠭᠡ ᠦᠵᠡᠮᠵᠢ ᠶᠢᠨ ᠰᠠᠭᠤᠷᠢᠨ ᠭᠠᠵᠠᠷ ᠢ ᠶᠠᠭ ᠪᠥᠲᠥᠭᠡᠨ ᠪᠠᠶᠢᠭᠤᠯᠵᠤ ᠪᠠᠶᠢᠨ᠎ᠠ᠂ ᠡᠲᠡᠭᠡᠷ ᠪᠣᠯ ᠴᠥᠮ ᠮᠠᠨ ᠤ ᠣᠷᠣᠨ ᠤ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠃ ᠪᠢᠳᠡ ᠡᠭᠦᠨ ᠢᠶᠠᠷ ᠲᠦᠰᠢᠭ ᠪᠣᠯᠭᠠᠵᠤ᠂ ᠮᠡᠷᠭᠡᠵᠢᠯ ᠤᠨ ᠰᠢᠨᠡᠴᠢᠯᠡᠯᠲᠡ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠬᠦᠴᠦᠨ ᠵᠦᠶ᠋ᠯ ᠤᠨ ᠪᠠᠲᠤᠯᠠᠭ᠎ᠠ ᠵᠡᠷᠭᠡ ᠣᠯᠠᠨ ᠲᠠᠯ᠎ᠠ ᠠᠴᠠ ᠭᠠᠷᠳᠠᠵᠤ᠂ ᠠᠷᠭ᠎ᠠ ᠪᠦᠬᠦᠨ ᠢ ᠰᠦᠪᠡᠭᠴᠢᠯᠡᠨ ᠡᠨᠧᠷᠭᠢ ᠶᠢᠨ ᠠᠵᠤ ᠦᠶ᠋ᠯᠡᠰ ᠤᠨ ᠬᠡᠯᠬᠢᠶ᠎ᠡ ᠶᠢ ᠳᠤᠤᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠵᠤ᠂ ᠣᠳᠣᠬᠠᠨ ᠳᠤ ᠨᠢᠭᠡᠨᠲᠡ ︽ᠰᠠᠯᠬᠢ᠂ ᠬᠡᠷᠡᠯ᠂ ᠤᠰᠤᠲᠥ᠋ᠷᠥᠭᠴᠢ᠂ ᠨᠥᠭᠡᠴᠡ᠂ ᠲᠡᠷᠭᠡ︾ ᠪᠣᠯᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶ᠋ᠯᠡᠳᠪᠦᠷᠢ᠂ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠶ᠋ᠯᠡᠳᠪᠦᠷᠢ ᠵᠡᠷᠭᠡ 7 ᠵᠦᠶ᠋ᠯ ᠤᠨ ᠭᠤᠤᠯᠳᠠᠯᠭ᠎ᠠ ᠲᠠᠢ ᠠᠵᠤ ᠦᠶ᠋ᠯᠡᠰ ᠤᠨ ᠬᠡᠯᠬᠢᠶ᠎ᠡ ᠶᠢ ᠪᠠᠶᠢᠭᠤᠯᠪᠠ᠃ ᠭᠤᠷᠪᠠ ᠳᠤ᠂ ︽ᠶᠡᠭᠡ ᠶᠢ ᠠᠳᠬᠤᠬᠤ︾ ᠶᠢ ︽ᠪᠠᠭ᠎ᠠ ᠶᠢ ᠨᠢ ᠲᠠᠯᠪᠢᠬᠤ︾ ᠦᠭᠡᠢ᠃ ︽ᠥᠩᠭᠡ ᠦᠵᠡᠮᠵᠢ︾ ᠪᠠ ᠨᠡᠭᠦᠷᠡᠰᠦ ᠠᠴᠠ ᠭᠠᠳᠠᠨ᠎ᠠ᠂ ᠮᠠᠨ ᠤ ᠣᠷᠣᠨ ᠳᠤ ᠪᠠᠰᠠ ᠪᠥᠬᠦ ᠤᠯᠤᠰ ᠲᠤ ᠭᠠᠳᠠᠭᠰᠢᠯᠠᠵᠤ ᠳᠡᠶᠢᠯᠬᠦ᠂ ᠨᠡᠷ᠎ᠡ ᠠᠯᠳᠠᠷᠰᠢᠭᠰᠠᠨ ᠡᠨᠧᠷᠭᠢ ᠶᠢᠨ ᠡᠬᠢ ᠪᠠᠶᠠᠯᠢᠭ ᠴᠥᠭᠡᠨ ᠪᠤᠰᠤ ᠪᠠᠶᠢᠨ᠎ᠠ᠃ ᠪᠠᠶᠢᠭᠠᠯᠢ ᠶᠢᠨ ᠰᠢᠲᠠᠮᠠᠬᠠᠶ ᠬᠡᠢ ᠶᠢᠨ ᠦᠯᠡᠳᠡᠪᠦᠷᠢ ᠶᠢᠨ ᠬᠠᠶᠢᠨ ᠲᠤᠲᠤᠯᠠᠬᠤ ᠮᠡᠷᠭᠡᠵᠢᠯ ᠤᠨ ᠮᠠᠯᠲᠠᠵᠤ ᠪᠣᠯᠬᠤ ᠬᠠᠳᠠᠭᠠᠯᠠᠭᠳᠠᠴᠠ ᠨᠢ ᠪᠠᠷᠤᠭ ᠪᠦᠬᠦ ᠤᠯᠤᠰ ᠤᠨ 15.6% ᠶᠢ ᠡᠵᠡᠯᠡᠵᠦ᠂ ᠴᠢᠯᠠᠭᠤᠨ ᠲᠣᠰᠣᠨ ᠤ ᠦᠯᠡᠳᠡᠪᠦᠷᠢ ᠶᠢᠨ ᠬᠠᠶᠢᠨ ᠲᠤᠲᠤᠯᠠᠬᠤ ᠮᠡᠷᠭᠡᠵᠢᠯ ᠤᠨ ᠮᠠᠯᠲᠠᠵᠤ ᠪᠣᠯᠬᠤ ᠬᠠᠳᠠᠭᠠᠯᠠᠭᠳᠠᠴᠠ ᠨᠢ ᠪᠠᠷᠤᠭ ᠪᠦᠬᠦ ᠤᠯᠤᠰ ᠤᠨ 2.7% ᠶᠢ ᠡᠵᠡᠯᠡᠵᠦ᠂ ᠨᠡᠭᠦᠷᠡᠰᠦᠨ ᠳᠠᠪᠬᠤᠷᠭ᠎ᠠ ᠶᠢᠨ ᠬᠡᠢ᠂ ᠵᠠᠨᠠᠷ ᠤᠨ ᠴᠢᠯᠠᠭᠤᠯᠢᠭ ᠲᠣᠰᠣ ᠵᠡᠷᠭᠡ ᠡᠩ ᠤᠨ ᠪᠤᠰᠤ ᠰᠢᠲᠠᠮᠠᠬᠠᠶ ᠬᠡᠢ ᠶᠢᠨ ᠡᠬᠢ ᠪᠠᠶᠠᠯᠢᠭ ᠴᠤ ᠮᠠᠰᠢ ᠡᠯᠪᠡᠭ ᠪᠠᠶᠢᠳᠠᠭ᠃ ᠡᠳᠡᠭᠡᠷ ᠡᠷᠬᠢᠮ ᠨᠠᠨᠳᠢᠨ ᠡᠬᠢ ᠪᠠᠶᠠᠯᠢᠭ ᠤᠨ ᠲᠠᠯ᠎ᠠ ᠪᠠᠷ᠂ ᠪᠢᠳᠡ ᠪᠠᠰᠠ ᠠᠷᠭ᠎ᠠ ᠪᠦᠬᠦᠨ ᠢ ᠰᠦᠪᠡᠭᠴᠢᠯᠡᠨ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠳᠤ ︽ᠬᠤᠪᠢ ᠨᠡᠮᠡᠷᠢ ᠦᠵᠡᠭᠦᠯᠵᠦ︾ ᠪᠠᠶᠢᠨ᠎ᠠ᠃      ᠣᠳᠣᠬᠠᠨ ᠳᠤ᠂ ᠪᠢᠳᠡ ᠨᠢᠭᠡᠨᠲᠡ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠢ ᠪᠥᠲᠥᠭᠡᠨ ᠪᠠᠶᠢᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠡᠨᠧᠷᠭᠢ ᠪᠠ ᠨᠡᠭᠦᠷᠡᠰᠦ᠂ ᠴᠠᠬᠢᠯᠭᠠᠨ ᠬᠦᠴᠦᠨ᠂ ᠳᠠᠬᠢᠨ ᠡᠭᠦᠰᠴᠦ ᠪᠣᠯᠬᠤ ᠡᠨᠧᠷᠭᠢ᠂ ᠰᠢᠲᠠᠮᠠᠬᠠᠶ ᠬᠡᠢ᠂ ᠮᠡᠷᠭᠡᠵᠢᠯ ᠤᠨ ᠰᠢᠨ᠎ᠡ ᠶᠢ ᠡᠭᠦᠳᠬᠦ᠂ ᠤᠰᠤᠲᠥ᠋ᠷᠥᠭᠴᠢ ᠡᠨᠧᠷᠭᠢ᠂ ᠡᠨᠧᠷᠭᠢ ᠶᠢᠨ ᠲᠣᠭᠠᠴᠢᠯᠠᠭᠰᠠᠨ ︽1+7︾ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠵᠤ᠂ ᠶᠠᠭ ᠳᠡᠯᠡᠬᠡᠶ ᠶᠢᠨ ᠲᠡᠷᠢᠭᠦᠨ ᠤ ᠲᠦᠪᠰᠢᠨ ᠢ ᠣᠨᠢᠯᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠠᠴᠢᠮ ᠶᠠᠭᠠᠷᠠᠯᠲᠠᠢ ᠠᠬᠢᠭᠤᠯᠵᠤ᠂ 2025 ᠣᠨ ᠪᠣᠯᠬᠤ ᠳᠤ ᠪᠥᠬᠦ ᠣᠷᠣᠨ ᠤ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7500 ᠳ᠋ᠦᠩᠰᠢᠭᠤᠷ ᠲᠥᠭᠦᠷᠢᠭ ᠣᠷᠴᠢᠮ ᠬᠦᠷᠭᠡᠬᠦ ᠪᠠᠷ ᠴᠢᠷᠮᠠᠶᠢᠪᠠ︔ 2030 ᠣᠨ ᠪᠣᠯᠬᠤ ᠳᠤ᠂ ᠡᠨᠧᠷᠭᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 1 ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃      ᠰᠤᠷᠪᠤᠯᠵᠢᠯᠠᠭᠴᠢ᠄ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠬᠤ ᠪᠠᠷ ᠪᠠᠷᠠᠬᠤ ᠥᠬᠡᠶ᠂ ᠪᠠᠰᠠ ᠴᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠵᠣ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠵᠠᠮ ᠨᠢ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠤᠳᠤᠷᠢᠳᠤᠮᠵᠢ ᠲᠠᠢ ᠨᠡᠶᠢᠴᠡᠬᠦ ᠶᠢ ᠬᠡᠷᠬᠢᠨ ᠪᠠᠲᠤᠯᠠᠬᠤ ᠪᠣᠶ︖      ᠰᠦᠨ ᠱᠤᠤ ᠴᠧᠩ᠄ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡ ᠵᠢᠯ ᠤᠨ 6 ᠰᠠᠷ᠎ᠠ ᠳᠤ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︽ᠤᠯᠤᠰ ᠤᠨ ᠶᠡᠭᠡ ᠶᠠᠪᠤᠳᠠᠯ︾ ᠮᠥᠨ᠃ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠠᠪᠤᠴᠠ ᠳᠤ᠂ ᠪᠢᠳᠡ ᠢᠮᠠᠭᠲᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠵᠣᠬᠢᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠡᠨᠧᠷᠭᠢ ᠶᠢ ᠶᠡᠬᠡᠪᠡᠷ ᠬᠥᠭᠵᠢᠭᠦᠯᠵᠦ᠂ ︽ᠦᠵᠡᠰᠬᠦᠯᠡᠩᠲᠦ ᠰᠠᠶᠢᠬᠠᠨ ᠬᠢᠭᠡᠳ ᠬᠥᠭᠵᠢᠯᠲᠡ ᠶᠢᠨ ᠬᠤᠣᠰ ᠠᠮᠵᠢᠯᠲᠠ︾ ᠶᠢ ᠴᠢᠷᠮᠠᠶᠢᠨ ᠪᠡᠶᠡᠯᠡᠭᠦᠯᠪᠡ᠃ ᠨᠢᠭᠡ ᠳᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ︽ᠬᠠᠲᠠᠭᠤ ᠪᠠᠷᠢᠮᠵᠢᠶ᠎ᠠ︾ ᠶᠢ ᠪᠠᠶᠢᠭᠤᠯᠬᠤ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠭᠤᠤᠯ ᠣᠷᠣᠨ ᠳᠤ ᠨᠡᠭᠦᠷᠡᠰᠦᠨ ᠠᠭᠤᠷᠬᠠᠶ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠴᠢᠩᠭ᠎ᠠ ᠴᠠᠭᠠᠵᠠᠯᠠᠵᠤ᠂ ᠡᠯᠡᠰᠦᠨ ᠴᠦᠯ᠂ ᠬᠢᠯᠢ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠵᠡᠷᠭᠡ ᠭᠠᠵᠠᠷ ᠣᠷᠣᠨ ᠳᠤ ᠰᠠᠯᠬᠢᠨ ᠬᠦᠴᠦᠨ ᠤ ᠴᠠᠬᠢᠯᠭᠠᠨ ᠥᠷᠲᠡᠭᠡ ᠶᠢ ᠤᠷᠢᠳᠠᠪᠠᠷ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠡᠨᠧᠷᠭᠢ ᠡᠬᠢ ᠪᠠᠶᠠᠯᠢᠭ ᠤᠨ ᠨᠡᠭᠡᠭᠡᠯᠲᠡ ᠶᠢᠨ ᠡᠬᠡ ᠪᠠᠶᠢᠭᠠᠯᠢ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠤᠶᠠᠷ ᠲᠤ᠂ ᠬᠠᠮᠠᠭᠠᠯᠠᠨ ᠰᠡᠷᠭᠦᠭᠡᠬᠦ ᠶᠢ ᠰᠠᠶᠢᠲᠤᠷ ᠠᠳᠬᠤᠪᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠲᠣᠭᠲᠠᠭᠠᠨ ᠬᠡᠷᠡᠭᠵᠢᠭᠦᠯᠵᠦ᠂ ᠣᠳᠣᠬᠠᠨ ᠳᠤ ᠨᠢᠭᠡᠨᠲᠡ ᠪᠣᠬᠢᠷᠲᠤᠯ ᠥᠬᠡᠶ ᠨᠡᠭᠦᠷᠡᠰᠦᠨ ᠠᠭᠤᠷᠬᠠᠶ ᠶᠢ 150 ᠪᠠᠶᠢᠭᠤᠯᠵᠤ᠂ ᠪᠥᠬᠦ ᠨᠡᠭᠦᠷᠡᠰᠦᠨ ᠠᠭᠤᠷᠬᠠᠶ ᠳᠤ ᠡᠵᠡᠯᠡᠬᠦ ᠬᠤᠪᠢ ᠶᠢᠨ ᠵᠢᠩ ᠢ 48% ᠳᠤ ᠬᠦᠷᠦᠭᠦᠯᠵᠦ᠂ 2025 ᠣᠨ ᠪᠣᠯᠬᠤ ᠳᠤ ᠨᠡᠭᠦᠷᠡᠰᠦᠨ ᠠᠭᠤᠷᠬᠠᠶ ᠶᠢᠨ ᠪᠣᠬᠢᠷᠲᠤᠯ ᠥᠬᠡᠶ ᠠᠭᠤᠷᠬᠠᠶ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠭᠤᠷᠪᠠ ᠳᠤ ᠨᠡᠭᠦᠷᠡᠰᠦ ᠴᠠᠬᠢᠯᠭᠠᠨ ᠤ ᠥᠭᠡᠷᠡᠴᠢᠯᠡᠯᠲᠡ ᠶᠢ ᠰᠠᠶᠢᠲᠤᠷ ᠠᠳᠬᠤᠨ᠎ᠠ᠃ ᠨᠡᠭᠦᠷᠡᠰᠦ ᠴᠠᠬᠢᠯᠭᠠᠨ ᠤ ︽ᠭᠤᠷᠪᠠ ᠶᠢ ᠥᠭᠡᠷᠡᠴᠢᠯᠡᠵᠦ ᠬᠤᠯᠪᠣᠭᠠᠯᠠᠨ ᠬᠥᠳᠡᠯᠦᠯᠴᠡᠬᠦ︾ ᠶᠢ ᠪᠥᠬᠦ ᠲᠠᠯ᠎ᠠ ᠪᠠᠷ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠨᠡᠶᠢᠲᠡ 1600 ᠲᠦᠮᠡᠨ ᠺᠢᠯᠣᠸᠠᠲ ᠪᠡᠶᠡᠯᠡᠭᠦᠯᠵᠦ᠂ 2000 ᠲᠦᠮᠡᠨ ᠺᠢᠯᠣᠸᠠᠲ ᠠᠮᠢᠳᠤᠯᠢᠭ ᠢᠶᠠᠷ ᠥᠭᠡᠷᠡᠴᠢᠯᠡᠯᠲᠡ ᠬᠢᠵᠦ᠂ ᠢᠯᠴᠢ ᠬᠠᠩᠭᠠᠬᠤ ᠥᠭᠡᠷᠡᠴᠢᠯᠡᠯᠲᠡ ᠶᠢ 500 ᠲᠦᠮᠡᠨ ᠺᠢᠯᠣᠸᠠᠲ ᠠᠴᠠ ᠳᠡᠭᠡᠭᠰᠢ ᠪᠣᠯᠭᠠᠵᠤ᠂ ᠨᠡᠭᠦᠷᠡᠰᠦ ᠴᠠᠬᠢᠯᠭᠠᠨ ᠳᠤ ᠴᠥᠮ ᠲᠡᠷᠢᠭᠦᠨ ᠤ ᠥᠨᠳᠥᠷ ᠦᠷ᠎ᠡ ᠪᠦᠲᠦᠮᠵᠢᠲᠡᠶ ᠨᠡᠭᠦᠷᠡᠰᠦ ᠰᠢᠲᠠᠭᠠᠬᠤ ᠮᠠᠰᠢᠨ ᠴᠣᠭᠴᠠᠯᠠᠪᠤᠷᠢ ᠶᠢ ᠰᠢᠨ᠎ᠡ ᠪᠠᠷ ᠪᠠᠶᠢᠭᠤᠯᠪᠠ᠃ ᠲᠦᠷᠪᠡ ᠳᠤ᠂ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠰᠠᠶᠢᠲᠤᠷ ᠠᠳᠬᠤᠨ᠎ᠠ᠃ ᠰᠢᠨ᠎ᠡ ᠡᠨᠧᠷᠭᠢ ᠶᠢᠨ ᠣᠯᠠᠨ ᠠᠬᠤᠶ ᠪᠠᠶᠢᠳᠠᠯ ᠳᠤ ᠬᠡᠷᠡᠭᠯᠡᠬᠦ 6 ᠲᠥᠷᠥᠯ ᠤᠨ ᠵᠠᠬ᠎ᠠ ᠳᠡᠯᠭᠡᠭᠦᠷᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠠᠵᠤ ᠠᠬᠤᠶᠢᠯᠠᠯ ᠤᠨ ᠣᠯᠠᠨ ᠲᠠᠯ᠎ᠠ ᠪᠠᠷ ᠪᠣᠬᠢᠷᠲᠤᠯ ᠥᠬᠡᠶ ᠴᠠᠬᠢᠯᠭᠠᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠨᠢᠳᠤᠨᠤᠨ ᠪᠥᠬᠦ ᠣᠷᠣᠨ ᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 1335 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠪᠠᠷᠤᠭ 4000 ᠲᠦᠮᠡᠨ ᠲᠣᠨ ᠪᠠᠷᠢᠮᠵᠢᠶᠠᠲᠤ ᠨᠡᠭᠦᠷᠡᠰᠦ ᠬᠡᠷᠡᠭᠯᠡᠬᠦ ᠲᠠᠢ ᠲᠡᠩᠴᠡᠨ᠎ᠡ᠃ ᠲᠠᠪᠤ ᠳᠤ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠶᠢ ᠰᠠᠶᠢᠲᠤᠷ ᠠᠳᠬᠤᠨ᠎ᠠ᠃ ᠥᠪᠥᠷ ᠮᠣᠩᠭᠤᠯ ᠪᠣᠯ ᠤᠯᠤᠰ ᠤᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠪᠠ ᠴᠦᠯᠯᠡᠷᠭᠡᠭᠵᠢᠯ ᠢ ᠵᠠᠰᠠᠬᠤ ᠭᠤᠣᠯ ᠵᠢᠭᠰᠠᠭᠠᠯ ᠤᠨ ᠭᠠᠵᠠᠷ᠂ ᠭᠤᠣᠯ ᠳᠠᠶᠢᠨ ᠤ ᠲᠠᠯᠠᠪᠤᠷ ᠮᠥᠨ᠂ ᠮᠠᠨ ᠤ ᠣᠷᠣᠨ ᠳᠤ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠶᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ ᠴᠢᠳᠠᠬᠤ ᠮᠥᠷᠲᠡᠭᠡᠨ ᠪᠠᠰᠠ ᠠᠵᠤ ᠠᠬᠤᠢ ᠶᠢ ᠬᠥᠭᠵᠢᠭᠦᠯᠵᠦ ᠴᠢᠳᠠᠬᠤ ᠮᠥᠷᠲᠡᠭᠡᠨ ᠪᠠᠰᠠ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠵᠤ᠂ ᠨᠢᠭᠡ ᠯᠡ ᠤᠳᠠᠭ᠎ᠠ ᠳᠤ ᠢᠯᠡᠭᠦᠦ ᠣᠯᠳᠠᠭ ᠭᠡᠵᠦ ᠬᠡᠯᠡᠵᠦ ᠪᠣᠯᠤᠨ᠎ᠠ᠃ ᠪᠢᠳᠡ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠪᠥᠬᠦ ᠣᠷᠣᠨ ᠤ ᠬᠡᠪᠴᠢᠶᠡᠨ ᠳᠤ ︽ᠬᠡᠷᠡᠯ ᠸᠣᠯᠲ + ᠠᠮᠢ ᠠᠬᠤᠶ ᠶᠢᠨ ᠵᠠᠰᠠᠯᠲᠠ︾ ᠶᠢᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠣᠳᠣᠬᠠᠨ ᠳᠤ ᠨᠢᠭᠡᠨᠲᠡ ᠬᠥᠪᠴᠢ᠂ ᠤᠯᠠᠭᠠᠨᠪᠤᠬ᠎ᠠ ᠶᠢᠨ ᠡᠯᠡᠰᠦᠨ ᠴᠦᠯ ᠵᠢᠴᠢ ᠬᠤᠯᠠᠨ ᠰᠢᠷᠭ᠎ᠠ ᠲᠠᠭ᠎ᠠ᠂ ᠬᠤᠷᠴᠢᠨ ᠤ ᠡᠯᠡᠰᠦᠷᠬᠡᠭ ᠭᠠᠵᠠᠷ ᠤᠨ ᠰᠢᠨ᠎ᠡ ᠡᠨᠧᠷᠭᠢ ᠶᠢᠨ ᠬᠡᠪᠴᠢᠶ᠎ᠡ ᠶᠢ 520 ᠲᠦᠮᠡᠨ ᠺᠢᠯᠣᠸᠠᠲ ᠪᠠᠶᠢᠭᠤᠯᠵᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠠᠯᠠᠪᠠᠶ ᠶᠢ ᠪᠠᠷᠤᠭ 18 ᠲᠦᠮᠡᠨ ᠮᠥ ᠪᠡᠶᠡᠯᠡᠭᠦᠯᠪᠡ᠃      ᠰᠤᠷᠪᠤᠯᠵᠢᠯᠠᠭᠴᠢ᠄ ᠤᠯᠠᠮᠵᠢᠯᠠᠯᠲᠤ ᠡᠨᠧᠷᠭᠢ ᠪᠣᠯ ᠡᠷᠳᠡᠮ ᠴᠢᠳᠠᠪᠤᠷᠢ ᠶᠢ ᠦᠵᠡᠬᠦ ᠶᠠᠪᠤᠳᠠᠯ ᠮᠥᠨ᠂ ᠰᠢᠨ᠎ᠡ ᠡᠨᠧᠷᠭᠢ ᠪᠣᠯ ᠰᠢᠨ᠎ᠡ ᠨᠡᠮᠡᠭᠳᠡᠯ ᠤᠨ ᠴᠡᠭ ᠮᠥᠨ᠂ ᠥᠪᠥᠷ ᠮᠣᠩᠭᠤᠯ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠶᠠᠪᠤᠴᠠ ᠳᠤ ᠬᠤᠶᠠᠷ ᠤᠨ ᠬᠠᠷᠢᠴᠠᠭ᠎ᠠ ᠶᠢ ᠬᠡᠷᠬᠢᠨ ᠰᠢᠢᠳᠪᠦᠷᠢᠯᠡᠬᠦ ᠪᠣᠶ︖ ᠬᠡᠷᠬᠢᠨ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠬᠤ ᠶᠢᠨ ᠬᠠᠮᠲᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠬᠦ ᠪᠤᠢ︖      ᠰᠦᠨ ᠱᠤᠤ ᠴᠧᠩ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠬᠥᠭᠵᠢᠭᠦᠯᠬᠦ ᠶᠠᠪᠤᠴᠠ ᠳᠤ᠂ ᠰᠢᠨ᠎ᠡ ᠬᠠᠭᠤᠴᠢᠨ ᠡᠨᠧᠷᠭᠢ ᠪᠠᠷ ᠣᠷᠣᠯᠠᠭᠤᠯᠬᠤ ᠶᠢ ᠠᠬᠢᠭᠤᠯᠬᠤ ᠪᠣᠯ ᠶᠡᠭᠡ ᠴᠢᠭᠯᠡᠯ᠂ ᠶᠡᠭᠡ ᠬᠠᠨᠳᠤᠰᠢ ᠪᠣᠯᠤᠨ᠎ᠠ᠂ ᠭᠡᠪᠡᠴᠦ ᠤᠯᠠᠮᠵᠢᠯᠠᠯᠲᠤ ᠡᠨᠧᠷᠭᠢ ᠶᠢ ᠠᠯᠬᠤᠮ ᠠᠯᠬᠤᠮ ᠢᠶᠠᠷ ᠭᠠᠷᠬᠤ ᠳᠤ ᠰᠢᠨ᠎ᠡ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠣᠷᠣᠯᠠᠬᠤ ᠰᠠᠭᠤᠷᠢᠨ ᠳᠡᠭᠡᠷ᠎ᠡ ᠪᠠᠶᠢᠭᠤᠯᠬᠤ ᠬᠡᠷᠡᠭᠲᠡᠢ᠂ ᠡᠰᠡ ᠲᠡᠭᠡᠪᠡᠯ ᠠᠮᠤᠷ ᠲᠦᠪᠰᠢᠨ ᠬᠥᠭᠵᠢᠯᠲᠡ ᠳᠤ ᠲᠠᠭᠠᠷᠢᠯᠳᠠ ᠤᠴᠠᠷᠠᠭᠤᠯᠬᠤ ᠪᠣᠯᠤᠨ᠎ᠠ᠃ ᠥᠪᠥᠷ ᠮᠣᠩᠭᠤᠯ ᠳᠤ ᠠᠪᠴᠤ ᠬᠡᠯᠡᠪᠡᠯ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠨᠡᠭᠦᠷᠡᠰᠦ ᠪᠠᠷ ᠲᠥᠯᠥᠭᠡᠯᠡᠭᠦᠯᠦᠭᠰᠡᠨ ᠤᠯᠠᠮᠵᠢᠯᠠᠯᠲᠤ ᠡᠨᠧᠷᠭᠢ ᠶᠢᠨ ︽ᠰᠠᠭᠤᠷᠢ ᠴᠢᠯᠠᠭᠤ︾ ᠶᠢᠨ ᠦᠢᠯᠡᠳᠦᠯ ᠢ ᠦᠷᠭᠦᠯᠵᠢᠯᠡᠨ ᠰᠠᠶᠢᠲᠤᠷ ᠪᠠᠳᠠᠷᠠᠭᠤᠯᠬᠤ ᠪᠠᠷ ᠪᠠᠷᠠᠬᠤ ᠥᠬᠡᠶ᠂ ᠪᠠᠰᠠ ᠰᠠᠯᠬᠢ ᠬᠡᠷᠡᠯ ᠢᠶᠠᠷ ᠲᠥᠯᠥᠭᠡᠯᠡᠭᠦᠯᠦᠭᠰᠡᠨ ᠰᠢᠨ᠎ᠡ ᠡᠨᠧᠷᠭᠢ ᠶᠢᠨ ᠬᠡᠪᠴᠢᠶ᠎ᠡ ᠶᠢ ᠲᠦᠷᠭᠡᠨ ᠲᠠᠰᠢᠭᠤᠷ ᠨᠡᠮᠡᠵᠦ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠦᠷᠡᠰᠦ ᠪᠠ ᠰᠢᠨ᠎ᠡ ᠡᠨᠧᠷᠭᠢ ᠶᠢᠨ ᠨᠠᠩ ᠥᠨᠳᠥᠷ ᠲᠦᠪᠰᠢᠨ ᠢ ᠪᠡᠶᠡᠯᠡᠭᠦᠯᠬᠦ ᠶᠢ ᠬᠦᠴᠦᠯᠡᠨ ᠠᠬᠢᠭᠤᠯᠵᠤ᠂ ᠪᠥᠬᠦ ᠤᠯᠤᠰ ᠲᠤ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠤᠷᠢᠳᠠᠪᠠᠷ ᠪᠠᠶᠢᠭᠤᠯᠬᠤ ᠬᠡᠷᠡᠭᠲᠡᠶ᠃      ᠥᠪᠥᠷ ᠮᠣᠩᠭᠤᠯ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠵᠡᠷᠭᠡ ᠭᠠᠵᠠᠷ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠪᠢᠳᠡ ᠰᠢᠨ᠎ᠡ ᠡᠨᠧᠷᠭᠢ ᠪᠣᠯᠤᠨ ᠤᠯᠠᠮᠵᠢᠯᠠᠯᠲᠤ ᠡᠨᠧᠷᠭᠢ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠵᠡᠷᠭᠡ ᠪᠠᠷ ᠬᠦᠴᠦᠯᠡᠵᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ︽ᠬᠠᠮ ᠠᠷᠭ᠎ᠠ ᠬᠡᠮᠵᠢᠶ᠎ᠡ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠪᠠᠷ ᠴᠢᠷᠮᠠᠶᠢᠨ᠎ᠠ᠃ ᠨᠢᠭᠡ ᠳᠤ ᠢᠯᠡᠭᠦᠦ ᠨᠤᠬᠤᠬᠠᠨ ᠴᠠᠬᠢᠯᠬᠠᠨ ᠬᠦᠷᠭᠡᠨ᠎ᠡ᠃ ᠰᠢᠨ᠎ᠡ ᠡᠨᠧᠷᠭᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ᠂ ᠭᠠᠳᠠᠭᠰᠢ ᠬᠦᠷᠭᠡᠬᠦ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠎ᠡ᠃ ᠱᠢᠯᠢ ᠶᠢᠨ ᠭᠤᠣᠯ ᠠᠢᠮᠠᠭ ᠤᠨ ᠬᠢᠵᠠᠭᠠᠷ ᠲᠠᠬᠢ ᠳᠤᠮᠳᠠᠳᠤ ᠤᠯᠤᠰ ᠤᠨ ᠬᠤᠸᠠ ᠨᠧᠩ ᠲᠤᠯᠤᠨ ᠨᠠᠭᠤᠷ ᠤᠨ ᠰᠠᠯᠬᠢᠨ ᠴᠠᠬᠢᠯᠭᠠᠨ ᠤ ᠲᠠᠯᠠᠪᠠᠢ ᠠᠴᠠ ᠭᠠᠷᠭᠠᠭᠰᠠᠨ ︽ᠨᠣᠭᠤᠭᠠᠨ ᠴᠠᠬᠢᠯᠭᠠᠨ︾ ᠨᠢ 1600 ᠺᠢᠯᠣᠮᠧᠲᠷ ᠢ ᠳᠠᠪᠠᠵᠤ᠂ ᠡᠨᠡ ᠵᠢᠯ ᠤᠨ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠤᠮᠠᠷᠠᠲᠤ ᠬᠢᠯᠢ ᠶᠢᠨ ︽ᠨᠣᠭᠤᠭᠠᠨ ᠡᠨᠧᠷᠭᠢ︾ ᠶᠢ ᠨᠡᠮᠡᠷᠢᠯᠡ ᠪᠡ᠃ ᠨᠢᠳᠤᠨᠤᠨ ᠠᠴᠠ ᠨᠠᠭᠠᠰᠢ᠂ ᠤᠯᠤᠰ ᠠᠴᠠ ᠤᠷᠢᠳ ᠬᠤᠵᠢᠳ ᠮᠠᠨ ᠤ ᠣᠷᠣᠨ ᠤ ᠰᠢᠨ᠎ᠡ ᠡᠨᠧᠷᠭᠢ ᠶᠢ ᠭᠠᠳᠠᠭᠰᠢ ᠬᠦᠷᠭᠡᠬᠦ 4 ᠰᠠᠭᠤᠷᠢᠨ ᠭᠠᠵᠠᠷ ᠲᠤ ᠴᠤᠬᠤᠯᠠᠪᠤᠷᠢᠯᠠᠵᠥ᠂ ᠶᠡᠷᠦᠩᠬᠡᠶ ᠵᠢᠷᠤᠭ ᠲᠥᠯᠥᠪᠯᠡᠭᠡ ᠶᠢ ᠭᠠᠳᠠᠭᠰᠢ ᠬᠦᠷᠭᠡᠬᠦ ᠴᠢᠳᠠᠪᠤᠷᠢ ᠪᠠᠷᠤᠭ 7000 ᠲᠦᠮᠡᠨ ᠺᠢᠯᠣᠸᠠᠲ ᠪᠠᠶᠢᠨ᠎ᠠ᠃ ᠡᠭᠦᠨ ᠤ ᠬᠠᠮᠲᠤ᠂ ᠪᠢᠳᠡ ᠶᠠᠭ ᠵᠠᠭᠤᠨ ᠲᠦᠮᠡᠨ ᠺᠢᠯᠣᠸᠠᠲ ᠤᠨ ᠲᠠᠰ ᠤᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠷᠢᠯᠠᠭᠤᠯᠤᠨ ᠪᠥᠲᠥᠭᠡᠨ ᠪᠠᠶᠢᠭᠤᠯᠵᠤ ᠪᠠᠶᠢᠨ᠎ᠠ᠂ ᠨᠢᠭᠡᠨᠲᠡ ᠤᠯᠤᠰ ᠤᠨ ᠴᠣᠬᠤᠯᠠᠪᠤᠷᠢ 3 ᠪᠦᠯᠦᠭ ᠨᠡᠶᠢᠲᠡ 5488 ᠲᠦᠮᠡᠨ ᠺᠢᠯᠣᠸᠠᠲ ᠪᠠᠶᠢᠵᠦ᠂ ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ ᠮᠠᠨ ᠤ ᠣᠷᠣᠨ ᠤ ᠪᠣᠬᠢᠷᠲᠤᠯ ᠥᠬᠡᠶ ᠴᠠᠬᠢᠯᠭᠠᠨ ᠢ ᠭᠠᠳᠠᠭᠰᠢ ᠬᠦᠷᠭᠡᠬᠦ ᠬᠠᠷᠢᠴᠠᠯ ᠢ ᠶᠡᠭᠡ ᠪᠠᠷ ᠳᠡᠭᠡᠭᠰᠢᠯᠡᠭᠦᠯᠬᠦ ᠪᠣᠯᠤᠨ᠎ᠠ᠃ ᠬᠤᠶᠠᠷ ᠲᠤ᠂ ᠨᠡᠭᠦᠷᠡᠰᠦ ᠴᠠᠬᠢᠯᠭᠠᠨ ᠢ ᠰᠠᠶᠢᠲᠤᠷ ᠪᠠᠲᠤᠯᠠᠨ᠎ᠠ᠃ ᠡᠨᠡ ᠬᠤᠶᠠᠷ ᠵᠢᠯ ᠳᠤ᠂ ᠪᠥᠬᠦ ᠤᠯᠤᠰ ᠤᠨ ᠨᠡᠭᠦᠷᠡᠰᠦ ᠴᠠᠬᠢᠯᠭᠠᠨ ᠤ ᠬᠠᠩᠭᠠᠯᠭ᠎ᠠ ᠪᠠᠴᠢᠮ ᠪᠠᠶᠢᠭ᠎ᠠ ᠠᠬᠤᠶ ᠪᠠᠶᠢᠳᠠᠯ ᠳᠣᠤᠷ᠎ᠠ᠂ ᠥᠪᠥᠷ ᠮᠣᠩᠭᠤᠯ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠥᠪᠬᠡᠨ ᠨᠢᠳᠤᠨᠤᠨ ᠤ ᠨᠢᠭᠡ ᠵᠢᠯ ᠳᠤ 9.45 ᠳ᠋ᠦᠩᠰᠢᠭᠤᠷ ᠲᠣᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠪᠡᠶᠡᠯᠡᠭᠦᠯᠵᠦ᠂ 29 ᠮᠤᠵᠢ ᠣᠷᠣᠨ ᠬᠤᠲᠠ ᠶᠢᠨ ᠨᠡᠭᠦᠷᠡᠰᠦ ᠬᠡᠷᠡᠭᠯᠡᠬᠦ ᠬᠡᠷᠡᠭᠴᠡᠭᠡ ᠶᠢ ᠬᠦᠴᠦᠲᠡᠶ ᠪᠠᠲᠤᠯᠠᠪᠠ᠃      ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢᠨ ᠬᠦᠷᠢᠶᠡᠨ ᠳᠤ ᠪᠠᠰᠠ ᠨᠢᠭᠡ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠪᠠᠶᠢᠭᠤᠯᠬᠤ ᠪᠠᠷ ᠴᠢᠷᠮᠠᠶᠢᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠ ᠶᠠᠮᠠᠷ ᠳᠦᠷᠢ ᠶᠢ ᠲᠣᠭᠯᠠᠬᠤ ᠪᠣᠶ︖ ᠣᠳᠣᠬᠠᠨ ᠳᠤ ᠨᠢᠭᠡᠨᠲᠡ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠠᠬᠢᠴᠠ ᠶᠠᠮᠠᠷ ᠵᠡᠷᠭᠡ ᠪᠣᠶ︖      ᠰᠦᠨ ᠱᠤᠤ ᠴᠧᠩ᠄ ᠪᠢᠳᠡ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠲᠠᠬᠢᠨ ᠪᠠᠶᠢᠭᠤᠯᠬᠤ ᠪᠠᠷ ᠴᠢᠷᠮᠠᠶᠢᠵᠤ᠂ 2025 ᠣᠨ ᠪᠣᠯᠬᠤ ᠳᠤ ᠪᠥᠬᠦ ᠣᠷᠣᠨ ᠤ ᠰᠠᠯᠬᠢ ᠭᠡᠷᠡᠯ ᠤᠰᠤᠲᠥ᠋ᠷᠥᠭᠴᠢ ᠶᠢ ᠬᠠᠳᠠᠭᠠᠯᠠᠬᠤ ᠲᠡᠷᠭᠡ ᠵᠡᠷᠭᠡ ᠠᠵᠤ ᠦᠢᠯᠡᠰ ᠤᠨ ᠦᠢᠯᠡᠳᠬᠦᠨ ᠤ ᠦᠷᠳᠡᠭ ᠢ 1 ᠲᠦᠮᠡᠨ ᠳ᠋ᠦᠩᠰᠢᠭᠤᠷ ᠲᠥᠭᠦᠷᠢᠭ ᠳᠠᠪᠠᠭᠤᠯᠬᠤ ᠪᠠᠷ ᠴᠢᠷᠮᠠᠶᠢᠬᠤ ᠶᠢ ᠳᠤᠷᠠᠳᠪᠠ᠃ ᠡᠭᠦᠨ ᠢ ᠪᠡᠶᠡᠯᠡᠭᠦᠯᠬᠦ ᠨᠢ ᠥᠪᠥᠷ ᠮᠣᠩᠭᠤᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠪᠦᠬᠦ ᠤᠯᠤᠰ ᠤᠨ ᠳᠤᠮᠳᠠ ᠤᠷᠤᠰᠬᠠᠯ ᠳᠤ ᠣᠷᠣᠬᠤ ᠶᠢ ᠠᠬᠢᠭᠤᠯᠬᠤ ᠳᠤ ᠲᠦᠢᠯ ᠤᠨ ᠶᠡᠭᠡ ᠦᠢᠯᠡᠳᠦᠯ ᠦᠵᠡᠭᠦᠯᠬᠦ ᠨᠢ ᠯᠠᠪᠲᠠᠢ ᠶᠤᠮ᠃ ᠡᠭᠦᠨ ᠤ ᠲᠤᠯᠠᠳᠠ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠠᠪᠤᠴᠠ ᠳᠤ᠂ ᠪᠢᠳᠡ ᠪᠥᠬᠦ ᠠᠵᠤ ᠦᠶ᠋ᠯᠡᠰ ᠤᠨ ᠬᠡᠯᠬᠢᠶ᠎ᠡ ᠶᠢᠨ ᠰᠡᠳᠬᠢᠬᠦᠶ ᠶᠢ ᠢᠮᠠᠭᠲᠠ ᠪᠠᠷᠢᠮᠲᠠᠯᠠᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠠᠳᠬᠤᠵᠤ᠂ ᠨᠥᠭᠦᠭᠡ ᠲᠠᠯ᠎ᠠ ᠪᠠᠷ ᠲᠣᠨᠤᠭ ᠲᠥᠬᠦᠭᠡᠷᠦᠮᠵᠢ ᠦᠶ᠋ᠯᠡᠳᠬᠦ᠂ ᠠᠵᠢᠯᠯᠠᠭᠤᠯᠵᠤ ᠬᠠᠮᠠᠭᠠᠯᠠᠬᠤ ᠦᠶ᠋ᠯᠡᠴᠢᠯᠡᠭᠡ ᠵᠡᠷᠭᠡ ᠬᠤᠯᠪᠣᠭᠳᠠᠯ ᠪᠥᠬᠦᠶ ᠢᠵᠢ ᠪᠥᠷᠢᠳᠦᠭᠰᠡᠨ ᠠᠵᠤ ᠦᠶ᠋ᠯᠡᠰ ᠤᠨ ᠬᠥᠭᠵᠢᠯᠲᠡ ᠶᠢ ᠠᠳᠬᠤᠵᠤ᠂ ᠬᠡᠷᠡᠭᠯᠡᠭᠡ ᠪᠠ ᠪᠠᠭᠲᠠᠭᠠᠨ ᠰᠢᠩᠭᠡᠭᠡᠬᠦ ᠪᠠᠶᠢᠳᠠᠯ ᠢ ᠦᠷᠭᠦᠯᠵᠢᠯᠡᠨ ᠥᠷᠭᠡᠳᠬᠡᠵᠦ᠂ ᠰᠢᠨ᠎ᠡ ᠡᠨᠧᠷᠭᠢ ᠪᠠᠷ ᠰᠢᠨ᠎ᠡ ᠠᠵᠤ ᠦᠶ᠋ᠯᠡᠳᠪᠦᠷᠢ ᠶᠢ ᠳᠠᠶᠢᠴᠢᠯᠠᠵᠤ᠂ ᠴᠤᠭᠯᠠᠷᠠᠯ ᠤᠨ ᠦᠶ᠋ᠯᠡᠳᠦᠯ ᠪᠠ ᠬᠡᠪᠴᠢᠶᠡᠲᠦ ᠦᠶ᠋ᠯᠡᠳᠦᠯ ᠢ ᠴᠢᠷᠮᠠᠶᠢᠨ ᠪᠣᠶ ᠪᠣᠯᠭᠠᠵᠤ᠂ ᠶᠠᠭᠠᠬᠢᠭᠰᠠᠨ ᠴᠤ ᠳᠥᠭᠦᠮᠬᠡᠨ ᠢᠶᠠᠷ ︽ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ︾ ᠬᠡᠷᠡᠭᠲᠡᠶ᠃ ᠨᠢᠭᠡ ᠳᠤ ᠬᠤᠳᠠᠯᠳᠤᠭᠠᠴᠢᠨ ᠤᠷᠢᠬᠤ ᠶᠢ ᠨᠠᠷᠢᠯᠢᠭ ᠣᠨᠣᠴᠠᠲᠠᠶ ᠪᠠᠷ ᠥᠷᠨᠢᠭᠦᠯᠪᠡ᠃ ᠰᠠᠯᠬᠢ ᠭᠡᠷᠡᠯ ᠤᠰᠤᠲᠥ᠋ᠷᠥᠭᠴᠢ ᠶᠢ ᠨᠥᠭᠡᠴᠡᠯᠡᠬᠦ 4 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠭᠤᠤᠯᠳᠠᠯᠭ᠎ᠠ ᠲᠠᠢ ᠠᠶᠢᠮᠠᠭ ᠬᠤᠲᠠ ᠶᠢ ᠵᠣᠬᠢᠶᠠᠨ ᠪᠠᠶᠢᠭᠤᠯᠤᠨ ︽ᠭᠠᠳᠠᠭᠰᠢ ᠭᠠᠷᠴᠤ︾᠂ ︽ᠤᠷᠢᠵᠤ ᠠᠪᠴᠢᠷᠠᠬᠤ︾ ᠶᠢ ᠥᠷᠨᠢᠭᠦᠯᠵᠦ᠂ ᠵᠢᠯ ᠤᠨ ᠳᠣᠲᠣᠷ᠎ᠠ ᠭᠡᠷ᠎ᠡ ᠲᠣᠭᠲᠠᠭᠰᠠᠨ ᠲᠥᠷᠥᠯ ᠵᠦᠢᠯ ᠨᠢᠭᠡᠨᠲᠡ 20 ᠪᠣᠯᠵᠣ᠂ ᠶᠡᠷᠦᠩᠬᠡᠶ ᠪᠠᠯᠠ ᠣᠷᠣᠭᠤᠯᠤᠯᠲᠠ 976 ᠳ᠋ᠦᠩᠰᠢᠭᠤᠷ ᠲᠥᠭᠦᠷᠢᠭ ᠲᠤ ᠬᠦᠷᠴᠦ᠂ ᠵᠢᠱᠢᠯᠲᠡ ᠪᠠᠷ ᠡᠨᠡ ᠵᠢᠯ ᠤᠨ ᠡᠴᠦᠰ ᠪᠣᠯᠬᠤ ᠳᠤ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠢ ᠴᠡᠭᠴᠡᠯᠡᠨ ᠵᠠᠰᠠᠬᠤ ᠢᠵᠢ ᠪᠥᠷᠢᠳᠦᠭᠦᠯᠬᠦ ᠴᠢᠳᠠᠪᠤᠷᠢ 2000 ᠲᠦᠮᠡᠨ ᠺᠢᠯᠣᠸᠠᠲ ᠲᠤ ᠬᠦᠷᠴᠦ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠬᠠᠩᠭᠠᠯᠭ᠎ᠠ ᠶᠢᠨ ᠴᠢᠳᠠᠪᠤᠷᠢ 5000 ᠲᠦᠮᠡᠨ ᠺᠢᠯᠣᠸᠠᠲ ᠲᠤ ᠬᠦᠷᠴᠦ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ 250 ᠰᠠᠤᠷᠢ ︵ᠢᠵᠢ︶ ᠳᠤ ᠬᠦᠷᠴᠦ᠂ ᠡᠨᠧᠷᠭᠢ ᠬᠠᠳᠠᠭᠠᠯᠠᠬᠤ ᠰᠢᠰᠲ᠋ᠧᠮ 100 ᠲᠦᠮᠡᠨ ᠺᠢᠯᠣᠸᠠᠲ ᠴᠠᠭ ᠤᠨ ᠮᠠᠰᠢᠨ ᠴᠣᠭᠴᠠᠯᠠᠪᠤᠷᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠤᠨ᠎ᠠ᠃ ᠬᠤᠶᠠᠷ ᠲᠤ᠂ ᠲᠥᠪᠯᠡᠷᠡᠩᠭᠦᠶ ᠡᠷᠴᠢᠮᠯᠢᠭ ᠪᠠᠶᠢᠷᠢᠯᠠᠭᠤᠯᠤᠯᠲᠠ ᠬᠢᠪᠡ᠃ ︽ᠬᠥᠬᠡᠬᠤᠲᠠ ᠪᠤᠭᠤᠲᠤ ᠣᠷᠳᠣᠰ ᠨᠡᠪᠲᠡᠷᠡᠭᠦᠯᠬᠦ︾ ᠳᠤ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠶ᠋ᠯᠡᠳᠬᠦ ᠠᠵᠤ ᠦᠢᠯᠡᠰ ᠢ ᠭᠤᠤᠯᠳᠠᠯᠭ᠎ᠠ ᠲᠠᠢ ᠪᠠᠶᠢᠷᠢᠰᠢᠭᠤᠯᠵᠤ᠂ ᠨᠡᠯᠢᠶᠡᠳ ᠴᠢᠩᠭ᠎ᠠ ᠥᠷᠢᠰᠦᠯᠳᠦᠬᠦ ᠳᠠᠪᠠᠭᠤᠯᠢᠭ ᠲᠠᠢ ᠤᠨᠴᠠᠯᠢᠭᠳᠤ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠨ᠎ᠠ᠃ ᠲᠦᠷᠦᠭᠦᠤ ᠭᠤᠷᠪᠠᠨ ᠤᠯᠠᠷᠢᠯ ᠳᠤ᠂ ︽ᠬᠥᠬᠡᠬᠤᠲᠠ ᠪᠤᠭᠤᠲᠤ ᠣᠷᠳᠣᠰ ᠨᠡᠪᠲᠡᠷᠡᠬᠦ︾ ᠰᠠᠯᠬᠢ ᠭᠡᠷᠡᠯ ᠤᠰᠤᠲᠥ᠋ᠷᠥᠭᠴᠢ ᠶᠢ ᠬᠠᠳᠠᠭᠠᠯᠠᠬᠤ ᠲᠣᠨᠤᠭ ᠲᠥᠬᠦᠭᠡᠷᠦᠮᠵᠢ ᠦᠶ᠋ᠯᠡᠳᠬᠦ ᠦᠢᠯᠡᠰ ᠤᠨ ᠦᠢᠯᠡᠳᠬᠦᠨ ᠤ ᠥᠷᠲᠡᠭ 2232 ᠳ᠋ᠦᠩᠰᠢᠭᠤᠷ ᠲᠥᠭᠦᠷᠢᠭ ᠲᠤ ᠬᠦᠷᠴᠡᠶ᠃ ᠭᠤᠷᠪᠠ ᠳᠤ᠂ ᠰᠢᠩᠭᠡᠭᠡᠨ ᠠᠪᠴᠤ ᠬᠡᠷᠡᠭᠯᠡᠬᠦ ᠶᠢ ᠠᠬᠢᠭᠤᠯᠤᠨ᠎ᠠ᠃ ᠥᠪᠥᠷ ᠮᠣᠩᠭᠤᠯ ᠤᠨ ᠨᠣᠭᠤᠭᠠᠨ ᠴᠠᠬᠢᠯᠭᠠᠨ ᠤ ︽ᠬᠡᠮᠵᠢᠶ᠎ᠡ ᠶᠡᠭᠡ ᠬᠠᠨᠳᠤᠰᠢ︾ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠲᠡᠷᠢᠭᠦᠨ ᠤ ᠪᠣᠬᠢᠷᠲᠤᠯ ᠦᠭᠡᠢ ᠥᠨᠳᠥᠷ ᠠᠴᠢᠶᠠᠯᠠᠪᠤᠷᠢ ᠲᠠᠢ ᠠᠵᠤ ᠦᠢᠯᠡᠰ ᠢ ᠶᠡᠬᠡᠪᠡᠷ ᠥᠪᠥᠷ ᠮᠣᠩᠭᠤᠯ ᠳᠤ ᠠᠪᠴᠢᠷᠠᠪᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠭᠰᠡᠨ᠂ ᠪᠠᠭᠲᠠᠭᠠᠨ ᠰᠢᠩᠭᠡᠭᠡᠬᠦ ᠴᠢᠳᠠᠪᠤᠷᠢ ᠲᠠᠢ ᠲᠦᠷᠦᠯ ᠵᠦᠢᠯ ᠢ ᠪᠢᠳᠡ ᠴᠥᠮ ᠪᠦᠬᠦ ᠬᠦᠴᠦᠨ ᠢᠶᠠᠷ ᠢᠶᠠᠨ ᠳᠡᠮᠵᠢᠨ᠎ᠡ᠃      ᠰᠤᠷᠪᠤᠯᠵᠢᠯᠠᠭᠴᠢ᠄ ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠃ ᠲᠣᠰ ᠰᠠᠨᠠᠯ ᠨᠢ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠶᠠᠮᠠᠷ ᠠᠴᠢ ᠬᠤᠯᠪᠣᠭᠳᠠᠯ ᠲᠠᠢ ᠪᠣᠶ︖ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠬᠡᠷᠬᠢᠨ ᠰᠠᠨᠠᠯ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠶ︖      ᠰᠦᠨ ᠱᠤᠤ ᠴᠧᠩ᠄ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠤ ᠳᠠᠷᠠᠭ᠎ᠠ ᠲᠡᠮᠡᠢ ᠤᠳᠠᠭᠰᠠᠨ ᠦᠭᠡᠢ᠂ ᠲᠦᠷᠦ ᠶᠢᠨ ᠶᠠᠪᠤᠳᠠᠯ ᠤᠨ ᠬᠤᠷᠢᠶ᠎ᠠ ︽ᠰᠠᠨᠠᠯ︾ ᠢ ᠨᠡᠶᠢᠲᠡᠯᠡᠭᠰᠡᠨ ᠶᠠᠪᠤᠳᠠᠯ ᠪᠣᠯᠣᠨ᠎ᠠ᠂ ᠡᠨᠡ ᠪᠣᠯ ᠡᠨᠡ ᠵᠢᠯ ᠤᠨ ᠮᠠᠨ ᠤ ᠣᠷᠣᠨ ᠤ ᠪᠠᠰᠠ ᠨᠢᠭᠡᠨ ᠶᠡᠭᠡ ᠪᠠᠶᠠᠷ ᠤᠨ ᠶᠠᠪᠤᠳᠠᠯ ᠪᠣᠯᠣᠨ᠎ᠠ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠴᠢᠬᠤᠯᠠ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠪᠠᠶᠢᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠢ ᠬᠠᠯᠠᠮᠵᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ︽ᠰᠠᠨᠠᠯ︾ ᠤᠨ ᠲᠠᠪᠤᠳᠤᠭᠠᠷ ᠬᠡᠰᠡᠭ᠄ ︽ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠦᠨ᠎ᠡ︾᠂ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠶᠢ ᠳᠡᠮᠵᠢᠬᠦ ᠠᠯᠢ ᠣᠯᠠᠨ ᠴᠢᠬᠤᠯᠠ ᠶᠡᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠨᠠᠷᠢᠨ ᠪᠠᠷᠠᠭ᠎ᠠ ᠨᠢᠭᠡᠪᠦᠷᠢ ᠨᠢ ᠴᠥᠮ ᠭᠦᠢᠴᠡᠳ ᠪᠥᠭᠡᠳ ᠦᠨ᠎ᠡ ᠴᠠᠨ᠎ᠠ ᠲᠠᠢ ᠶᠤᠮ᠃ ᠡᠭᠦᠨ ᠤ ᠳᠣᠲᠣᠷ᠎ᠠ᠂ ᠴᠥᠬᠡᠨ ᠪᠣᠰᠤ ᠨᠢ ᠮᠠᠨ ᠤ ᠣᠯᠠᠨ ᠵᠢᠯ ᠤᠨ ᠲᠤᠷᠰᠢ ᠠᠷᠭ᠎ᠠ ᠪᠣᠳᠣᠯᠭ᠎ᠠ ᠲᠠᠢ ᠪᠣᠯᠪᠠᠴᠤ ᠬᠢᠬᠦ ᠠᠷᠭ᠎ᠠ ᠦᠭᠡᠢ᠂ ᠬᠢᠬᠦ ᠴᠢᠳᠠᠯ ᠢᠶᠠᠷ ᠬᠦᠷᠦᠯᠴᠡᠬᠦ ᠦᠭᠡᠢ ᠠᠵᠢᠯ ᠪᠠᠶᠢᠨ᠎ᠠ᠃ ᠵᠢᠱᠢᠶᠡᠯᠡᠪᠡᠯ᠂ ᠬᠥᠬᠡᠬᠤᠲᠠ ᠶᠢᠨ ᠡᠨᠧᠷᠭᠢ ᠡᠬᠢ ᠪᠠᠶᠠᠯᠢᠭ ᠤᠨ ᠶᠡᠷᠦᠩᠬᠡᠢ ᠬᠡᠯᠲᠡᠰ ᠤᠨ ᠠᠵᠤ ᠠᠬᠤᠢ ᠶᠢᠨ ᠲᠥᠪᠯᠡᠷᠡᠭᠰᠡᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠠᠴᠠ ᠪᠡᠭᠡᠵᠢᠩ ᠲᠢᠶᠠᠨᠵᠢᠨ ᠾᠧᠪᠧᠢ ᠳᠤ ᠬᠦᠷᠬᠦ ᠴᠠᠬᠢᠯᠭᠠᠨ ᠳᠠᠮᠵᠢᠭᠤᠯᠬᠤ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠶᠢ ᠰᠤᠳᠤᠯᠪᠠ᠃ ᠪᠠᠰᠠ ᠵᠠᠷᠢᠮ ᠨᠢ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠬᠠᠷᠳᠠᠯᠭ᠎ᠠ ᠶᠢ ᠦᠨᠳᠦᠰᠦᠯᠡᠨ ᠳᠤᠷᠠᠳᠤᠭᠰᠠᠨ ᠶᠤᠮ᠃ ᠵᠢᠱᠢᠶᠡᠯᠡᠪᠡᠯ᠂ ᠲᠡᠷᠢᠭᠦᠨ ᠤ ᠪᠣᠬᠢᠷᠲᠤᠯ ᠥᠬᠡᠶ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠤᠨ ᠥᠪᠥᠷ ᠮᠣᠩᠭᠤᠯ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠲᠡᠶᠢᠰᠢ ᠰᠢᠯᠵᠢᠬᠦ ᠪᠠᠶᠢᠷᠢᠰᠢᠭᠤᠯᠤᠯ ᠢ ᠳᠡᠮᠵᠢᠵᠦ᠂ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠠᠶᠢᠭᠤᠯᠬᠤ ᠶᠢ ᠳᠡᠮᠵᠢᠬᠦ ᠵᠡᠷᠭᠡ ᠪᠣᠯᠤᠨ᠎ᠠ᠃ ᠡᠳᠡᠭᠡᠷ ᠨᠢ ᠮᠠᠨ ᠤ ᠣᠷᠴᠢᠨ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠨ ᠬᠢᠬᠦ ᠨᠢ ᠪᠦᠷ ᠲᠦᠢᠯ ᠤᠨ ᠶᠡᠭᠡ ᠪᠣᠳᠠᠲᠤ ᠠᠰᠢᠭ ᠪᠣᠯᠤᠨ᠎ᠠ᠃      ᠡᠨᠡ ᠵᠢᠯ ᠤᠨ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠥᠬᠦ ᠣᠷᠣᠨ ᠤ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ᠃ ᠪᠢᠳᠡ ᠴᠢᠩᠭ᠎ᠠ ᠠᠴᠢ ᠬᠠᠷᠢᠭᠤᠯᠠᠬᠤ ᠰᠡᠳᠬᠢᠯᠭᠡ ᠪᠣᠯᠤᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠪᠦᠬᠦ ᠣᠷᠣᠨ ᠤ ᠬᠦᠴᠦᠨ ᠢ ᠳᠠᠶᠢᠴᠢᠯᠠᠨ ︽ᠰᠠᠨᠠᠯ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠪᠣᠳᠠᠲᠠᠶ ᠪᠠᠷ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠬᠦᠷᠲᠡᠯ᠎ᠡ᠂ ᠪᠢᠳᠡ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠠᠵᠢᠯ ᠢᠶᠠᠨ ᠰᠠᠶᠢᠲᠤᠷ ᠬᠢᠬᠦ ᠪᠠᠷ ᠲᠥᠯᠥᠪᠯᠡᠵᠦ ᠪᠠᠶᠢᠨ᠎ᠠ᠃ ᠨᠢᠭᠡ ᠳᠤ᠂ ᠲᠦᠷᠦ ᠶᠢᠨ ᠪᠤᠳᠤᠯᠭ᠎ᠠ ᠶᠢ ᠰᠠᠶᠢᠲᠤᠷ ᠰᠤᠷᠴᠤ ᠨᠡᠪᠲᠡᠷᠡᠲᠡᠯ᠎ᠡ ᠣᠶᠢᠯᠠᠭᠠᠬᠤ ᠬᠡᠷᠡᠭᠲᠡᠢ᠃ ︽ᠰᠠᠨᠠᠯ︾ ᠳᠤ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠬᠦ ᠶᠡᠷᠦᠩᠬᠡᠶ ᠱᠠᠭᠠᠷᠳᠠᠯᠭ᠎ᠠ᠂ ᠭᠤᠤᠯ ᠰᠢᠪᠲᠤᠯᠤᠯᠲᠠ ᠶᠢᠨ ᠴᠢᠭᠯᠡᠯ ᠪᠠ ᠭᠤᠤᠯ ᠡᠭᠦᠷᠭᠡ ᠶᠢ ᠲᠣᠳᠣᠷᠬᠠᠶ ᠲᠣᠭᠲᠠᠭᠠᠭᠰᠠᠨ ᠪᠠᠶᠢᠨ᠎ᠠ᠂ ᠪᠢᠳᠡ ᠶᠠᠭ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠶᠠᠭᠤ ᠬᠢᠪᠡᠯ ᠵᠣᠬᠢᠬᠤ ᠶᠢ ᠨᠢ ᠬᠡᠷᠬᠢᠨ ᠲᠣᠳᠣᠷᠬᠠᠶ ᠪᠣᠯᠭᠠᠵᠤ᠂ ᠪᠢᠴᠢᠭ ᠮᠠᠲ᠋ᠧᠷᠢᠶᠠᠯ ᠳᠤ ᠳᠤᠷᠠᠳᠤᠭᠰᠠᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠰᠠᠶᠢᠲᠤᠷ ᠡᠵᠡᠮᠳᠡᠵᠦ᠂ ᠰᠠᠶᠢᠲᠤᠷ ᠲᠤᠭᠤᠰᠢᠯᠠᠭᠤᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠨᠠᠶᠢᠳᠠᠪᠤᠷᠢᠵᠢᠭᠤᠯᠬᠤ ᠲᠣᠭᠲᠠᠴᠠ ᠶᠢ ᠰᠢᠯᠤᠭᠤᠳᠬᠠᠨ᠎ᠠ᠃ ︽ᠰᠠᠨᠠᠯ︾ ᠳᠤ ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠵᠡᠷᠭᠡ ᠪᠣᠳᠠᠲᠠᠶ ᠡᠭᠦᠷᠭᠡ ᠶᠢ ᠳᠤᠷᠠᠳᠪᠠ᠂ ᠡᠲᠡᠭᠡᠷ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠤᠯᠤᠰ ᠠᠴᠠ ᠨᠡᠶᠢᠲᠡᠯᠡᠭᠰᠡᠨ ᠶᠤᠮ᠂ ᠨᠠᠶᠢᠳᠠᠪᠤᠷᠢᠵᠢᠭᠤᠯᠤᠯᠲᠠ ᠶᠢ ᠠᠳᠬᠤᠬᠤ ᠭᠤᠤᠯ ᠴᠣᠭᠴᠠ ᠮᠥᠨ ᠴᠦ ᠪᠢᠳᠡ ᠥᠪᠡᠷ ᠤᠨ ᠪᠡᠶ᠎ᠡ ᠪᠣᠯᠤᠨ᠎ᠠ᠃ ᠪᠢᠳᠡ ᠶᠠᠭ ᠵᠦᠢᠯ ᠵᠤᠷᠪᠤᠰ ᠳᠠᠷᠠᠭᠠᠯᠠᠨ ᠡᠮᠬᠢᠯᠡᠵᠦ᠂ ᠡᠳᠡᠭᠡᠷ ᠲᠦᠷᠦ ᠶᠢᠨ ᠪᠤᠳᠤᠯᠭ᠎ᠠ ᠶᠢ ᠪᠣᠳᠠᠲᠠᠶ ᠪᠣᠳᠠᠲᠤ ᠶᠠᠪᠤᠳᠠᠯ ᠪᠣᠯᠭᠠᠨ ᠬᠤᠪᠢᠷᠠᠭᠤᠯᠵᠤ᠂ ᠴᠠᠭ ᠤᠨ ᠬᠦᠰᠦᠨᠦᠭᠲᠦ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠪᠠᠶᠢᠨ᠎ᠠ᠃ ᠭᠤᠷᠪᠠ ᠳᠤ᠂ ᠳᠠᠷᠦ᠋ᠢᠬᠠᠨ ᠬᠥᠳᠡᠯᠦᠯᠴᠡᠪᠡ᠃ ︽ᠰᠠᠨᠠᠯ︾ ᠨᠢ ᠬᠡᠳᠦ᠋ᠢᠪᠡᠷ 2035 ᠣᠨ ᠬᠦᠷᠲᠡᠯ᠎ᠡ ᠬᠠᠮᠢᠶᠠᠷᠤᠯᠲᠠ ᠬᠢᠭᠰᠡᠨ ᠪᠣᠯᠪᠠᠴᠤ ᠭᠤᠣᠯ ᠡᠭᠦᠷᠭᠡ ᠶᠢ ᠣᠶᠢᠷ᠎ᠠ ᠶᠢᠨ ᠬᠤᠭᠤᠴᠠᠭᠠᠨ ᠳᠤ ᠦᠨᠳᠦᠰᠦᠨ ᠳᠤ ᠪᠠᠨ ᠴᠥᠮ ᠡᠬᠢᠯᠡᠭᠦᠯᠵᠦ ᠪᠣᠯᠣᠨ᠎ᠠ᠃ ᠡᠨᠧᠷᠭᠢ ᠶᠢᠨ ᠬᠦᠷᠢᠶᠡᠨ ᠳᠠᠬᠢ ᠡᠯ᠎ᠡ ᠵᠦᠢᠯ ᠤᠨ ᠡᠭᠦᠷᠭᠡ ᠶᠢ ᠪᠢᠳᠡ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠰᠢᠮᠳᠠᠭᠤᠯᠵᠤ ᠪᠠᠶᠢᠭᠠᠳ ᠡᠳᠦᠷ ᠢᠶᠠᠷ ᠪᠣᠳᠣᠵᠤ᠂ ᠥᠷᠯᠥᠭᠡ ᠦᠳᠡᠰᠢ ᠶᠢ ᠲᠡᠮᠡᠴᠡᠨ ᠤᠷᠤᠭᠰᠢᠯᠠᠵᠤ᠂ ᠠᠵᠢᠯ ᠡᠬᠢᠯᠡᠭᠦᠯᠵᠦ ᠳᠡᠶᠢᠯᠬᠦ ᠲᠥᠷᠥᠯ ᠵᠦᠢᠯ ᠢ ᠱᠠᠯᠠᠪᠳᠠᠨ ᠨᠡᠭᠡᠭᠡᠵᠦ᠂ ᠬᠢᠬᠦ ᠴᠢᠬᠤᠯᠠ ᠲᠠᠢ ᠠᠵᠢᠯ ᠢ ᠱᠠᠯᠠᠪᠳᠠᠨ ᠬᠢᠵᠦ᠂ ᠬᠠᠮᠤᠭ ᠤᠨ ᠣᠬᠤᠷ ᠬᠤᠭᠤᠴᠠᠭᠠᠨ ᠤ ᠳᠣᠲᠣᠷ᠎ᠠ ᠪᠣᠳᠠᠲᠤ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号