ᠬᠠᠶᠢᠨᠠᠨ ᠲᠣᠭᠤᠷᠢᠭ ᠤᠨ ᠣᠯᠠᠨ ᠲᠦᠮᠡᠨ ᠭᠠᠯ ᠮᠡᠲᠦ ᠬᠠᠯᠠᠭᠤᠮᠰᠤᠭ ᠢᠶᠠᠷ ᠠᠭᠠᠷ ᠲᠣᠬᠢᠷᠠᠭᠤᠯᠤᠭᠴᠢ ᠨᠢ ᠴᠤ ᠳᠤᠯᠠᠭᠠᠬᠠᠨ ᠪᠣᠯᠵᠤ ᠴᠢᠳᠠᠬᠤ ᠦᠭᠡᠢ︕
ᠨᠡᠶᠢᠲᠡᠯᠡᠭᠰᠡᠨ ᠴᠠᠭ᠄
2023/12/15
      ᠡᠨᠡ ᠣᠷᠣᠢ ᠶᠢᠨ ᠬᠠᠶᠢᠨᠠᠨ ᠲᠣᠭᠤᠷᠢᠭ ᠤᠨ ᠠᠭᠤᠳᠠᠮ ᠲᠠᠯᠠᠪᠠᠢ ᠶᠢᠨ ᠦᠵᠡᠭᠴᠢᠳ ᠮᠥᠨ ᠯᠡ ᠭᠠᠯ ᠠᠭᠤᠳᠠᠮ ᠲᠠᠯᠠᠪᠠᠢ ᠶᠢᠨ ᠰᠣᠶᠣᠯ ᠤᠷᠠᠯᠢᠭ ᠤᠨ ᠨᠠᠶᠢᠷ - ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠲᠤᠰᠬᠠᠢ ᠲᠣᠭᠯᠠᠯᠲᠠ ᠰᠡᠳᠬᠢᠯ ᠳᠣᠭᠳᠣᠯᠵᠤ ᠪᠠᠶᠢᠯ᠎ᠠ᠃      
     ᠲᠤᠰᠬᠠᠢ ᠲᠣᠭᠯᠠᠯᠲᠠ ᠨᠢ ︽ᠮᠣᠷᠢ ᠤᠷᠤᠯᠳᠤᠬᠤ︾ ᠭᠡᠬᠦ ᠶᠡᠭᠡ ᠬᠡᠩᠭᠡᠷᠭᠡ ᠶᠢᠨ ᠲᠣᠭᠯᠠᠯᠲᠠ ᠪᠠᠷ ᠬᠥᠰᠢᠭᠡ ᠪᠠᠨ ᠰᠡᠬᠦᠵᠦ᠂ ︽ᠨᠠᠮ ᠤᠨ ᠠᠴᠢ ᠶᠢ ᠪᠠᠲᠤ ᠴᠡᠭᠡᠵᠢᠯᠡᠶ᠎ᠡ︾᠂ ᠾᠧᠨᠠᠨ ᠵᠦᠴᠦᠭᠡ ︽ᠬᠤᠸᠠ ᠮᠦ ᠯᠠᠨ︾᠂ ᠣᠷᠣᠨ ᠨᠤᠲᠤᠭ ᠤᠨ ᠪᠠᠭ᠎ᠠ ᠲᠣᠬᠢᠷᠠᠭᠤᠯᠤᠯᠲᠠ ᠶᠢᠨ ︽ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠮᠠᠭᠲᠠᠨ ᠳᠠᠭᠤᠯᠠᠶ᠎ᠠ︾᠂ ᠪᠥᠵᠢᠭ ︽ᠬᠠᠳᠤᠨ ᠭᠤᠣᠯ ᠤᠨ ᠤᠰᠤ ᠶᠢ ᠮᠠᠨ ᠤ ᠭᠡᠷ ᠤᠨ ᠡᠭᠦᠳᠡᠨ ᠠᠴᠠ ᠲᠤᠭᠤᠯᠰᠤᠭᠠᠢ︾ ᠵᠡᠷᠭᠡ ᠲᠣᠭᠯᠠᠯᠲᠠ ᠭᠤᠶᠢᠳᠠ ᠰᠠᠶᠢᠬᠠᠨ ᠶᠠᠪᠤᠭᠳᠠᠪᠠ᠃ ᠫᠷᠤᠭ᠍ᠷᠠᠮ ᠤᠨ ᠭᠤᠣᠯ ᠰᠡᠳᠦᠪ ᠨᠢ ᠢᠯᠡ ᠲᠣᠳᠣ᠂ ᠬᠡᠯᠪᠡᠷᠢ ᠨᠢ ᠤᠯᠠᠨ ᠶᠠᠩᠵᠤ ᠶᠢᠨ᠂ ᠠᠭᠤᠯᠭ᠎ᠠ ᠨᠢ ᠪᠠᠶᠠᠯᠢᠭ ᠰᠠᠶᠢᠬᠠᠨ ᠪᠠᠶᠢᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃       ᠪᠦᠬᠦ᠋ᠢᠯᠡ ᠲᠣᠭᠯᠠᠯᠲᠠ ᠨᠢ ᠳᠠᠭᠤᠤ ᠪᠥᠵᠢᠭ ᠠᠭᠤᠰᠤᠯᠴᠠᠵᠤ᠂ 16 ᠲᠣᠭᠯᠠᠯᠲᠠ ᠨᠢ ᠭᠤᠷᠪᠠᠨ ᠥᠭᠦᠯᠡᠪᠦᠷᠢ ᠬᠠᠭᠠᠰ᠂ ᠰᠠᠺᠰ ᠤᠨ ᠭᠤᠴᠣᠯᠠᠯ ᠬᠥᠭᠵᠢᠮ᠂ ᠤᠷᠠᠨ ᠤᠩᠰᠢᠯᠭ᠎ᠠ ᠵᠡᠷᠭᠡ ᠣᠯᠠᠨ ᠲᠥᠷᠥᠯ ᠢ ᠬᠠᠮᠤᠷᠴᠤ᠂ ᠬᠡᠯᠪᠡᠷᠢ ᠨᠢ ᠰᠢᠨ᠎ᠡ ᠰᠣᠷᠭᠤᠭ ᠪᠠᠶᠢᠵᠤ᠂ ᠬᠠᠶᠢᠨᠠᠨ ᠲᠣᠭᠤᠷᠢᠭ ᠤᠨ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠺᠠᠳ᠋ᠷ ᠣᠯᠠᠨ ᠲᠦᠮᠡᠨ ᠤ ᠲᠡᠮᠡᠴᠡᠯ ᠤᠨ ᠵᠣᠷᠢᠭ ᠪᠠᠳᠠᠷᠠᠩᠭᠤᠶ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号