ᠦᠨᠡᠨ ᠰᠡᠳᠬᠢᠯ ᠠᠴᠠ ᠪᠠᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠵᠦ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/12/18
      — ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠯᠢ ᠴᠢᠩ  ᠶᠦᠨ ᠢ ᠰᠤᠷᠪᠦᠯᠵᠢᠯᠠᠭᠰᠠᠨ ᠨᠢ      ᠬᠤᠶᠠᠳᠤᠭᠠᠷ ᠪᠦᠯᠦᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠠᠲᠤ ᠡᠵᠡᠮᠳᠡᠵᠦ᠂ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠠᠵᠢᠯ ᠢ ᠨᠠᠷᠢᠯᠢᠭ᠂ ᠨᠠᠷᠢᠯᠢᠭ᠂ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠤᠯᠠᠨ ᠲᠦᠮᠡᠨ ᠤ ︽ᠰᠡᠳᠬᠢᠯ ᠲᠠᠢ ᠲᠤᠳᠤᠨᠤ︾᠂ ︽ᠰᠡᠳᠬᠢᠯ ᠢ ᠮᠡᠳᠡᠭᠴᠢ ᠬᠥᠮᠦᠨ︾᠂ ︽ᠰᠡᠳᠬᠢᠯ ᠢ ᠳᠤᠯᠠᠭᠠᠴᠠᠭᠤᠯᠬᠤ ᠬᠥᠮᠦᠨ︾ ᠪᠣᠯᠬᠤ ᠬᠡᠷᠡᠭᠲᠡᠢ᠃ ᠣᠢᠷ᠎ᠠ ᠳᠤ᠂ ᠰᠤᠷᠪᠤᠯᠵᠢᠯᠠᠭᠴᠢ ᠪᠠᠷᠠᠭᠤᠨ ᠵᠦᠸᠧ ᠽᠢ ᠱᠠᠨ ᠵᠡᠭᠡᠯᠢ ᠭᠤᠳᠤᠮᠵᠢ ᠶᠢᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠬᠡᠷᠬᠢᠨ ᠠᠬᠢᠭᠤᠯᠬᠤ ᠲᠤᠬᠠᠢ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠯᠢ ᠴᠢᠩ  ᠶᠦᠨ ᠢ ᠰᠤᠷᠪᠤᠯᠵᠢᠯᠠᠪᠠ᠃      ᠯᠢ ᠴᠢᠩ ᠶᠦᠨ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠢᠨ ᠭᠤᠤᠯ ᠰᠡᠳᠦᠪᠲᠦ ᠬᠥᠮᠦᠵᠢᠯ ᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠤᠶᠢᠯᠡᠳᠤᠯᠭᠡ ᠶᠢᠨ ᠠᠵᠢᠯᠯᠠᠭ᠎ᠠ ᠲᠠᠢ ᠨᠢᠭᠲᠠ ᠤᠶᠠᠯᠳᠤᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ ᠪᠣᠳᠠᠲᠤ ᠶᠠᠪᠤᠳᠠᠯ ᠬᠢᠬᠦ ᠶᠢᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠢᠳᠡ ᠠᠷᠠᠳ ᠤᠨ ᠪᠠᠶᠢᠳᠠᠯ ᠢ ᠠᠯᠬᠤᠭ᠎ᠠ ᠪᠠᠷ ᠢᠶᠠᠨ ᠬᠡᠮᠵᠢᠵᠦ᠂ ᠦᠨᠡᠨ ᠰᠡᠳᠬᠢᠯ ᠠᠴᠠ ᠪᠠᠨ ᠠᠷᠠᠳ ᠤᠨ ᠵᠣᠪᠠᠨᠢᠯ ᠢ ᠠᠷᠢᠯᠭᠠᠵᠤ᠂ ᠣᠶᠤᠨ ᠤᠬᠠᠭᠠᠨ ᠢᠶᠠᠷ ᠵᠢᠭᠤᠷᠠᠯᠳᠤᠭᠠᠨ ᠢ ᠰᠢᠶ᠋ᠳᠪᠦᠷᠢᠯᠡᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠥᠬᠡᠶ ᠠᠬᠢᠭᠤᠯᠪᠠ᠃      ᠰᠤᠷᠲᠠᠯ ᠢᠶᠠᠨ ᠬᠤᠪᠢᠷᠠᠭᠤᠯᠵᠤ᠂ ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠤᠯᠠᠨ ᠲᠦᠮᠡᠨ ᠤ ︽ᠳᠣᠲᠣᠨᠣ ᠬᠥᠮᠦᠨ︾ ᠪᠣᠯᠬᠤ ᠬᠡᠷᠡᠭᠲᠡᠶ᠃ ︽ᠳᠥᠷᠪᠡᠨ ᠨᠢᠭᠡ︾ ᠪᠠᠷ ᠠᠴᠢᠶᠠᠯᠠᠪᠤᠷᠢ ᠪᠣᠯᠭᠠᠬᠤ ︵ᠨᠢᠭᠡ ᠬᠠᠪᠰᠤᠷᠤᠨ ᠵᠢᠯᠣᠭᠤᠳᠬᠤ ᠪᠢᠴᠢᠭ᠂ ᠨᠢᠭᠡ ᠳᠡᠪᠲᠡᠷ ᠲᠠᠢ ᠠᠷᠠᠳ ᠲᠤ ᠠᠰᠢᠭ ᠬᠦᠷᠲᠡᠭᠡᠬᠦ ᠲᠠᠩᠰᠠ᠂ ᠨᠢᠭᠡ ᠲᠣᠳᠣᠷᠬᠠᠶ ᠺᠠᠷᠲ᠂ ᠨᠢᠭᠡ ᠪᠦᠯᠦᠭ ᠰᠣᠶᠣᠯ ᠤᠨ ᠠᠵᠢᠯᠯᠠᠭ᠎ᠠ︶᠂ ︽ᠳᠥᠷᠪᠡᠨ ᠰᠤᠷᠭᠠᠨ ᠬᠥᠮᠦᠵᠢᠯ ᠢ ᠠᠭᠤᠰᠤᠯᠴᠠᠭᠤᠯᠬᠤ︾ ︵ᠬᠥᠲᠥᠯᠦᠨ ᠳᠠᠭᠠᠭᠤᠯᠬᠤ ᠮᠠᠶ᠋ᠢᠭ ᠤᠨ ᠰᠤᠷᠭᠠᠨ ᠬᠥᠮᠦᠵᠢᠯ᠂ ᠣᠯᠠᠨ ᠲᠦᠮᠡᠨᠴᠢ ᠮᠠᠶ᠋ᠢᠭ ᠤᠨ ᠰᠤᠷᠭᠠᠨ ᠬᠥᠮᠦᠵᠢᠯ᠂ ᠣᠯᠠᠨ ᠲᠦᠮᠡᠨᠴᠢ ᠮᠠᠶ᠋ᠢᠭ ᠤᠨ ᠰᠤᠷᠭᠠᠨ ᠬᠥᠮᠦᠵᠢᠯ᠂ ᠬᠤᠪᠢᠶᠠᠨ ᠡᠳ᠋ᠯᠡᠬᠦ ᠮᠠᠶ᠋ᠢᠭ ᠤᠨ ᠰᠤᠷᠭᠠᠨ ᠬᠥᠮᠦᠵᠢᠯ᠂ ᠬᠤᠪᠢᠶᠠᠯᠴᠠᠨ ᠡᠳ᠋ᠯᠡᠬᠦ ᠮᠠᠶ᠋ᠢᠭ ᠤᠨ ᠰᠤᠷᠭᠠᠨ ᠬᠥᠮᠦᠵᠢᠯ︶ ᠶᠢ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠣᠳᠣᠷᠬᠠᠶ ᠺᠠᠷᠲ ᠢ ᠵᠣᠬᠢᠶᠠᠵᠤ᠂ ᠠᠷᠠᠳ ᠲᠤ ᠠᠰᠢᠭ ᠬᠦᠷᠲᠡᠭᠡᠬᠦ‍ ᠨᠢᠭᠡ ᠲᠣᠰ ᠲᠠᠩᠰᠠ ᠶᠢ 2 ᠡᠮᠬᠢᠯᠡᠪᠡ᠃ ᠨᠡᠭᠦᠳᠡᠯ ᠨᠠᠮ ᠤᠨ ᠭᠡᠰᠢᠭᠦᠨ ᠢ ︽ᠬᠤᠣᠰ ᠰᠢᠤᠳᠠᠨ ᠢᠶᠠᠷ ᠶᠠᠪᠤᠭᠤᠯᠬᠤ + ᠪᠢᠴᠢᠯ ᠬᠢᠴᠢᠶᠡᠯ ᠤᠨ ᠲᠠᠩᠬᠢᠮ︾ ᠤᠨ ᠠᠷᠭ᠎ᠠ ᠪᠠᠷ ᠰᠤᠷᠤᠯᠴᠠᠯᠭ᠎ᠠ ᠶᠢ ᠭᠡᠷ ᠲᠤᠨᠢ ᠬᠦᠷᠭᠡᠬᠦ ᠠᠵᠢᠯᠯᠠᠭ᠎ᠠ ᠶᠢ 15 ᠤᠳᠠᠭ᠎ᠠ ᠥᠷᠨᠢᠭᠦᠯᠵᠦ᠂ 6 ᠬᠤᠪᠢ ᠰᠤᠷᠤᠯᠴᠠᠬᠤ ᠮᠠᠲ᠋ᠧᠷᠢᠶᠠᠯ ᠢ ᠰᠢᠦᠳᠠᠨ ᠢᠶᠠᠷ ᠢᠯᠡᠭᠡᠵᠦ᠂ ᠨᠡᠭᠦᠳᠡᠯ ᠨᠠᠮ ᠤᠨ ᠭᠡᠰᠢᠭᠦᠨ ᠢ ︽ᠨᠤᠲᠤᠭ ᠤᠰᠤᠨ ᠳᠠᠭᠠᠨ ᠨᠠᠮ ᠠᠴᠠ ᠰᠠᠯᠬᠤ ᠦᠭᠡᠢ︾ ︽ᠨᠡᠭᠦᠳᠡᠯ ᠠᠯᠳᠠᠭᠳᠠᠭᠤᠯᠬᠤ ᠦᠭᠡᠢ︾ ᠪᠣᠯᠭᠠᠪᠠ᠃ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠳᠤ ᠦᠨᠡᠨ ᠪᠣᠳᠠᠲᠠᠢ ᠪᠣᠳᠠᠲᠠᠢ ᠠᠵᠢᠯ ᠬᠢᠵᠦ ᠥᠭᠬᠦ ᠬᠡᠷᠡᠭᠲᠡᠢ᠃      ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠠᠷᠠᠳ ᠤᠨ ᠪᠠᠶᠢᠳᠠᠯ ᠢ ᠣᠶᠢᠯᠠᠭᠠᠵᠤ᠂ ᠤᠯᠠᠨ ᠲᠦᠮᠡᠨ ᠤ ︽ᠰᠡᠳᠬᠢᠯ ᠢ ᠮᠡᠳᠡᠭᠴᠢ︾ ᠪᠣᠯᠪᠠ᠃ ︽ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ︾ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ︽ᠦᠵᠡᠬᠦ᠂ ᠰᠣᠨᠣᠰᠬᠤ᠂ ᠬᠦᠷᠭᠡᠬᠦ᠂ ᠪᠠᠶᠢᠴᠠᠭᠠᠬᠤ᠂ ᠲᠠᠶᠢᠯᠬᠤ᠂ ᠲᠡᠮᠳᠡᠭᠯᠡᠬᠦ᠂ ᠭᠤᠪᠢᠭᠤᠯᠬᠤ︾ ᠳᠣᠯᠣᠭᠠᠨ ᠦᠰᠦᠭ ᠤᠨ ᠠᠷᠠᠳ ᠤᠨ ᠪᠠᠶᠢᠳᠠᠯ ᠤᠨ ᠠᠵᠢᠯ ᠤᠨ ᠠᠷᠭ᠎ᠠ ᠶᠢ ᠰᠠᠨᠠᠭᠠᠴᠢᠯᠠᠨ᠂ 62 ᠬᠥᠮᠦᠨ ᠤᠳᠠᠭ᠎ᠠ ᠶᠢ ᠭᠦᠨᠵᠡᠭᠡᠶ ᠰᠤᠷᠪᠤᠯᠵᠢᠯᠠᠵᠤ᠂ 9 ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠨ᠂ 56 ᠬᠤᠪᠢ ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ ᠪᠢᠴᠢᠵᠦ᠂ 5 ᠶᠠᠳᠠᠭᠤ ᠬᠦᠴᠢᠷᠳᠡᠯᠲᠡᠶ ᠡᠷᠦᠬᠡ ᠶᠢ ᠲᠣᠬᠤᠨᠢᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ 100 % ᠳᠤ ᠬᠦᠷᠭᠡᠪᠡ᠃ ︽ᠬᠤᠪᠢᠰᠬᠠᠯ ᠤᠨ ᠦᠢᠯᠡᠴᠢᠯᠡᠭᠡᠨ ᠤ ᠪᠠᠭ᠎ᠠ ᠠᠩᠭᠢ︾᠂ ︽ᠲᠠᠷᠢᠶᠠᠨ ᠭᠠᠵᠠᠷ ᠢ ᠤᠬᠠᠭᠤᠯᠤᠨ ᠲᠠᠶᠢᠯᠪᠤᠷᠢᠯᠠᠬᠤ ᠠᠩᠭᠢ︾᠂ ︽ᠬᠡᠷᠡᠮ ᠤᠨ ᠦᠨᠳᠦᠰᠦ ᠶᠢᠨ ᠬᠦᠷᠢᠶᠡᠯᠡᠩ ᠤᠨ ᠵᠣᠭᠤᠭᠳᠠᠬᠤ ᠪᠦᠯᠬᠦᠮ︾ ᠵᠡᠷᠭᠡ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠮ ᠡᠮᠨᠡᠯᠭᠡ ᠶᠢᠨ ᠳᠠᠭᠠᠳᠬᠠᠯ᠂ ᠨᠠᠰᠤᠵᠢᠯ ᠤᠨ ᠠᠰᠠᠷᠠᠮᠵᠢ᠂ ᠨᠠᠭᠠᠳᠤ ᠵᠠᠬ᠎ᠠ ᠶᠢᠨ ᠪᠠᠲᠤᠯᠠᠭ᠎ᠠ᠂ ︽4050︾ ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 10 ᠭᠠᠷᠤᠶ ᠲᠠᠯᠠᠪᠤᠷ ᠤᠳᠠᠭ᠎ᠠ ᠥᠷᠨᠢᠭᠦᠯᠵᠦ᠂ ᠣᠯᠠᠨ ᠲᠦᠮᠡᠨ ᠢ 1000 ᠭᠠᠷᠤᠶ ᠬᠥᠮᠦᠨ ᠤᠳᠠᠭ᠎ᠠ ᠬᠠᠮᠤᠷᠴᠤ᠂ ᠣᠯᠠᠨ ᠲᠦᠮᠡᠨ ᠤ ᠡᠯ᠎ᠡ ᠲᠥᠷᠥᠯ ᠤᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠬᠠᠷᠢᠭᠤᠯᠵᠤ᠂ ᠬᠠᠤᠯᠢ ᠴᠠᠭᠠᠵᠠ ᠶᠢᠨ ᠵᠥᠪᠯᠡᠯᠭᠡ 120 ᠭᠠᠷᠤᠶ ᠤᠳᠠᠭ᠎ᠠ ᠬᠠᠩᠭᠠᠵᠤ᠂ ᠣᠯᠠᠨ ᠲᠦᠮᠡᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠪᠠ᠃      ᠪᠣᠳᠠᠲᠤ ᠶᠠᠪᠤᠳᠠᠯ ᠬᠢᠵᠦ᠂ ᠠᠷᠠᠳ ᠤᠨ ᠵᠣᠪᠠᠨᠢᠯ ᠢ ᠠᠷᠢᠯᠭᠠᠵᠤ᠂ ᠣᠯᠠᠨ ᠲᠦᠮᠡᠨ ᠤ ︽ᠰᠡᠳᠬᠢᠯ ᠢ ᠳᠤᠯᠠᠭᠠᠴᠠᠭᠤᠯᠬᠤ ᠬᠥᠮᠦᠨ︾ ᠪᠣᠯᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠬᠢᠭᠡᠳ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠬᠠᠷᠢᠯᠴᠠᠨ ᠠᠭᠤᠰᠤᠯᠴᠠᠭᠤᠯᠤᠨ ᠬᠠᠮᠲᠤᠪᠠᠷ ᠠᠬᠢᠭᠤᠯᠬᠤ ᠶᠢ ᠠᠬᠢᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠢᠳᠡᠪᠬᠢᠲᠡᠢ ᠲᠠᠷᠬᠠᠭᠠᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠦᠷ ᠴᠠᠭ ᠤᠨ ᠴᠢᠨᠠᠷᠲᠠᠶ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠮᠡᠵᠦ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠶ᠃ ᠬᠠᠷᠢᠶᠠᠲᠤ ᠣᠷᠣᠨ ᠤ ᠵᠠᠮ ᠤᠨ ᠳ᠋ᠧᠩ ᠤᠨ ᠲᠥᠬᠦᠭᠡᠷᠦᠮᠵᠢ ᠶᠢ ᠬᠠᠮᠠᠭᠠᠯᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ 18 ᠵᠢᠯ ᠭᠠᠷᠤᠶ ᠵᠠᠮ ᠤᠨ ᠳ᠋ᠧᠩ ᠢ ᠰᠣᠯᠢᠵᠤ᠂ 10 ᠪᠠᠶᠢᠰᠢᠩ ᠭᠡᠷ ᠤᠨ ᠬᠠᠭᠤᠷᠠᠶ ᠵᠣᠷᠯᠣᠩ ᠢ ᠭᠡᠷᠡᠯᠲᠦᠭᠦᠯᠬᠦ ᠳ᠋ᠧᠩ ᠤᠭᠰᠠᠷᠠᠵᠤ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ ᠭᠠᠷᠬᠤ ᠳᠤ ᠳᠥᠭᠦᠮ ᠦᠭᠡᠢ ᠪᠠ ᠣᠷᠣᠢ ᠨᠢ ᠵᠣᠷᠯᠣᠩ ᠳᠤ ᠬᠦᠴᠢᠷ ᠪᠠᠶᠢᠬᠤ ᠠᠰᠠᠭᠤᠳᠠᠯ ᠢ ᠦᠨᠡᠨᠬᠦ ᠰᠢᠶ᠋ᠳᠪᠦᠷᠢᠯᠡᠪᠡ᠃ ︽ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ︾ ᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ︽ᠰᠦᠯᠵᠢᠶᠡᠨ ᠤ ᠠᠵᠢᠯᠲᠠᠨ ᠥᠪᠡᠷᠲᠡᠭᠡᠨ ᠭᠦᠶ᠋ᠴᠡᠳᠬᠡᠬᠦ᠂ ᠲᠣᠰᠬᠤᠨ ᠨᠡᠶᠢᠭᠡᠮ ᠲᠣᠭᠤᠷᠢᠭ ᠬᠤᠯᠪᠣᠭᠠᠯᠠᠨ ᠭᠦᠶ᠋ᠴᠡᠳᠬᠡᠬᠦ᠂ ᠵᠡᠭᠡᠯᠢ ᠭᠤᠳᠤᠮᠵᠢ ᠶᠢ ᠰᠠᠯᠭᠠᠵᠤ ᠲᠤᠰᠢᠶᠠᠨ ᠭᠦᠶ᠋ᠴᠡᠳᠬᠡᠬᠦ︾ ᠵᠠᠭᠪᠤᠷ ᠢᠶᠠᠷ 976 ᠬᠡᠷᠡᠭ ᠢ ᠬᠦᠯᠢᠶᠡᠨ ᠠᠪᠴᠤ᠂ 976 ᠬᠡᠷᠡᠭ ᠢ ᠰᠢᠶ᠋ᠳᠪᠦᠷᠢᠯᠡᠨ ᠳᠠᠭᠤᠰᠬᠠᠵᠤ᠂ ᠪᠦᠬᠦ ᠵᠢᠯ ᠳᠤ ᠨᠡᠶᠢᠲᠡ 39 ᠵᠥᠷᠢᠴᠡᠯ ᠵᠢᠭᠤᠷᠠᠯᠳᠤᠭᠠᠨ ᠢ ᠰᠢᠶ᠋ᠳᠪᠦᠷᠢᠯᠡᠵᠦ᠂ ᠨᠠᠮ ᠤᠨ ᠭᠡᠰᠢᠭᠦᠨ ᠺᠠᠳ᠋ᠷ ᠤᠨ ︽ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠬᠦᠴᠢᠷᠳᠡᠯ ᠢ ᠰᠢᠶ᠋ᠳᠪᠦᠷᠢᠯᠡᠬᠦ᠂ ᠪᠣᠳᠠᠲᠤ ᠶᠠᠪᠤᠳᠠᠯ ᠬᠢᠬᠦ︾ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠲᠥᠷᠥᠭᠳᠡᠯ ᠲᠠᠢ᠂ ᠣᠶᠢᠯᠠᠭᠠᠵᠤ ᠳᠡᠶᠢᠯᠬᠦ᠂ ᠪᠣᠳᠠᠲᠠᠶ ᠠᠰᠢᠭ ᠬᠦᠷᠲᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠷᠮᠠᠶᠢᠨ ᠬᠢᠵᠦ᠂ ᠭᠤᠤᠯ ᠰᠡᠳᠦᠪᠲᠦ ᠬᠥᠮᠦᠵᠢᠯ ᠤᠨ ᠳᠤᠮᠳᠠ ︽ᠠᠷᠠᠳ ᠲᠦᠮᠡᠨ ᠳᠤ ᠪᠤᠶᠠᠨ ᠦᠶ᠋ᠯᠡᠳᠬᠦ︾ ᠤᠭ ᠰᠠᠨᠠᠭᠠᠨ ᠤ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号