— ᠷᠠᠰᠠᠩ ᠰᠦᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠢ | ᠰᠣᠷᠪᠦᠯᠵᠢᠯᠠᠭᠰᠠᠨ ᠨᠢ | ᠷᠠᠰᠠᠩ ᠰᠦᠮ᠎ᠡ ᠪᠠᠯᠭᠠᠰᠤᠨ ᠤ ᠨᠠᠮ ᠤᠨ ᠬᠤᠷᠢᠶ᠎ᠠ ᠪᠣᠳᠠᠲᠠᠶ ᠱᠠᠭᠠᠷᠳᠠᠯᠭ᠎ᠠ ᠪᠠᠨ ᠭᠤᠤᠯ ᠰᠡᠳᠦᠪᠲᠦ | ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠭᠤᠤᠯ ᠰᠡᠳᠦᠪᠲᠦ ᠬᠥᠮᠦᠵᠢᠯ ᠢ | ᠥᠷᠨᠢᠭᠦᠯᠬᠦ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠬᠤ ᠲᠠᠢ ᠣᠷᠭᠠᠨᠢᠭ ᠢᠶᠠᠷ ᠠᠭᠤᠰᠤᠯᠴᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ | ᠲᠥᠷᠦ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠶ᠋ᠯᠡᠳᠦᠯ ᠪᠣᠯᠤᠨ | ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠠᠷᠠᠳ ᠣᠯᠠᠨ ᠤ | ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠦᠨᠡᠨ ᠪᠣᠳᠠᠲᠠᠶ ᠰᠢᠶ᠋ᠳᠪᠦᠷᠢᠯᠡᠵᠦ᠂ ᠠᠷᠠᠳ ᠣᠯᠠᠨ ᠢ ᠨᠠᠩ ᠰᠠᠶᠢᠲᠤᠷ | ᠵᠣᠬᠢᠶᠠᠨ ᠪᠠᠶᠢᠭᠤᠯᠤᠨ ᠳᠠᠶᠢᠴᠢᠯᠠᠵᠤ᠂ ᠪᠦᠯᠬᠦᠮᠳᠡᠨ ᠨᠢᠭᠲᠠᠷᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ ᠶᠢᠨ ᠲᠥᠯᠥᠭᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠶ᠃ ᠤᠶᠢᠷ᠎ᠠ ᠳᠤ᠂ | ᠰᠤᠷᠪᠤᠯᠵᠢᠯᠠᠭᠴᠢ ᠷᠠᠰᠠᠩ ᠰᠦᠮ᠎ᠡ ᠪᠠᠯᠭᠠᠰᠤᠨ ᠤ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ | ᠬᠡᠷᠬᠢᠨ ᠭᠦᠨᠵᠡᠭᠡᠶᠢᠷᠡᠭᠦᠯᠦᠨ ᠠᠬᠢᠭᠤᠯᠬᠤ ᠲᠤᠬᠠᠶ ᠷᠠᠰᠠᠩ ᠰᠦᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠶᠠᠩ ᠶᠤᠸᠠᠢ ᠯᠦᠩ ᠢ ᠰᠤᠷᠪᠤᠯᠵᠢᠯᠠᠪᠠ᠃ | ᠶᠠᠩ ᠶᠤᠸᠠᠢ ᠯᠦᠩ ᠬᠡᠯᠡᠬᠦ ᠳᠡᠭᠡᠨ᠂ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ | ᠷᠠᠰᠠᠩ ᠰᠦᠮ᠎ᠡ ᠪᠠᠯᠭᠠᠰᠤ ᠭᠤᠤᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ | ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ | ᠱᠠᠭᠠᠷᠳᠠᠯᠭ᠎ᠠ ᠶᠢ ᠪᠠᠲᠤ ᠡᠵᠡᠮᠳᠡᠵᠦ᠂ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ︾ | ᠠᠵᠢᠯᠯᠠᠭ᠎ᠠ ᠪᠠᠷ ᠴᠢᠬᠤᠯᠠ ᠭᠠᠷᠳᠠᠴᠠ ᠪᠣᠯᠭᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ | ᠠᠵᠢᠯ ᠤᠨ ᠳᠦᠷᠢᠮ ᠢ ᠰᠠᠶᠢᠲᠤᠷ ᠬᠡᠷᠡᠭᠯᠡᠵᠦ᠂ ︽ᠭᠤᠷᠪᠠ ᠶᠢ ᠢᠯᠡᠷᠡᠭᠦᠯᠵᠦ ᠭᠤᠷᠪᠠ ᠶᠢ ᠰᠣᠨᠣᠰᠬᠤ︾ ᠠᠵᠢᠯ ᠤᠨ | ᠵᠠᠭᠪᠤᠷ ᠲᠤ ᠰᠠᠭᠤᠷᠢᠯᠠᠵᠤ᠂ ᠲᠣᠰᠬᠤᠨ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢ ᠴᠤᠭᠯᠠᠭᠤᠯᠵᠤ᠂ ᠠᠵᠢᠯ ᠢᠶᠠᠨ ᠠᠬᠢᠭᠤᠯᠬᠤ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ | ᠣᠨᠣᠪᠴᠢᠲᠠᠶ ᠣᠯᠵᠤ᠂ ︽ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠰᠢᠢᠳᠪᠦᠷᠢᠯᠡᠵᠦ᠂ | ᠪᠣᠳᠠᠲᠠᠶ ᠠᠵᠢᠯ ᠬᠢᠬᠦ︾ ᠬᠡᠷᠡᠭᠲᠡᠶ ᠭᠡᠵᠡᠶ᠃ | ᠠᠷᠠᠳ ᠤᠨ ᠪᠠᠶᠢᠳᠠᠯ ᠢ ᠣᠶᠢᠯᠠᠭᠠᠵᠤ᠃ ︽ᠬᠦᠴᠢᠷ ᠠᠰᠠᠭᠤᠳᠠᠯ ᠢ ᠰᠢᠢᠳᠪᠦᠷᠢᠯᠡᠬᠦ᠂ ᠪᠣᠳᠠᠲᠤ ᠶᠠᠪᠤᠳᠠᠯ ᠬᠢᠬᠦ︾ | ᠠᠵᠢᠯᠯᠠᠭ᠎ᠠ ᠪᠠᠷ ᠴᠢᠬᠤᠯᠠ ᠭᠠᠷᠳᠠᠴᠠ ᠪᠣᠯᠭᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ︽ᠭᠤᠷᠪᠠ ᠶᠢ | ᠢᠯᠡᠷᠡᠭᠦᠯᠵᠦ ᠭᠤᠷᠪᠠ ᠶᠢ ᠰᠣᠨᠣᠰᠬᠤ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ 188 ᠨᠠᠮ ᠤᠨ ᠭᠡᠰᠢᠭᠦᠨ | ᠣᠷᠣᠯᠴᠠᠭᠰᠠᠨ 58 ᠪᠠᠶᠢᠴᠠᠭᠠᠨ ᠰᠤᠳᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠣᠰᠬᠤᠨ᠂ ᠨᠡᠶᠢᠭᠡᠮ | ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠴᠤᠭᠯᠠᠭᠤᠯᠵᠤ᠂ ᠠᠵᠢᠯ ᠢ ᠠᠬᠢᠭᠤᠯᠵᠤ ᠠᠰᠠᠭᠤᠳᠠᠯ ᠢ ᠰᠢᠢᠳᠪᠦᠷᠢᠯᠡᠬᠦ ᠴᠢᠭᠯᠡᠯ᠂ ᠠᠷᠭ᠎ᠠ ᠬᠡᠮᠵᠢᠶ᠎ᠡ ᠶᠢ ᠴᠠᠭ | ᠲᠤᠬᠠᠢ ᠳᠤᠨᠢ ᠣᠨᠣᠪᠴᠢᠲᠠᠢ ᠡᠷᠢᠵᠦ ᠤᠯᠪᠠ᠃ ︽ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ︾ ᠤᠨ | ᠠᠵᠢᠯ ᠤᠨ ᠠᠷᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠡᠭᠡᠵᠢᠯᠡᠬᠦ ᠪᠠᠷ ᠠᠷᠭ᠎ᠠ ᠪᠠᠷᠢᠯ ᠪᠣᠯᠭᠠᠬᠤ ᠶᠢ | ᠪᠠᠷᠢᠮᠲᠠᠯᠠᠵᠤ᠂ ︽ᠭᠦᠢᠴᠡᠳᠬᠡᠬᠦ︾ ᠪᠠᠷ ᠬᠠᠷᠠᠯᠲᠠ ᠪᠣᠯᠭᠠᠵᠤ᠂ ᠲᠣᠰᠬᠤᠨ ᠤ ︽ᠬᠤᠶᠠᠷ ᠵᠥᠪᠯᠡᠯ︾᠂ | ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢ ᠵᠣᠬᠢᠶᠠᠨ ᠪᠠᠶᠢᠭᠤᠯᠵᠤ ︽ᠠᠷᠠᠳ ᠤᠨ ᠪᠠᠶᠢᠳᠠᠯ ᠢ ᠣᠶᠢᠯᠠᠭᠠᠵᠤ᠂ | ᠠᠷᠠᠳ ᠤᠨ ᠰᠡᠳᠬᠢᠯ ᠢ ᠣᠶᠢᠯᠠᠭᠠᠵᠤ᠂ ᠠᠷᠠᠳ ᠢ ᠬᠠᠪᠰᠤᠷᠤᠨ ᠪᠠᠶᠠᠵᠢᠭᠤᠯᠬᠤ︾ ᠪᠠᠷ ᠬᠠᠷᠠᠯᠲᠠ ᠪᠣᠯᠭᠠᠵᠤ᠂ | ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠢ | ᠬᠦᠳᠦᠯᠦᠨ ᠵᠢᠯᠣᠭᠤᠳᠴᠤ ᠪᠠᠶᠢᠭᠠᠳ ᠤᠯᠠᠨ ᠲᠦᠮᠡᠨ ᠤ ᠦᠵᠡᠯᠲᠡ ᠶᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ | ᠤᠯᠠᠨ ᠲᠦᠮᠡᠨᠴᠢ ᠱᠤᠭᠤᠮ ᠢ ᠲᠤᠤᠱᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ | ᠲᠦᠮᠡᠨ ᠳᠤ ᠦᠨᠡᠨᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ᠃ | ᠦᠨᠡᠨᠬᠦᠦ ᠠᠳᠬᠤᠨ ᠪᠣᠳᠠᠲᠠᠢ ᠠᠵᠢᠯᠯᠠᠵᠤ ᠠᠷᠠᠳ ᠤᠨ ᠰᠡᠳᠬᠢᠯ ᠢ ᠳᠤᠯᠠᠭᠠᠴᠠᠭᠤᠯᠬᠤ ᠬᠡᠷᠡᠭᠲᠡᠢ᠃ ᠤᠯᠠᠨ | ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠪᠠᠶᠢᠳᠠᠯ ᠠᠴᠠ ᠡᠭᠦᠰᠴᠦ᠂ ᠤᠯᠠᠨ ᠲᠦᠮᠡᠨ ᠤ ᠪᠠᠴᠢᠮᠳᠠᠵᠤ | ᠲᠦᠪᠡᠭᠳᠡᠵᠦ ᠵᠤᠪᠠᠨᠢᠵᠤ ᠪᠠᠶᠢᠭ᠎ᠠ ᠪᠠᠶᠢᠳᠠᠯ ᠠᠴᠠ ᠭᠠᠷᠳᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠤᠯᠠᠨ | ᠲᠦᠮᠡᠨ ᠲᠠᠢ ᠬᠠᠷᠢᠯᠴᠠᠬᠤ ᠶᠢ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠤᠴᠢᠷ ᠶᠠᠪᠤᠳᠠᠯ ᠢ ᠰᠢᠢᠳᠪᠦᠷᠢᠯᠡᠵᠦ᠂ | ᠤᠯᠠᠨ ᠲᠦᠮᠡᠨ ᠤ ᠠᠰᠠᠭᠤᠳᠠᠯ ᠢ ᠰᠢᠢᠳᠪᠦᠷᠢᠯᠡᠬᠦ ᠶᠢ ︽ᠰᠠᠭᠤᠵᠤ ᠡᠮᠨᠡᠭᠦᠯᠵᠦ︾ ᠪᠠᠶᠢᠭᠰᠠᠨ ᠠᠴᠠ ︽ᠭᠠᠷᠭᠠᠵᠤ | ᠡᠮᠨᠡᠭᠦᠯᠬᠦ︾ ᠪᠣᠯᠭᠠᠨ ᠬᠤᠪᠢᠷᠠᠭᠤᠯᠬᠤ ᠬᠡᠷᠡᠭᠲᠡᠢ᠃ ᠪᠦᠬᠦ ᠠᠵᠢᠯᠲᠠᠨ ᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ | ᠰᠢᠢᠳᠪᠦᠷᠢᠯᠡᠬᠦ ᠳᠦᠷᠢᠮ ᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ 2 ᠰᠢᠢᠳᠪᠦᠷᠢᠯᠡᠪᠡ᠃ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠬᠥᠷᠰᠢ | ᠵᠡᠷᠭᠡᠯᠡᠳᠡᠭᠡ ᠶᠢᠨ ᠵᠢᠭᠤᠷᠠᠯᠳᠤᠭᠠᠨ᠂ ᠬᠥᠳᠡᠯᠮᠦᠷᠢ ᠶᠢᠨ ᠬᠥᠯᠥᠰᠥ ᠣᠯᠭᠤᠮᠵᠢ ᠵᠡᠷᠭᠡ ᠵᠥᠷᠢᠴᠡᠯ ᠵᠢᠭᠤᠷᠠᠯᠳᠤᠭᠠᠨ ᠢ | 30 ᠭᠠᠷᠤᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ 10 ᠰᠢᠢᠳᠪᠦᠷᠢᠯᠡᠪᠡ︔ 12345 | ᠭᠤᠮᠣᠳᠠᠯ ᠱᠠᠭᠠᠷᠳᠠᠯᠭ᠎ᠠ ᠶᠢᠨ ᠬᠡᠷᠡᠭ ᠢ 30 ᠭᠠᠷᠤᠢ ᠵᠤᠷᠪᠤᠰ ᠪᠡᠶᠡᠯᠡᠭᠦᠯᠵᠦ᠂ ᠤᠯᠠᠨ ᠲᠦᠮᠡᠨ ᠤ ᠰᠡᠳᠬᠢᠯ | ᠲᠠᠯᠪᠢᠵᠤ ᠪᠠᠶᠢᠭ᠎ᠠ ᠨᠢᠭᠡ ᠪᠦᠯᠦᠭ ᠤᠴᠢᠷ ᠶᠠᠪᠤᠳᠠᠯ ᠢ ᠦᠨᠡᠨ ᠬᠦ ᠰᠢᠢᠳᠪᠦᠷᠢᠯᠡᠪᠡ᠃ ᠬᠠᠪᠰᠤᠷᠤᠨ ᠡᠷᠭᠢᠯᠡᠵᠦ | ᠣᠷᠣᠯᠠᠨ ᠭᠦᠶ᠋ᠴᠡᠳᠬᠡᠬᠦ ᠶᠢ ᠪᠠᠶᠢᠩᠭᠤᠵᠢᠭᠤᠯᠤᠨ ᠠᠬᠢᠭᠤᠯᠵᠤ᠂ ᠬᠡᠷ ᠲᠤᠨᠢ ᠬᠦᠷᠴᠦ ᠨᠠᠰᠤᠲᠠᠶᠢᠴᠤᠳ ᠤᠨ | ᠬᠠᠷᠠᠭᠠᠯᠵᠠᠯ ᠤᠨ ᠦᠨᠡᠮᠯᠡᠯ ᠤᠨ ᠣᠨ ᠤ ᠪᠠᠶᠢᠴᠠᠭᠠᠯᠲᠠ᠂ ᠡᠮ ᠡᠮᠨᠡᠯᠭᠡ ᠶᠢᠨ ᠳᠠᠭᠠᠳᠬᠠᠯ ᠤᠨ ᠰᠦᠶ᠋ᠳᠬᠡᠯ | ᠲᠤᠰᠢᠶᠠᠬᠤ ᠪᠠ ᠨᠠᠰᠤᠵᠢᠯ ᠤᠨ ᠳᠠᠭᠠᠳᠬᠠᠯ ᠤᠨ ᠰᠦᠶ᠋ᠳᠬᠡᠯ ᠲᠤᠰᠢᠶᠠᠬᠤ ᠵᠡᠷᠭᠡ ᠬᠠᠪᠰᠤᠷᠤᠨ ᠭᠦᠶ᠋ᠴᠡᠳᠬᠡᠬᠦ | ᠣᠷᠣᠯᠠᠨ ᠭᠦᠶ᠋ᠴᠡᠳᠬᠡᠬᠦ ᠦᠶ᠋ᠯᠡᠴᠢᠯᠡᠭᠡ ᠶᠢ 1000 ᠭᠠᠷᠤᠶ ᠬᠤᠪᠢ ᠥᠷᠨᠢᠭᠦᠯᠵᠦ᠂ ᠣᠯᠠᠨ ᠲᠦᠮᠡᠨ ᠳᠤ | ᠬᠤᠷᠳᠤᠴᠠ ᠲᠠᠢ᠂ ᠬᠠᠯᠠᠭᠤᠨ ᠰᠡᠳᠬᠢᠯ ᠲᠠᠢ᠂ ᠡᠷᠴᠢᠮ ᠲᠠᠢ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡ | ᠬᠠᠩᠭᠠᠬᠤ ᠪᠠᠷ ᠴᠢᠷᠮᠠᠶᠢᠨ᠎ᠠ᠃ | ᠬᠥᠭᠵᠢᠯᠲᠡ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠠᠬᠢᠭᠤᠯᠤᠨ᠎ᠠ᠃ ᠬᠥᠭᠵᠢᠯᠲᠡ ᠶᠢᠨ | ᠬᠦᠴᠢᠷ ᠠᠰᠠᠭᠤᠳᠠᠯ ᠪᠣᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠶᠠᠷ | ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ︽ᠠᠰᠠᠭᠤᠳᠠᠯ ᠤᠨ | ᠨᠠᠷᠢᠨ ᠲᠠᠩᠰᠠ︾ ᠶᠢ ᠣᠯᠠᠨ ᠲᠦᠮᠡᠨ ᠤ ︽ᠵᠣᠯ ᠵᠢᠷᠭᠠᠯ ᠤᠨ ᠨᠠᠷᠢᠨ ᠲᠠᠩᠰᠠ︾ ᠪᠣᠯᠭᠠᠬᠤ ᠪᠠᠷ ᠴᠢᠷᠮᠠᠶᠢᠨ᠎ᠠ᠃ | ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ | ᠠᠬᠢᠭᠤᠯᠵᠤ᠂ ᠱᠦ ᠭᠤᠸᠠᠩ ᠲᠣᠰᠬᠤᠨ ᠤ ᠰᠤᠪᠠᠭ ᠤᠨ ᠳᠣᠲᠣᠷ ᠴᠣᠭᠴᠠᠯᠠᠯ ᠢ ᠰᠡᠯᠪᠢᠨ ᠵᠠᠰᠠᠵᠤ ᠥᠭᠡᠷᠡᠴᠢᠯᠡᠬᠦ | ᠲᠦᠷᠦᠯ ᠵᠦᠢᠯ ᠢ ᠪᠡᠶᠡᠯᠡᠭᠦᠯᠵᠦ᠂ ᠰᠤᠪᠠᠭ ᠤᠨ ᠰᠢᠰᠲ᠋ᠧᠮ ᠤᠨ ᠳᠣᠲᠣᠷ ᠴᠣᠭᠴᠠᠯᠠᠯ ᠢ 6000 ᠭᠠᠷᠤᠢ ᠮᠧᠳ᠋ᠷ | ᠳᠡᠪᠢᠰᠴᠦ᠂ 2 ᠲᠣᠰᠬᠤᠨ ᠤ ᠠᠷᠠᠳ ᠤᠨ ᠳᠤᠭᠤᠶᠢᠯᠠᠩ ᠳᠤ 2858 ᠮᠦ ᠭᠠᠵᠠᠷ ᠰᠢᠷᠣᠢ ᠶᠢᠨ ᠤᠰᠤᠯᠠᠯᠲᠠ ᠶᠢᠨ | ᠠᠰᠠᠭᠤᠳᠠᠯ ᠢ ᠰᠢᠢᠳᠪᠦᠷᠢᠯᠡᠵᠦ᠂ 700 ᠮᠦ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠶᠢ ᠲᠤᠷᠰᠢᠨ | ᠪᠡᠶᠡᠯᠡᠭᠦᠯᠪᠡ᠃ ᠭᠤᠤᠯ ᠤᠨ ᠬᠥᠪᠡᠭᠡᠨ ᠳᠠᠬᠢ ᠲᠣᠰᠬᠤᠨ ᠤ ᠠᠷᠠᠳ ᠤᠨ ᠳᠤᠭᠤᠶᠢᠯᠠᠩ ᠤᠨ ᠤᠰᠤᠨ ᠰᠤᠪᠤᠷᠭ᠎ᠠ ᠶᠢᠨ | ᠥᠭᠡᠷᠡᠴᠢᠯᠡᠯᠲᠡ ᠶᠢ ᠪᠡᠶᠡᠯᠡᠭᠦᠯᠵᠦ᠂ ᠤᠰᠤ ᠬᠠᠩᠭᠠᠬᠤ ᠬᠤᠭᠤᠯᠠᠶ ᠶᠢᠨ ᠲᠣᠤᠷ ᠢ ᠳᠠᠬᠢᠨ ᠳᠡᠪᠢᠰᠴᠦ᠂ ᠭᠤᠤᠯ ᠤᠨ | ᠬᠥᠪᠡᠭᠡᠨ ᠳᠠᠬᠢ ᠲᠣᠰᠬᠤᠨ ᠤ ᠠᠷᠠᠳ ᠤᠨ ᠳᠤᠭᠤᠶᠢᠯᠠᠩ ᠤᠨ ᠰᠠᠭᠤᠭᠠᠯᠢ ᠠᠷᠠᠳ ᠤᠨ ᠤᠤᠭᠤᠬᠤ ᠤᠰᠤᠨ ᠤ | ᠴᠢᠨᠠᠷ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠲᠣᠰᠬᠤᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ︽ᠭᠡᠷ᠎ᠡ ᠲᠣᠭᠲᠠᠭᠰᠠᠨ ᠨᠠᠮ ᠤᠨ | ᠪᠠᠶᠢᠭᠤᠯᠤᠯᠲᠠ︾ ᠶᠢ ᠭᠦᠨᠵᠡᠭᠡᠶᠢᠷᠡᠭᠦᠯᠦᠨ ᠣᠷᠣᠯᠭ᠎ᠠ ᠶᠢ ᠨᠡᠮᠡᠭᠳᠡᠭᠦᠯᠬᠦ ᠲᠦᠷᠦᠯ ᠵᠦᠢᠯ ᠢ ᠭᠦᠨᠵᠡᠭᠡᠶᠢᠷᠡᠭᠦᠯᠵᠦ᠂ ᠱᠦ | ᠭᠤᠸᠠᠩ ᠲᠣᠰᠬᠤᠨ ᠤ ︽ᠱᠦ ᠭᠤᠸᠠᠩ ᠡᠷᠳᠡᠨᠢ ᠰᠢᠰᠢ︾ ︽ᠱᠦ ᠭᠤᠸᠠᠩ ᠦᠵᠦᠮ︾ ︽ᠱᠤ᠋ ᠭᠤᠸᠠᠩ ᠦᠵᠦᠮ︾ | ᠵᠡᠷᠭᠡ 30 ᠭᠠᠷᠤᠢ ᠵᠦᠢᠯ ᠤᠨ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠡᠵᠡᠩᠨᠡᠬᠦ ᠪᠠ | ᠲᠦᠷᠦᠯ ᠳᠡᠮᠳᠡᠭᠵᠢᠭᠦᠯᠦᠨ ᠡᠭᠦᠳᠬᠦ ᠶᠢ ᠴᠢᠩᠭᠠᠳᠬᠠᠵᠤ᠂ ᠲᠠᠷᠠᠬᠠᠢ ᠪᠤᠲᠠᠷᠬᠠᠢ ᠢᠳᠡᠰᠢᠨ ᠨᠣᠭᠤᠭ᠎ᠠ ᠵᠢᠮᠢᠰ ᠲᠠᠷᠢᠬᠤ | ᠡᠷᠦᠬᠡ ᠶᠢ ᠨᠥᠯᠥᠭᠡᠯᠡᠨ ᠳᠠᠶᠢᠴᠢᠯᠠᠵᠤ 18 ᠲᠦᠮᠡᠨ ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ ᠱᠤ᠋ ᠭᠤᠸᠠᠩ | ᠲᠠᠷᠢᠶᠠᠯᠠᠩ ᠤᠨ ᠪᠦᠲᠦᠭᠡᠭᠳᠡᠬᠦᠨ ᠢ 53 ᠲᠦᠮᠡᠨ ᠲᠥᠭᠦᠷᠢᠭ ᠪᠣᠷᠣᠯᠠᠭᠤᠯᠵᠤ᠂ ᠭᠠᠵᠠᠷ ᠤᠨ ᠲᠡᠮᠳᠡᠭ ᠤᠨ ᠴᠢᠨᠠᠷᠲᠠᠢ | ᠲᠠᠷᠢᠶᠠᠯᠠᠩ ᠤᠨ ᠪᠦᠲᠦᠭᠡᠭᠳᠡᠬᠦᠨ ᠤ ︽ᠱᠦ ᠰᠢᠶᠤᠤ ᠾᠧ︾ ᠱᠤ᠋ ᠭᠤᠸᠠᠩ ᠴᠠᠰᠤᠨ ᠲᠣᠭᠤᠰᠣ ᠶᠢ ᠪᠤᠢ ᠪᠣᠯᠭᠠᠵᠤ᠂ | ᠱᠦ ᠭᠤᠸᠠᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ 60 ᠲᠦᠮᠡᠨ ᠲᠥᠭᠦᠷᠢᠭ ᠢ ᠳᠠᠪᠠᠭ᠋ᠤ | ᠪᠣᠯᠤᠨ᠎ᠠ᠃ | |