— ᠪᠠᠶᠠᠨᠲᠤᠬᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠱᠢᠨ ᠺᠧ ᠶᠢ | ᠰᠤᠷᠪᠤᠯᠵᠢᠯᠠᠭᠰᠠᠨ ᠨᠢ | ᠬᠤᠶᠠᠳᠤᠭᠠᠷ ᠪᠦᠯᠦᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ | ᠪᠠᠶᠠᠨᠲᠣᠬᠤᠶ ᠪᠠᠯᠭᠠᠰᠤ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠨ ᠨᠢᠮᠪᠠᠶ ᠲᠥᠯᠥᠪᠵᠢᠭᠦᠯᠵᠦ᠂ ᠡᠯ᠎ᠡ ᠵᠦᠶ᠋ᠯ ᠤᠨ | ᠡᠭᠦᠷᠭᠡ ᠱᠠᠭᠠᠷᠳᠠᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠴᠢᠩᠭ᠎ᠠ ᠠᠳᠬᠤᠵᠤ᠂ ᠬᠥᠭᠵᠢᠯᠲᠡ ᠶᠢᠨ ᠬᠦᠴᠢᠷ ᠠᠰᠠᠭᠤᠳᠠᠯ ᠢ ᠰᠢᠶ᠋ᠳᠪᠦᠷᠢᠯᠡᠵᠦ᠂ ᠯᠠᠪᠳᠠᠭᠤᠨ ᠪᠠᠲᠤᠲᠠᠶ | ᠠᠵᠢᠯ ᠤᠨ ᠪᠣᠳᠠᠲᠤ ᠦᠷ᠎ᠡ ᠪᠦᠲᠦᠮᠵᠢ ᠪᠠᠷ ᠭᠤᠤᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠶ ᠥᠷᠨᠢᠬᠦ ᠶᠢ | ᠠᠬᠢᠭᠤᠯᠪᠠ᠃ ᠣᠢᠷ᠎ᠠ ᠳᠤ᠂ ᠰᠤᠷᠪᠤᠯᠵᠢᠯᠠᠭᠴᠢ ᠪᠠᠶᠠᠨ ᠲᠣᠬᠤᠢ ᠪᠠᠯᠭᠠᠰᠤᠨ ᠤ ᠬᠤᠶᠠᠳᠤᠭᠠᠷ ᠪᠦᠯᠦᠭ ᠤᠨ ᠭᠤᠣᠯ | ᠰᠡᠳᠦᠪᠲᠦ ᠬᠥᠮᠦᠵᠢᠯ ᠢ ᠬᠡᠷᠬᠢᠨ ᠠᠬᠢᠭᠤᠯᠬᠤ ᠲᠤᠬᠠᠢ ᠪᠠᠶᠠᠨᠲᠤᠬᠤᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ | ᠸᠠᠩ ᠱᠢᠨ ᠺᠧ ᠶᠢ ᠰᠤᠷᠪᠤᠯᠵᠢᠯᠠᠪᠠ᠃ | ᠸᠠᠩ ᠰᠢᠨ ᠺᠧ ᠬᠡᠯᠡᠭᠰᠡᠨ ᠨᠢ᠂ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠳᠡᠭᠡᠨ | ︽ᠦᠵᠡᠯ ᠰᠠᠨᠠᠭ᠎ᠠ ᠶᠢ ᠰᠤᠷᠤᠯᠴᠠᠵᠤ᠂ ᠨᠠᠮᠴᠢ ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠵᠤ᠂ | ᠰᠢᠨ᠎ᠡ ᠭᠠᠪᠢᠶ᠎ᠠ ᠪᠠᠶᠢᠭᠤᠯᠬᠤ︾ ᠶᠢ ᠪᠠᠷᠢᠮᠲᠠᠯᠠᠬᠤ ᠬᠡᠷᠡᠭᠲᠡᠶ᠂ ᠮᠠᠨ ᠤ ᠦᠨᠳᠦᠰᠦᠨ ᠱᠠᠲᠤᠨ ᠤ ᠺᠠᠳ᠋ᠷ ᠤᠨ | ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠠᠳᠬᠤᠵᠤ᠂ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ ᠪᠣᠳᠠᠲᠤ | ᠶᠠᠪᠤᠳᠠᠯ ᠰᠠᠶᠢᠨ ᠶᠠᠪᠤᠳᠠᠯ ᠬᠢᠵᠦ ᠥᠭᠬᠦ ᠬᠡᠷᠡᠭᠲᠡᠶ᠃ | ᠨᠢᠭᠡ ᠳᠤ᠂ ︽ᠲᠣᠭᠲᠠᠭᠰᠠᠨ ᠬᠥᠳᠡᠯᠭᠡᠭᠡᠨ︾ ᠢ ᠪᠣᠳᠠᠲᠠᠶᠢᠵᠢᠭᠤᠯᠪᠠ᠃ ᠨᠠᠮ ᠤᠨ ᠬᠤᠷᠢᠶᠠᠨ ᠤ ︽ᠨᠢᠭᠡᠳᠦᠭᠡᠷ | ᠵᠥᠪᠯᠡᠬᠦ ᠰᠡᠳᠦᠪ︾ ᠤᠨ ᠲᠦᠷᠢᠮ ᠢ ᠨᠠᠶᠢᠳᠠᠪᠤᠷᠢᠵᠢᠭᠤᠯᠵᠤ᠂ ᠵᠠᠪᠠᠯ ᠤᠩᠰᠢᠬᠤ ᠨᠣᠮ ᠤᠨ ᠭᠠᠷᠴᠠᠭ ᠤᠨ | ᠰᠤᠷᠤᠯᠴᠠᠯᠭ᠎ᠠ ᠶᠢ ᠪᠣᠳᠠᠲᠠᠶ ᠠᠳᠬᠤᠵᠤ᠂ ︽ᠨᠠᠮ ᠤᠨ ᠬᠤᠷᠢᠶ᠎ᠠ + ᠭᠤᠤᠯ ᠳᠤᠭᠤᠶᠢᠯᠠᠩ + ᠨᠠᠮ ᠤᠨ ᠡᠭᠦᠷ + | ᠵᠠᠯᠠᠭᠤᠴᠤᠳ ᠤᠨ ᠣᠨᠣᠯ ᠤᠨ ᠰᠤᠷᠤᠯᠴᠠᠯᠭ᠎ᠠ ᠶᠢᠨ ᠳᠤᠭᠤᠶᠢᠯᠠᠩ + ᠨᠠᠮ ᠤᠨ ᠭᠡᠰᠢᠭᠦᠨ ᠬᠤᠪᠢ ᠬᠥᠮᠦᠨ︾ ᠤ | ᠲᠠᠪᠤᠨ ᠰᠤᠷᠤᠯᠴᠠᠬᠤ ᠵᠠᠭᠪᠤᠷ ᠢ ᠠᠪᠴᠤ᠂ ᠲᠠᠰ ᠬᠤᠪᠢᠶᠠᠨ ᠠᠬᠢᠭᠤᠯᠵᠤ᠂ ᠲᠥᠷᠥᠯ ᠬᠤᠪᠢᠶᠠᠨ ᠵᠢᠭᠠᠨ ᠰᠤᠷᠭᠠᠵᠤ᠂ | ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠬᠤ ᠪᠠᠷ ᠳᠠᠮᠵᠢᠭᠤᠯᠤᠨ᠂ ᠵᠢᠱᠢᠶ᠎ᠡ ᠦᠵᠡᠭᠦᠯᠵᠦ ᠬᠥᠲᠥᠯᠦᠨ | ᠳᠠᠭᠠᠭᠤᠯᠬᠤ ᠦᠶ᠋ᠯᠡᠳᠦᠯ ᠢ ᠪᠠᠳᠠᠷᠠᠭᠤᠯᠤᠨ᠎ᠠ᠃ | ᠬᠤᠶᠠᠷ ᠲᠤ᠂ ︽ᠨᠢᠭᠡ ᠳᠡᠪᠲᠡᠷ ᠠᠷᠠᠳ ᠲᠤ ᠠᠰᠢᠭ ᠬᠦᠷᠲᠡᠭᠡᠬᠦ ᠳᠠᠩᠰᠠ︾ ᠶᠢ ᠰᠠᠶᠢᠲᠤᠷ ᠬᠡᠷᠡᠭᠯᠡᠵᠦ | ᠠᠮᠢᠳᠤᠯᠢᠭ ᠬᠡᠷᠡᠭᠯᠡᠨ᠎ᠡ᠃ ᠣᠶᠢᠷ᠎ᠠ ᠶᠢᠨ ᠵᠢᠯ ᠤᠨ ᠲᠤᠷᠰᠢᠬᠢ ᠪᠥᠬᠦ ᠪᠠᠯᠭᠠᠰᠤᠨ ᠤ ᠰᠠᠭᠤᠭᠠᠯᠢ ᠠᠷᠠᠳ ᠤᠨ ᠡᠳ᠋ᠯᠡᠵᠦ | ᠪᠠᠶᠢᠭ᠎ᠠ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠲᠣᠰᠬᠤᠨ ᠤ | ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠠ ᠰᠦᠯᠵᠢᠶᠡᠨ ᠤ ᠠᠵᠢᠯᠲᠠᠨ ᠢ ᠵᠣᠬᠢᠶᠠᠨ | ᠪᠠᠶᠢᠭᠤᠯᠤᠨ ᠡᠷᠦᠬᠡ ᠳᠤ ᠣᠴᠢᠭᠤᠯᠤᠨ ᠤᠬᠠᠭᠤᠯᠤᠨ ᠲᠠᠶᠢᠯᠪᠤᠷᠢᠯᠠᠵᠤ᠂ ︽ᠨᠢᠭᠡ ᠳᠡᠪᠲᠡᠷ ᠬᠥᠭᠵᠢᠯᠲᠡ ᠶᠢᠨ | ᠲᠠᠩᠰᠠ︾ ᠶᠢ ᠲᠣᠳᠣᠷᠬᠠᠶ ᠲᠠᠶᠢᠯᠪᠤᠷᠢᠯᠠᠨ ᠲᠣᠳᠣᠷᠬᠠᠶᠢᠯᠠᠵᠤ᠂ ᠣᠶᠢᠷ᠎ᠠ ᠶᠢᠨ ᠵᠢᠯ ᠤᠨ ᠲᠤᠷᠰᠢᠬᠢ ᠠᠷᠠᠳ ᠤᠨ | ᠠᠮᠢᠳᠤᠷᠠᠯ ᠤᠨ ᠲᠥᠷᠥᠯ ᠵᠦᠢᠯ ᠢ ᠨᠠᠷᠢᠨ ᠰᠠᠮᠨᠠᠵᠤ᠂ ᠣᠯᠠᠨ ᠲᠦᠮᠡᠨ ᠳᠤ ᠨᠠᠮ ᠤᠨ ᠲᠥᠪ ᠬᠤᠷᠢᠶ᠎ᠠ ᠠᠴᠠ ᠬᠥᠳᠡᠭᠡ | ᠲᠣᠰᠬᠤᠨ ᠳᠤ ᠣᠯᠭᠤᠭᠰᠠᠨ ᠲᠥᠷᠥ ᠶᠢᠨ ᠪᠣᠳᠣᠯᠭ᠎ᠠ᠂ ᠪᠠᠯᠠ ᠮᠥᠩᠭᠦ ᠵᠡᠷᠭᠡ ᠲᠠᠯ᠎ᠠ ᠶᠢᠨ ᠳᠡᠮᠵᠢᠯᠭᠡ ᠶᠢ ᠨᠠᠩ | ᠰᠢᠭᠤᠳ ᠮᠡᠳᠡᠷᠡᠭᠦᠯᠪᠡ᠃ | ᠭᠤᠷᠪᠠ ᠳᠤ᠂ ︽ᠶᠡᠬᠡᠳᠡᠬᠦ ᠳᠤ ᠪᠠᠨ ᠨᠢᠭᠡ ᠯᠡ ᠤᠳᠠᠭ᠎ᠠ ᠭᠦᠶᠦᠯᠭᠡᠬᠦ︾ ᠣᠶᠢᠯᠠᠭᠠᠭᠳᠠᠬᠤᠨ ᠢ ᠪᠠᠷᠢᠮᠲᠠᠯᠠᠨ᠎ᠠ᠃ | ᠪᠠᠯᠭᠠᠰᠤ᠂ ᠲᠣᠰᠬᠤᠨ ᠤ ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠢᠭᠡ ᠯᠡ | ᠥᠷᠲᠡᠭᠡᠨ ᠤ ᠮᠠᠶ᠋ᠢᠭ ᠤᠨ ᠦᠢᠯᠡᠴᠢᠯᠡᠭᠡ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠰᠠᠭᠤᠭᠠᠯᠢ ᠠᠷᠠᠳ ᠤᠨ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠨ᠂ 23 ︽ᠰᠡᠳᠬᠢᠯ ᠢ | ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ︾ ᠶᠢ ᠵᠣᠬᠢᠶᠠᠨ ᠪᠠᠶᠢᠭᠤᠯᠵᠤ᠂ ᠥᠨᠳᠥᠷ ᠨᠠᠰᠤᠲᠠᠶ | ᠨᠠᠰᠤᠲᠠᠶᠢᠴᠤᠳ᠂ ᠵᠡᠮᠳᠡᠭᠴᠦᠳ᠂ ᠬᠦᠨᠳᠦ ᠨᠣᠴᠢᠲᠠᠶ ᠰᠠᠭᠤᠷᠢ ᠡᠪᠡᠳᠴᠢᠲᠡᠨ᠂ ᠵᠢᠷᠮᠦᠰᠦᠨ ᠡᠮᠡᠭᠲᠡᠶ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ ᠵᠡᠷᠭᠡ ᠠᠮᠢᠳᠤᠷᠠᠯ ᠨᠢ ᠬᠦᠴᠢᠷᠳᠡᠯᠲᠡᠶ ᠬᠡᠷ ᠪᠦᠯᠢ ᠵᠢᠴᠢ ᠣᠨᠴᠠᠭᠠᠶ | ᠬᠥᠮᠦᠰ ᠢ ᠠᠩᠬᠠᠷᠴᠤ᠂ ᠭᠤᠤᠯᠳᠠᠯᠭ᠎ᠠ ᠲᠠᠢ ᠦᠢᠯᠡᠴᠢᠯᠡᠬᠦ ᠡᠲᠡᠭᠡᠳ ᠢ ᠪᠠᠶᠢᠴᠠᠭᠠᠨ ᠭᠠᠷᠭᠠᠵᠤ᠂ ᠬᠠᠪᠰᠤᠷᠤᠨ | ᠰᠢᠢᠳᠪᠦᠷᠢᠯᠡᠵᠦ ᠣᠷᠣᠯᠠᠨ ᠭᠦᠢᠴᠡᠳᠭᠡᠬᠦ᠂ ᠬᠡᠷ ᠲᠤᠨᠢ ᠬᠦᠷᠴᠦ ᠬᠠᠪᠰᠤᠷᠤᠨ ᠭᠦᠢᠴᠡᠳᠭᠡᠬᠦ᠂ ᠴᠠᠭ ᠢ ᠤᠷᠲᠤᠳᠬᠠᠨ | ᠦᠢᠯᠡᠴᠢᠯᠡᠬᠦ ᠵᠡᠷᠭᠡ ᠶᠢ ᠥᠷᠨᠢᠭᠦᠯᠵᠦ᠂ ᠬᠠᠯᠠᠭᠤᠨ ᠳᠤᠯᠠᠭᠠᠨ ᠦᠢᠯᠡᠴᠢᠯᠡᠭᠡ ᠪᠠᠷ ᠰᠠᠭᠤᠭᠠᠯᠢ ᠠᠷᠠᠳ ᠲᠤ ᠴᠢᠨᠠᠷ | ᠰᠠᠶᠢᠲᠠᠶ ᠵᠣᠯ ᠵᠢᠷᠭᠠᠯᠲᠤ ᠠᠮᠢᠳᠤᠷᠠᠯ ᠢ ᠠᠪᠴᠢᠷᠠᠵᠤ ᠥᠭᠪᠡ᠃ | ᠣᠳᠣᠬᠠᠨ ᠳᠤ᠂ ᠪᠠᠶᠠᠨᠲᠤᠬᠤᠢ ᠪᠠᠯᠭᠠᠰᠤ ᠨᠢᠭᠡᠨᠲᠡ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ᠂ | ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠬᠠᠮᠢᠶᠠᠷᠤᠯᠲᠠ ᠶᠢ ᠵᠢᠷᠤᠮᠵᠢᠭᠤᠯᠬᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ᠂ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ᠂ ᠠᠵᠤ ᠦᠢᠯᠡᠰ ᠬᠤᠳᠠ ᠶᠢ | ᠠᠭᠤᠰᠤᠯᠴᠠᠭᠤᠯᠤᠨ ᠬᠥᠭᠵᠢᠭᠦᠯᠬᠦ ᠵᠡᠷᠭᠡ 6 ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ ᠴᠢᠭᠯᠡᠯ ᠢ ᠲᠣᠭᠲᠠᠭᠠᠵᠤ᠂ | ᠳᠠᠷᠠᠭᠠᠴᠢ ᠶᠢᠨ ᠠᠯᠬᠤᠮ ᠳᠤ᠂ ᠪᠠᠯᠭᠠᠰᠤᠨ ᠤ ᠨᠠᠮ ᠤᠨ ᠬᠤᠷᠢᠶ᠎ᠠ ᠮᠠᠨ ᠤ ᠪᠠᠯᠭᠠᠰᠤᠨ ᠤ ᠴᠢᠨᠠᠷ ᠰᠠᠶᠢᠲᠠᠢ | ᠬᠥᠭᠵᠢᠯᠲᠡ ᠪᠣᠯᠤᠨ ᠤᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠤᠨ | ᠲᠣᠭᠤᠷᠢᠨ ᠳᠤ ︽ᠬᠡᠨ ᠢᠯᠡᠷᠡᠭᠦᠯᠦᠭᠰᠡᠨ ᠪᠣᠯ ᠬᠡᠨ ᠰᠢᠢᠳᠪᠦᠷᠢᠯᠡᠭᠰᠡᠨ ᠪᠣᠯ ᠬᠡᠨ ᠬᠤᠪᠢᠷᠠᠭᠤᠯᠬᠤ︾ ᠵᠠᠷᠴᠢᠮ | ᠶᠣᠰᠣᠭᠠᠷ᠂ ᠴᠡᠭᠴᠡᠯᠡᠨ ᠰᠠᠶᠢᠵᠢᠷᠠᠭᠤᠯᠬᠤ ︽ᠦᠷ᠎ᠡ ᠪᠦᠲᠦᠮᠵᠢ ᠶᠢᠨ ᠵᠢᠭᠠᠯᠲᠠ ᠲᠤᠭ᠎ᠠ︾ ᠶᠢ ᠦᠨᠡᠨᠬᠦ ᠤᠯᠠᠨ | ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠪᠣᠯᠭᠠᠨ ᠬᠤᠪᠢᠷᠠᠭᠤᠯᠬᠤ ᠪᠣᠯᠤᠨ᠎ᠠ᠃ | |