ᠦᠬᠠᠶ ᠬᠤᠲᠠ ᠶᠢᠨ ᠬᠠᠶᠢᠨᠠᠨ ᠲᠣᠭᠤᠷᠢᠭ ᠤᠨ 2023-2025 ᠣᠨ ᠤ ᠲᠠᠷᠢᠶᠠᠯᠠᠩ ᠤᠨ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/7
      ᠪᠠᠶᠠᠨᠲᠣᠬᠤᠶ ᠪᠠᠯᠭᠠᠰᠤ᠂ ᠷᠠᠰᠠᠩ ᠰᠦᠮ᠎ᠡ ᠪᠠᠯᠭᠠᠰᠤ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠬᠠᠶᠢᠨᠠᠨ ᠤ ᠬᠤᠪᠢᠶᠠᠷᠢ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠄      ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ 2023-2025 ᠣᠨ ᠤ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠲᠥᠰᠦᠯ︾ ᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠲᠤᠭᠠᠶ᠃                                         2023 ᠣᠨ ᠤ 10 ᠰᠠᠷ᠎ᠠ ᠶᠢᠨ 20 ᠤ ᠡᠳᠦᠷ      ᠦᠬᠠᠶ ᠬᠤᠲᠠ ᠶᠢᠨ ᠬᠠᠶᠢᠨᠠᠨ ᠲᠣᠭᠤᠷᠢᠭ ᠤᠨ 2023-2025 ᠣᠨ ᠤ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠲᠥᠰᠦᠯ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 - 2025 ᠣᠨ ᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠬᠠᠶᠢᠨᠠᠨ ᠲᠣᠭᠤᠷᠢᠭ ᠤᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠤᠰᠠᠳᠠ᠂ ᠬᠠᠶᠢᠨᠠᠨ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠨᠣᠷᠮ᠎ᠠ ᠶᠢ ᠳᠡᠭᠡᠭᠰᠢᠯᠡᠭᠦᠯᠬᠦ ᠪᠠᠷ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯᠯᠠᠭ᠎ᠠ ᠲᠠᠢ ᠬᠤᠯᠪᠣᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠪᠥᠬᠦ ᠣᠷᠣᠨ ᠪᠦᠰᠡ ᠶᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠯᠪᠠᠳᠠᠯᠭ᠎ᠠ ᠶᠢᠨ ᠠᠷᠭ᠎ᠠ ᠪᠠᠷᠢᠯ ᠪᠠ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ ᠵᠡᠷᠭᠡ ᠪᠠᠷ ᠬᠡᠷᠡᠭᠯᠡᠨ᠂ ᠡᠭᠡᠭᠦᠯᠦᠨ ᠬᠤᠷᠢᠶᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠪᠠ ᠥᠷᠭᠡᠳᠬᠡᠬᠦ ᠠᠷᠭ᠎ᠠ ᠬᠡᠯᠪᠡᠷᠢ ᠶᠢ ᠥᠷᠭᠡᠳᠬᠡᠬᠦ ᠶᠢ ᠵᠡᠷᠭᠡ ᠪᠠᠷ ᠬᠡᠷᠡᠭᠵᠢᠭᠦᠯᠵᠦ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠠᠵᠢᠯ ᠤᠨ ᠬᠠᠷᠠᠯᠲᠠ      2023 ᠣᠨ ᠠᠴᠠ 2025 ᠣᠨ ᠪᠣᠯᠲᠠᠯ᠎ᠠ ᠪᠥᠬᠦ ᠲᠣᠭᠤᠷᠢᠭ ᠲᠤ ᠲᠠᠷᠢᠶᠠᠯᠠᠩ ᠤᠨ ᠪᠦᠷᠬᠦᠪᠴᠢ ᠶᠢ ᠡᠭᠡᠭᠦᠯᠦᠨ ᠬᠤᠷᠢᠶᠠᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠣᠯᠭᠤᠬᠤ ᠶᠢ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯᠯᠠᠭ᠎ᠠ ᠲᠠᠢ ᠬᠤᠯᠪᠣᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ᠎ᠠ᠃ 2023 ᠣᠨ ᠳᠤ ᠲᠣᠰ ᠤᠯᠠᠷᠢᠯ ᠤᠨ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ 83% ᠳᠤ ᠬᠦᠷᠦᠭᠦᠯᠵᠦ᠂ ᠬᠤᠶᠢᠰᠢᠳᠠ ᠵᠢᠯ ᠳᠠᠷᠠᠭᠠᠯᠠᠨ ᠵᠠᠭᠤᠨ ᠤ ᠨᠢᠭᠡᠴᠢ ᠪᠠᠷ ᠳᠡᠭᠡᠭᠰᠢᠯᠡᠭᠦᠯᠦᠨ᠂ 2025 ᠣᠨ ᠪᠣᠯᠬᠤ ᠳᠤ᠂ ᠰᠦᠯᠢᠶᠣᠣ ᠪᠦᠷᠬᠦᠪᠴᠢ ᠶᠢᠨ ᠡᠭᠡᠭᠦᠯᠦᠨ ᠬᠤᠷᠢᠶᠠᠬᠤ ᠨᠣᠷᠮ᠎ᠠ ᠶᠢ ᠦᠨᠳᠦᠰᠦᠨ ᠳᠤ ᠪᠠᠨ 85% ᠳᠤ ᠬᠦᠷᠦᠭᠦᠯᠵᠦ᠂ ᠲᠠᠷᠢᠶᠠᠨ ᠭᠠᠵᠠᠷ ᠤᠨ ︽ᠴᠠᠭᠠᠨ ᠪᠣᠬᠢᠷᠲᠤᠯ︾ ᠢ ᠪᠦᠲᠦᠮᠵᠢᠲᠡᠶ ᠡᠵᠡᠮᠳᠡᠵᠦ᠂ ᠰᠦᠯᠢᠶᠣᠣ ᠪᠦᠷᠬᠦᠪᠴᠢ ᠶᠢᠨ ᠦᠯᠡᠳᠡᠭᠳᠡᠯ ᠢ ᠦᠨᠳᠦᠰᠦᠨ ᠳᠤ ᠪᠠᠨ ᠨᠡᠮᠡᠭᠳᠡᠭᠦᠯᠬᠦ ᠥᠬᠡᠶ ᠪᠠᠶᠢᠬᠤ ᠶᠢ ᠪᠡᠶᠡᠯᠡᠭᠦᠯᠦᠨ᠎ᠡ᠃      ᠭᠤᠷᠪᠠ᠂ ᠭᠤᠣᠯ ᠡᠭᠦᠷᠭᠡ      ︵ᠨᠢᠭᠡ︶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ᠂ ᠰᠦᠯᠢᠶᠣᠣ ᠪᠦᠷᠬᠦᠭᠦᠯ ᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠭᠤᠭᠴᠣᠭᠠᠨ ᠤ ᠬᠢᠨᠠᠯᠲᠠ ᠬᠠᠮᠢᠶᠠᠷᠤᠯᠲᠠ ᠪᠠ ᠵᠢᠯᠣᠭᠤᠳᠬᠤ ᠠᠵᠢᠯ ᠢ ᠴᠢᠩᠭᠠᠷᠠᠭᠤᠯᠵᠤ᠂ ᠤᠯᠤᠰ ᠤᠨ ᠪᠠᠷᠢᠮᠵᠢᠶᠠᠲᠤ ᠪᠤᠰᠤ ᠰᠦᠯᠢᠶᠣᠣ ᠪᠦᠷᠬᠦᠭᠦᠯ ᠢ ᠦᠢᠯᠡᠳᠪᠦᠷᠢᠯᠡᠬᠦ᠂ ᠪᠣᠷᠣᠯᠠᠭᠤᠯᠬᠤ ᠵᠢᠴᠢ ᠰᠦᠯᠢᠶᠣᠣ ᠪᠦᠷᠬᠦᠭᠦᠯ ᠤᠨ ᠦᠶ᠋ᠯᠡᠳᠬᠦᠨ ᠤ ᠶᠠᠰᠤ ᠴᠢᠨᠠᠷ ᠢ ᠲᠠᠷᠢᠶᠠᠯᠠᠩ ᠤᠨ ᠦᠶ᠋ᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠴᠢᠬᠤᠯᠠ ᠠᠭᠤᠯᠭ᠎ᠠ ᠳᠤ ᠣᠷᠣᠭᠤᠯᠵᠤ᠂ ᠤᠯᠤᠰ ᠤᠨ ᠪᠠᠷᠢᠮᠵᠢᠶᠠᠲᠤ ᠪᠤᠰᠤ ᠲᠠᠷᠢᠶᠠᠯᠠᠩ ᠤᠨ ᠰᠦᠯᠢᠶᠣᠣ ᠪᠦᠷᠬᠦᠭᠦᠯ ᠢ ᠦᠶ᠋ᠯᠡᠳᠪᠦᠷᠢᠯᠡᠬᠦ᠂ ᠵᠠᠬ᠎ᠠ ᠳᠡᠯᠭᠡᠭᠦᠷ ᠲᠤ ᠭᠠᠷᠭᠠᠬᠤ᠂ ᠲᠠᠷᠢᠶᠠᠨ ᠳᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠤᠯᠤᠰ ᠤᠨ ᠲᠣᠳᠣᠷᠬᠠᠶ ᠵᠠᠷᠯᠢᠭ ᠶᠣᠰᠣᠭᠠᠷ ᠴᠠᠭᠠᠵᠠᠯᠠᠬᠤ ᠪᠤᠶᠤ ᠠᠯᠪᠠᠳᠠᠯᠭ᠎ᠠ ᠶᠢᠨ ᠴᠢᠨᠠᠷᠲᠠᠶ ᠤᠯᠤᠰ ᠤᠨ ᠪᠠᠷᠢᠮᠵᠢᠶ᠎ᠠ ᠳᠤ ᠨᠡᠶᠢᠴᠡᠬᠦ ᠥᠬᠡᠶ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠪᠦᠷᠬᠦᠭᠦᠯ ᠢ ᠦᠶ᠋ᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ ᠶᠢ ᠴᠠᠭᠠᠵᠠᠯᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠥᠩᠭᠦ ᠪᠠᠷ ᠤᠯᠤᠰ ᠤᠨ ᠪᠠᠷᠢᠮᠵᠢᠶᠠᠲᠤ ᠪᠤᠰᠤ ᠰᠦᠯᠢᠶᠣᠣ ᠪᠦᠷᠬᠦᠪᠴᠢ ᠬᠤᠳᠠᠯᠳᠤᠨ ᠠᠪᠬᠤ ᠶᠢ ᠴᠠᠭᠠᠵᠠᠯᠠᠵᠤ᠂ ᠪᠠᠷᠢᠮᠵᠢᠶ᠎ᠠ ᠳᠤ ᠨᠡᠶᠢᠴᠡᠬᠦ ᠪᠦᠷᠢᠨ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠬᠡᠷᠡᠭᠯᠡᠨ ᠡᠩ ᠤᠨ PE ᠰᠦᠯᠢᠶᠣᠣ ᠪᠦᠷᠬᠦᠪᠴᠢ ᠶᠢ ᠣᠷᠣᠯᠠᠭᠤᠯᠬᠤ ᠶᠢ ᠵᠣᠷᠢᠭᠵᠢᠭᠤᠯᠤᠨ᠎ᠠ᠃ ᠬᠡᠷᠡᠯ ᠬᠦᠴᠢᠯᠲᠥ᠋ᠷᠥᠭᠴᠢ ᠶᠢᠨ ᠵᠠᠳᠠᠷᠠᠨ ᠵᠠᠳᠠᠷᠠᠭᠰᠠᠨ ᠰᠦᠯᠢᠶᠣᠣ ᠪᠦᠷᠬᠦᠪᠴᠢ ᠶᠢ ᠡᠷᠡᠰ ᠬᠤᠷᠢᠭᠯᠠᠵᠤ᠂ ᠤᠯᠤᠰ ᠤᠨ ᠪᠠᠷᠢᠮᠵᠢᠶᠠᠲᠤ ᠪᠤᠰᠤ ᠰᠦᠯᠢᠶᠣᠣ ᠪᠦᠷᠬᠦᠪᠴᠢ ᠶᠢ ᠬᠡᠷᠡᠭᠯᠡᠬᠦ ᠶᠢ ᠴᠠᠭᠠᠵᠠᠯᠠᠨ᠎ᠠ᠃ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠡᠩ ᠤᠨ PE ᠰᠦᠯᠢᠶᠣᠣ ᠪᠦᠷᠬᠦᠪᠴᠢ ᠪᠤᠶᠤ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ︵ᠡᠩ ᠤᠨ ᠰᠦᠯᠢᠶᠣᠣ ᠪᠦᠷᠬᠦᠪᠴᠢ ︽GB13735- 2017 ᠣᠨ ᠤ ᠪᠥᠭᠡᠭᠡᠨᠡᠷᠡᠯ ᠡᠲ᠋ᠧᠨ ᠤ ᠰᠦᠯᠢᠶᠣᠣ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠨᠢᠮᠭᠡᠨ ᠪᠦᠷᠬᠦᠭᠦᠯ︾᠂ ᠪᠦᠷᠢᠨ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ︽GB/T35795 - 2017 ᠣᠨ ᠤ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠭᠠᠳᠠᠷᠭᠤ ᠶᠢᠨ ᠨᠢᠮᠭᠡᠨ ᠪᠦᠷᠬᠦᠭᠦᠯ︾᠂ ᠴᠢᠨᠠᠷ ᠰᠠᠶᠢᠲᠠᠶ ᠰᠦᠯᠢᠶᠣᠣ ᠪᠦᠷᠬᠦᠪᠴᠢ ᠪᠣᠯ ᠥᠨᠳᠥᠷ ᠡᠭᠡᠭᠦᠯᠦᠨ ᠬᠤᠷᠢᠶᠠᠬᠤ ᠨᠣᠷᠮ᠎ᠠ ᠶᠢ ᠪᠠᠲᠤᠯᠠᠬᠤ ᠦᠨᠳᠦᠰᠦᠨ ᠨᠥᠬᠦᠴᠡᠯ ᠪᠣᠯᠤᠨ᠎ᠠ᠂ ᠱᠠᠭᠠᠷᠳᠠᠯᠭ᠎ᠠ ᠳᠤ ᠨᠡᠶᠢᠴᠡᠬᠦ ᠪᠥᠬᠦ ᠠᠮᠢᠳᠤ ᠪᠣᠳᠠᠰ ᠤᠨ ᠵᠠᠳᠠᠷᠠᠯᠲᠠ ᠶᠢᠨ ᠰᠦᠯᠢᠶᠣᠣ ᠪᠦᠷᠬᠦᠪᠴᠢ ᠪᠠ ᠵᠤᠵᠠᠭᠠᠷᠠᠭᠰᠠᠨ ᠥᠨᠳᠥᠷ ᠬᠦᠴᠦᠯᠡᠴᠡᠲᠦ ᠰᠦᠯᠢᠶᠣᠣ ᠪᠦᠷᠬᠦᠪᠴᠢ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠰᠦᠯᠢᠶᠣᠣ ᠪᠦᠷᠬᠦᠭᠦᠯ ᠢ ᠡᠭᠡᠭᠦᠯᠦᠨ ᠬᠤᠷᠢᠶᠠᠵᠤ ᠪᠣᠯᠬᠤ ᠴᠢᠨᠠᠷ ᠢ ᠡᠬᠢ ᠡᠭᠦᠰᠦᠯ ᠠᠴᠠ ᠨᠢ ᠪᠠᠲᠤᠯᠠᠨ᠎ᠠ᠃      ︵ᠬᠤᠶᠠᠷ︶ ᠬᠤᠯᠪᠣᠯᠳᠤᠭᠤᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ      ᠲᠠᠷᠢᠶᠠᠨ ᠭᠠᠵᠠᠷ ᠤᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠤᠷᠮᠠᠰᠢᠭᠤᠯᠬᠤ ᠴᠢᠨᠠᠷᠲᠠᠶ ᠨᠥᠬᠦᠪᠥᠷᠢ ᠪᠠᠶᠢᠭᠰᠠᠨ ᠠᠴᠠ ᠴᠢᠳᠠᠮᠵᠢ ᠶᠢᠨ ᠴᠢᠨᠠᠷᠲᠠᠶ ᠨᠥᠬᠦᠪᠥᠷᠢ ᠳᠠᠰᠢ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠣᠨᠣᠪᠴᠢᠲᠠᠶ ᠡᠵᠡᠮᠳᠡᠵᠦ᠂ ᠨᠥᠬᠦᠪᠥᠷᠢ ᠣᠯᠭᠤᠬᠤ ᠠᠷᠭ᠎ᠠ ᠮᠠᠶ᠋ᠢᠭ ᠪᠠ ᠴᠠᠭ ᠬᠤᠭᠤᠴᠠᠭ᠎ᠠ ᠶᠢ ᠲᠣᠬᠢᠷᠠᠭᠤᠯᠬᠤ ᠪᠠᠷ ᠳᠠᠮᠵᠢᠭᠤᠯᠤᠨ᠂ ᠪᠦᠷᠬᠦᠭᠦᠯ ᠪᠦᠷᠬᠦᠭᠰᠡᠨ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠶᠢ ᠬᠥᠲᠥᠯᠦᠨ ᠵᠢᠯᠣᠭᠤᠳᠴᠤ ᠠᠬᠢᠭᠤᠯᠤᠨ᠎ᠠ᠃ ᠬᠠᠤᠯᠢ ᠲᠣᠭᠲᠠᠭᠠᠯ ᠢ ᠤᠬᠠᠭᠤᠯᠬᠤ᠂ ᠲᠦᠷᠦ ᠶᠢᠨ ᠪᠤᠳᠤᠯᠭ᠎ᠠ ᠪᠠᠷ ᠬᠥᠲᠥᠯᠥᠨ ᠵᠢᠯᠣᠭᠤᠳᠬᠤ᠂ ᠪᠠᠷᠢᠮᠵᠢᠶ᠎ᠠ ᠶᠢ ᠲᠥᠰᠦᠭᠡᠯᠡᠨ ᠪᠤᠳᠤᠬᠤ᠂ ᠲᠠᠯᠠᠪᠠᠢ ᠶᠢ ᠬᠢᠨᠠᠨ ᠲᠣᠭᠲᠠᠭᠠᠬᠤ᠂ ᠵᠠᠷᠯᠠᠨ ᠨᠡᠶᠢᠲᠡᠯᠡᠬᠦ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠠᠷᠢᠶᠠᠴᠢᠳ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠤᠭᠤᠯᠬᠤ ᠬᠡᠷᠡᠭᠲᠡᠶ᠃      ︵ᠭᠤᠷᠪᠠ︶ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠵᠢᠯᠯᠠᠭ᠎ᠠ ᠶᠢ ᠥᠷᠨᠢᠭᠦᠯᠦᠨ᠎ᠡ      ᠬᠤᠶᠠᠷ ᠴᠠᠭ ᠤᠨ ᠵᠠᠩᠭᠢᠯᠠᠭ᠎ᠠ ᠶᠢᠨ ᠴᠡᠭ ᠢ ᠠᠳᠬᠤᠨ᠎ᠠ᠂ ᠨᠢᠭᠡ ᠳᠤ ᠲᠤᠬᠠᠶ ᠶᠢᠨ ᠵᠢᠯ ᠤᠨ ᠨᠠᠮᠤᠷ ᠤᠨ ᠬᠤᠷᠢᠶᠠᠯᠲᠠ ᠶᠢᠨ ᠳᠠᠷᠠᠭ᠎ᠠ ᠬᠥᠷᠥᠰᠥ ᠰᠢᠷᠣᠶ ᠶᠢ ᠪᠢᠲᠡᠭᠦᠮᠵᠢᠯᠡᠨ ᠬᠥᠯᠳᠡᠬᠦ ᠠᠴᠠ ᠡᠮᠦᠨ᠎ᠡ᠂ ᠬᠤᠶᠠᠷ ᠲᠤ᠂ ᠳᠠᠷᠠᠭ᠎ᠠ ᠵᠢᠯ ᠤᠨ 3 ᠰᠠᠷ᠎ᠠ ᠳᠤ ᠳᠠᠷᠢᠬᠤ ᠠᠴᠠ ᠡᠮᠦᠨ᠎ᠡ᠂ ᠲᠣᠰ ᠤᠯᠠᠷᠢᠯ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠳᠤ ᠡᠷᠬᠡᠪᠰᠢ ᠡᠨᠡ ᠬᠤᠶᠠᠷ ᠴᠠᠭ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ ᠵᠢᠯ ᠪᠦᠷᠢ ᠶᠢᠨ 10 ᠰᠠᠷ᠎ᠠ ᠠᠴᠠ ᠳᠠᠷᠠᠭ᠎ᠠ ᠵᠢᠯ ᠤᠨ 4 ᠰᠠᠷ᠎ᠠ ᠪᠣᠯ ᠰᠦᠯᠢᠶᠣᠣ ᠪᠦᠷᠬᠦᠪᠴᠢ ᠲᠠᠷᠢᠶᠠᠨ ᠭᠠᠵᠠᠷ ᠠᠴᠠ ᠰᠠᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠡᠨᠡ ᠬᠦ ᠬᠤᠭᠤᠴᠠᠭᠠᠨ ᠳᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠡᠭᠦᠷᠭᠡ ᠬᠠᠷᠠᠯᠲᠠ ᠪᠠᠨ ᠤᠷᠢᠳᠴᠢᠯᠠᠨ ᠲᠣᠭᠲᠠᠭᠠᠵᠤ᠂ ᠡᠭᠡᠭᠦᠯᠦᠨ ᠬᠤᠷᠢᠶᠠᠬᠤ ᠡᠭᠦᠷᠭᠡ ᠬᠠᠷᠠᠯᠲᠠ ᠶᠢ ᠦᠨᠳᠦᠰᠦᠯᠡᠨ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠪᠥᠬᠦ ᠣᠷᠣᠨ ᠪᠦᠰᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠡᠭᠦᠷᠭᠡ ᠶᠢ ᠤᠷᠤᠭᠰᠢᠲᠠᠶ ᠪᠡᠶᠡᠯᠡᠭᠦᠯᠬᠦ ᠬᠡᠷᠡᠭᠲᠡᠶ᠃ ᠰᠦᠯᠢᠶᠣᠣ ᠪᠦᠷᠬᠦᠪᠴᠢ ᠶᠢᠨ ᠮᠠᠰᠢᠨ ᠢ ᠡᠭᠡᠭᠦᠯᠦᠨ ᠬᠤᠷᠢᠶᠠᠬᠤ ᠮᠡᠷᠭᠡᠵᠢᠯ ᠢ ᠥᠷᠭᠡᠨ ᠢᠶᠠᠷ ᠳᠡᠯᠭᠡᠷᠡᠭᠦᠯᠵᠦ᠂ ᠮᠧᠬᠠᠨᠢᠭ ᠢᠶᠠᠷ ᠡᠭᠡᠭᠦᠯᠦᠨ ᠬᠤᠷᠢᠶᠠᠬᠤ ᠦᠢᠯᠡᠴᠢᠯᠡᠭᠡ ᠶᠢ ᠥᠷᠨᠢᠭᠦᠯᠵᠦ᠂ ᠬᠥᠮᠦᠨ ᠤ ᠬᠦᠴᠦ ᠪᠠᠷ ᠲᠡᠭᠦᠬᠦ ᠬᠥᠳᠡᠯᠮᠦᠷᠢ ᠶᠢᠨ ᠡᠷᠴᠢᠮ ᠢ ᠪᠠᠭᠤᠷᠠᠭᠤᠯᠤᠨ᠎ᠠ᠃ ᠦᠢᠯᠡᠳᠪᠦᠷᠢᠯᠡᠵᠦ ᠪᠣᠷᠣᠯᠠᠭᠤᠯᠬᠤ ᠭᠤᠣᠯ ᠴᠣᠭᠴᠠ᠂ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠤ ᠠᠬᠤᠶᠢᠯᠠᠯ᠂ ᠲᠤᠰᠬᠠᠢ ᠬᠤᠷᠰᠢᠶ᠎ᠠ᠂ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ᠤ ᠠᠷᠠᠳ ᠤᠨ ᠵᠥᠪᠯᠡᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠪᠣᠷᠣᠯᠠᠭᠤᠯᠬᠤ ᠳᠡᠯᠭᠡᠭᠦᠷ ᠵᠡᠷᠭᠡ ᠪᠠᠷ ᠭᠤᠣᠯ ᠬᠦᠴᠦᠨ ᠪᠣᠯᠭᠠᠵᠤ᠂ ᠦᠯᠡᠳᠡᠭᠳᠡᠯ ᠪᠦᠷᠬᠦᠪᠴᠢ ᠶᠢ ᠬᠤᠳᠠᠯᠳᠤᠨ ᠠᠪᠬᠤ ᠲᠣᠣᠷ ᠴᠡᠭ ᠢ ᠪᠠᠶᠢᠭᠤᠯᠤᠨ ᠪᠦᠷᠢᠨᠰᠢᠭᠦᠯᠦᠨ᠎ᠡ᠃ ︽ᠬᠡᠨ ᠬᠡᠷᠡᠭᠯᠡᠪᠡᠯ ᠬᠡᠨ ᠬᠤᠷᠢᠶᠠᠨ ᠠᠪᠬᠤ︾ ᠵᠠᠷᠴᠢᠮ ᠶᠣᠰᠣᠭᠠᠷ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠴᠠᠭ ᠲᠤᠬᠠᠶ ᠳᠤᠨᠢ ᠲᠡᠭᠦᠵᠦ ᠴᠤᠭᠯᠠᠭᠤᠯᠬᠤ᠂ ᠣᠶᠢᠷ᠎ᠠ ᠬᠠᠪᠢ ᠳᠤᠨᠢ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠲᠣᠤᠷ ᠴᠡᠭ ᠪᠤᠶᠤ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠬᠤ ᠴᠡᠭ ᠲᠤ ᠣᠪᠣᠭᠠᠯᠠᠵᠤ᠂ ᠲᠠᠷᠢᠶᠠᠨ ᠭᠠᠵᠠᠷ ᠲᠤ ᠬᠠᠶᠠᠬᠤ ᠪᠤᠶᠤ ᠳᠤᠷ᠎ᠠ ᠪᠠᠷ ᠢᠶᠠᠨ ᠬᠠᠶᠠᠬᠤ ᠶᠢ ᠴᠠᠭᠠᠵᠠᠯᠠᠨ᠎ᠠ᠃      ︵ᠲᠦᠷᠪᠡ︶ ᠡᠯ᠎ᠡ ᠱᠠᠲᠤᠨ ᠤ ᠳᠠᠩᠰᠠ ᠡᠪᠬᠡᠮᠡᠯ ᠤᠨ ᠡᠬᠡ ᠳᠠᠩᠰᠠ ᠶᠢ ᠲᠡᠭᠦᠯᠳᠡᠷᠵᠢᠭᠦᠯᠦᠨ᠎ᠡ      ︽ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠣᠣ ᠪᠦᠷᠬᠦᠪᠴᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠲᠣᠰᠬᠤᠨ ᠤ ᠱᠠᠲᠤ᠂ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠲᠠᠰ᠂ ᠣᠷᠣᠨ ᠤ ᠲᠠᠰ ᠤᠨ ᠭᠤᠷᠪᠠᠨ ᠱᠠᠲᠤᠨ ᠤ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠡᠷᠡᠭᠯᠡᠵᠦ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠡᠬᠡ ᠲᠠᠩᠰᠠ ᠶᠢ ᠪᠦᠷᠢᠨᠰᠢᠬᠦᠯᠵᠦ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠡᠯ᠎ᠡ ᠪᠠᠯᠭᠠᠰᠤᠨ ᠤ ᠠᠯᠪᠠᠨ ᠬᠡᠷ ᠲᠠᠢ ᠬᠠᠮᠲᠤᠷᠠᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠪᠣᠷᠣᠯᠠᠭᠤᠯᠤᠨ ᠬᠤᠳᠠᠯᠳᠤᠭᠴᠢ᠂ ᠬᠡᠷᠡᠭᠯᠡᠭᠴᠢ ︵ᠲᠤᠰᠬᠠᠶ ᠬᠤᠷᠰᠢᠶ᠎ᠠ᠂ ᠲᠠᠷᠢᠮᠠᠯ ᠤᠨ ᠲᠣᠮᠣ ᠡᠷᠦᠬᠡ︶᠂ ᠡᠭᠡᠭᠦᠯᠦᠨ ᠬᠤᠷᠢᠶᠠᠭᠴᠢ ︵ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠥᠷᠲᠡᠭᠡ ᠴᠡᠭ᠂ ᠡᠭᠡᠭᠦᠯᠦᠨ ᠬᠤᠷᠢᠶᠠᠬᠤ ᠠᠵᠤ ᠠᠬᠤᠶᠢᠯᠠᠯ︶ ᠶᠢ ᠵᠢᠯᠣᠭᠤᠳᠴᠤ ᠪᠠᠶᠢᠭᠠᠳ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠪᠣᠷᠣᠯᠠᠭᠤᠯᠬᠤ᠂ ᠬᠡᠷᠡᠭᠯᠡᠬᠦ᠂ ᠡᠭᠡᠭᠦᠯᠦᠨ ᠬᠤᠷᠢᠶᠠᠭᠰᠠᠨ ᠲᠡᠮᠳᠡᠭᠯᠡᠯ ᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠲᠠᠩᠰᠠ ᠡᠪᠬᠡᠮᠡᠯ ᠤᠨ ᠡᠬᠡ ᠲᠠᠩᠰᠠ ᠶᠢ ᠤᠯᠠᠮ ᠨᠢᠭᠡ ᠠᠯᠬᠤᠮ ᠪᠠᠶᠢᠭᠤᠯᠤᠨ ᠪᠦᠷᠢᠨᠰᠢᠭᠦᠯᠦᠨ᠎ᠡ᠃      ᠳᠥᠷᠪᠡ᠂ ᠠᠬᠢᠴᠠ ᠶᠢᠨ ᠲᠣᠬᠢᠷᠠᠭᠤᠯᠤᠯᠲᠠ      2023 ᠣᠨ ᠤ 2 ᠰᠠᠷ᠎ᠠ ᠳᠤ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ 2023 - 2025 ᠣᠨ ᠤ ᠲᠠᠷᠢᠶᠠᠯᠠᠩ ᠤᠨ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠤᠨ ᠲᠥᠰᠦᠯ︾ ᠢ ᠨᠠᠶᠢᠷᠠᠭᠤᠯᠤᠨ ᠵᠣᠬᠢᠶᠠᠪᠠ︔      2023 ᠣᠨ ᠤ 3 ᠰᠠᠷ᠎ᠠ - 2025 ᠣᠨ ᠤ 4 ᠰᠠᠷ᠎ᠠ ᠪᠣᠯᠲᠠᠯ᠎ᠠ ᠲᠥᠰᠦᠯ ᠤᠨ ᠶᠣᠰᠣᠭᠠᠷ ᠵᠢᠯ ᠪᠦᠷᠢ ᠬᠤᠯᠪᠣᠭᠳᠠᠯ ᠪᠥᠬᠦᠶ ᠠᠵᠢᠯ ᠢ ᠥᠷᠨᠢᠭᠦᠯᠦᠨ᠎ᠡ᠃ ᠡᠭᠦᠨ ᠳᠤ ᠭᠤᠣᠯᠳᠠᠭᠤ᠄ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠬᠤᠯᠪᠣᠯᠳᠤᠭᠰᠠᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠯᠢᠶᠣᠣ ᠪᠦᠷᠬᠦᠪᠴᠢ ᠶᠢ ᠲᠠᠷᠢᠶᠠᠨ ᠭᠠᠵᠠᠷ ᠠᠴᠠ ᠰᠠᠯᠭᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠱᠠᠲᠤᠨ ᠤ ᠲᠠᠩᠰᠠ ᠡᠪᠬᠡᠮᠡᠯ ᠤᠨ ᠡᠬᠡ ᠲᠠᠩᠰᠠ ᠶᠢ ᠲᠡᠭᠦᠯᠳᠡᠷᠵᠢᠭᠦᠯᠪᠡ︔ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠦᠷᠢᠮ ᠢ ᠳ᠋ᠦᠩᠨᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠦᠷᠢᠮ ᠢ ᠲᠡᠭᠦᠯᠳᠡᠷᠵᠢᠭᠦᠯᠪᠡ︔ ᠵᠢᠯ ᠪᠦᠷᠢ ᠶᠢᠨ 4 ᠰᠠᠷ᠎ᠠ - 5 ᠰᠠᠷ᠎ᠠ ᠶᠢᠨ ᠣᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠣᠨ ᠤ ᠳ᠋ᠦᠩᠨᠡᠯᠲᠡ ᠶᠢᠨ ᠮᠡᠳᠡᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ︔      2025 ᠣᠨ ᠤ 4 ᠰᠠᠷ᠎ᠠ - 2025 ᠣᠨ ᠤ 5 ᠰᠠᠷ᠎ᠠ ᠳᠤ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠯᠡᠵᠦ᠂ ᠠᠵᠢᠯ ᠤᠨ ᠳ᠋ᠦᠩᠨᠡᠯᠲᠡ ᠶᠢ ᠲᠤᠭᠤᠷᠪᠢᠨ ᠪᠢᠴᠢᠨ᠎ᠡ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      ᠬᠠᠶᠢᠨᠠᠨ ᠲᠣᠭᠤᠷᠢᠭ ᠨᠢ ᠬᠤᠪᠢᠳᠠᠨ ᠬᠠᠮᠢᠶᠠᠷᠴᠤ ᠪᠠᠶᠢᠭ᠎ᠠ ᠲᠣᠭᠤᠷᠢᠭ ᠤᠨ ᠳᠡᠳ᠋ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ᠂ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ᠂ ᠠᠮᠢ ᠠᠬᠤᠶ ᠶᠢᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠠᠷᠢᠶᠠᠯᠠᠩ ᠳᠤ ᠬᠤᠯᠪᠣᠭᠳᠠᠬᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠵᠡᠷᠭᠡ ᠣᠯᠠᠨ ᠰᠠᠯᠠᠭ᠎ᠠ ᠮᠥᠴᠢᠷ ᠤᠳ ᠣᠷᠣᠯᠴᠠᠭᠰᠠᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠠᠵᠢᠯ ᠢ ᠵᠣᠬᠢᠴᠠᠭᠤᠯᠤᠨ ᠠᠬᠢᠭᠤᠯᠬᠤ ᠳᠤᠭᠤᠶᠢᠯᠠᠩ ︵ᠳᠠᠭᠠᠯᠳᠤᠭᠤᠯᠤᠯ 1︶ ᠢ ᠪᠠᠶᠢᠭᠤᠯᠵᠤ᠂ ᠪᠥᠬᠦ ᠲᠣᠭᠤᠷᠢᠭ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ᠂ ᠲᠣᠭᠲᠠᠴᠠ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠴᠤ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠯ ᠪᠦᠷᠢ ᠠᠳᠠᠭ ᠲᠠᠭᠠᠨ ᠨᠢᠭᠡ ᠤᠳᠠᠭᠠᠨ ᠤ ᠵᠣᠬᠢᠴᠠᠭᠤᠯᠬᠤ ᠬᠤᠷᠠᠯ ᠬᠤᠷᠠᠯᠳᠤᠭᠤᠯᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠦᠷᠦᠭᠦᠯᠡᠨ ᠠᠬᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠰᠦᠯᠢᠶᠣᠣ ᠪᠦᠷᠬᠦᠪᠴᠢ ᠶᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢ ᠬᠥᠳᠡᠯᠦᠩᠭᠦᠶ ᠪᠠᠷ ᠬᠢᠨᠠᠨ ᠬᠡᠮᠵᠢᠵᠦ ᠡᠵᠡᠮᠰᠢᠬᠦ ᠬᠡᠷᠡᠭᠲᠡᠶ᠃      ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠬᠤ ᠬᠡᠷᠡᠭᠲᠡᠢ      ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠶᠣᠰᠣᠭᠠᠷ᠂ ᠣᠷᠣᠨ ᠤ ᠵᠠᠰᠠᠭ ᠤᠨ ᠣᠷᠳᠣᠨ ᠬᠠᠤᠯᠢ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠪᠦᠰᠡ ᠶᠢᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠰᠢᠮᠳᠠᠭᠤᠯᠵᠤ ᠪᠠᠶᠢᠭᠠᠳ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠣᠷᠣᠨ ᠤ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠤᠷᠢᠶᠠᠨ ᠠᠪᠴᠤ ᠠᠰᠢᠭᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠬᠡᠷᠡᠭᠯᠡᠬᠦ ᠶᠢ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠭᠴᠢᠳ ᠤᠨ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠢ ᠵᠦᠶ ᠵᠣᠬᠢᠰᠲᠠᠶ ᠬᠡᠷᠡᠭᠯᠡᠬᠦ ᠶᠢ ᠵᠢᠯᠣᠭᠤᠳᠤᠨ᠎ᠠ᠃ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠪᠦᠷᠢᠯᠡᠯ ᠢ ᠵᠢᠯᠣᠭᠤᠳᠬᠤ ᠠᠵᠢᠯ ᠢ ᠬᠠᠷᠢᠭᠤᠴᠠᠨ᠎ᠠ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠶᠢᠨᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠪᠴᠢ ᠶᠢ ᠬᠤᠷᠢᠶᠠᠨ ᠠᠪᠬᠤ᠂ ᠳᠠᠬᠢᠨ ᠠᠰᠢᠭᠯᠠᠬᠤ ᠶᠠᠪᠤᠴᠠ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠠᠷᠢᠶᠠᠯᠠᠩ ᠳᠤ ᠬᠤᠯᠪᠣᠭᠳᠠᠬᠤ ᠡᠯ᠎ᠡ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠬᠤ ᠶᠢ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠥᠷᠨᠢᠭᠦᠯᠬᠦ ᠶᠢ ᠬᠠᠷᠢᠭᠤᠴᠠᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠨᠤᠷᠮ᠎ᠠ ᠶᠢ ᠳᠡᠭᠡᠭᠰᠢᠯᠡᠭᠦᠯᠦᠨ᠎ᠡ᠃      ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ      ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠡᠳ᠋ ᠤᠨ ᠵᠠᠰᠠᠭ ᠠᠴᠠ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠢᠳᠡᠪᠬᠢᠲᠡᠢ ᠲᠡᠮᠡᠴᠡᠨ ᠣᠯᠵᠤ᠂ ᠲᠥᠪ ᠤᠨ ᠰᠦᠯᠢᠶᠣᠣ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠲᠤᠷᠰᠢᠯᠲᠠ ᠶᠢᠨ ᠲᠦᠷᠦᠯ ᠵᠦᠢᠯ ᠢ ᠭᠤᠶᠤᠴᠢᠯᠠᠬᠤ ᠶᠢᠨ ᠬᠠᠮᠲᠤ ᠪᠡᠯᠡ ᠮᠥᠩᠭᠦ ᠶᠢᠨ ᠵᠠᠷᠤᠯᠭ᠎ᠠ ᠶᠢᠨ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠠᠵᠢᠯ ᠤᠨ ᠬᠡᠷᠡᠭᠴᠡᠭᠡ ᠶᠢ ᠪᠠᠲᠤᠯᠠᠵᠤ᠂ ᠲᠠᠷᠢᠶᠠᠯᠠᠩ ᠳᠤ ᠬᠤᠯᠪᠣᠭᠳᠠᠬᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠲᠠᠢ ᠬᠠᠮᠲᠤᠷᠠᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠲᠣᠭᠲᠠᠴᠠ ᠶᠢᠨ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃      ︵ᠭᠤᠷᠪᠠ︶ ᠤᠬᠠᠭᠤᠯᠭ᠎ᠠ ᠶᠢᠨ ᠪᠣᠯᠪᠠᠰᠤᠷᠠᠯ ᠢ ᠡᠷᠴᠢᠮᠵᠢᠭᠦᠯᠬᠦ      ᠵᠢᠯ ᠪᠦᠷᠢ ᠨᠠᠮᠤᠷ ᠡᠪᠦᠯ ᠬᠠᠪᠤᠷ ᠤᠨ ᠲᠠᠷᠢᠶᠠᠯᠠᠩ ᠤᠨ ᠰᠤᠯᠠ ᠰᠡᠯᠡᠭᠦᠦ ᠴᠠᠭ ᠢ ᠠᠰᠢᠭᠯᠠᠨ᠂ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠬᠤᠷᠢᠶᠠᠨ ᠠᠪᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠥᠷᠨᠢᠭᠦᠯᠵᠦ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠵᠢᠴᠢ ᠤᠬᠠᠭᠤᠯᠭ᠎ᠠ ᠶᠢᠨ ᠤᠷᠢᠶ᠎ᠠ ᠯᠣᠽᠦ᠋ᠩ ᠢ ᠭᠦᠢᠴᠡᠳ ᠠᠰᠢᠭᠯᠠᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠲᠠᠷᠢᠶᠠᠯᠠᠩ ᠳᠤ ᠬᠡᠷᠡᠭᠯᠡᠬᠦ ᠨᠢᠮᠭᠡᠨ ᠪᠦᠷᠬᠦᠭᠦᠯ ᠤᠨ ᠬᠠᠮᠢᠶᠠᠷᠤᠯᠲᠠ ᠶᠢᠨ ᠠᠷᠭ᠎ᠠ︾ ᠵᠢᠴᠢ ᠰᠦᠯᠢᠶᠣᠣ ᠪᠦᠷᠬᠦᠪᠴᠢ ᠶᠢᠨ ᠬᠤᠯᠪᠣᠭᠳᠠᠯ ᠪᠥᠬᠦᠶ ᠤᠯᠤᠰ ᠤᠨ ᠪᠠᠷᠢᠮᠵᠢᠶ᠎ᠠ ᠵᠡᠷᠭᠡ ᠲᠠᠢ ᠤᠶᠠᠯᠳᠤᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠ ᠵᠠᠯᠬᠠᠭᠠᠬᠤ ᠲᠦᠷᠢᠮ ᠢ ᠲᠠᠶᠢᠯᠪᠤᠷᠢᠯᠠᠵᠤ᠂ ᠪᠥᠬᠦ ᠠᠷᠠᠳ ᠤᠨ ᠦᠯᠡᠳᠡᠭᠳᠡᠯ ᠪᠦᠷᠬᠦᠭᠦᠯ ᠤᠨ ᠪᠣᠬᠢᠷᠲᠤᠯ ᠤᠨ ᠬᠤᠤᠷ ᠬᠥᠨᠥᠭᠡᠯ ᠪᠠ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠦᠨᠡᠨᠬᠦ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠦᠯᠡᠳᠡᠭᠳᠡᠯ ᠤᠨ ᠪᠣᠬᠢᠷᠲᠤᠯ ᠤᠨ ᠬᠤᠤᠷ ᠬᠥᠨᠥᠭᠡᠯ ᠪᠠ ᠡᠭᠡᠭᠦᠯᠦᠨ ᠬᠤᠷᠢᠶᠠᠬᠤ ᠪᠠ ᠠᠰᠢᠭᠯᠠᠬᠤ ᠶᠢᠨ ᠰᠠᠶᠢᠨ ᠲᠠᠯ᠎ᠠ ᠶᠢ ᠥᠷᠭᠡᠨ ᠢᠶᠠᠷ ᠤᠬᠠᠭᠤᠯᠵᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢᠨ ᠦᠢᠯᠡᠳᠪᠦᠷᠢᠯᠡᠭᠴᠢ᠂ ᠪᠣᠷᠣᠯᠠᠭᠤᠯᠤᠭᠴᠢ᠂ ᠬᠡᠷᠡᠭᠯᠡᠭᠴᠢ᠂ ᠡᠭᠡᠭᠦᠯᠦᠨ ᠬᠤᠷᠢᠶᠠᠭᠴᠢ᠂ ᠬᠢᠨᠠᠨ ᠬᠠᠮᠢᠶᠠᠷᠤᠭᠴᠢ ᠠᠴᠠ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠴᠢᠩᠭᠠᠷᠠᠭᠤᠯᠵᠤ᠂ ᠠᠵᠤ ᠠᠬᠤᠶᠢᠯᠠᠯ ᠳᠤ ᠣᠷᠣᠭᠤᠯᠬᠤ᠂ ᠲᠠᠷᠢᠶᠠᠨ ᠭᠠᠵᠠᠷ ᠲᠤ ᠣᠷᠣᠭᠤᠯᠬᠤ ᠶᠢ ᠤᠬᠠᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠬᠤ᠂ ᠲᠠᠷᠢᠶᠠᠯᠠᠩ ᠬᠥᠳᠡᠭᠡ ᠲᠣᠰᠬᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ︵ᠲᠦᠷᠪᠡ︶ ᠠᠮᠵᠢᠯᠲᠠ ᠪᠦᠲᠦᠮᠵᠢ ᠶᠢ ᠦᠨᠡᠯᠡᠨ ᠰᠢᠯᠭᠠᠬᠤ ᠠᠷᠭ᠎ᠠ ᠶᠢ ᠬᠡᠷᠡᠭᠵᠢᠭᠦᠯᠬᠦ ᠬᠡᠷᠡᠭᠲᠡᠢ      ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠵᠢᠯ ᠪᠦᠷᠢ ᠶᠢᠨ 5 ᠰᠠᠷ᠎ᠠ - 6 ᠰᠠᠷ᠎ᠠ ᠳᠤ ᠳᠡᠭᠡᠷ᠎ᠡ ᠨᠢᠭᠡ ᠵᠢᠯ ᠤᠨ ᠨᠠᠮᠤᠷ ᠤᠨ ᠤᠯᠠᠷᠢᠯ ᠤᠨ ᠠᠵᠢᠯᠯᠠᠭ᠎ᠠ᠂ ᠲᠣᠰ ᠵᠢᠯ ᠤᠨ ᠬᠠᠪᠤᠷ ᠤᠨ ᠤᠯᠠᠷᠢᠯ ᠤᠨ ᠠᠵᠢᠯᠯᠠᠭ᠎ᠠ ᠶᠢᠨ ᠬᠡᠷᠡᠭᠵᠢᠭᠦᠯᠦᠭᠰᠡᠨ ᠦᠷ᠎ᠡ ᠪᠦᠲᠦᠮᠵᠢ ᠳᠤ ᠥᠪᠡᠷ ᠢ ᠪᠠᠨ ᠦᠨᠡᠯᠡᠯᠲᠡ ᠬᠢᠵᠦ᠂ ︽ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠦᠰᠦᠨᠦᠭᠲᠦ︾ ᠶᠣᠰᠣᠭᠠᠷ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠤᠳᠤᠷᠢᠳᠬᠤ ᠪᠠᠶᠢᠭᠤᠯᠤᠮᠵᠢ ᠶᠢᠨ ᠵᠣᠬᠢᠴᠠᠭᠤᠯᠬᠤ ᠲᠣᠭᠲᠠᠴᠠ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ᠂ ᠡᠬᠡ ᠲᠠᠩᠰᠠ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷ ᠤᠨ ᠪᠠᠶᠢᠴᠠᠭᠠᠯᠲᠠ ᠥᠷᠨᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠣᠨ ᠤ ᠳ᠋ᠦᠩᠨᠡᠯᠲᠡ ᠶᠢᠨ ᠮᠡᠳᠡᠭᠦᠯᠦᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢᠨ ᠬᠠᠮᠲᠤ᠂ ᠪᠥᠬᠦ  ᠲᠣᠭᠤᠷᠢᠭ ᠤᠨ ᠬᠡᠪᠴᠢᠶᠡᠨ ᠳᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠵᠦ ᠰᠢᠯᠭᠠᠨ ᠬᠢᠨᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠠᠵᠢᠯ ᠤᠨ ᠠᠮᠵᠢᠯᠲᠠ ᠪᠦᠲᠦᠮᠵᠢ ᠶᠢ ᠱᠠᠩᠨᠠᠬᠤ ᠠᠷᠭ᠎ᠠ ᠬᠡᠮᠵᠢᠶ᠎ᠡ ᠶᠢ ᠲᠤᠷᠰᠢᠨ ᠬᠡᠷᠡᠭᠵᠢᠭᠦᠯᠵᠦ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠢ ᠪᠡᠶᠡᠯᠡᠭᠦᠯᠦᠭᠰᠡᠨ ᠪᠠᠶᠢᠳᠠᠯ ᠢᠶᠠᠷ ᠲᠠᠷᠢᠶᠠᠯᠠᠩ ᠳᠤ ᠬᠤᠯᠪᠣᠭᠳᠠᠬᠤ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠭᠠᠷᠭᠠᠵᠤ᠂ ᠱᠠᠩᠨᠠᠵᠤ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠥᠳᠡᠯᠦᠩᠭᠦᠶ ᠪᠠᠷ ᠳᠣᠭᠢᠷᠠᠭᠤᠯᠤᠨ᠂ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠠᠵᠢᠯ ᠤᠨ ᠪᠠᠭᠤᠷᠠᠶ ᠭᠤᠭᠴᠤᠭ᠎ᠠ ᠶᠢ ᠲᠡᠭᠦᠯᠳᠡᠷᠵᠢᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号