ᠬᠠᠶᠢᠨᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ 2023 ᠣᠨ ᠤ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ
ᠨᠡᠶᠢᠲᠡᠯᠡᠭᠰᠡᠨ ᠴᠠᠭ᠄
2023/12/7
      ᠬᠠᠶᠢᠨᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃ ᠡᠳᠦᠭᠡ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠣᠳᠠᠲᠠᠶ ᠪᠠᠶᠢᠳᠠᠯ ᠢ ᠳᠣᠤᠷᠠᠬᠢ ᠮᠡᠲᠦ ᠮᠡᠳᠡᠭᠦᠯᠦᠶ᠎ᠡ᠄      ᠨᠢᠭᠡ᠂ ᠬᠠᠤᠯᠢ ᠳᠦᠷᠢᠮ ᠤᠨ ᠡᠳ᠋ ᠤᠨ ᠵᠠᠰᠠᠭ ᠤᠨ ᠲᠣᠭᠲᠠᠴᠠ ᠶᠢ ᠴᠢᠩᠭᠠᠷᠠᠭᠤᠯᠬᠤ ᠬᠡᠷᠡᠭᠲᠡᠢ      ︵ᠨᠢᠭᠡ︶ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠶ ᠵᠣᠬᠢᠴᠠᠭᠤᠯᠤᠨ ᠵᠢᠯᠣᠭᠤᠳᠴᠤ᠂ ᠲᠣᠪᠴᠢᠶ᠎ᠠ ᠶᠢᠨ ᠤᠳᠤᠷᠢᠳᠬᠤ ᠪᠠᠭ ᠨᠢᠭᠡᠳᠦᠯᠲᠡᠶ ᠤᠳᠤᠷᠢᠳᠬᠤ᠂ ᠡᠯ᠎ᠡ ᠲᠠᠰᠤᠭ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ᠂ ᠵᠣᠬᠢᠴᠠᠭᠤᠯᠤᠨ ᠬᠠᠮᠵᠢᠯᠴᠠᠬᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠪᠠ᠃ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠬᠠᠷᠠᠯᠲᠠ ᠪᠣᠯᠭᠠᠵᠤ᠂ ᠡᠳᠦᠷ ᠲᠤᠲᠤᠮ ᠤᠨ ᠬᠤᠷᠠᠯ ᠳᠤ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ᠂ ᠡᠳ᠋ ᠤᠨ ᠶᠠᠪᠤᠳᠠᠯ ᠢ ᠬᠠᠮᠢᠶᠠᠷᠬᠤ ᠶᠢ ᠵᠢᠷᠤᠮᠵᠢᠭᠤᠯᠬᠤ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠠᠨ ᠤ ᠲᠣᠪᠴᠢᠶ᠎ᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠳᠥᠯᠭᠢᠨ ᠠᠬᠢᠭᠤᠯᠤᠨ᠎ᠠ᠃      ︵ᠬᠤᠶᠠᠷ︶ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠳᠦᠷᠢᠮ ᠤᠨ ᠰᠢᠰᠲ᠋ᠤᠮ ᠢ ᠲᠡᠭᠦᠯᠳᠡᠷᠵᠢᠭᠦᠯᠦᠨ᠎ᠡ᠃ ᠮᠠᠨ ᠤ ᠲᠣᠪᠴᠢᠶ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠢᠵᠢ ᠪᠦᠷᠢᠳᠦᠭᠦᠯᠬᠦ ᠲᠦᠷᠢᠮ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠭᠦᠨᠵᠡᠭᠡᠶ ᠬᠡᠷᠡᠭᠵᠢᠭᠦᠯᠬᠦ ᠶᠢ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠠᠵᠢᠯ ᠢ ᠴᠢᠩᠭᠠᠳᠬᠠᠬᠤ ᠴᠢᠬᠤᠯᠠ ᠭᠠᠷᠳᠠᠴᠠ ᠪᠣᠯᠭᠠᠵᠤ᠂ ︽ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ︾ ︽ᠨᠢᠭᠡ ᠬᠠᠭᠤᠳᠠᠰᠤ ᠬᠤᠶᠠᠷ ᠬᠥᠮᠥᠷᠭᠡ︾ ᠪᠠ ︽ᠬᠤᠶᠠᠷ ᠢ ᠲᠣᠬᠢᠶᠠᠯᠳᠤᠯ ᠢᠶᠠᠷ ᠨᠢᠭᠡ ᠶᠢ ᠢᠯᠡ ᠪᠣᠯᠭᠠᠬᠤ︾ ᠵᠡᠷᠭᠡ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠲᠠᠢ ᠤᠶᠠᠯᠳᠤᠭᠤᠯᠤᠨ᠂ ᠲᠦᠷᠢᠮ ᠤᠨ ᠪᠠᠶᠢᠭᠤᠯᠤᠯᠲᠠ ᠪᠠᠷ ᠳᠠᠮᠵᠢᠭᠤᠯᠤᠨ᠂ ᠰᠠᠨᠠᠭᠠᠴᠢᠯᠠᠭ᠎ᠠ ᠠᠴᠠ ᠪᠠᠨ ᠡᠳ᠋ ᠤᠨ ᠶᠠᠪᠤᠳᠠᠯ ᠢ ᠬᠠᠮᠢᠶᠠᠷᠬᠤ᠂ ᠢᠯᠡ ᠪᠠᠷ ᠡᠳ᠋ ᠤᠨ ᠶᠠᠪᠤᠳᠠᠯ ᠢ ᠬᠠᠮᠢᠶᠠᠷᠬᠤ᠂ ᠡᠳ᠋ ᠤᠨ ᠶᠠᠪᠤᠳᠠᠯ ᠢ ᠠᠷᠢᠭᠤᠨ ᠴᠢᠬᠡᠴᠢ ᠪᠠᠷ ᠡᠳ᠋ ᠤᠨ ᠶᠠᠪᠤᠳᠠᠯ ᠢ ᠬᠠᠮᠢᠶᠠᠷᠬᠤ ᠤᠬᠠᠮᠰᠠᠷ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠡᠳᠦᠷ ᠲᠤᠲᠤᠮ ᠤᠨ ᠠᠵᠢᠯᠯᠠᠭ᠎ᠠ ᠶᠢ ᠪᠦᠲᠦᠮᠵᠢᠲᠡᠶ ᠵᠢᠷᠤᠮᠵᠢᠭᠤᠯᠪᠠ᠃      ︵ᠭᠤᠷᠪᠠ︶ ᠡᠳ᠋ ᠤᠨ ᠵᠠᠰᠠᠭ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ ᠶᠢ ᠲᠦᠯᠬᠢᠨ ᠠᠬᠢᠭᠤᠯᠤᠨ᠎ᠠ᠃ ᠰᠢᠶ᠋ᠳᠪᠦᠷᠢᠲᠦ ᠪᠤᠳᠣᠯᠭ᠎ᠠ ᠲᠤᠭᠲᠠᠬᠠᠬᠤ ᠶᠠᠪᠤᠴᠠ ᠶᠢᠨ ᠰᠢᠨᠵᠢᠯᠡᠬᠦ ᠤᠬᠠᠬᠠᠨᠴᠢ ᠠᠷᠠᠳᠴᠢᠯᠠᠯ ᠪᠠ ᠤᠢᠷ᠎ᠠ ᠳ᠋ᠦ᠋ᠩ ᠤᠨ ᠲᠥᠪ ᠭᠤᠤᠯᠴᠢ ᠵᠦ᠋ᠶ ᠵᠤᠬᠢᠰᠲᠠᠶ ᠪᠠᠶᠢᠬᠤ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ᠃ ᠬᠠᠤᠯᠢ ᠴᠠᠭᠠᠵᠠ ᠶᠢᠨ ᠵᠥᠪᠯᠡᠭᠴᠢ ᠶᠢᠨ ᠯᠠᠪᠯᠠᠯᠭ᠎ᠠ ᠬᠢᠵᠦ ᠨᠤᠲᠠᠯᠠᠬᠤ᠂ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠦᠢᠯᠡᠳᠦᠯ ᠢ ᠢᠳᠡᠪᠬᠢᠲᠡᠶ ᠪᠠᠳᠠᠷᠠᠭᠤᠯᠬᠤ ᠬᠡᠷᠡᠭᠲᠡᠶ᠃ ᠥᠪᠥᠷ ᠮᠣᠩᠭᠤᠯ ᠤᠨ ᠵᠢᠶ ᠬᠠᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠢ ᠤᠷᠢᠵᠤ ᠬᠠᠤᠯᠢ ᠴᠠᠭᠠᠵᠠ ᠶᠢᠨ ᠵᠥᠪᠯᠡᠭᠴᠢ ᠪᠠᠷᠤᠷᠢᠵᠤ᠂ ᠮᠠᠨ ᠤ ᠲᠣᠪᠴᠢᠶ᠎ᠠ ᠳᠤ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠭᠡᠷ᠎ᠡ ᠶᠢ ᠬᠢᠨᠠᠨ ᠬᠠᠷᠭᠤᠭᠤᠯᠬᠤ᠂ ᠬᠠᠤᠯᠢ ᠴᠠᠭᠠᠵᠠ ᠶᠢᠨ ᠪᠢᠴᠢᠭ ᠤᠨ ᠰᠠᠨᠠᠯ ᠭᠠᠷᠭᠠᠵᠤ ᠥᠭᠭᠦᠨ᠎ᠡ᠃      ᠬᠤᠶᠠᠷ᠂ ᠬᠠᠤᠯᠢ ᠳᠦᠷᠢᠮ ᠤᠨ ᠡᠳ᠋ ᠤᠨ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ      ︵ᠨᠢᠭᠡ︶ ᠡᠳ᠋ ᠤᠨ ᠵᠠᠰᠠᠭ ᠢ ᠢᠯᠡ ᠪᠣᠯᠭᠠᠬᠤ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠶᠢᠨᠠᠨ ᠲᠣᠭᠤᠷᠢᠭ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠲᠦᠷᠢᠮ ᠢ ᠲᠣᠭᠲᠠᠭᠠᠵᠤ᠂ ᠲᠥᠪ᠂ ᠥᠪᠡᠷᠲᠡᠭᠡᠨ ᠵᠠᠰᠠᠬᠤ ᠣᠷᠣᠨ ᠪᠠ ᠦᠬᠠᠶ ᠬᠤᠲᠠ ᠶᠢᠨ ᠡᠯ᠎ᠡ ᠱᠠᠲᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠲᠠᠪᠴᠠᠩ ᠳᠡᠭᠡᠷ᠎ᠡ ᠢᠯᠡ ᠪᠣᠯᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠦᠬᠠᠶ ᠬᠤᠲᠠ ᠶᠢᠨ ᠳᠠᠷᠤᠮᠠᠯᠯᠠᠨ ᠲᠠᠷᠬᠠᠭᠠᠭᠰᠠᠨ ︽ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠪᠠ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠭᠠᠷᠴᠠᠭ︾ ︽ᠬᠤᠳᠠᠯᠳᠤᠨ ᠠᠪᠬᠤ ᠭᠠᠷᠴᠠᠭ︾ ᠢ ᠦᠨᠳᠦᠰᠦᠯᠡᠨ᠂ ᠮᠠᠨ ᠤ ᠲᠣᠭᠤᠷᠢᠭ ᠤᠨ ᠬᠤᠯᠪᠣᠭᠳᠠᠯ ᠪᠥᠬᠦᠶ ᠭᠠᠷᠴᠠᠭ ᠲᠤ ᠲᠣᠬᠢᠷᠠᠭᠤᠯᠤᠯᠲᠠ ᠬᠢᠬᠦ ᠶᠢᠨ ᠬᠠᠮᠲᠤ ᠢᠯᠡ ᠪᠠᠷ ᠨᠡᠶᠢᠲᠡᠯᠡᠨ᠎ᠡ᠃ ᠴᠠᠭ ᠲᠤᠬᠠᠶ ᠳᠤᠨᠢ ᠢᠯᠡ ᠪᠣᠯᠭᠠᠵᠤ᠂ ᠠᠭᠤᠯᠭ᠎ᠠ ᠶᠢ ᠵᠢᠷᠤᠮᠵᠢᠭᠤᠯᠤᠨ᠂ ᠲᠣᠳᠣᠷᠬᠠᠶᠢᠯᠠᠯᠲᠠ ᠶᠢ ᠨᠠᠷᠢᠨ ᠲᠣᠳᠣᠷᠬᠠᠶ ᠪᠣᠯᠭᠠᠵᠤ᠂ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠠᠯᠬᠤᠮ ᠠᠯᠬᠤᠮ ᠢᠶᠠᠷ ᠪᠠᠶᠢᠩᠭᠤᠵᠢᠭᠤᠯᠵᠤ᠂ ᠵᠢᠷᠤᠮᠵᠢᠭᠤᠯᠪᠠ᠃      ︵ᠬᠤᠶᠠᠷ︶ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠃ ︽ᠲᠥᠰᠦᠪ ᠤᠨ ᠬᠠᠤᠯᠢ︾ ᠶᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠰᠢᠨ᠎ᠡ ︽ᠲᠥᠰᠦᠪ ᠤᠨ ᠬᠠᠤᠯᠢ︾ ᠶᠢᠨ ᠲᠥᠰᠦᠪ ᠤᠨ ᠭᠦᠶ᠋ᠴᠡᠳᠬᠡᠯ ᠤᠨ ᠱᠠᠭᠠᠷᠳᠠᠯᠭ᠎ᠠ ᠶᠢ ᠬᠠᠤᠯᠢ ᠶᠣᠰᠣᠭᠠᠷ ᠮᠡᠳᠡᠭᠦᠯᠦᠨ᠎ᠡ︔ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠵᠥᠪᠯᠡᠬᠦ ᠪᠠ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠠᠯᠠᠭ᠎ᠠ ᠮᠥᠴᠢᠷ ᠤᠨ ᠲᠥᠰᠦᠪ ᠢ ᠴᠤᠬᠤᠯᠠᠪᠤᠷᠢᠯᠠᠨ ᠬᠠᠷᠢᠭᠤᠯᠤᠨ᠎ᠠ︔ ᠲᠥᠰᠦᠪ ᠤᠨ ᠬᠢᠵᠠᠭᠠᠷᠯᠠᠯ ᠢ ᠴᠢᠩᠭᠠᠳᠬᠠᠵᠤ᠂ ᠲᠥᠷᠥᠯ ᠵᠦᠶ᠋ᠯ ᠤᠨ ᠠᠬᠢᠴᠠ ᠶᠣᠰᠣᠭᠠᠷ ᠵᠣᠭᠤᠰ ᠬᠡᠷᠡᠭᠯᠡᠬᠦ ᠲᠤᠭ᠎ᠠ ᠬᠡᠮᠵᠢᠶ᠎ᠡ ᠶᠢ ᠴᠢᠩᠭ᠎ᠠ ᠬᠢᠨᠠᠨ ᠵᠥᠪᠰᠢᠶᠡᠷᠡᠵᠦ᠂ ᠲᠥᠰᠦᠪ ᠤᠨ ᠨᠡᠮᠡᠯᠲᠡ ᠶᠢ ᠴᠢᠩᠭ᠎ᠠ ᠬᠢᠵᠠᠭᠠᠷᠯᠠᠨ᠎ᠠ︔ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠥᠭᠬᠦ ᠪᠠᠶᠢᠳᠠᠯ ᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠬᠢᠨᠠᠨ ᠬᠠᠷᠭᠤᠭᠤᠯᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ︔ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠦᠷᠭᠦᠯᠵᠢᠯᠡᠨ ᠢᠯᠭᠠᠷᠠᠭᠤᠯᠤᠨ ᠰᠢᠯᠵᠢᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠶᠢ ᠬᠡᠷᠡᠭᠯᠡᠬᠦ ᠠᠬᠢᠴᠠ ᠶᠢ ᠲᠦᠷᠭᠡᠳᠬᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠤᠨ᠎ᠠ᠃      ︵ᠭᠤᠷᠪᠠ︶ ᠬᠠᠤᠯᠢ ᠬᠡᠷᠡᠭᠵᠢᠭᠦᠯᠬᠦ ᠠᠵᠢᠯᠲᠠᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠰᠠᠭᠤᠷᠢ ᠶᠢ ᠪᠠᠬᠢᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠳᠤ ᠡᠷᠬᠡᠪᠰᠢ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠭᠠᠵᠤ᠂ ᠬᠠᠤᠯᠢ ᠬᠡᠷᠡᠭᠵᠢᠭᠦᠯᠬᠦ ᠦᠨᠡᠮᠯᠡᠯ ᠲᠠᠢ 7 ᠠᠵᠢᠯᠲᠠᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠡᠬᠡ ᠳᠠᠩᠰᠠ ᠪᠠᠶᠢᠭᠤᠯᠤᠨ ᠡᠳᠦᠷ ᠲᠤᠲᠤᠮ ᠤᠨ ᠬᠠᠮᠢᠶᠠᠷᠤᠯᠲᠠ ᠬᠢᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠶ᠃      ᠭᠤᠷᠪᠠ᠂ ᠡᠳ᠋ ᠤᠨ ᠵᠠᠰᠠᠭ ᠤᠨ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ      ︵ᠨᠢᠭᠡ︶ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠂ ᠬᠠᠤᠯᠢᠵᠢᠯ ᠤᠨ ᠨᠡᠶᠢᠭᠡᠮ ᠪᠣᠯ ᠬᠠᠤᠯᠢᠵᠢᠯ ᠤᠨ ᠤᠯᠤᠰ ᠮᠥᠨ ᠪᠣᠯᠬᠤᠷ ᠡᠷᠬᠡᠪᠰᠢ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠬᠤ ᠪᠠᠲᠤᠯᠠᠭ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠬᠠᠤᠯᠢᠵᠢᠯ ᠤᠨ ᠵᠠᠮ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠲᠣᠭᠤᠷᠢᠭ᠂ ᠪᠦᠬᠦ ᠤᠯᠤᠰ ᠤᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠬᠤ ᠬᠡᠷᠡᠭᠲᠡᠢ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠮᠠᠨ ᠤ ᠲᠣᠪᠴᠢᠶ᠎ᠠ ᠶᠢᠨ ᠤᠳᠤᠷᠢᠳᠤᠯᠭ᠎ᠠ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠬᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠬᠤ᠂ ᠭᠤᠤᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠬᠤ᠂ ᠴᠢᠬᠤᠯᠠ ᠡᠭᠦᠷᠭᠡ ᠶᠢ ᠪᠡᠶ᠎ᠡ ᠪᠠᠷ ᠢᠶᠠᠨ ᠰᠢᠮᠳᠠᠭᠤᠯᠤᠨ ᠭᠦᠢᠴᠡᠳᠬᠡᠬᠦ ᠶᠢ ᠪᠠᠷᠢᠮᠲᠠᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃      ︵ᠭᠤᠷᠪᠠ︶ ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ᠂ ᠪᠡᠯᠡ ᠮᠥᠩᠭᠦ ᠰᠢᠯᠵᠢᠭᠦᠯᠦᠨ ᠥᠭᠬᠦ᠂ ᠪᠡᠯᠡ ᠮᠥᠩᠭᠦ ᠶᠢ ᠬᠢᠨᠠᠨ ᠬᠠᠮᠢᠶᠠᠷᠬᠤ ᠵᠡᠷᠭᠡ ᠡᠳ᠋ ᠤᠨ ᠵᠠᠰᠠᠭ ᠤᠨ ᠭᠤᠣᠯ ᠲᠤᠬᠠᠶᠢᠯᠠᠭᠰᠠᠨ ᠠᠵᠢᠯ ᠢᠶᠠᠷ ᠠᠭᠤᠯᠭ᠎ᠠ ᠪᠣᠯᠭᠠᠵᠤ᠂ ᠡᠳ᠋ ᠤᠨ ᠵᠠᠰᠠᠭ ᠤᠨ ᠳᠣᠲᠣᠭᠠᠳᠤ ᠡᠵᠡᠮᠳᠡᠯ ᠤᠨ ᠲᠦᠷᠢᠮ ᠢ ᠲᠣᠭᠲᠠᠭᠠᠵᠤ᠂ ᠴᠤᠪᠤᠷᠠᠯ ᠢ ᠰᠢᠯᠢᠳᠡᠭᠵᠢᠭᠦᠯᠬᠦ᠂ ᠬᠠᠷᠢᠭᠤᠴᠠᠯᠭ᠎ᠠ ᠶᠢ ᠬᠤᠪᠢᠶᠠᠷᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠵᠦᠢ ᠵᠣᠬᠢᠰᠲᠠᠢ ᠵᠠᠳᠠᠯᠤᠨ᠎ᠠ᠃      ᠳᠥᠷᠪᠡ᠂ 2024 ᠣᠨ ᠤ ᠠᠵᠢᠯ ᠤᠨ ᠭᠤᠤᠯᠳᠠᠯᠭ᠎ᠠ      ︵ᠨᠢᠭᠡ︶ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠳ᠋ ᠤᠨ ᠵᠠᠰᠠᠭ ᠤᠨ ᠺᠠᠳ᠋ᠷ ᠠᠵᠢᠯᠲᠠᠨ ᠠᠵᠢᠯᠴᠢᠨ ᠤ ᠬᠠᠤᠯᠢ ᠰᠤᠷᠴᠤ ᠬᠠᠤᠯᠢ ᠬᠡᠷᠡᠭᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃      ︵ᠬᠤᠶᠠᠷ︶ ᠤᠳᠤᠷᠢᠳᠬᠤ ᠺᠠᠳ᠋ᠷᠴᠤᠳ ᠤᠨ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠬᠠᠤᠯᠢ ᠶᠣᠰᠣᠭᠠᠷ ᠬᠠᠮᠢᠶᠠᠷᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠤᠳᠤᠷᠢᠳᠬᠤ ᠠᠷᠭ᠎ᠠ ᠮᠠᠶ᠋ᠢᠭ ᠪᠠ ᠬᠠᠮᠢᠶᠠᠷᠬᠤ ᠠᠷᠭ᠎ᠠ ᠮᠠᠶ᠋ᠢᠭ ᠢ ᠨᠢ ᠬᠤᠪᠢᠷᠠᠭᠤᠯᠤᠨ᠎ᠠ᠃      ︵ᠭᠤᠷᠪᠠ︶ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ᠂ ᠠᠯᠳᠠᠭ᠎ᠠ ᠪᠤᠷᠤᠭᠤ ᠠᠴᠠ ᠨᠡᠬᠡᠮᠵᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠦᠵᠡᠯ ᠤᠬᠠᠮᠰᠠᠷ ᠢ ᠦᠨᠡᠨᠬᠦ ᠨᠡᠮᠡᠭᠳᠡᠭᠦᠯᠬᠦ ᠬᠡᠷᠡᠭᠲᠡᠶ᠃      ︵ᠲᠦᠷᠪᠡ︶ ᠡᠳ᠋ ᠤᠨ ᠵᠠᠰᠠᠭ ᠤᠨ ︽ᠲᠥᠰᠥᠪ ᠤᠨ ᠬᠠᠤᠯᠢ︾ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠡᠳ᠋ ᠤᠨ ᠵᠠᠰᠠᠭ ᠤᠨ ᠠᠵᠢᠯ ᠤᠨ ᠲᠣᠬᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠰᠢᠢᠳᠪᠦᠷᠢ ᠶᠢ ᠴᠢᠨ᠋ᠭ᠋᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠠᠵᠢᠯ ᠤᠨ ᠪᠠᠭᠤᠷᠠᠢ ᠵᠠᠨ᠋ᠭᠢᠯᠠᠭ᠎ᠠ ᠶᠢ ᠬᠠᠨᠳᠤᠯᠭᠠᠲᠤ ᠴᠢᠨᠠᠷᠲᠠᠢ ᠪᠠᠷ ᠰᠠᠶᠢᠵᠢᠷᠠᠭᠤᠯᠤᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号