ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠲᠠ ᠶᠢᠨ ᠬᠠᠶᠢᠨᠠᠨ ᠲᠣᠭᠤᠷᠢᠭ ᠶᠢᠰᠦᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ | ︵2023 ᠣᠨ ᠤ 2 ᠰᠠᠷ᠎ᠠ ᠶᠢᠨ 14 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ | ᠬᠤᠳᠠ ᠶᠢᠨ ᠬᠠᠶᠢᠨᠠᠨ ᠲᠣᠭᠤᠷᠢᠭ ᠶᠢᠰᠦᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠭᠤᠷᠪᠠᠳᠤᠭᠠᠷ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ 2023 ᠣᠨ ᠤ 2 | ᠰᠠᠷ᠎ᠠ ᠶᠢᠨ 14 ᠤ ᠡᠳᠦᠷ ᠬᠤᠷᠠᠯᠳᠤᠪᠠ᠃ ᠲᠤᠰ ᠤᠳᠠᠭᠠᠨ ᠤ ᠪᠦᠭᠦᠳᠡ ᠬᠤᠷᠠᠯ ᠳᠤ ᠲᠣᠭᠤᠷᠢᠭ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 17 ᠬᠥᠮᠥᠨ ᠣᠷᠣᠯᠴᠠᠵᠤ᠂ 96 ᠬᠥᠮᠥᠨ ᠰᠤᠯᠠ ᠣᠷᠣᠯᠴᠠᠪᠠ᠃ | ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠣᠭᠤᠷᠢᠭ ᠤᠨ ᠵᠠᠰᠠᠭ ᠤᠨ | ᠣᠷᠳᠣᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠵᠢᠴᠢ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ | ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠪᠥᠬᠦᠳᠡ ᠬᠤᠷᠠᠯ ᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠠᠴᠠ ᠡᠷᠬᠢᠯᠡᠪᠡ᠃ | ᠪᠦᠬᠦᠳᠠ ᠬᠤᠷᠠᠯ ᠠᠴᠠ ᠥᠪᠡᠷᠲᠡᠭᠡᠨ ᠵᠠᠰᠠᠬᠤ ᠲᠣᠭᠤᠷᠢᠭ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠬᠦᠳᠠ | ᠬᠤᠷᠠᠯ᠂ ᠥᠪᠡᠷᠲᠡᠭᠡᠨ ᠵᠠᠰᠠᠬᠤ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠪᠣᠯᠣᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠤᠱᠯᠠᠭᠤᠯᠵᠤ᠂ 2022 ᠣᠨ ᠤ ᠪᠦᠬᠦ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠳ᠋ᠦᠩᠨᠡᠵᠦ᠂ 2023 ᠣᠨ ᠤ ᠡᠭᠦᠷᠭᠡ ᠶᠢ ᠪᠠᠶᠢᠷᠢᠯᠠᠭᠤᠯᠪᠠ᠃ ᠪᠦᠬᠦᠳᠡ ᠬᠤᠷᠠᠯ ᠠᠴᠠ ᠶᠣᠣ | ᠷᠦᠩ ᠪᠢᠶᠣᠣ ᠨᠥᠬᠦᠷ ᠤᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶᠠᠨ ᠤ ᠡᠮᠦᠨ᠎ᠡ ᠠᠴᠠ ᠬᠢᠭᠰᠡᠨ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠰᠢᠨ᠎ᠡ ᠬᠠᠭᠤᠳᠠᠰᠤᠨ ᠳᠤ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠶ᠎ᠡ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠦᠭᠦᠳᠡ ᠬᠤᠷᠠᠯ ᠠᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠪᠣᠯᠣᠨ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠬᠢᠨᠠᠮᠠᠭᠠᠢ ᠰᠤᠷᠤᠯᠴᠠᠨ ᠭᠦᠨᠵᠡᠭᠡᠢ ᠣᠶᠢᠯᠠᠭᠠᠪᠠ᠃ ᠰᠠᠨᠠᠯ ᠨᠢᠭᠡᠲᠡᠢ ᠦᠵᠡᠭᠰᠡᠨ ᠨᠢ᠂ ᠢᠦᠢ ᡁᠢ ᠶᠦᠩ | ᠨᠥᠬᠦᠷ ᠤᠨ ᠶᠠᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠮᠠᠨ ᠤ ᠲᠣᠭᠤᠷᠢᠭ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ | ᠥᠷᠢᠰᠦᠯᠳᠦᠭᠡᠨ ᠢ ᠭᠦᠨᠵᠡᠭᠡᠢ ᠵᠠᠳᠠᠯᠵᠤ᠂ ᠪᠦᠬᠦ ᠲᠣᠭᠤᠷᠢᠭ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ | ᠡᠷᠡᠰ ᠭᠤᠶᠢᠪᠢᠰᠢ ᠦᠭᠡᠢ ᠠᠬᠢᠭᠤᠯᠬᠤ ᠣᠶᠢᠯᠠᠭᠠᠭᠳᠠᠬᠤᠨ ᠪᠠ ᠠᠷᠭ᠎ᠠ ᠵᠠᠮ ᠢ ᠰᠢᠰᠲ᠋ᠧᠮ ᠲᠠᠢ ᠲᠣᠳᠣᠷᠬᠠᠶᠢᠯᠠᠨ | ᠥᠭᠦᠯᠡᠵᠦ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠬᠤ ᠶᠢᠨ ᠬᠠᠮᠲᠤ ᠪᠠᠰᠠ ᠪᠦᠬᠦ | ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠺᠠᠳ᠋ᠷ ᠲᠠᠢ ᠬᠢᠭᠰᠡᠨ ᠨᠢᠭᠡ ᠤᠳᠠᠭ᠎ᠠ ᠶᠢᠨ ᠤᠯᠤᠰ ᠲᠦᠷᠦ ᠶᠢᠨ | ᠶᠠᠷᠢᠯᠴᠠᠭ᠎ᠠ ᠪᠣᠯᠣᠨ᠎ᠠ᠃ ᠪᠥᠬᠦ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯᠭ᠎ᠠ ᠨᠤᠭᠤᠳ ᠬᠢᠨᠠᠮᠠᠭᠠᠢ ᠰᠤᠷᠤᠯᠴᠠᠨ ᠣᠶᠢᠯᠠᠭᠠᠵᠤ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2022 ᠣᠨ ᠳᠤ᠂ ᠪᠦᠬᠦ ᠲᠣᠭᠤᠷᠢᠭ ᠤᠨ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠲᠣᠭᠤᠷᠢᠭ ᠤᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ | ᠪᠣᠯᠣᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠦᠨᠡᠨᠴᠢ ᠰᠢᠳᠤᠷᠭᠤ ᠪᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠵᠦ᠂ ᠵᠣᠷᠢᠭᠲᠠᠢ ᠪᠠᠷ ᠴᠢᠳᠠᠮᠠᠭᠠᠢ ᠪᠠᠷ ᠲᠡᠮᠡᠴᠡᠵᠦ᠂ ︽ᠤᠯᠤᠰ ᠤᠨ ᠲᠣᠮᠣ ᠬᠥᠮᠥᠰ︾ | ᠲᠤ ᠠᠩᠬᠠᠷᠤᠯ ᠢᠶᠠᠨ ᠲᠥᠪᠯᠡᠷᠡᠭᠦᠯᠦᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠨᠠᠮ ᠤᠨ ᠰᠤᠷᠲᠠᠯ ᠤᠨ | ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠥᠷᠨᠢᠭᠦᠯᠵᠦ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ | ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠪᠠᠲᠤᠯᠠᠬᠤ᠂ | ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠵᠢᠷᠤᠮᠵᠢᠭᠤᠯᠬᠤ᠂ | ᠬᠠᠤᠯᠢᠵᠢᠭᠤᠯᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠪᠠ᠃ ᠠᠮᠵᠢᠯᠲᠠ ᠪᠠᠨ | ᠨᠤᠲᠠᠯᠠᠬᠤ ᠶᠢᠨ ᠵᠡᠷᠭᠡᠴᠡᠭᠡᠪᠡᠷ ᠪᠥᠬᠦᠳᠡ ᠬᠤᠷᠠᠯ ᠠᠴᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠶᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠢ ᠠᠷᠭ᠎ᠠ | ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃ | ᠪᠦᠬᠦᠳᠠ ᠬᠤᠷᠠᠯ ᠠᠴᠠ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ | ᠰᠠᠶᠢᠲᠤᠷ ᠬᠢᠬᠦ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠶᠤᠮ᠃ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠥᠪᠡᠷᠲᠡᠭᠡᠨ ᠵᠠᠰᠠᠬᠤ ᠲᠣᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ | ᠬᠤᠷᠠᠯ ᠪᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ | ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠡᠭᠦᠷᠭᠡ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠰᠢᠨ᠎ᠡ | ᠠᠶᠠᠨ ᠳᠠᠬᠢ ᠪᠦᠬᠦ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠪᠦᠬᠦ | ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ | ᠨᠢᠭᠡ ᠳᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠪᠴᠢᠲᠠᠢ ᠪᠣᠯᠭᠠᠬᠤ᠂ | ᠪᠠᠶᠢᠩᠭᠤᠵᠢᠭᠤᠯᠬᠤ ᠶᠢ ᠡᠷᠡᠰ ᠭᠤᠶᠢᠪᠢᠰᠢ ᠦᠭᠡᠢ ᠪᠣᠳᠠᠲᠠᠶᠢᠵᠢᠭᠤᠯᠬᠤ ᠬᠡᠷᠡᠭᠲᠡᠢ᠃ ᠴᠢᠩᠭ᠎ᠠ ᠬᠦᠴᠦᠲᠡᠢ ᠤᠯᠤᠰ | ᠲᠥᠷᠥ ᠶᠢᠨ ᠬᠢᠨᠠᠯᠲᠠ ᠲᠠᠯᠪᠢᠯᠲᠠ ᠪᠠᠷ ᠪᠥᠬᠦ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠤᠨ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠬᠦ ᠶᠢ ᠲᠦᠯᠬᠢᠨ ᠠᠬᠢᠭᠤᠯᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ | ᠲᠤᠰᠢᠶᠠᠭᠰᠠᠨ ᠲᠠᠪᠤᠨ ᠶᠡᠭᠡ ᠡᠭᠦᠷᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠵᠠᠩᠭᠢᠯᠠᠭ᠎ᠠ ᠶᠢᠨ ᠬᠦᠷᠢᠶ᠎ᠡ᠂ ᠭᠤᠣᠯᠳᠠᠯᠭ᠎ᠠ ᠲᠠᠢ ᠠᠵᠢᠯ ᠢ ᠴᠢᠩᠭ᠎ᠠ | ᠠᠳᠬᠤᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠲᠣᠬᠢᠷᠠᠭᠤᠯᠤᠯᠲᠠ ᠲᠠᠢ ᠨᠢᠭᠲᠠ | ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ︽ᠳᠣᠯᠤᠭ᠎ᠠ ᠶᠢ ᠲᠠᠶᠠᠭᠳᠠᠬᠤ︾ ᠶᠢ ᠵᠢᠩᠬᠢᠨᠢ ᠪᠠᠷ ᠬᠡᠷᠡᠭᠵᠢᠭᠦᠯᠬᠦ ᠶᠢ ᠠᠬᠢᠭᠤᠯᠤᠨ᠎ᠠ᠃ ᠤᠯᠤᠰ | ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠵᠤ᠂ ︽ᠲᠤᠯᠤᠭᠠᠨ ᠪᠠᠶᠢᠬᠤ︾ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠬᠦᠴᠦᠯᠡᠨ ᠰᠢᠢᠳᠪᠦᠷᠢᠯᠡᠨ᠎ᠡ᠃ | ᠬᠤᠶᠠᠷ ᠲᠤ᠂ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠤᠨ ᠡᠳᠦᠷ ᠢᠷᠡᠬᠦᠶ᠎ᠡ ᠲᠡᠭᠦᠯᠳᠡᠷᠵᠢᠬᠦ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠰᠬᠠᠢ | ᠬᠠᠷᠢᠭᠤᠴᠠᠯᠭᠠᠲᠤ ᠬᠢᠨᠠᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠲᠦᠷᠪᠡᠨ ᠵᠦᠢᠯ ᠤᠨ | ᠬᠢᠨᠠᠯᠲᠠ︾ ᠶᠢ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠴᠢᠩᠭ᠎ᠠ ᠬᠡᠷᠡᠭᠵᠢᠭᠦᠯᠦᠨ᠎ᠡ᠃ ︽ᠨᠢᠭᠡᠳᠦᠭᠡᠷ ᠭᠠᠷ︾ | ᠪᠠ ᠤᠳᠤᠷᠢᠳᠬᠤ ᠪᠠᠭ ᠤᠨ ᠬᠢᠨᠠᠯᠲᠠ ᠲᠠᠯᠪᠢᠬᠤ ᠠᠵᠢᠯᠯᠠᠭᠠᠨ ᠤ ᠳᠦᠷᠢᠮᠵᠢᠯ ᠢ ᠴᠢᠩᠭ᠎ᠠ ᠬᠡᠷᠡᠭᠵᠢᠭᠦᠯᠵᠦ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ | ︽ᠱᠠᠲᠤ ᠬᠤᠪᠢᠶᠠᠨ ᠰᠣᠩᠭᠤᠨ ᠪᠠᠶᠢᠴᠠᠭᠠᠵᠤ ᠬᠠᠷᠢᠭᠤᠴᠠᠯᠭ᠎ᠠ ᠪᠠᠨ ᠲᠣᠭᠠᠴᠢᠬᠤ + ᠤᠯᠤᠰ ᠲᠦᠷᠦ ᠶᠢᠨ | ᠶᠠᠷᠢᠯᠴᠠᠭ᠎ᠠ︾ ᠶᠢ ᠨᠠᠶᠢᠳᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠥᠷᠨᠢᠭᠦᠯᠵᠦ᠂ ᠡᠯ᠎ᠡ ᠱᠠᠲᠤᠨ ᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤ ᠬᠢᠨᠠᠯᠲᠠ ᠲᠠᠯᠪᠢᠬᠤ ᠡᠷᠴᠢᠮ ᠢᠶᠠᠨ ᠪᠠᠷᠢᠮᠲᠠᠯᠠᠵᠤ᠂ | ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠤᠷᠲᠤᠳᠬᠠᠬᠤ ᠡᠷᠴᠢᠮ ᠢᠶᠠᠨ | ᠴᠢᠩᠭᠠᠷᠠᠭᠤᠯᠤᠨ᠎ᠠ᠃ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠲᠦᠯᠬᠢᠨ ᠠᠬᠢᠭᠤᠯᠵᠤ᠂ | ᠨᠠᠮ ᠤᠨ ᠳᠣᠲᠣᠭᠠᠳᠤ ᠶᠢᠨ ᠬᠢᠨᠠᠯᠲᠠ ᠪᠠ ᠡᠯ᠎ᠡ ᠲᠦᠷᠦᠯ ᠤᠨ ᠬᠢᠨᠠᠯᠲᠠ ᠶᠢ ᠣᠷᠭᠠᠨᠢᠭ ᠢᠶᠠᠷ ᠨᠡᠪᠲᠡᠷᠡᠯᠴᠡᠭᠦᠯᠬᠦ ᠶᠢ | ᠠᠬᠢᠭᠤᠯᠤᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠵᠤ᠂ | ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠠ | ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠢ ᠵᠣᠯᠭᠠᠯᠳᠤᠬᠤ ᠶᠢ ᠠᠬᠢᠭᠤᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠢᠭᠡᠳ ᠬᠢᠨᠠᠨ ᠪᠤᠳᠤᠬᠤ ᠪᠠᠶᠢᠭᠤᠯᠭ᠎ᠠ ᠶᠢᠨ | ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠨ᠎ᠠ᠃ | ᠭᠤᠷᠪᠠ ᠳᠤ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠪᠠᠨ ᠪᠠᠲᠤ ᠰᠠᠬᠢᠵᠤ᠂ ᠤᠯᠤᠰ ᠲᠦᠷᠦ ᠶᠢᠨ | ᠴᠠᠭᠳᠠᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ ᠢᠶᠠᠨ ᠬᠦᠴᠦᠲᠡᠢ ᠪᠠᠳᠠᠷᠠᠭᠤᠯᠬᠤ ᠬᠡᠷᠡᠭᠲᠡᠢ᠃ ᠨᠠᠮ ᠤᠨ | ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠠ ᠲᠣᠭᠤᠷᠢᠨ | ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭ᠎ᠠ ᠭᠤᠣᠯ ᠠᠵᠢᠯ ᠢ | ᠴᠢᠩᠭ᠎ᠠ ᠠᠩᠬᠠᠷᠴᠤ᠂ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ | ᠢᠯᠡᠷᠡᠭᠦᠯᠦᠨ ᠰᠢᠢᠳᠪᠦᠷᠢᠯᠡᠬᠦ ᠶᠢ ᠬᠦᠴᠦᠯᠡᠨ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ | ᠨᠠᠮ ᠤᠨ ᠵᠣᠬᠢᠶᠠᠨ ᠪᠠᠶᠢᠭᠤᠯᠤᠯᠲᠠ ᠶᠢᠨ ᠰᠡᠵᠢᠭᠦᠷ ᠮᠡᠳᠡᠷᠡᠯ ᠳᠤ ᠳᠠᠮᠵᠢᠭᠤᠯᠬᠤ ᠶᠢ ᠠᠬᠢᠭᠤᠯᠬᠤ ᠬᠡᠷᠡᠭᠲᠡᠢ᠃ ᠳᠡᠭᠡᠳᠦ | ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ ᠨᠡᠪᠲᠡᠷᠡᠯᠴᠡᠨ ᠠᠭᠤᠰᠤᠯᠴᠠᠭᠰᠠᠨ ᠪᠠᠶᠢᠷᠢᠰᠢᠯ ᠢ | ᠴᠢᠩᠭᠠᠳᠬᠠᠨ᠎ᠠ᠃ ᠳᠦᠷᠦᠯ ᠬᠤᠪᠢᠶᠠᠨ ᠳᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠲᠣᠰᠬᠤᠨ ︵ᠨᠡᠶᠢᠭᠡᠮ ᠲᠣᠭᠤᠷᠢᠭ︶ | ᠢ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ | ᠬᠡᠷᠡᠭᠯᠡᠯᠲᠡ ᠶᠢ ᠴᠢᠩᠭᠠᠳᠬᠠᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠬᠦ᠂ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠦᠴᠦᠷᠬᠡᠭ ᠶᠡᠭᠡ ᠬᠥᠳᠡᠯᠭᠡᠭᠦ ᠬᠦᠴᠦᠨ ᠪᠣᠯᠭᠠᠨ | ᠬᠤᠪᠢᠷᠠᠭᠤᠯᠤᠨ᠎ᠠ᠃ | ᠳᠥᠷᠪᠡ ᠳᠤ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠰᠢᠨᠲᠠᠷᠠᠰᠢ | ᠦᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠬᠢᠨᠠᠯᠲᠠ ᠲᠠᠯᠪᠢᠬᠤ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ | ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ︽ᠲᠦᠷᠪᠡᠨ ᠰᠤᠷᠲᠠᠯ︾ ᠤᠨ ᠥᠩᠭᠡ | ᠵᠢᠰᠦ ᠪᠠᠨ ᠬᠤᠪᠢᠷᠠᠭᠤᠯᠬᠤ᠂ ᠲᠠᠯᠳᠠ ᠲᠠᠯᠳᠠ ᠪᠠᠶᠢᠬᠤ ᠵᠡᠷᠭᠡ ᠠᠰᠠᠭᠤᠳᠠᠯ ᠢ ᠴᠢᠩᠭ᠎ᠠ ᠠᠩᠬᠠᠷᠬᠤ ᠬᠡᠷᠡᠭᠲᠡᠢ᠃ | ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠨᠡᠶᠢᠲᠡ ᠶᠢ ᠬᠤᠬᠢᠷᠠᠭᠤᠯᠵᠤ ᠬᠤᠪᠢ ᠪᠠᠨ ᠪᠣᠷᠳᠣᠬᠤ ᠵᠡᠷᠭᠡ | ᠠᠰᠠᠭᠤᠳᠠᠯ ᠢ ᠶᠡᠭᠡ ᠪᠠᠷ ᠵᠠᠯᠠᠷᠠᠭᠤᠯᠤᠨ ᠵᠠᠰᠠᠵᠤ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ | ᠦᠢᠯᠡ ᠠᠵᠢᠯᠯᠠᠭ᠎ᠠ ᠶᠢ ᠡᠷᠡᠰ ᠠᠷᠢᠯᠭᠠᠨ᠎ᠠ᠃ ᠨᠠᠮ ᠤᠨ ᠳᠦᠷᠢ ᠲᠥᠷᠬᠦ ᠶᠢ ᠬᠤᠬᠢᠷᠠᠭᠤᠯᠤᠭᠰᠠᠨ᠂ ᠤᠯᠠᠨ ᠲᠦᠮᠡᠨ ᠤ | ᠲᠤᠰᠬᠠᠯ ᠴᠢᠩᠭ᠎ᠠ ᠪᠠᠶᠢᠭ᠎ᠠ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠲᠥᠪ ᠴᠢᠩᠭ᠎ᠠ ᠪᠠᠷ | ᠴᠡᠭᠴᠡᠯᠡᠨ ᠵᠠᠰᠠᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠡᠩ ᠲᠣᠪᠣᠶᠢᠮ᠎ᠠ | ᠪᠠᠶᠢᠷᠢᠨ ᠳᠤ ᠲᠠᠯᠪᠢᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ | ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠬᠦᠴᠦᠯᠡᠨ | ᠰᠢᠯᠢᠳᠡᠭᠵᠢᠭᠦᠯᠦᠨ᠎ᠡ᠃ | ᠲᠠᠪᠤ ᠳᠤ᠂ ᠨᠢᠭᠡ ᠶᠢ ᠴᠢᠩᠳᠠᠯᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢ ᠴᠢᠩᠳᠠᠯᠠᠵᠤ᠂ ᠨᠠᠮ ᠤᠨ ᠳᠣᠲᠣᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠵᠠᠯᠠᠭᠤ ᠤᠳᠤᠷᠢᠳᠬᠤ ᠺᠠᠳ᠋ᠷᠴᠤᠳ ᠤᠨ ᠰᠠᠬᠢᠯᠭ᠎ᠠ | ᠪᠠᠲᠤ ᠶᠢᠨ ᠬᠥᠮᠦᠵᠢᠯ ᠢ ᠴᠢᠩᠭ᠎ᠠ ᠠᠳᠬᠤᠨ᠎ᠠ᠃ ᠴᠠᠭᠳᠠᠨ ᠪᠠᠶᠢᠴᠠᠭᠠᠬᠤ ᠶᠢ ᠭᠥᠯᠢᠶᠡᠨ ᠠᠪᠤᠭᠰᠠᠨ ᠪᠤᠶᠤ ᠰᠠᠬᠢᠯᠭ᠎ᠠ | ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠦᠨᠳᠦ ᠶᠡᠭᠡ ᠬᠡᠷᠡᠭ ᠡᠭᠦᠰᠦᠭᠰᠡᠨ ᠰᠠᠯᠠᠭ᠎ᠠ ᠮᠥᠴᠢᠷ ᠨᠢᠭᠡᠴᠢ ᠶᠢᠨ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠪᠣᠳᠠᠲᠠᠢ ᠪᠠᠷ ᠬᠢᠵᠦ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠠᠵᠢᠯ ᠢ ᠱᠠᠯᠠᠪᠳᠠᠭᠤᠯᠤᠨ ᠵᠢᠯᠣᠭᠤᠳᠤᠨ᠎ᠠ᠃ᠨᠣᠶᠠᠨ ᠵᠡᠷᠭᠡ ᠣᠯᠬᠤ ᠪᠠᠷ | ᠬᠥᠭᠡᠭᠡᠴᠡᠯᠳᠦᠬᠦ᠂ ᠨᠣᠶᠠᠨ ᠵᠡᠷᠭᠡ ᠬᠤᠳᠠᠯᠳᠤᠨ ᠠᠪᠬᠤ ᠪᠠ ᠨᠣᠶᠠᠨ ᠵᠡᠷᠭᠡ ᠬᠤᠳᠠᠯᠳᠤᠬᠤ᠂ ᠰᠣᠩᠭᠤᠭᠤᠯᠢ ᠶᠢᠨ ᠫᠢᠶᠣᠣ | ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ ᠵᠡᠷᠭᠡ ᠦᠢᠯᠡ ᠠᠵᠢᠯᠯᠠᠭ᠎ᠠ ᠶᠢ ᠡᠷᠡᠰ ᠢᠶᠠᠷ ᠵᠠᠯᠬᠠᠭᠠᠨ ᠰᠢᠳᠭᠡᠵᠦ᠂ | ᠳᠡᠪᠰᠢᠭᠦᠯᠵᠦ ᠴᠢᠬᠤᠯᠠᠴᠢᠯᠠᠨ ᠬᠡᠷᠡᠭᠯᠡᠬᠦ ᠶᠢᠨ ᠲᠥᠯᠥᠭᠡ ᠵᠠᠪᠰᠢᠨ ᠳᠠᠯᠢᠮᠳᠠᠭᠤᠯᠳᠠᠭ ᠤᠳᠤᠷᠢᠳᠬᠤ ᠺᠠᠳ᠋ᠷᠴᠤᠳ ᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ︽ᠤᠯᠤᠰ ᠲᠦᠷᠦ ᠶᠢᠨ ᠮᠡᠬᠡᠯᠡᠭᠴᠢ︾ ᠪᠠ ᠤᠯᠤᠰ ᠲᠦᠷᠦ ᠶᠢᠨ | ᠵᠠᠪᠰᠢᠭᠴᠢ ᠶᠢ ᠴᠢᠩᠭ᠎ᠠ ᠵᠠᠯᠬᠠᠭᠠᠨ ᠰᠢᠳᠭᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠠᠨᠠᠯ ᠳᠤ ᠪᠣᠯᠭᠤᠮᠵᠢᠲᠠᠢ ᠬᠠᠷᠢᠭᠤᠯᠲᠠ ᠥᠭᠬᠦ ᠶᠢ ᠵᠢᠷᠤᠮᠵᠢᠭᠤᠯᠤᠨ᠎ᠠ᠃ ︽ᠲᠦᠷᠪᠡᠨ ᠵᠦᠢᠯ ᠤᠨ ᠬᠡᠯᠪᠡᠷᠢ ᠪᠠᠶᠢᠳᠠᠯ︾ | ᠢ ᠤᠨᠢᠨ ᠳᠡᠭᠡᠷ᠎ᠡ ᠨᠢ ᠬᠡᠷᠡᠭᠯᠡᠵᠦ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ ᠺᠠᠳ᠋ᠷᠴᠤᠳ ᠲᠤ | ᠵᠣᠬᠢᠶᠠᠨ ᠪᠠᠶᠢᠭᠤᠯᠤᠯᠲᠠ ᠶᠢᠨ ᠭᠦᠨ ᠵᠤᠵᠠᠭᠠᠨ ᠬᠠᠶᠢᠷ᠎ᠠ ᠪᠠ ᠵᠥᠪ ᠴᠢᠭᠯᠡᠯ ᠤᠨ ᠵᠣᠷᠢᠭᠵᠢᠭᠤᠯᠤᠯ ᠢ ᠮᠡᠳᠡᠷᠡᠭᠦᠯᠦᠨ᠎ᠡ᠃ | ᠭᠦᠳᠬᠡᠨ ᠵᠠᠭᠠᠯᠳᠤᠵᠤ ᠭᠦᠵᠢᠷᠯᠡᠨ ᠬᠤᠣᠷᠯᠠᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠴᠠᠭ ᠲᠤᠬᠠᠢ ᠳᠤᠨᠢ ᠨᠡᠷ᠎ᠡ ᠶᠢ ᠨᠢ ᠲᠥᠪ ᠪᠣᠯᠭᠠᠬᠤ ᠠᠵᠢᠯ ᠢ ᠥᠷᠨᠢᠭᠦᠯᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ | ᠬᠢᠵᠦ ᠵᠣᠷᠢᠭᠲᠠᠢ ᠪᠠᠷ ᠠᠵᠢᠯᠯᠠᠬᠤ ᠺᠠᠳ᠋ᠷ ᠢ ᠴᠡᠭᠡᠵᠢ ᠲᠡᠨᠢᠢᠨ ᠰᠡᠳᠬᠢᠯ ᠠᠮᠤᠷ ᠠᠵᠢᠯᠯᠠᠭᠤᠯᠤᠨ᠎ᠠ᠃ | ᠵᠢᠷᠭᠤᠭ᠎ᠠ ᠳᠤ᠂ ᠢᠯᠵᠢᠷᠡᠯ ᠢ ᠡᠰᠡᠷᠭᠦᠴᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠳᠠᠭᠠᠨ | ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠡᠷᠡᠰ ᠪᠠᠲᠤ ᠬᠦᠴᠦᠲᠡᠢ ᠡᠷᠡᠰ ᠪᠠᠲᠤ ᠣᠯᠬᠤ ᠬᠡᠷᠡᠭᠲᠡᠢ᠃ ᠤᠯᠤᠰ | ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠵᠤ ᠪᠠᠶᠢᠭ᠎ᠠ ᠢᠯᠵᠠᠷᠠᠯ ᠢ ᠡᠷᠡᠰ ᠢᠶᠠᠷ | ᠪᠠᠶᠢᠴᠠᠭᠠᠨ ᠰᠢᠢᠳᠪᠦᠷᠢᠯᠡᠵᠦ᠂ ᠤᠳᠤᠷᠢᠳᠬᠤ ᠺᠠᠳ᠋ᠷᠴᠤᠳ ᠤᠨ ᠠᠰᠢᠭ ᠲᠤᠰᠠ ᠶᠢᠨ ᠪᠦᠯᠦᠭᠯᠡᠯ ᠪᠠ ᠡᠷᠬᠡ | ᠬᠦᠴᠦᠨ ᠤ ᠪᠦᠯᠬᠦᠮ ᠤᠨ ᠣᠷᠣᠯᠠᠨ ᠥᠭᠦᠯᠡᠭᠴᠢ᠂ ᠣᠷᠣᠯᠠᠭᠴᠢ ᠪᠣᠯᠬᠤ ᠶᠢ ᠡᠷᠡᠰ ᠢᠶᠠᠷ ᠰᠡᠷᠭᠡᠶᠢᠯᠡᠵᠦ᠂ ᠵᠠᠰᠠᠭ ᠪᠠ | ᠬᠤᠳᠠᠯᠳᠤᠭᠠᠴᠢᠨ ᠰᠥᠯᠪᠡᠭᠡᠯᠳᠦᠬᠦ᠂ ᠬᠥᠷᠥᠩᠭᠡ ᠶᠢᠨ ᠤᠯᠤᠰ ᠲᠦᠷᠦ ᠶᠢᠨ ᠬᠦᠷᠢᠶᠡᠨ ᠳᠤ ᠨᠡᠪᠴᠢᠬᠦ ᠵᠡᠷᠭᠡ | ᠠᠰᠠᠭᠤᠳᠠᠯ ᠤᠨ ᠤᠯᠤᠰ ᠲᠦᠷᠦ ᠶᠢᠨ ᠠᠮᠢ ᠠᠬᠤᠢ ᠪᠠ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠡᠪᠳᠡᠬᠦ ᠶᠢ ᠡᠷᠡᠰ ᠢᠶᠠᠷ ᠰᠡᠷᠭᠡᠶᠢᠯᠡᠨ᠎ᠡ᠃ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ | ᠤᠯᠤᠰ ᠲᠦᠷᠦ ᠬᠠᠤᠯᠢ ᠴᠠᠭᠠᠵᠠ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠬᠦᠷᠢᠶᠡᠨ ᠳᠠᠬᠢ | ᠢᠯᠵᠠᠷᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ | ᠲᠤᠰᠬᠠᠢ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠲᠥᠪᠯᠡᠷᠡᠭᠰᠡᠨ᠂ ᠪᠡᠯᠡ | ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠬᠦᠴᠦᠯᠡᠨ ᠴᠡᠭᠴᠡᠯᠡᠨ | ᠵᠠᠰᠠᠵᠤ᠂ ᠨᠡᠭᠦᠷᠡᠰᠦᠨ ᠤ ᠡᠬᠢ ᠪᠠᠶᠠᠯᠢᠭ᠂ ᠰᠢᠨ᠎ᠡ ᠡᠨᠧᠷᠭᠢ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ ᠰᠠᠨᠠᠭ᠎ᠠ ᠪᠠᠨ ᠬᠤᠷᠢᠶᠠᠬᠤ ᠦᠭᠡᠢ ᠭᠠᠷ ᠢᠶᠠᠨ ᠲᠠᠲᠠᠬᠤ ᠦᠭᠡᠢ᠂ ᠵᠣᠷᠢᠭ ᠢᠶᠠᠷ ᠢᠶᠠᠨ | ᠠᠭᠠᠰᠢᠯᠡᠭ᠌ᠰᠠᠳ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠤᠳᠤᠷᠢᠳᠬᠤ ᠺᠠᠳ᠋ᠷᠴᠤᠳ ᠤᠨ ᠬᠤᠯᠪᠣᠰᠤ᠂ ᠦᠷ᠎ᠡ | ᠬᠡᠦᠬᠡᠳ ᠵᠢᠴᠢ ᠲᠡᠳᠡᠨ ᠤ ᠬᠤᠯᠪᠣᠰᠤ ᠵᠡᠷᠭᠡ ᠲᠦᠷᠦᠯ ᠰᠠᠳᠤᠨ ᠪᠠ ᠳᠡᠷᠭᠡᠳᠡᠬᠢ ᠠᠵᠢᠯᠲᠠᠳ ᠤᠨ ᠨᠥᠯᠥᠭᠡᠯᠡᠬᠦ | ᠬᠦᠴᠦᠨ ᠢᠶᠠᠨ ᠠᠰᠢᠭᠯᠠᠨ ᠬᠤᠪᠢ ᠪᠠᠨ ᠪᠣᠷᠳᠣᠵᠤ ᠱᠠᠮᠰᠢᠨ ᠢᠯᠵᠠᠷᠠᠬᠤ ᠠᠰᠠᠭᠤᠳᠠᠯ ᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ | ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠨ᠎ᠠ᠃ ︽ᠪᠦᠬᠦ ᠦᠶᠡᠯᠡᠯ ᠤᠨ | ᠬᠤᠭᠤᠴᠠᠭᠠᠨ ᠤ ᠬᠠᠮᠢᠶᠠᠷᠤᠯᠲᠠ︾ ᠶᠢ ᠪᠠᠷᠢᠮᠲᠠᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ | ᠴᠢᠩᠭᠠᠳᠬᠠᠵᠤ᠂ ᠢᠯᠵᠠᠷᠠᠯ ᠤᠨ ᠠᠰᠠᠭᠤᠳᠠᠯ ᠤᠨ ᠡᠭᠦᠰᠬᠦ ᠬᠥᠷᠥᠰᠥ ᠰᠢᠷᠣᠢ ᠶᠢ ᠠᠷᠢᠯᠭᠠᠨ᠎ᠠ᠃ ᠨᠡᠶᠢᠲᠡᠯᠢᠭ | ᠬᠡᠷᠡᠭ ᠤᠨ ᠵᠢᠱᠢᠶ᠎ᠡ ᠶᠢ ᠰᠠᠶᠢᠲᠤᠷ ᠠᠰᠢᠭᠯᠠᠵᠤ᠂ ︽ᠠᠷᠢᠭᠤᠨ ᠴᠢᠬᠡᠴᠢ ᠰᠣᠶᠣᠯ +︾ ᠵᠠᠭᠪᠤᠷ ᠢ ᠦᠷᠭᠦᠯᠵᠢᠯᠡᠨ | ᠰᠦᠪᠡᠭᠴᠢᠯᠡᠵᠦ᠂ ᠮᠠᠨ ᠤ ᠲᠣᠭᠤᠷᠢᠭ ᠤᠨ ᠬᠤᠪᠢᠰᠬᠠᠯ ᠤᠨ ᠬᠥᠮᠦᠵᠢᠯ ᠤᠨ ᠡᠬᠢ ᠪᠠᠶᠠᠯᠢᠭ ᠤᠨ ᠳᠠᠪᠠᠭᠤᠯᠢᠭ ᠲᠠᠢ | ᠤᠶᠠᠯᠳᠤᠭᠤᠯᠵᠤ᠂ ᠭᠠᠵᠠᠷ ᠲᠣᠭᠤᠷᠢᠭ ᠤᠨ ᠣᠨᠴᠠᠯᠢᠭ ᠲᠠᠢ ᠠᠷᠢᠭᠤᠨ ᠴᠢᠬᠡᠴᠢ ᠵᠢᠭᠰᠠᠭᠠᠯ ᠤᠨ ᠭᠠᠵᠠᠷ ᠢ | ᠢᠳᠡᠪᠬᠢᠲᠡᠢ ᠪᠠᠶᠢᠭᠤᠯᠵᠤ᠂ ︽ᠠᠷᠢᠭᠤᠨ ᠴᠢᠬᠡᠴᠢ ᠬᠠᠶᠢᠨᠠᠨ︾ ᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ | ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠎ᠠ᠃ | ᠲᠤᠯᠤᠭ᠎ᠠ ᠳᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠠ ᠲᠥᠪ ᠪᠤᠰᠤ ᠰᠤᠷᠲᠠᠯ ᠢ | ᠡᠷᠡᠰ ᠴᠡᠭᠴᠡᠯᠡᠨ ᠵᠠᠰᠠᠬᠤ ᠬᠡᠷᠡᠭᠲᠡᠢ᠃ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢᠨ ︽ᠦᠯᠡᠳᠡᠭᠡᠯ ᠬᠡᠰᠡᠭ ᠢ | ᠴᠡᠪᠡᠷᠯᠡᠵᠦ᠂ ᠨᠡᠮᠡᠭᠳᠡᠯ ᠤᠨ ᠬᠡᠮᠵᠢᠶ᠎ᠡ ᠶᠢ ᠳᠠᠭᠠᠤ ᠳᠤᠨᠢ ᠴᠡᠪᠡᠷᠯᠡᠬᠦ︾ ᠶᠢ ᠬᠦᠴᠦᠲᠡᠢ ᠠᠬᠢᠭᠤᠯᠵᠤ᠂ ᠵᠠᠬᠢᠳᠠᠯ | ᠰᠣᠷᠪᠤᠯᠵᠢᠯᠠᠭ᠎ᠠ ᠳᠤ ᠬᠢᠨᠠᠯᠲᠠ ᠲᠠᠯᠪᠢᠬᠤ ᠶᠢᠨ ᠳᠡᠭᠡᠳᠦ ᠳᠣᠣᠷᠠᠳᠤ ᠱᠠᠲᠤᠨ ᠤ ᠬᠤᠯᠪᠤᠭᠠᠯᠠᠨ ᠬᠥᠳᠡᠯᠦᠯᠴᠡᠬᠦ | ᠲᠣᠭᠲᠠᠴᠠ ᠶᠢ ᠰᠠᠶᠢᠲᠤᠷ ᠬᠡᠷᠡᠭᠯᠡᠵᠦ᠂ ᠳᠠᠪᠬᠤᠷᠳᠠᠭᠤᠯᠤᠨ ᠢᠯᠡᠴᠢᠯᠡᠨ ᠮᠡᠳᠡᠭᠦᠯᠬᠦ ᠶᠢ ᠵᠠᠰᠠᠬᠤ ᠠᠵᠢᠯ ᠢ ᠥᠷᠨᠢᠭᠦᠯᠵᠦ᠂ | ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠵᠦ ᠳᠠᠭᠤᠰᠬᠠᠬᠤ ᠨᠤᠷᠮ᠎ᠠ ᠪᠠ ᠤᠯᠠᠨ ᠲᠦᠮᠡᠨ ᠤ | ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠤᠯᠠᠨ ᠲᠦᠮᠡᠨ ᠤ ᠳᠡᠷᠭᠡᠳᠡᠬᠢ ︽ᠢᠯᠠᠭ᠎ᠠ ᠶᠢᠨ ᠱᠠᠮᠰᠢᠭᠴᠢ︾ ᠶᠢ | ᠡᠷᠡᠰ ᠢᠶᠠᠷ ᠵᠠᠯᠬᠠᠭᠠᠨ ᠰᠢᠳᠭᠡᠵᠦ᠂ ᠦᠨᠳᠦᠰᠦᠨ ᠱᠠᠲᠤᠨ ᠤ ᠨᠠᠵᠠᠭᠠᠢ ᠢᠯᠵᠠᠷᠠᠮᠠᠯ ᠦᠵᠡᠭᠳᠡᠯ ᠢ ᠬᠦᠴᠦᠯᠡᠨ | ᠠᠷᠢᠯᠭᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠠ | ᠢᠯᠵᠢᠷᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠵᠦ᠂ ᠲᠠᠷᠢᠶᠠᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︽ᠰᠢᠬᠦᠷ ᠢ ᠴᠣᠬᠢᠵᠤ ᠲᠣᠣᠷ ᠢ ᠡᠪᠳᠡᠬᠦ︾ ᠶᠢ ᠪᠠᠶᠢᠩᠭᠤᠵᠢᠭᠤᠯᠬᠤ | ᠲᠤᠭᠳᠠᠴᠠᠵᠢᠭᠤᠯᠬᠤ ᠶᠢ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠬᠡᠷᠡᠭ ᠤᠨ ᠠᠷᠤ ᠳᠠᠬᠢ | ᠢᠯᠵᠢᠷᠡᠯ ᠤᠨ ᠠᠰᠠᠭᠤᠳᠠᠯ ᠪᠠ ︽ᠬᠠᠮᠠᠭᠠᠯᠠᠭᠴᠢ ᠰᠢᠬᠦᠷ︾ ᠢ ᠴᠢᠩᠭ᠎ᠠ ᠪᠠᠶᠢᠴᠠᠭᠠᠨ᠎ᠠ᠃ | ᠨᠠᠢᠮᠠ ᠳᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠢᠨᠠᠯᠲᠠ ᠲᠠᠯᠪᠢᠵᠤ | ᠵᠠᠰᠠᠬᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ᠂ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ | ᠥᠭᠡᠷᠡᠴᠢᠯᠡᠯᠲᠡ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠨᠢᠭᠡ ᠴᠣᠭᠴᠠᠵᠢᠭᠤᠯᠤᠨ ᠭᠦᠨᠵᠡᠭᠡᠶᠢᠷᠡᠭᠦᠯᠦᠨ ᠠᠬᠢᠭᠤᠯᠤᠨ᠎ᠠ᠃ ᠲᠣᠮᠢᠯᠠᠨ ᠰᠠᠭᠤᠯᠭᠠᠭᠰᠠᠨ ᠪᠠᠶᠢᠭᠤᠯᠤᠮᠵᠢ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠤᠳᠤᠷᠢᠳᠤᠨ | ᠵᠢᠯᠤᠭᠤᠳᠬᠤ ᠪᠠᠨ ᠴᠢᠩᠭᠠᠳᠬᠠᠪᠠ᠃ ᠪᠠᠯᠭᠠᠰᠤ ︵ᠵᠡᠭᠡᠯᠢ ᠭᠤᠳᠤᠮᠵᠢ︶ ᠶᠢᠨ ᠰᠠᠬᠢᠯᠭ᠎ᠠ ᠪᠠᠲᠤ ︵ᠠᠵᠤ ᠦᠢᠯᠡᠳᠪᠦᠷᠢ︶ | ᠶᠢᠨ ᠬᠤᠷᠢᠶ᠎ᠠ ᠶᠢ ᠤᠳᠤᠷᠢᠳᠤᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠪᠠᠷ | ᠢᠯᠡᠴᠢᠯᠡᠨ ᠮᠡᠳᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠪᠠᠶᠢᠴᠠᠭᠠᠵᠤ ᠪᠠᠶᠢᠴᠠᠭᠠᠬᠤ᠂ ᠬᠡᠷᠡᠭ ᠢ ᠬᠢᠨᠠᠨ | ᠬᠠᠮᠢᠶᠠᠷᠬᠤ᠂ ᠬᠡᠷᠡᠭ ᠢ ᠰᠢᠭᠦᠬᠦ᠂ ᠤᠯᠤᠰ ᠲᠦᠷᠦ ᠶᠢᠨ ᠴᠠᠭᠳᠠᠨ ᠪᠠᠶᠢᠴᠠᠭᠠᠬᠤ ᠶᠢ ᠬᠠᠮᠵᠢᠯᠴᠠᠭᠤᠯᠤᠨ | ᠬᠤᠯᠪᠣᠯᠳᠤᠭᠤᠯᠬᠤ ᠶᠢ ᠴᠢᠩᠭᠠᠳᠬᠠᠵᠤ᠂ ︽ᠳᠤᠭᠤᠶᠢᠯᠠᠩ ᠳᠤᠭᠤᠶᠢᠯᠠᠩ︾ ᠢ ᠬᠠᠮᠵᠢᠯᠴᠠᠭᠤᠯᠤᠨ ᠬᠢᠨᠠᠯᠲᠠ ᠲᠠᠯᠪᠢᠬᠤ᠂ | ︽ᠲᠠᠰᠤᠭ ᠳᠤᠭᠤᠶᠢᠯᠠᠩ︾ ᠢ ᠬᠠᠮᠵᠢᠯᠴᠠᠭᠤᠯᠤᠨ ᠬᠢᠨᠠᠯᠲᠠ ᠲᠠᠯᠪᠢᠬᠤ᠂ ︽ᠲᠠᠰᠤᠭ ᠭᠠᠵᠠᠷ︾ ᠢ ᠬᠠᠮᠲᠤᠷᠠᠭᠤᠯᠤᠨ | ᠬᠡᠷᠡᠭ ᠰᠢᠢᠳᠪᠦᠷᠢᠯᠡᠬᠦ ᠵᠡᠷᠭᠡ ᠲᠣᠭᠲᠠᠴᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ ᠯᠤᠭ᠎ᠠ ᠶᠢᠨ | ᠬᠠᠮᠵᠢᠯᠴᠠᠭ᠎ᠠ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠬᠢᠨᠠᠨ ᠪᠠᠶᠢᠴᠠᠭᠠᠬᠤ ᠲᠤᠰᠢᠶᠠᠯᠲᠠᠨ ᠤ | ᠬᠠᠤᠯᠢ ᠶᠢ ᠭᠦᠨᠵᠡᠭᠡᠢ ᠬᠡᠷᠡᠭᠵᠢᠭᠦᠯᠵᠦ᠂ ᠲᠣᠭᠤᠷᠢᠭ ᠤᠨ ᠲᠣᠰ ᠱᠠᠲᠤᠨ ᠤ ᠬᠢᠨᠠᠨ ᠪᠠᠶᠢᠴᠠᠭᠠᠬᠤ ᠲᠤᠰᠢᠶᠠᠯᠲᠠᠨ ᠤ | ᠵᠡᠷᠭᠡ ᠳᠡᠰ ᠢ ᠠᠩᠬ᠎ᠠ ᠤᠳᠠᠭ᠎ᠠ ᠲᠣᠭᠲᠠᠭᠠᠬᠤ ᠠᠵᠢᠯ ᠢ ᠪᠡᠶᠡᠯᠡᠭᠦᠯᠪᠡ᠃ | ᠶᠢᠰᠦ ᠳᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠦᠢᠯᠡᠳᠦᠯᠭᠡᠵᠢᠭᠦᠯᠵᠦ ᠪᠦᠬᠦ ᠲᠠᠯ᠎ᠠ ᠪᠠᠷ | ᠴᠠᠭᠠᠷᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠪᠠᠶᠢᠭᠤᠯᠬᠤ ᠬᠡᠷᠡᠭᠲᠡᠢ᠃ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠨᠠᠮ ᠤᠨ ᠲᠥᠪ ᠬᠤᠷᠢᠶ᠎ᠠ ᠠᠴᠠ ᠪᠠᠶᠢᠷᠢᠯᠠᠭᠤᠯᠤᠭᠰᠠᠨ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠺᠠᠳ᠋ᠷ ᠤᠨ ᠡᠩᠨᠡᠭᠡ ᠶᠢᠨ | ᠬᠥᠮᠦᠵᠢᠯ ᠴᠡᠭᠴᠡᠯᠡᠯᠲᠡ ᠶᠢ ᠭᠦᠨᠵᠡᠭᠡᠢ ᠠᠬᠢᠭᠤᠯᠵᠤ᠂ ᠤᠳᠤᠷᠢᠳᠬᠤ ᠪᠠᠭ ᠤᠨ ᠪᠠᠶᠢᠭᠤᠯᠤᠯᠲᠠ ᠪᠠᠷ ︽ᠭᠤᠷᠪᠠᠨ | ᠣᠳᠣᠬᠢᠴᠢᠯᠠᠯᠲᠠ︾ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ᠃ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦ ᠠᠵᠢᠯᠲᠠᠨ ᠤ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠤ ᠪᠣᠯᠪᠠᠰᠤᠷᠠᠯ ᠢ ᠴᠢᠩᠭᠠᠳᠬᠠᠨ᠎ᠠ᠃ | ᠡᠷᠬᠡ ᠶᠢᠨ ᠵᠠᠭᠠᠭ ᠬᠢᠵᠠᠭᠠᠷ ᠢ ᠴᠢᠩᠭ᠎ᠠ ᠰᠠᠬᠢᠵᠤ᠂ ᠬᠡᠷᠡᠭ ᠰᠢᠢᠳᠪᠦᠷᠢᠯᠡᠬᠦ ᠠᠮᠤᠷ ᠲᠦᠪᠰᠢᠨ ᠤ ︽ᠠᠮᠢᠨ ᠰᠤᠳᠠᠰᠤ︾ | ᠶᠢ ᠪᠠᠲᠤ ᠴᠣᠭᠴᠠᠯᠠᠪᠠ᠃ ᠠᠷᠢᠭᠤᠨ ᠴᠢᠬᠡᠴᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠵᠦᠢᠯ ᠢ | ᠦᠯᠦ ᠢᠯᠵᠠᠷᠠᠭᠤᠯᠬᠤ︾ ᠣᠶᠢᠯᠠᠭᠠᠭᠳᠠᠬᠤᠨ ᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠬᠤ ᠶᠢ ᠲᠤᠰ | ᠪᠡᠶ᠎ᠡ ᠶᠢᠨ ᠪᠠᠶᠢᠭᠤᠯᠤᠯᠲᠠ ᠳᠠᠭᠠᠨ ᠲᠤᠭᠤᠰᠢᠯᠠᠭᠤᠯᠵᠤ᠂ ᠳᠣᠲᠣᠭᠠᠳᠤ ᠶᠢᠨ ᠬᠢᠨᠠᠯᠲᠠ ᠪᠠ ᠬᠢᠵᠠᠭᠠᠷᠯᠠᠯ ᠢ | ᠴᠢᠩᠭᠠᠳᠬᠠᠨ᠂ ᠳᠣᠲᠣᠭᠠᠳᠤ ᠶᠢᠨ ᠡᠵᠡᠮᠳᠡᠯ ᠤᠨ ᠳᠦᠷᠢᠮ ᠢ ᠲᠡᠭᠦᠯᠳᠡᠷᠵᠢᠭᠦᠯᠵᠦ᠂ ᠰᠠᠬᠢᠯᠭ᠎ᠠ ᠪᠠᠲᠤ ᠬᠠᠤᠯᠢ | ᠴᠠᠭᠠᠵᠠ ᠶᠢ ᠬᠡᠷᠡᠭᠵᠢᠭᠦᠯᠬᠦ ᠡᠷᠬᠡ ᠶᠢᠨ ᠵᠥᠪ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃ ᠨᠠᠮ ᠤᠨ | ᠳᠣᠲᠣᠭᠠᠳᠤ ᠶᠢᠨ ᠬᠢᠨᠠᠯᠲᠠ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠰᠠᠬᠢᠯᠭ᠎ᠠ | ᠪᠠᠲᠤ ᠶᠢ ᠬᠡᠷᠡᠭᠵᠢᠭᠦᠯᠵᠦ ᠰᠠᠬᠢᠯᠭ᠎ᠠ ᠪᠠᠲᠤ ᠶᠢ ᠵᠥᠷᠢᠴᠡᠭᠰᠡᠨ᠂ ᠬᠠᠤᠯᠢ ᠬᠡᠷᠡᠭᠵᠢᠭᠦᠯᠵᠦ ᠬᠠᠤᠯᠢ ᠶᠢ | ᠵᠥᠷᠢᠴᠡᠭᠰᠡᠳ ᠲᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠵᠤ᠂ ᠰᠢᠰᠲ᠋ᠧᠮ ᠤᠨ ᠳᠣᠲᠣᠷᠠᠬᠢ | ᠢᠯᠵᠠᠷᠠᠮᠠᠯ ᠡᠲᠡᠭᠡᠳ ᠢ ᠴᠢᠩᠭ᠎ᠠ ᠵᠠᠯᠬᠠᠭᠠᠨ ᠰᠢᠳᠬᠡᠨ᠎ᠡ᠃ | ᠪᠥᠬᠦᠳᠡ ᠬᠤᠷᠠᠯ ᠠᠴᠠ ᠤᠷᠢᠶᠠᠯᠠᠭᠰᠠᠨ ᠨᠢ᠂ ᠪᠦᠬᠦ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠯᠭ᠎ᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ | ᠢᠮᠠᠭᠲᠠ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠭᠠᠵᠤ ᠭᠠᠷᠭᠠᠭᠰᠠᠨ ᠴᠢᠭᠯᠡᠯ ᠢᠶᠠᠷ᠂ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠰᠢᠨ᠎ᠡ ᠠᠶᠠᠨ | ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠠᠬᠢᠭᠤᠯᠵᠤ᠂ ᠰᠤᠷᠲᠠᠯ ᠢ ᠲᠥᠪ | ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠤᠯᠤᠰ ᠲᠦᠷᠦ ᠶᠢᠨ ᠪᠠᠲᠤ ᠬᠦᠴᠦᠨ ᠢ | ᠪᠠᠲᠤᠯᠠᠵᠤ᠂ ᠬᠢᠨᠠᠯᠲᠠ ᠲᠠᠯᠪᠢᠵᠤ ᠪᠠᠲᠤᠯᠠᠬᠤ᠂ ᠲᠡᠭᠦᠯᠳᠡᠷᠵᠢᠭᠦᠯᠦᠨ ᠬᠥᠭᠵᠢᠭᠦᠯᠬᠦ ᠶᠢ ᠠᠬᠢᠭᠤᠯᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠰᠢᠨ᠎ᠡ | ᠬᠠᠭᠤᠳᠠᠰᠤ ᠶᠢ ᠪᠢᠴᠢᠭᠯᠡᠬᠦ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ᠃ | | |