︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/3/7
      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠲᠤ ᠰᠠᠭᠤᠭ᠎ᠠ ᠡᠯ᠎ᠡ ᠨᠢᠭᠡᠴᠡ ᠳᠤ᠄      ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                                                                                                    2023 ᠣᠨ ᠤ 2 ᠰᠠᠷ᠎ᠠ ᠶᠢᠨ 28 ᠤ ᠡᠳᠦᠷ         ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ                                 ᠨᠢᠭᠡᠳᠦᠭᠡᠷ ᠪᠦᠯᠦᠭ ᠶᠡᠷᠦᠩᠬᠡᠶ ᠳᠦᠷᠢᠮ      ᠨᠢᠭᠡᠳᠦᠭᠡᠷ ᠵᠦᠢᠯ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ᠵᠠᠰᠠᠭ ᠪᠠᠷᠢᠬᠤ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ᠂ ᠳᠡᠰ ᠳᠠᠷᠠᠭᠠᠵᠢᠭᠤᠯᠤᠯᠲᠠ ᠶᠢ ᠠᠬᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠦᠨᠳᠦᠰᠦᠯᠡᠨ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ︽ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢᠶᠠᠷ ᠯᠠᠪᠯᠠᠯᠲᠠ ᠪᠣᠯᠭᠠᠵᠤ᠂ ᠵᠠᠰᠠᠭ ᠤᠨ ᠣᠷᠳᠣᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠶ᠋ᠯ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠴᠢᠩᠭᠠᠳᠬᠠᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠬᠠᠤᠯᠢ ᠴᠠᠭᠠᠵᠠ ᠶᠢ ᠴᠢᠩᠭ᠎ᠠ ᠵᠢᠷᠤᠮᠯᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠵᠥᠪ ᠣᠨᠣᠪᠴᠢᠲᠠᠶ ᠭᠦᠢᠴᠡᠳᠭᠡᠵᠦ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠶ᠋ᠯᠡᠴᠢᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠣᠯᠤᠨ ᠦᠶ᠋ᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ᠃      ᠭᠤᠷᠪᠠᠳᠤᠭᠠᠷ ᠵᠦᠶ᠋ᠯ ᠲᠣᠭᠤᠷᠢᠭ ᠤᠨ ᠵᠠᠰᠠᠭ ᠤᠨ ᠣᠷᠳᠣᠨ ᠲᠣᠭᠤᠷᠢᠭ ᠤᠨ ᠨᠠᠮ ᠤᠨ ᠬᠤᠷᠢᠶᠠᠨ ᠤ ᠪᠥᠬᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠭᠥᠯᠢᠶᠡᠨ ᠠᠪᠬᠤ ᠪᠠ ᠬᠠᠮᠠᠭᠠᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠤ᠂ ᠰᠤᠷᠤᠯᠴᠠᠯᠭ᠎ᠠ ᠶᠢ ᠡᠷᠡᠰ ᠭᠤᠶᠢᠪᠢᠰᠢ ᠥᠬᠡᠶ ᠠᠳᠬᠤᠵᠤ᠂ ᠲᠤᠭᠤᠰᠢᠯᠠᠭᠤᠯᠬᠤ ᠶᠢ ᠠᠳᠬᠤᠵᠤ᠂ ᠬᠡᠷᠡᠭᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠵᠦᠶ᠋ᠯᠡᠰ ᠢ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠪᠡ᠃      ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠵᠠᠷᠴᠢᠮ ᠪᠣᠯ᠄ ᠠᠷᠠᠳ ᠤᠨ ᠲᠥᠯᠥᠭᠡ ᠲᠥᠷᠥ ᠪᠠᠷᠢᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠦᠨᠡᠨ ᠠᠴᠠ ᠵᠥᠪ ᠢ ᠡᠷᠢᠵᠦ᠂ ᠠᠷᠠᠳᠴᠢᠯᠠᠯ ᠲᠠᠢ ᠪᠥᠭᠡᠳ ᠢᠯᠡ᠂ ᠪᠣᠳᠠᠲᠠᠶ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠬᠡᠷᠡᠭᠲᠡᠶ᠃ ᠪᠣᠳᠠᠲᠠᠶ ᠪᠠᠷ ᠬᠡᠯᠡᠪᠡᠯ᠄      ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠡᠯ᠎ᠡ ᠵᠦᠢᠯ ᠤᠨ ᠠᠵᠢᠯ ᠳᠤ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ︵ᠬᠤᠶᠠᠷ︶ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠭᠦᠯᠬᠦ ᠨᠢ ᠠᠷᠠᠳ ᠲᠦᠮᠡᠨ ᠤ ᠲᠥᠯᠥᠭᠡ ᠪᠠᠶᠢᠬᠤ᠂ ᠬᠥᠭᠵᠢᠭᠦᠯᠬᠦ ᠳᠤ ᠠᠷᠠᠳ ᠲᠦᠮᠡᠨ ᠳᠤ ᠲᠦᠰᠢᠭᠯᠡᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠬᠦ ᠶᠢ ᠢᠮᠠᠭᠲᠠ ᠪᠡᠶᠡᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠬᠦ ᠬᠡᠷᠡᠭᠲᠡᠢ᠃      ︵ᠭᠤᠷᠪᠠ︶ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠬᠡᠪᠴᠢᠶᠡᠨ ᠳᠣᠲᠣᠷ᠎ᠠ ᠠᠵᠢᠯᠯᠠᠭ᠎ᠠ ᠶᠢ ᠴᠢᠩᠭ᠎ᠠ ᠬᠢᠵᠦ᠂ ᠤᠬᠠᠮᠰᠠᠷ ᠠᠴᠠ ᠪᠠᠨ ᠬᠠᠤᠯᠢ ᠪᠠᠷ ᠲᠣᠭᠲᠠᠭᠠᠭᠰᠠᠨ ᠡᠷᠬᠡ ᠶᠢᠨ ᠬᠢᠵᠠᠭᠠᠷ᠂ ᠳᠦᠷᠢᠮ᠂ ᠵᠢᠷᠤᠮ ᠶᠣᠰᠣᠭᠠᠷ ᠬᠡᠷᠡᠭ ᠡᠷᠬᠢᠯᠡᠬᠦᠬᠦ︔      ︵ᠳᠥᠷᠪᠡ︶ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠪᠠ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ ᠢ ᠦᠨᠡᠨᠬᠦ ᠬᠤᠪᠢᠷᠠᠭᠤᠯᠵᠤ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢ ᠲᠠᠢ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃      ︵ᠲᠠᠪᠤ︶ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠶᠢ ᠪᠠᠷᠢᠮᠲᠠᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠴᠢᠨᠠᠷᠲᠠᠢ ᠪᠠᠷ ᠠᠬᠢᠭᠤᠯᠬᠤ ᠬᠡᠷᠡᠭᠲᠡᠢ︔      ︵ᠵᠢᠷᠭᠤᠭ᠎ᠠ︶ ᠠᠷᠠᠳᠴᠢᠯᠠᠯ ᠢ ᠢᠯᠡ ᠪᠣᠯᠭᠠᠬᠤ ᠶᠢ ᠪᠠᠷᠢᠮᠲᠠᠯᠠᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ︔      ︵ᠳᠣᠯᠤᠭ᠎ᠠ︶ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃      ︵ᠨᠠᠢᠮᠠ︶ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠱᠠᠭᠠᠷᠳᠠᠯᠭ᠎ᠠ ᠶᠢ ᠲᠤᠬᠠᠶᠢᠯᠠᠭᠰᠠᠨ ᠠᠵᠢᠯ ᠤᠨ ᠡᠯ᠎ᠡ ᠲᠠᠯ᠎ᠠ ᠳᠤ ᠲᠤᠤᠱᠯᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠨ᠎ᠠ᠃      ᠬᠤᠶᠠᠳᠤᠭᠠᠷ ᠪᠦᠯᠦᠭ ᠪᠦᠷᠢᠯᠳᠦᠬᠦᠨ ᠨᠡᠷ ᠤᠨ ᠡᠭᠦᠷᠭᠡ ᠬᠠᠷᠢᠭᠤᠴᠠᠯᠭ᠎ᠠ      ᠲᠠᠪᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠨᠢ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠪᠣᠯᠤᠨ ᠠᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠨ᠎ᠡ᠃      ᠵᠢᠷᠭᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠡᠷ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠲᠦᠷᠢᠮ ᠲᠣᠭᠲᠠᠭᠠᠯ ᠢ ᠵᠢᠱᠢᠶᠡᠴᠢ ᠪᠠᠷ ᠵᠢᠷᠤᠮᠯᠠᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠢ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠣᠭᠲᠠᠭᠠᠯ ᠲᠦᠷᠢᠮ ᠢ ᠲᠦᠷᠦᠭᠦᠯᠡᠨ ᠵᠢᠷᠤᠮᠯᠠᠨ ᠰᠤᠷᠤᠯᠴᠠᠵᠤ ᠳᠦᠷᠢᠮ ᠲᠣᠭᠲᠠᠭᠠᠯ ᠢ ᠵᠢᠷᠤᠮᠯᠠᠨ ᠬᠡᠷᠡᠭᠯᠡᠬᠦ ᠲᠣᠭᠲᠠᠭᠠᠯ ᠢ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠠᠷᠠᠳ ᠤᠨ ᠲᠥᠯᠥᠭᠡ ᠪᠣᠳᠠᠲᠠᠶ ᠶᠢ ᠡᠷᠬᠢᠮᠯᠡᠵᠦ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠢᠴᠢᠶᠡᠨ ᠴᠢᠷᠮᠠᠶᠢᠵᠤ ᠠᠷᠢᠭᠤᠨ ᠴᠢᠬᠡᠴᠢ ᠪᠠᠶᠢᠬᠤ ᠬᠡᠷᠡᠭᠲᠡᠶ᠃      ᠳᠣᠯᠣᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠨᠢ ᠲᠣᠭᠤᠷᠢᠭ ᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠲᠤᠬᠤᠷᠢᠭ ᠤᠨ ᠳᠠᠷᠤᠭ᠎ᠠ ᠶᠢᠨ ᠤᠳᠤᠷᠢᠳᠤᠯᠭ᠎ᠠ ᠲᠤᠬᠤᠷᠢᠭ ᠤᠨ ᠣᠷᠳᠣᠨ ᠤ ᠠᠵᠢᠯ᠃ ᠲᠣᠭᠤᠷᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠲᠣᠭᠤᠷᠢᠭ ᠤᠨ ᠳᠠᠷᠤᠭ᠎ᠠ ᠶᠢ ᠬᠠᠪᠰᠤᠷᠤᠨ ᠠᠵᠢᠯᠯᠠᠨ᠎ᠠ᠃ ᠲᠣᠭᠤᠷᠢᠭ ᠤᠨ ᠳᠠᠷᠤᠭ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠬᠤ᠂ ᠴᠢᠯᠥᠭᠡ ᠭᠤᠶᠤᠬᠤ ᠪᠠ ᠠᠮᠠᠷᠠᠯᠲᠠ ᠶᠢᠨ ᠬᠤᠭᠤᠴᠠᠭᠠᠨ ᠳᠤ᠂ ᠪᠠᠶᠢᠩᠭᠤ ᠶᠢᠨ ᠠᠵᠢᠯ ᠢ ᠬᠠᠷᠢᠭᠤᠴᠠᠵᠤ ᠪᠠᠶᠢᠭ᠎ᠠ ᠳᠡᠳ᠋ ᠳᠠᠷᠤᠭ᠎ᠠ ᠲᠣᠭᠤᠷᠢᠭ ᠤᠨ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠂ ᠡᠰᠡᠬᠦᠯ᠎ᠡ ᠪᠣᠳᠠᠲᠤ ᠪᠠᠶᠢᠳᠠᠯ ᠢ ᠦᠨᠳᠦᠰᠦᠯᠡᠨ ᠪᠤᠰᠤᠳ ᠳᠡᠳ᠋ ᠲᠣᠭᠤᠷᠢᠭ ᠤᠨ ᠳᠠᠷᠤᠭ᠎ᠠ ᠶᠢ ᠵᠢᠭᠠᠨ ᠲᠣᠭᠲᠠᠭᠠᠵᠤ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠢ ᠡᠷᠬᠢᠯᠡᠭᠦᠯᠦᠨ᠎ᠡ᠃      ᠨᠠᠢᠮᠠᠳᠤᠭᠠᠷ ᠵᠦᠢᠯ ᠲᠣᠭᠤᠷᠢᠭ ᠤᠨ ᠳᠠᠷᠤᠭ᠎ᠠ ᠵᠠᠰᠠᠭ ᠤᠨ ᠣᠷᠳᠣᠨ ᠤ ᠪᠦᠭᠦᠳᠡ ᠬᠤᠷᠠᠯ᠂ ᠪᠠᠶᠢᠩᠭᠤ ᠶᠢᠨ ᠬᠤᠷᠠᠯ ᠪᠠ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠬᠤᠷᠠᠯᠳᠤᠭᠤᠯᠬᠤ ᠪᠠ ᠡᠷᠭᠢᠯᠡᠵᠦ᠂ ᠪᠠᠶᠢᠳᠠᠯ ᠢ ᠨᠢ ᠦᠵᠡᠵᠦ ᠪᠠᠶᠢᠩᠭᠤ ᠶᠢᠨ ᠠᠵᠢᠯ ᠢ ᠬᠠᠷᠢᠭᠤᠴᠠᠵᠤ ᠪᠠᠶᠢᠭ᠎ᠠ ᠳᠡᠳ᠋ ᠳᠠᠷᠤᠭ᠎ᠠ ᠨᠠᠷ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠬᠤ ᠪᠠ ᠡᠷᠭᠢᠯᠡᠨ᠎ᠡ᠃ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠴᠢᠬᠤᠯᠠ ᠶᠡᠭᠡ ᠵᠦᠢᠯᠡᠰ ᠢ ᠡᠷᠬᠡᠪᠰᠢ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠪᠤᠶᠤ ᠪᠠᠶᠢᠩᠭᠤ ᠶᠢᠨ ᠬᠤᠷᠠᠯ᠂ ᠲᠤᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠢᠶᠠᠷ ᠶᠠᠷᠢᠯᠴᠠᠨ ᠲᠣᠭᠲᠠᠭᠠᠬᠤ ᠬᠡᠷᠡᠭᠲᠡᠶ᠃      ᠶᠢᠰᠦᠳᠦᠭᠡᠷ ᠵᠦᠢᠯ ᠲᠣᠭᠤᠷᠢᠭ ᠤᠨ ᠳᠡᠳ᠋ ᠳᠠᠷᠤᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠤᠪᠢᠳᠠᠨ ᠬᠠᠮᠢᠶᠠᠷᠴᠤ ᠪᠠᠶᠢᠭ᠎ᠠ ᠠᠵᠢᠯ ᠢᠶᠠᠨ ᠬᠠᠷᠢᠭᠤᠴᠠᠨ ᠰᠢᠢᠳᠪᠦᠷᠢᠯᠡᠵᠦ᠂ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠦᠨ᠎ᠡ︔ ᠲᠣᠭᠤᠷᠢᠭ ᠤᠨ ᠳᠠᠷᠤᠭ᠎ᠠ ᠶᠢᠨ ᠨᠠᠶᠢᠳᠠᠯᠭ᠎ᠠ ᠪᠠᠷ᠂ ᠪᠤᠰᠤᠳ ᠲᠠᠯ᠎ᠠ ᠶᠢᠨ ᠠᠵᠢᠯ ᠪᠤᠶᠤ ᠲᠤᠰᠬᠠᠢ ᠡᠭᠦᠷᠭᠡ ᠶᠢ ᠬᠠᠷᠢᠭᠤᠴᠠᠬᠤ ᠶᠢᠨ ᠬᠠᠮᠲᠤ ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠭᠠᠳᠠᠭᠠᠳᠤ ᠶᠠᠪᠤᠳᠠᠯ ᠤᠨ ᠠᠵᠢᠯᠯᠠᠭ᠎ᠠ ᠬᠢᠵᠦ ᠪᠣᠯᠤᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠠᠵᠢᠯ ᠪᠤᠶᠤ ᠲᠤᠰᠬᠠᠶ ᠵᠦᠢᠯ ᠤᠨ ᠡᠭᠦᠷᠭᠡ ᠳᠠᠬᠢ ᠴᠢᠬᠤᠯᠠ ᠪᠠᠶᠢᠳᠠᠯ ᠪᠠ ᠴᠢᠬᠤᠯᠠ ᠶᠡᠭᠡ ᠵᠦᠢᠯᠡᠰ ᠢ ᠲᠣᠭᠤᠷᠢᠭ ᠤᠨ ᠳᠠᠷᠤᠭ᠎ᠠ ᠳᠤ ᠴᠠᠭ ᠲᠤᠬᠠᠶ ᠳᠤᠨᠢ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠰᠠᠭᠤᠳᠠᠯ ᠳᠤ ᠬᠤᠯᠪᠣᠭᠳᠠᠭᠰᠠᠨ ᠠᠰᠠᠭᠤᠳᠠᠯ ᠢ ᠬᠢᠨᠠᠮᠠᠭᠠᠶ ᠪᠠᠶᠢᠴᠠᠭᠠᠨ ᠰᠤᠳᠤᠯᠵᠤ᠂ ᠲᠣᠭᠤᠷᠢᠭ ᠤᠨ ᠳᠠᠷᠤᠭ᠎ᠠ ᠳᠤ ᠰᠢᠢᠳᠪᠦᠷᠢᠯᠡᠬᠦ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠠᠵᠢᠯ ᠤᠨ ᠪᠠᠶᠢᠷᠢ ᠨᠥᠬᠦᠪᠥᠷᠢᠯᠡᠬᠦ ᠲᠦᠷᠢᠮ ᠢ ᠬᠡᠷᠡᠭᠵᠢᠭᠦᠯᠵᠦ᠂ ᠲᠣᠭᠤᠷᠢᠭ ᠤᠨ ᠳᠡᠳ᠋ ᠳᠠᠷᠤᠭ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠬᠤ᠂ ᠴᠢᠯᠥᠭᠡ ᠭᠤᠶᠤᠵᠤ ᠠᠮᠠᠷᠠᠯᠲᠠ ᠶᠢᠨ ᠬᠤᠭᠤᠴᠠᠭᠠᠨ ᠳᠤ᠂ ᠡᠰᠡᠬᠦᠯ᠎ᠡ ᠤᠯᠠᠨ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ ᠲᠠᠢ ᠪᠣᠯᠪᠠᠯ ᠣᠷᠣᠨ ᠨᠥᠬᠦᠪᠥᠷᠢᠯᠡᠬᠦ ᠳᠡᠳ᠋ ᠳᠠᠷᠤᠭ᠎ᠠ ᠪᠤᠶᠤ ᠪᠤᠰᠤᠳ ᠳᠡᠳ᠋ ᠲᠣᠭᠤᠷᠢᠭ ᠤᠨ ᠳᠠᠷᠤᠭ᠎ᠠ ᠠᠴᠠ ᠬᠤᠯᠪᠣᠭᠳᠠᠯ ᠪᠦᠬᠦᠢ ᠠᠵᠢᠯ ᠢ ᠣᠷᠣᠯᠠᠨ ᠰᠢᠢᠳᠪᠦᠷᠢᠯᠡᠨ᠎ᠡ᠃      ᠠᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠲᠣᠭᠤᠷᠢᠭ ᠤᠨ ᠳᠠᠷᠤᠭ᠎ᠠ ᠶᠢᠨ ᠤᠳᠤᠷᠢᠳᠤᠯᠭ᠎ᠠ ᠳᠣᠣᠷ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠳᠤᠮ ᠤᠨ ᠠᠵᠢᠯ ᠢ ᠬᠠᠷᠢᠭᠤᠴᠠᠨ ᠰᠢᠢᠳᠪᠦᠷᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠦᠢᠯᠡᠰ ᠪᠠ ᠲᠣᠭᠤᠷᠢᠭ ᠤᠨ ᠳᠠᠷᠤᠭ᠎ᠠ ᠶᠢᠨ ᠲᠤᠰᠢᠶᠠᠨ ᠰᠢᠢᠳᠪᠦᠷᠢᠯᠡᠭᠦᠯᠬᠦ ᠵᠦᠢᠯᠡᠰ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃      ᠠᠷᠪᠠᠨ ᠨᠢᠭᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠨᠢ ᠲᠣᠪᠴᠢᠶᠠᠨ ᠳᠠᠷᠤᠭ᠎ᠠ ︵ᠡᠷᠬᠢᠯᠡᠭᠴᠢ︶ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠲᠤᠰ ᠰᠠᠯᠠᠭ᠎ᠠ ᠮᠥᠴᠢᠷ ᠤᠨ ᠢᠶᠠᠨ ᠠᠵᠢᠯ ᠢ ᠤᠳᠤᠷᠢᠳᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠳᠤᠮᠳᠠᠬᠢ ᠴᠢᠬᠤᠯᠠ ᠵᠦᠢᠯᠡᠰ ᠢ ᠲᠣᠭᠲᠠᠭᠠᠬᠤ ᠳᠤ᠂ ᠤᠷᠢᠳᠠᠪᠠᠷ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠠᠴᠠ ᠵᠢᠭᠠᠪᠤᠷᠢ ᠠᠪᠴᠤ᠂ ᠴᠢᠬᠤᠯᠠ ᠶᠡᠭᠡ ᠵᠦᠢᠯᠡᠰ ᠢ ᠡᠷᠬᠡᠪᠰᠢ ᠲᠣᠭᠤᠷᠢᠭ ᠤᠨ ᠳᠠᠷᠤᠭ᠎ᠠ ᠳᠤ ᠮᠡᠳᠡᠭᠦᠯᠬᠦ ᠬᠡᠷᠡᠭᠲᠡᠶ᠃      ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠭᠤᠷᠢᠭ ᠤᠨ ᠵᠠᠰᠠᠭ ᠤᠨ ᠣᠷᠳᠣᠨ ᠤ ᠲᠣᠭᠲᠠᠭᠠᠯ᠂ ᠵᠠᠷᠯᠢᠭ ᠢ ᠦᠨᠳᠦᠰᠦᠯᠡᠨ᠂ ᠲᠣᠰ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠪᠠᠨ ᠵᠠᠰᠠᠭ ᠵᠠᠬᠢᠷᠭᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠣᠭᠤᠷᠢᠭ ᠤᠨ ᠳᠠᠷᠤᠭ᠎ᠠ ᠪᠣᠯᠤᠨ ᠬᠤᠲᠠ ᠶᠢᠨ ᠬᠢᠨᠠᠨ ᠪᠤᠳᠤᠬᠤ ᠲᠣᠪᠴᠢᠶᠠᠨ ᠤ ᠤᠳᠤᠷᠢᠳᠤᠯᠭ᠎ᠠ ᠳᠣᠤᠷ᠎ᠠ᠂ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠪᠡᠶ᠎ᠡ ᠪᠠᠨ ᠳᠠᠭᠠᠭᠠᠵᠤ ᠬᠡᠷᠡᠭᠵᠢᠭᠦᠯᠦᠨ᠎ᠡ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠣᠯᠤᠨ ᠬᠤᠪᠢ ᠬᠥᠮᠦᠨ ᠭᠠᠷ ᠲᠥᠷᠥᠵᠦ ᠪᠣᠯᠬᠤ ᠦᠭᠡᠢ᠃      ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠭᠡ ᠲᠠᠯ᠎ᠠ ᠶᠢ ᠬᠠᠷᠠᠭᠠᠯᠵᠠᠨ᠂ ᠵᠣᠬᠢᠴᠠᠭᠤᠯᠤᠨ ᠬᠠᠮᠵᠢᠯᠴᠠᠵᠤ᠂ ᠪᠦᠯᠬᠦᠮᠳᠡᠯ ᠨᠢᠭᠡᠳᠦᠯ ᠢ ᠦᠨᠡᠨᠬᠦ ᠬᠠᠮᠠᠭᠠᠯᠠᠵᠤ᠂ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠦᠨᠡᠨᠬᠦ ᠪᠠᠲᠤᠯᠠᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠᠳᠤᠭᠠᠷ ᠪᠦᠯᠦᠭ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠵᠥᠪ ᠣᠨᠤᠪᠴᠢᠲᠠᠢ ᠭᠦᠢᠴᠡᠳᠬᠡᠨ᠎ᠡ      ᠠᠷᠪᠠᠨ ᠬᠤᠶᠠᠳᠤᠭᠠᠷ ᠵᠤᠷᠪᠤᠰ ᠣᠷᠣᠨ ᠤ ᠵᠠᠰᠠᠭ ᠤᠨ ᠣᠷᠳᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶᠠᠨ ᠤ ︽ᠨᠢᠭᠡ ᠶᠢ ᠵᠢᠷᠣᠮᠯᠡᠯ ᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠳᠠᠢ﹀ ᠬᠠᠷᠠᠯᠲᠠ ᠶᠢ ᠪᠡᠶᠡᠯᠡᠭᠦᠯᠬᠦ︾ ᠶᠡᠷᠦᠩᠬᠡᠢ ᠬᠥᠭᠵᠢᠯᠲᠡ ᠶᠢᠨ ᠰᠡᠳᠬᠢᠴᠡ ᠶᠣᠰᠣᠭᠠᠷ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠳᠤ᠂ ᠠᠵᠤ ᠠᠬᠤᠢ ᠶᠢᠨ ᠲᠤᠬᠢᠷᠠᠭᠤᠯᠤᠯᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ ᠴᠢᠳᠠᠪᠬᠢ ᠶᠢ ᠴᠢᠩᠭᠠᠳᠬᠠᠨ ᠲᠡᠭᠦᠯᠳᠡᠷᠵᠢᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ ᠠᠵᠤ ᠠᠬᠤᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠬᠤᠷᠸ᠎ᠠ ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠪᠠᠳᠠᠷᠠᠭᠤᠯᠤᠨ᠂ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠲᠣᠬᠢᠷᠠᠭᠤᠯᠤᠨ ᠡᠵᠡᠮᠳᠡᠬᠦ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠵᠢᠱᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠶᠠᠰᠤ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠨ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ᠂ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ᠠᠷᠪᠠᠨ ᠳᠥᠷᠪᠡᠳᠦᠭᠡᠷ ᠵᠦᠢᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ ᠶᠢ ᠠᠬᠢᠭᠤᠯᠤᠨ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠢᠰᠲ᠋ᠧᠮᠵᠢ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠤᠨ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠵᠤ᠂ ᠶᠠᠰᠤ ᠴᠢᠨᠠᠷ᠂ ᠦᠨ᠎ᠡ ᠬᠠᠩᠰᠢ ᠳᠤ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤᠨ ᠨᠢᠭᠡᠳᠦᠯᠲᠡᠶ ᠪᠥᠭᠡᠳ ᠨᠡᠭᠡᠭᠡᠯᠲᠡ ᠲᠠᠢ᠂ ᠲᠥᠪ ᠭᠤᠤᠯᠴᠢ ᠪᠥᠭᠡᠳ ᠢᠲᠡᠭᠡᠮᠵᠢᠲᠡᠶ᠂ ᠥᠷᠢᠰᠥᠯᠳᠦᠭᠡᠨ ᠨᠢ ᠡᠮᠬᠢ ᠵᠢᠷᠤᠮ ᠲᠠᠢ ᠪᠠᠶᠢᠬᠤ ᠶᠢ ᠬᠠᠮᠠᠭᠠᠯᠠᠵᠤ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠨ᠂  ᠲᠦᠭ  ᠲᠦᠮᠡᠨ ᠢᠶᠠᠷ  ᠢᠶᠠᠨ ᠰᠢᠨ᠎ᠡ  ᠶᠢ  ᠡᠭᠦᠳᠬᠦ  ᠶᠢ  ᠠᠬᠢᠭᠤᠯᠵᠤ᠂  ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ  ᠢ  ᠬᠥᠭᠵᠢᠭᠡᠬᠦ  ᠬᠡᠷᠡᠭᠲᠡᠶ᠃      ᠠᠷᠪᠠᠨ ᠲᠠᠪᠤᠳᠤᠭᠠᠷ ᠵᠦᠢᠯ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ ᠪᠤᠢ ᠪᠣᠯᠭᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠪᠣᠯᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠤᠯᠤᠰ ᠤᠨ ᠠᠮᠤᠷ ᠲᠦᠪᠰᠢᠨ ᠪᠣᠯᠤᠨ ᠠᠷᠠᠳ ᠤᠯᠠᠨ ᠤ ᠡᠷᠡᠭᠦᠯ ᠮᠡᠨᠳᠤ ᠶᠢ ᠬᠠᠮᠠᠭᠠᠯᠠᠨ᠎ᠠ᠃      ᠠᠷᠪᠠᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠦᠢᠯᠡᠴᠢᠯᠡᠭᠡ ᠶᠢ ᠴᠢᠬᠤᠯᠠᠴᠢᠯᠠᠵᠤ᠂ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠨᠡᠶᠢᠭᠡᠮ ᠤᠨ ᠡᠯ᠎ᠡ ᠵᠦᠢᠯ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠪᠦᠬᠦ ᠠᠷᠠᠳ ᠢ ᠬᠠᠮᠤᠷᠤᠭᠰᠠᠨ᠂ ᠨᠡᠶᠢᠳᠡᠮ ᠠᠰᠢᠭ ᠬᠦᠷᠲᠡᠭᠡᠵᠦ ᠬᠠᠮᠲᠤᠪᠠᠷ ᠡᠳ᠋ᠯᠡᠭᠰᠡᠨ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ᠂ ᠦᠷᠭᠦᠯᠵᠢᠯᠡᠭᠰᠡᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠭᠦᠷᠢᠰᠢᠯᠲᠡ ᠶᠢ ᠲᠦᠷᠭᠡᠳᠬᠡᠨ ᠠᠬᠢᠭᠤᠯᠤᠨ᠎ᠠ᠃      ᠠᠷᠪᠠᠨ ᠳᠣᠯᠣᠳᠤᠭᠠᠷ ᠵᠣᠷᠪᠤᠰ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠤᠢᠢᠯᠠᠭᠠᠭᠳᠠᠬᠤᠨ ᠢ ᠪᠠᠷᠢᠮᠲᠠᠯᠠᠵᠤ᠂ ᠬᠠᠮᠤᠭ ᠤᠨ ᠴᠢᠩᠭ᠎ᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠤᠨ ᠤᠯᠠᠨ ᠨᠡᠶᠢᠲᠡ ᠪᠠᠷ ᠢᠶᠠᠨ ᠬᠠᠮᠲᠤᠪᠠᠷ ᠣᠷᠣᠯᠴᠠᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠵᠦ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠠᠶᠢᠨᠠᠨ ᠢ ᠪᠦᠳᠦᠭᠡᠨ ᠪᠠᠶᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃      ᠠᠷᠪᠠᠨ ᠨᠠᠢᠮᠠᠳᠤᠭᠠᠷ ᠵᠣᠷᠪᠤᠰ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠣᠭᠠᠴᠢᠯᠠᠭᠰᠠᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠲᠣᠭᠲᠠᠭᠤᠨ ᠡᠷᠬᠡ ᠲᠡᠭᠰᠢ ᠢᠯᠡ ᠲᠣᠳᠣ᠂ ᠵᠢᠱᠢᠵᠦ ᠪᠣᠯᠬᠤᠶᠢᠴᠠ ᠵᠠᠬ᠎ᠠ ᠳᠡᠯᠭᠡᠭᠦᠷᠴᠢᠯᠡᠭᠰᠡᠨ ᠬᠠᠤᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠶ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠲᠡᠭᠦᠯᠳᠡᠷᠵᠢᠭᠦᠯᠦᠨ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠭᠤᠭᠴᠤᠭ᠎ᠠ ᠶᠢ ᠬᠠᠰᠤᠬᠤ᠂ ᠴᠠᠭ ᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ ᠶᠢ ᠲᠡᠷᠡ ᠬᠡᠪ ᠢᠶᠠᠷ ᠨᠢ ᠪᠠᠲᠤᠯᠠᠵᠤ᠂ ᠴᠢᠬᠤᠯᠠ ᠨᠥᠬᠦᠴᠡᠯ ᠢ ᠬᠠᠮᠤᠭ ᠤᠨ ᠨᠠᠷᠢᠯᠢᠭ᠂ ᠭᠤᠭᠴᠤᠭ᠎ᠠ ᠶᠢ ᠬᠠᠮᠤᠭ ᠤᠨ ᠳᠥᠭᠦᠮ᠂ ᠴᠠᠭ ᠤᠨ ᠬᠢᠵᠠᠭᠠᠷ ᠢ ᠬᠠᠮᠤᠭ ᠤᠨ ᠣᠬᠤᠷ ᠪᠠᠶᠢᠯᠭᠠᠬᠤ ᠶᠢ ᠦᠨᠡᠨᠬᠦ ᠪᠠᠲᠤᠯᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠳᠦᠭᠦᠮ ᠦᠵᠡᠭᠦᠯᠦᠨ᠎ᠡ᠃      ᠠᠷᠪᠠ ᠶᠢᠰᠦᠳᠦᠭᠡᠷ ᠵᠣᠷᠪᠤᠰ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ ᠲᠤᠤᠱᠯᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯ ᠢ ᠪᠡᠶᠡᠯᠡᠭᠦᠯᠬᠦ ᠬᠡᠷᠡᠭᠲᠡᠢ᠃      ᠳᠦᠷᠪᠡᠳᠦᠭᠡᠷ ᠪᠦᠯᠦᠭ ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ      ᠬᠤᠷᠢᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠡᠭᠦᠷᠭᠡ ᠴᠢᠳᠠᠪᠬᠢ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠠᠭᠰᠠᠨ᠂ ᠬᠠᠤᠯᠢ ᠬᠡᠷᠡᠭᠵᠢᠭᠦᠯᠬᠦ ᠨᠢ ᠲᠥᠪ ᠴᠢᠩᠭ᠎ᠠ᠂ ᠢᠯᠡ ᠲᠣᠳᠣ ᠲᠥᠪ ᠭᠤᠣᠯᠴᠢ᠂ ᠠᠷᠢᠭᠤᠨ ᠴᠢᠬᠡᠴᠢ ᠥᠨᠳᠥᠷ ᠪᠦᠲᠦᠮᠵᠢᠲᠡᠢ᠂ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠵᠤ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠳᠡᠪᠰᠢᠭᠦᠯᠵᠦ ᠶᠠᠷᠢᠯᠴᠠᠭᠤᠯᠬᠤ ᠪᠠᠷ ᠳᠡᠪᠰᠢᠭᠦᠯᠦᠭᠰᠡᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠡᠬᠡ ᠨᠤᠤᠷᠠᠭ ᠢ ᠲᠣᠭᠤᠷᠢᠭ ᠤᠨ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠭᠰᠠᠨ ᠤ ᠳᠠᠷᠠᠭ᠎ᠠ᠂ ᠲᠤᠭᠤᠷᠪᠢᠨ ᠪᠢᠴᠢᠬᠦ ᠬᠠᠷᠢᠭᠤᠴᠠᠯᠭᠠᠲᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠦᠨ᠎ᠡ᠃      ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ ᠴᠠᠭ ᠲᠤᠬᠠᠶ ᠳᠤᠨᠢ ᠣᠨᠣᠪᠴᠢᠲᠠᠶ ᠲᠤᠰᠬᠠᠨ᠂ ᠠᠷᠠᠳ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠲᠤᠰᠬᠠᠵᠤ᠂ ᠲᠣᠭᠲᠠᠭᠠᠭᠰᠠᠨ ᠳᠦᠷᠢᠮ ᠢ ᠦᠨᠡᠨᠬᠦ ᠰᠢᠶ᠋ᠳᠪᠦᠷᠢᠯᠡᠵᠦ ᠳᠡᠶᠢᠯᠬᠦ ᠪᠣᠯᠭᠠᠬᠤ ᠬᠡᠷᠡᠭᠲᠡᠶ᠃ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠶᠢ ᠭᠠᠷᠭᠠᠪᠠᠯ᠂  ᠲᠤᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ  ᠤᠨ ᠴᠢᠨᠠᠷᠲᠠᠶ  ᠪᠢᠴᠢᠭ ᠮᠠᠲ᠋ᠧᠷᠢᠶᠠᠯ ᠤᠨ ᠲᠥᠰᠦᠯ  ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠢᠯᠡ  ᠪᠠᠷ ᠰᠠᠨᠠᠯ ᠬᠤᠷᠢᠶᠠᠬᠤ  ᠬᠡᠷᠡᠭᠲᠡᠶ᠃      ᠲᠤᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠭᠠᠷᠠᠭᠤᠯᠬᠤ ᠬᠡᠷᠡᠭᠲᠡᠶ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠯᠲᠡ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ ᠪᠣᠯᠭᠠᠬᠤ ᠬᠡᠷᠡᠭᠲᠡᠶ᠃      ᠬᠤᠷᠢᠨ ᠬᠤᠶᠠᠳᠤᠭᠠᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠴᠢᠬᠤᠯᠠᠲᠠᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠡᠷᠬᠡᠪᠰᠢ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠭᠦᠯᠵᠦ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠣᠯᠣᠨ ᠳᠡᠰ ᠳᠠᠷᠠᠭᠠᠯᠠᠯ ᠢ ᠴᠢᠩᠭ᠎ᠠ ᠵᠢᠷᠤᠮᠯᠠᠬᠤ ᠬᠡᠷᠡᠭᠲᠡᠢ᠃      ᠬᠤᠶᠠᠷ ᠵᠢᠴᠢ ᠲᠡᠭᠦᠨ ᠠᠴᠠ ᠳᠡᠭᠡᠭᠰᠢᠬᠢ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠬᠤᠯᠪᠣᠭᠳᠠᠬᠤ ᠵᠦᠢᠯᠡᠰ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠰᠣᠨᠣᠰᠬᠤ ᠶᠢᠨ ᠬᠠᠮᠲᠤ᠂ ᠲᠤᠭᠤᠷᠢᠭ ᠤᠨ ᠵᠠᠰᠠᠭ ᠤᠨ ᠣᠷᠳᠣᠨ ᠠᠴᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠵᠤ᠂ ᠵᠠᠷᠯᠢᠭ ᠪᠤᠶᠤ ᠲᠣᠭᠲᠠᠭᠠᠯ ᠨᠡᠶᠢᠲᠡᠯᠡᠬᠦ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠮᠲᠤᠷᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠨ᠎ᠠ᠃ ᠡᠭᠦᠨ ᠳᠤ ᠣᠯᠠᠨ ᠨᠡᠶᠢᠲᠡ ᠶᠢᠨ ᠡᠷᠬᠡ ᠠᠰᠢᠭ᠂ ᠨᠡᠶᠢᠭᠡᠮ ᠤᠨ ᠠᠩᠬᠠᠷᠤᠯ ᠤᠨ ᠬᠡᠮᠵᠢᠶ᠎ᠡ ᠪᠠᠷ ᠥᠨᠳᠥᠷ ᠵᠦᠢᠯᠡᠰ ᠲᠤ ᠬᠤᠯᠪᠣᠭᠳᠠᠪᠠᠯ᠂ ᠤᠷᠢᠳᠠᠪᠠᠷ ᠲᠤᠭᠤᠷᠢᠭ ᠤᠨ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠬᠡᠷᠡᠭᠲᠡᠶ︔ ᠰᠠᠯᠠᠭ᠎ᠠ ᠮᠥᠴᠢᠷ ᠬᠠᠮᠲᠤᠷᠠᠨ ᠲᠣᠭᠲᠠᠭᠠᠭᠰᠠᠨ ᠴᠢᠬᠤᠯᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ ᠡᠷᠬᠡᠪᠰᠢ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠃      ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠴᠢᠩᠳᠠᠯᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠢᠶᠠᠷ ᠵᠥᠪᠰᠢᠶᠡᠷᠡᠬᠦ᠂ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ᠂ ᠵᠠᠰᠠᠭ ᠵᠠᠬᠢᠷᠭᠠᠨ ᠢᠶᠠᠷ ᠠᠯᠪᠠᠳᠠᠬᠤ᠂ ᠵᠠᠰᠠᠭ ᠵᠠᠬᠢᠷᠭᠠᠨ ᠢᠶᠠᠷ ᠲᠠᠲᠠᠪᠤᠷᠢᠯᠠᠬᠤ ᠵᠡᠷᠭᠡ ᠵᠦᠢᠯ ᠢ ᠲᠣᠬᠢᠷᠠᠭᠤᠯᠵᠤ ᠪᠣᠯᠬᠤ ᠦᠭᠡᠶ︔ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠪᠣᠯᠤᠨ ᠵᠠᠷᠯᠢᠭ ᠤᠨ ᠦᠨᠳᠦᠰᠦᠯᠡᠯ ᠦᠭᠡᠶ ᠪᠣᠯ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠶ᠂ ᠰᠠᠯᠠᠭ᠎ᠠ ᠮᠥᠴᠢᠷ ᠤᠨ ᠡᠷᠬᠡ ᠶᠢ ᠨᠢ ᠨᠡᠮᠡᠭᠳᠡᠭᠦᠯᠬᠦ ᠪᠤᠶᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠢ ᠪᠠᠭᠠᠰᠬᠠᠵᠤ ᠪᠣᠯᠬᠤ ᠦᠭᠡᠶ᠃      ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠪᠣᠶᠤ ᠲᠡᠳᠡᠨ ᠤ ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠢ᠂ ︽ᠮᠣᠨᠣᠫᠣᠯᠢᠴᠢᠯᠠᠯ ᠢ ᠡᠰᠡᠷᠭᠦᠴᠡᠬᠦ ᠬᠠᠤᠯᠢ︾ ᠶᠢᠨ ᠲᠣᠭᠲᠠᠭᠠᠯ ᠠᠴᠠ ᠵᠦᠷᠢᠴᠡᠵᠦ᠂ ᠥᠷᠢᠰᠦᠯᠳᠦᠭᠡᠨ ᠢ ᠠᠷᠢᠯᠭᠠᠬᠤ ᠪᠠ ᠬᠢᠵᠠᠭᠠᠷᠯᠠᠵᠤ ᠪᠣᠯᠬᠤ ᠦᠭᠡᠢ᠃      ᠬᠤᠷᠢᠨ ᠭᠤᠷᠪᠠᠳᠤᠭᠠᠷ ᠵᠣᠷᠪᠤᠰ᠂ ᠲᠤᠭᠤᠷᠢᠭ ᠤᠨ ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠩᠰᠠᠯᠠᠭᠤᠯᠬᠤ ᠳᠦᠷᠢᠮ ᠢ ᠪᠦᠷᠢᠨ ᠪᠣᠯᠭᠠᠨ ᠲᠡᠭᠦᠯᠳᠡᠷᠵᠢᠭᠦᠯᠬᠦ ᠬᠡᠷᠡᠭᠲᠡᠶ᠃ ᠲᠣᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃      ᠵᠠᠰᠠᠭ ᠤᠨ ᠣᠷᠳᠣᠨ ᠤ ᠠᠯᠪᠠᠨ ᠭᠡᠷ ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠭ ᠤᠨ ᠵᠠᠰᠠᠭ ᠤᠨ ᠣᠷᠳᠣᠨ ᠤ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠭᠡᠮ ᠨᠡᠶᠢᠲᠡ ᠳᠤ ᠨᠡᠶᠢᠲᠡᠯᠡᠵᠦ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠭ ᠤᠨ ᠬᠠᠷᠢᠶ᠎ᠠ ᠪᠦᠬᠦᠢ ᠡᠯ᠎ᠡ ᠰᠠᠯᠠᠭ᠎ᠠ ᠮᠥᠴᠢᠷ ᠤᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠲᠡᠯᠡᠵᠦ᠂ ᠦᠨᠳᠦᠰᠦᠨ ᠬᠠᠤᠯᠢ᠂ ᠬᠠᠤᠯᠢ ᠴᠠᠭᠠᠵᠠ᠂ ᠳᠦᠷᠢᠮ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ᠂ ᠵᠠᠷᠯᠢᠭ ᠠᠴᠠ ᠵᠥᠷᠢᠴᠡᠭᠰᠡᠨ᠂ ᠡᠰᠡᠬᠦᠯ᠎ᠡ ᠳᠤᠭᠲᠠᠭᠠᠭᠰᠠᠨ ᠵᠤᠬᠢᠰ ᠦᠭᠡᠢ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠭᠰᠠᠨ ᠰᠠᠯᠠᠭ᠎ᠠ ᠮᠥᠴᠢᠷ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠬᠤᠪᠢᠷᠠᠭᠤᠯᠬᠤ ᠪᠤᠶᠤ ᠲᠤᠭᠤᠷᠢᠭ ᠤᠨ ᠵᠠᠰᠠᠭ ᠤᠨ ᠣᠷᠳᠣᠨ ᠳᠤ ᠳᠡᠪᠰᠢᠭᠦᠯᠦᠨ ᠬᠤᠪᠢᠷᠠᠭᠤᠯᠵᠤ᠂ ᠬᠦᠴᠦᠨ ᠦᠭᠡᠢ ᠪᠣᠯᠭᠠᠬᠤ ᠬᠡᠷᠡᠭᠲᠡᠶ᠃      ᠬᠤᠷᠢᠨ ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠠᠰᠠᠭ ᠵᠠᠬᠢᠷᠭᠠᠨ ᠤ ᠭᠡᠷ᠎ᠡ᠂ ᠬᠡᠯᠡᠯᠴᠡᠭᠡᠷ᠂ ᠰᠠᠨᠠᠭᠤᠯᠤᠮᠵᠢ ᠵᠡᠷᠭᠡ ᠶᠢ ᠲᠣᠭᠲᠠᠵᠤ᠂ ᠲᠤᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠳ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠴᠢᠬᠤᠯᠠᠲᠠᠶ ᠵᠠᠰᠠᠭ ᠵᠠᠬᠢᠷᠭᠠᠨ ᠤ ᠪᠤᠶᠤ ᠢᠷᠭᠡᠨ ᠤ ᠬᠡᠷᠡᠭ ᠤᠨ ᠭᠡᠷ᠎ᠡ᠂ ᠬᠡᠯᠡᠯᠴᠡᠭᠡᠷ᠂ ᠰᠠᠨᠠᠭᠤᠯᠤᠮᠵᠢ ᠶᠢ ᠲᠣᠭᠲᠠᠵᠤ᠂ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠬᠠᠤᠯᠢ ᠴᠠᠭᠠᠵᠠ ᠶᠢᠨ ᠵᠥᠪᠯᠡᠭᠴᠢ ᠶᠢᠨ ᠰᠠᠨᠠᠯ ᠢ ᠬᠤᠷᠢᠶᠠᠬᠤ ᠶᠢᠨ ᠬᠠᠮᠲᠤ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠪᠠᠷ ᠳᠡᠮᠵᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰᠢᠶᠠᠵᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠯᠭᠡᠬᠦ ᠬᠡᠷᠡᠭᠲᠡᠶ᠃      ᠬᠤᠷᠢᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ ᠠᠵᠤ ᠠᠬᠤᠶ ᠶᠢᠨ ᠲᠥᠷᠥᠯ ᠵᠦᠢᠯ᠂ ᠭᠡᠷ᠎ᠡ ᠶᠢᠨ ᠦᠢᠯᠡ ᠠᠵᠢᠯᠯᠠᠭ᠎ᠠ ᠵᠡᠷᠭᠡ ᠬᠠᠤᠯᠢ ᠳᠤ ᠬᠤᠯᠪᠣᠭᠳᠠᠭᠰᠠᠨ ᠶᠠᠪᠤᠳᠠᠯ ᠳᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠠᠤᠯᠢ ᠴᠠᠭᠠᠵᠠ ᠶᠢᠨ ᠯᠠᠪᠯᠠᠯᠭ᠎ᠠ ᠨᠤᠲᠠᠯᠠᠯᠲᠠ ᠬᠢᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠬᠤᠷᠢᠨ ᠵᠢᠷᠭᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠵᠢᠯᠣᠭᠤᠳᠤᠯᠭ᠎ᠠ ᠪᠠᠨ ᠴᠢᠩᠭᠠᠳᠬᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠪᠣᠯᠤᠨ ︽ᠬᠤᠶᠠᠷ ᠢ ᠲᠠᠰᠢᠷᠠᠮ ᠳᠤ ᠨᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ +︾ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠶᠢ ᠭᠦᠨᠵᠡᠭᠡᠢ ᠲᠦᠯᠬᠢᠨ ᠠᠬᠢᠭᠤᠯᠵᠤ᠂ ᠳᠦᠷᠢᠮ ᠢᠶᠠᠨ ᠪᠦᠷᠢᠨᠰᠢᠭᠦᠯᠵᠦ᠂ ᠳᠡᠰ ᠳᠠᠷᠠᠭᠠᠯᠠᠯ ᠢᠶᠠᠨ ᠵᠢᠷᠤᠮᠵᠢᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠡᠶᠡᠯᠡᠭᠦᠯᠵᠦ᠂ ᠤᠯᠠᠨ ᠨᠡᠶᠢᠲᠡ ᠶᠢᠨ ᠠᠰᠢᠭ ᠲᠤᠰᠠ᠂ ᠠᠷᠠᠳ ᠲᠦᠮᠡᠨ ᠤ ᠡᠷᠬᠡ ᠠᠰᠢᠭ ᠪᠠ ᠨᠡᠶᠢᠭᠡᠮ ᠤᠨ ᠡᠮᠬᠢ ᠲᠢᠭᠯᠢᠮ ᠢ ᠦᠨᠡᠨᠬᠦ ᠬᠠᠮᠠᠭᠠᠯᠠᠬᠤ ᠬᠡᠷᠡᠭᠲᠡᠢ᠃      ᠲᠠᠪᠤᠳᠤᠭᠠᠷ ᠪᠦᠯᠦᠭ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ ᠰᠢᠢᠳᠪᠦᠷᠢᠲᠦ ᠪᠣᠳᠤᠯᠭ᠎ᠠ ᠲᠣᠭᠲᠠᠭᠠᠬᠤ ᠶᠢ ᠬᠡᠷᠡᠭᠵᠢᠭᠦᠯᠦᠨ᠎ᠡ      ᠬᠤᠷᠢᠨ ᠳᠣᠯᠣᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ᠢᠶᠠᠨ ᠲᠡᠭᠦᠯᠳᠡᠷᠵᠢᠭᠦᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠪᠣᠯᠭᠠᠵᠤ᠂ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠲᠣᠭᠲᠠᠭᠠᠬᠤ ᠢᠯᠡ ᠲᠣᠳᠣ ᠶᠢᠨ ᠬᠡᠮᠵᠢᠶ᠎ᠡ ᠪᠣᠯᠤᠨ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠨ᠂ ᠰᠢᠨᠵᠢᠯᠡᠬᠦ ᠤᠬᠠᠭᠠᠨᠴᠢ ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠬᠡᠷᠡᠭᠵᠢᠭᠦᠯᠵᠦ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠰᠢᠨᠵᠢᠯᠡᠬᠦ ᠤᠬᠠᠭᠠᠨᠴᠢ᠂ ᠬᠡᠷᠡᠭᠵᠢᠭᠦᠯᠦᠯᠲᠡ ᠨᠢ ᠡᠷᠡᠰ ᠰᠢᠭᠤᠷᠬᠠᠶ᠂ ᠬᠢᠨᠠᠯᠲᠠ ᠨᠢ ᠬᠦᠴᠦᠲᠡᠶ ᠡᠷᠬᠡ ᠶᠢᠨ ᠠᠵᠢᠯᠯᠠᠭᠠᠨ ᠤ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ᠂ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠭᠠᠷᠴᠠᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃      ᠬᠤᠷᠢᠨ ᠨᠠᠶ᠋ᠮᠠᠳᠤᠭᠠᠷ ᠵᠦᠢᠯ ᠪᠦᠬᠦ ᠣᠷᠣᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ ᠡᠳ᠋ ᠤᠨ ᠵᠠᠰᠠᠭ ᠤᠨ ᠲᠥᠰᠦᠪ᠂ ᠴᠢᠬᠤᠯᠠ ᠶᠡᠭᠡ ᠲᠥᠯᠥᠪᠵᠢᠭᠦᠯᠭᠡ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠨᠡᠶᠢᠭᠡᠮ ᠤᠨ ᠬᠠᠮᠢᠶᠠᠷᠤᠯᠲᠠ ᠶᠢᠨ ᠴᠢᠬᠤᠯᠠ ᠬᠡᠷᠡᠭ ᠶᠠᠪᠤᠳᠠᠯ ᠵᠡᠷᠭᠡ ᠶᠢ ᠵᠠᠰᠠᠭ ᠤᠨ ᠣᠷᠳᠣᠨ ᠤ ᠪᠦᠭᠦᠳᠡ ᠬᠤᠷᠠᠯ ᠪᠤᠶᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠲᠣᠭᠲᠠᠭᠠᠨ᠎ᠠ᠃      ᠬᠤᠷᠢ ᠶᠢᠰᠦᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠳ ᠵᠢᠯ ᠪᠦᠷᠢ ᠶᠢᠨ ᠵᠢᠯ ᠤᠨ ᠡᠴᠦᠰ ᠠᠴᠠ ᠡᠮᠦᠨ᠎ᠡ᠂ ᠲᠤᠭᠤᠷᠢᠭ ᠤᠨ ᠵᠠᠰᠠᠭ ᠤᠨ ᠣᠷᠳᠣᠨ ᠳᠤ ᠳᠠᠷᠠᠭ᠎ᠠ ᠨᠢᠭᠡ ᠵᠢᠯ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠪᠠᠨ ᠤᠷᠢᠳᠴᠢᠯᠠᠨ ᠲᠤᠰᠢᠶᠠᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤᠭᠤᠷᠢᠭ ᠤᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠭᠤᠯᠤᠨ ᠲᠣᠭᠲᠠᠭᠠᠯᠭᠠᠬᠤ ᠴᠢᠬᠤᠯᠠ ᠶᠡᠭᠡ ᠵᠦᠢᠯᠡᠰ ᠢ ᠡᠷᠬᠡᠪᠰᠢ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠤᠯᠢ ᠶᠣᠰᠣᠴᠢ ᠴᠢᠨᠠᠷ᠂ ᠴᠢᠬᠤᠯᠠ ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠪᠣᠯᠤᠮᠵᠢᠲᠤ ᠴᠢᠨᠠᠷ ᠪᠠ ᠡᠵᠡᠮᠳᠡᠵᠦ ᠪᠤᠯᠬᠤᠶᠢᠴᠠ ᠴᠢᠨᠠᠷ ᠢ ᠦᠨᠡᠯᠡᠨ ᠵᠢᠱᠢᠵᠦ ᠨᠤᠲᠠᠯᠠᠬᠤ ᠬᠡᠷᠡᠭᠲᠡᠶ︔ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠤᠯᠪᠣᠭᠳᠠᠪᠠᠯ᠂ ᠤᠷᠢᠳᠠᠪᠠᠷ ᠰᠠᠨᠠᠯ ᠬᠤᠷᠢᠶᠠᠬᠤ ᠬᠡᠷᠡᠭᠲᠡᠶ︔ ᠤᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠪᠠ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ᠂ ᠨᠡᠶᠢᠭᠡᠮ ᠤᠨ ᠲᠣᠭᠲᠠᠭᠤᠨ ᠪᠠᠶᠢᠳᠠᠯ ᠢ ᠠᠮᠠᠷᠬᠠᠨ ᠡᠭᠦᠰᠭᠡᠬᠦ ᠠᠰᠠᠭᠤᠳᠠᠯ ᠳᠤ ᠬᠤᠯᠪᠤᠭᠳᠠᠪᠠᠯ᠂ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢᠨ ᠦᠨᠡᠯᠡᠨ ᠵᠢᠱᠢᠯᠲᠡ ᠬᠢᠬᠦ ᠶᠢᠨ ᠬᠠᠮᠲᠤ ᠭᠡᠷᠡᠴᠢᠯᠡᠭᠡ ᠰᠣᠨᠣᠰᠬᠤ ᠬᠤᠷᠠᠯ ᠵᠡᠷᠭᠡ ᠤᠯᠠᠨ ᠵᠦᠢᠯ ᠤᠨ ᠬᠡᠯᠪᠡᠷᠢ ᠪᠠᠷ ᠡᠯ᠎ᠡ ᠲᠠᠯ᠎ᠠ ᠶᠢᠨ ᠰᠠᠨᠠᠯ ᠢ ᠰᠤᠨᠤᠰᠬᠤ ᠬᠡᠷᠡᠭᠲᠡᠶ᠃      ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ᠂ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠠᠬᠢ ᠠᠰᠢᠭ ᠲᠤᠰᠠ ᠶᠢᠨ ᠬᠤᠯᠪᠣᠭᠳᠠᠬᠤ ᠲᠠᠯ᠎ᠠ ᠪᠣᠯᠤᠨ ᠨᠡᠶᠢᠭᠡᠮ ᠤᠨ ᠣᠯᠠᠨ ᠨᠡᠶᠢᠲᠡ ᠶᠢᠨ ᠰᠠᠨᠠᠯ ᠪᠣᠯᠤᠨ ᠰᠠᠨᠠᠭᠤᠯᠭ᠎ᠠ ᠶᠢ ᠣᠶᠢᠯᠠᠭᠠᠵᠤ᠂ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠦᠨᠡᠯᠡᠨ ᠵᠢᠱᠢᠵᠦ᠂ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠡᠷᠡᠭᠲᠡᠶ᠃      ᠭᠤᠴᠢᠳᠤᠭᠠᠷ ᠵᠦᠶ᠋ᠯ ᠲᠣᠭᠤᠷᠢᠭ ᠤᠨ ᠵᠠᠰᠠᠭ ᠤᠨ ᠣᠷᠳᠣᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠭᠠᠷᠭᠠᠬᠤ ᠠᠴᠠ ᠡᠮᠦᠨ᠎ᠡ᠂ ᠬᠡᠷᠡᠭᠴᠡᠭᠡ ᠪᠠᠨ ᠦᠨᠳᠦᠰᠦᠯᠡᠨ ᠣᠯᠠᠨ ᠵᠦᠶ᠋ᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠯ ᠪᠥᠬᠦᠶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠷᠠᠳᠴᠢᠯᠠᠭᠰᠠᠨ ᠨᠠᠮ ᠪᠦᠯᠦᠭ᠂ ᠨᠡᠶᠢᠭᠡᠮ ᠤᠨ ᠪᠦᠯᠬᠦᠮ᠂ ᠲᠤᠰᠬᠠᠶ ᠮᠡᠷᠭᠡᠵᠢᠯᠲᠡᠨ ᠡᠷᠳᠡᠮᠲᠡᠨ᠂ ᠨᠡᠶᠢᠭᠡᠮ ᠨᠡᠶᠢᠲᠡ ᠵᠡᠷᠭᠡ ᠲᠠᠯ᠎ᠠ ᠶᠢᠨ ᠰᠠᠨᠠᠯ ᠪᠠ ᠰᠠᠨᠠᠭᠤᠯᠭ᠎ᠠ ᠶᠢ ᠰᠣᠨᠣᠰᠪᠠ᠃ ᠬᠠᠮᠢᠶ᠎ᠠ ᠪᠥᠬᠦᠶ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠪᠠ ᠣᠶᠤᠨ ᠤ ᠳᠡᠮᠵᠢᠯᠭᠡ ᠬᠠᠩᠭᠠᠨ᠎ᠠ᠃      ᠭᠤᠴᠢᠨ ᠨᠢᠭᠡᠳᠦᠭᠡᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢᠳᠡᠪᠬᠢᠲᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠨᠠᠭᠠᠴᠢᠯᠠᠭ᠎ᠠ ᠠᠴᠠ ᠪᠠᠨ ᠲᠥᠯᠥᠪᠵᠢᠭᠦᠯᠵᠦ᠂ ᠵᠥᠷᠢᠴᠡᠯ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ ᠠᠬᠢᠭᠤᠯᠬᠤ ᠶᠢ ᠴᠢᠩᠭᠠᠳᠬᠠᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃      ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠡᠷᠬᠡᠪᠰᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠯ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠲᠥᠷᠥ ᠶᠢᠨ ᠪᠣᠳᠣᠯᠭ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠨ᠂ ᠬᠠᠮᠵᠢᠯᠴᠠᠨ ᠪᠣᠭᠤᠮᠲᠠ ᠰᠢᠪᠲᠤᠯᠬᠤ ᠶᠢ ᠴᠢᠩᠭᠠᠷᠠᠭᠤᠯᠵᠤ᠂ ᠬᠡᠷᠡᠭᠵᠢᠭᠦᠯᠦᠭᠰᠡᠨ ᠪᠠᠶᠢᠳᠠᠯ ᠢᠶᠠᠨ ᠴᠠᠭ ᠲᠤᠬᠠᠶ ᠳᠤᠨᠢ ᠮᠥᠷᠳᠡᠬᠦ ᠪᠠ ᠬᠠᠷᠢᠭᠤ ᠲᠤᠰᠬᠠᠬᠤ ᠬᠡᠷᠡᠭᠲᠡᠶ᠃ ᠣᠯᠠᠨ ᠰᠠᠯᠠᠭ᠎ᠠ ᠮᠥᠴᠢᠷ ᠤᠳ ᠣᠷᠣᠯᠴᠠᠬᠤ ᠳᠤ ᠬᠤᠯᠪᠣᠭᠳᠠᠭᠰᠠᠨ ᠠᠵᠢᠯ ᠢ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠭᠤᠤᠯᠯᠠᠬᠤ ᠦᠢᠯᠡᠳᠦᠯ ᠢᠶᠠᠨ ᠪᠠᠳᠠᠷᠠᠭᠤᠯᠵᠤ᠂ ᠬᠠᠮᠵᠢᠯᠴᠠᠨ ᠭᠦᠢᠴᠡᠳᠬᠡᠬᠦ ᠰᠠᠯᠠᠭ᠎ᠠ ᠮᠥᠴᠢᠷ ᠤᠳ ᠢᠳᠡᠪᠬᠢᠲᠡᠶ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃      ᠵᠢᠷᠭᠤᠳᠤᠭᠠᠷ ᠪᠦᠯᠦᠭ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠲᠦᠯᠬᠢᠨ ᠠᠬᠢᠭᠤᠯᠬᠤ      ᠭᠤᠴᠢᠨ ᠬᠤᠶᠠᠳᠤᠭᠠᠷ ᠵᠦᠶ᠋ᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠢᠯᠡ ᠲᠣᠳᠣ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠠᠷᠴᠢᠮ ᠪᠣᠯᠭᠠᠵᠤ᠂ ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠦᠭᠡᠢ ᠶᠢ ᠣᠨᠴᠠᠭᠠᠶ ᠪᠠᠶᠢᠳᠠᠯ ᠪᠣᠯᠭᠠᠬᠤ ᠶᠢ ᠪᠠᠷᠢᠮᠲᠠᠯᠠᠨ᠂ ᠰᠢᠶ᠋ᠳᠪᠦᠷᠢᠲᠦ ᠪᠣᠳᠣᠯᠭ᠎ᠠ ᠶᠢ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠶ᠋ᠯᠡᠴᠢᠯᠡᠬᠦ᠂ ᠦᠷ᠎ᠡ ᠳ᠋ᠦᠩ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃      ᠭᠤᠴᠢᠨ ᠭᠤᠷᠪᠠᠳᠤᠭᠠᠷ ᠵᠦᠶ᠋ᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠯᠭᠠᠨ ᠬᠢᠨᠠᠬᠤ ᠲᠦᠷᠢᠮ᠂ ᠨᠡᠶᠢᠭᠡᠮ ᠤᠨ ᠦᠨᠡᠯᠡᠨ ᠶᠠᠷᠢᠯᠴᠠᠬᠤ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠵᠤ᠂ ᠦᠨᠡᠯᠡᠨ ᠶᠠᠷᠢᠯᠴᠠᠬᠤ ᠬᠡᠷᠡᠭᠲᠡᠶ᠃      ᠭᠤᠴᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠪᠦᠭᠦᠳᠡ ᠬᠤᠷᠠᠯ ᠪᠣᠯᠤᠨ ᠪᠠᠶᠢᠩᠭᠤ ᠶᠢᠨ ᠬᠤᠷᠠᠯ ᠢᠶᠠᠷ ᠶᠠᠷᠢᠯᠴᠠᠨ ᠲᠣᠭᠲᠠᠭᠠᠭᠰᠠᠨ ᠵᠦᠢᠯ ᠤᠨ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ ᠮᠥᠴᠢᠷ ᠤᠨ ᠲᠣᠭᠲᠠᠭᠠᠭᠰᠠᠨ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠳᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠶᠢ ᠭᠠᠷᠭᠠᠪᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠡᠰ ᠳᠠᠷᠠᠭᠠᠯᠠᠯ ᠤᠨ ᠶᠣᠰᠣᠭᠠᠷ ᠴᠠᠭ ᠲᠤᠬᠠᠶ ᠳᠤᠨᠢ ᠨᠡᠶᠢᠲᠡᠯᠡᠬᠦ ᠬᠡᠷᠡᠭᠲᠡᠶ᠃      ᠭᠤᠴᠢᠨ ᠲᠠᠪᠤᠳᠤᠭᠠᠷ ᠵᠣᠷᠪᠤᠰ᠂ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠤᠷᠠᠯ ᠠᠴᠠ ᠪᠠᠶᠢᠳᠠᠯ ᠢ ᠦᠵᠡᠵᠦ ᠪᠠᠶᠢᠭᠠᠳ ᠠᠰᠢᠭ ᠲᠤᠰᠠ ᠶᠢᠨ ᠬᠠᠮᠢᠶ᠎ᠠ ᠲᠠᠢ ᠲᠠᠯ᠎ᠠ᠂ ᠣᠯᠠᠨ ᠨᠡᠶᠢᠲᠡ ᠶᠢᠨ ᠲᠥᠯᠥᠭᠡᠯᠡᠭᠴᠢ᠂ ᠲᠤᠰᠬᠠᠶ ᠮᠡᠷᠭᠡᠵᠢᠯᠲᠡᠨ᠂ ᠵᠠᠭᠤᠴᠢᠯᠠᠭᠤᠷ ᠵᠡᠷᠭᠡ ᠶᠢ ᠤᠷᠢᠵᠤ ᠰᠤᠯᠠ ᠣᠷᠣᠯᠴᠠᠭᠤᠯᠤᠨ᠎ᠠ᠃      ᠭᠤᠴᠢᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠡᠷᠬᠡ ᠠᠰᠢᠭ᠂ ᠥᠷᠭᠡᠨ ᠢᠶᠠᠷ ᠮᠡᠳᠡᠬᠦ ᠴᠢᠬᠤᠯᠠᠲᠠᠶ ᠵᠦᠢᠯᠡᠰ ᠪᠠ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠵᠦᠢᠯᠡᠰ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠢᠯᠡ ᠪᠣᠯᠭᠠᠬᠤ ᠴᠢᠬᠤᠯᠠᠲᠠᠶ ᠵᠦᠢᠯᠡᠰ ᠪᠦᠬᠦᠨ ᠢ ᠴᠥᠮ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠣᠷᠳᠣᠨ ᠤ ᠠᠯᠪᠠᠨ ᠮᠡᠳᠡᠭᠡ᠂ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠶᠣᠰᠣᠭᠠᠷ ᠴᠠᠭ ᠲᠤᠬᠠᠶ ᠳᠤᠨᠢ᠂ ᠪᠥᠬᠦ ᠲᠠᠯ᠎ᠠ ᠪᠠᠷ ᠣᠨᠣᠪᠴᠢᠲᠠᠶ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠵᠠᠬ᠎ᠠ ᠳᠡᠯᠭᠡᠭᠦᠷ ᠪᠠ ᠨᠡᠶᠢᠭᠡᠮ ᠤᠨ ᠲᠤᠰᠬᠠᠯ ᠢ ᠠᠩᠬᠠᠷᠴᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ᠂ ᠰᠤᠳᠤᠯᠤᠨ ᠮᠠᠭᠠᠳᠯᠠᠬᠤ᠂ ᠰᠢᠢᠳᠪᠤᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠬᠡᠷᠡᠭᠲᠡᠶ᠃      ᠭᠤᠴᠢᠨ ᠲᠤᠯᠤᠳᠤᠭᠠᠷ ᠵᠦᠢᠯ ᠲᠤᠭᠤᠷᠢᠭ ᠤᠨ ᠵᠠᠰᠠᠭ ᠤᠨ ᠤᠷᠳᠤᠨ ᠵᠢᠴᠢ ᠡᠯ᠎ᠡ ᠰᠠᠯᠠᠭ᠎ᠠ ᠮᠦᠴᠢᠷ ᠨᠢ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠬᠢᠬᠡᠳ ᠤᠩᠰᠢᠨ ᠲᠠᠶᠢᠯᠪᠤᠷᠢᠯᠠᠬᠤ ᠲᠦᠰᠦᠯ᠂ ᠤᠩᠰᠢᠨ ᠲᠠᠶᠢᠯᠪᠤᠷᠢᠯᠠᠬᠤ ᠮᠠᠲ᠋ᠧᠷᠢᠶᠠᠯ ᠢ ᠵᠡᠷᠬᠡᠪᠡᠷ ᠵᠤᠬᠢᠶᠠᠨ ᠪᠠᠶᠢᠭᠤᠯᠵᠦ᠂ ᠢᠵᠢᠯ ᠠᠯᠬᠤᠮ ᠢᠶᠠᠷ ᠬᠢᠨᠠᠨ ᠭᠠᠷ ᠤᠨ ᠦᠰᠦᠭ ᠵᠢᠷᠤᠵᠦ᠂ ᠵᠡᠷᠭᠡᠪᠡᠷ ᠪᠠᠶᠢᠷᠢᠯᠠᠭᠤᠯᠬᠤ ᠶᠢ ᠪᠠᠷᠢᠮᠳᠠᠯᠠᠵᠦ᠂ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠪᠤᠳᠠᠳᠤ ᠦᠷ᠎ᠡ ᠪᠦᠳᠦᠮᠵᠢ ᠶᠢ ᠦᠨᠡᠨᠬᠦ ᠴᠢᠩᠭᠠᠳᠬᠠᠵᠦ᠂ ᠲᠦᠷᠦ ᠶᠢᠨ ᠪᠤᠳᠤᠯᠭ᠎ᠠ ᠶᠢᠨ ᠵᠤᠷᠢᠯᠳᠠ ᠶᠢ ᠤᠨᠤᠪᠴᠢᠳᠠᠢ ᠲᠠᠮᠵᠢᠭᠤᠯᠤᠨ᠂ ᠨᠡᠶᠢᠬᠡᠮ ᠤᠨ ᠵᠢᠱᠢᠯᠳᠡ ᠶᠢ ᠲᠤᠨᠨᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠳᠤ ᠬᠦᠴᠦ ᠨᠡᠮᠡᠷᠢᠯᠡᠬᠦ ᠬᠡᠷᠡᠭᠳᠡᠢ᠃      ᠭᠤᠴᠢᠨ ᠨᠠᠢᠮᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠥᠭᠦᠯᠡᠭᠴᠢ ᠶᠢᠨ ᠲᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠰᠣᠨᠢᠨ ᠮᠡᠳᠡᠭᠡᠨ ᠤ ᠥᠭᠦᠯᠡᠭᠴᠢ ᠶᠢᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠴᠢᠬᠤᠯᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠣᠯᠠᠨ ᠨᠡᠶᠢᠲᠡ ᠶᠢᠨ ᠮᠠᠳᠠᠭ ᠲᠠᠢ ᠠᠰᠠᠭᠤᠳᠠᠯ ᠢ ᠢᠳᠡᠪᠬᠢᠲᠡᠶ ᠬᠠᠷᠢᠭᠤᠯᠵᠤ᠂ ᠦᠨᠡᠨ ᠪᠣᠳᠠᠲᠠᠶ ᠪᠤᠰᠤ ᠶᠠᠷᠢᠶ᠎ᠠ ᠶᠢ ᠴᠠᠭ ᠲᠤᠬᠠᠶ ᠳᠤᠨᠢ ᠲᠣᠳᠣᠷᠬᠠᠶᠢᠯᠠᠨ᠂ ᠬᠦᠨᠳᠦ ᠶᠡᠭᠡ ᠭᠡᠨᠡᠳᠲᠡ ᠶᠢᠨ ᠬᠡᠷᠡᠭ ᠤᠨ ᠮᠡᠳᠡᠭᠡ ᠵᠠᠩᠭᠢ ᠶᠢ ᠡᠷᠬᠡ ᠰᠦᠷ ᠲᠠᠢ ᠪᠠᠷ ᠨᠡᠶᠢᠲᠡᠯᠡᠬᠦ ᠬᠡᠷᠡᠭᠲᠡᠶ᠃      ᠳᠣᠯᠣᠳᠤᠭᠠᠷ ᠪᠦᠯᠦᠭ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠦᠨ᠎ᠡ      ᠭᠤᠴᠢ ᠶᠢᠰᠦᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠨᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠵᠢᠯ ᠢᠶᠠᠨ ᠬᠢᠨᠠᠮᠠᠭᠠᠶ ᠬᠠᠷᠢᠭᠤᠴᠠᠯᠭ᠎ᠠ ᠲᠠᠢ ᠪᠠᠷ ᠮᠡᠳᠡᠭᠦᠯᠵᠦ᠂ ᠯᠠᠪᠯᠠᠨ ᠠᠰᠠᠭᠤᠬᠤ᠂ ᠲᠤᠯᠭᠠᠨ ᠯᠠᠪᠯᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠶ ᠬᠦᠢᠴᠡᠳᠬᠡᠨ᠎ᠡ︔ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠡᠯ᠎ᠡ ᠣᠯᠠᠨ ᠲᠦᠮᠡᠨ ᠤ ᠪᠦᠯᠬᠦᠮ ᠤᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠶ ᠬᠦᠢᠴᠡᠳᠬᠡᠵᠦ᠂ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠶ ᠪᠠᠷ ᠰᠣᠨᠣᠰᠬᠤ ᠬᠡᠷᠡᠭᠲᠡᠶ᠃      ᠳᠥᠴᠢᠳᠦᠭᠡᠷ ᠵᠦᠢᠯ ᠣᠷᠣᠨ ᠤ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶᠠᠨ ᠤ ᠬᠠᠤᠯᠢ ᠶᠣᠰᠣᠭᠠᠷ ᠶᠠᠪᠤᠭᠤᠯᠬᠤ ᠬᠢᠨᠠᠯᠲᠠ ᠲᠠᠯᠪᠢᠯᠲᠠ ᠶᠢ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠬᠦᠯᠢᠶᠡᠵᠦ᠂ ᠵᠠᠰᠠᠭ ᠵᠠᠬᠢᠷᠭᠠᠨ ᠤ ᠵᠠᠭᠠᠯᠳᠤᠯᠭ᠎ᠠ ᠶᠢ ᠬᠦᠯᠢᠶᠡᠬᠦ ᠠᠵᠢᠯ ᠢ ᠰᠠᠶᠢᠲᠤᠷ ᠬᠢᠵᠦ᠂ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠯᠲᠠ᠂ ᠲᠣᠭᠲᠠᠭᠠᠯᠲᠠ ᠶᠢ ᠬᠦᠨᠳᠦᠳᠬᠡᠬᠦ ᠶᠢᠨ ᠬᠠᠮᠲᠤ ᠤᠬᠠᠮᠰᠠᠷ ᠠᠴᠠ ᠪᠠᠨ ᠭᠦᠢᠴᠡᠳᠬᠡᠬᠦ ᠶᠢᠨ ᠵᠡᠷᠭᠡᠴᠡᠪᠡᠷ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠬᠢᠨᠠᠯᠲᠠ ᠲᠠᠯᠪᠢᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠬᠢᠨᠠᠮᠠᠭᠠᠶ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃      ᠳᠥᠴᠢᠨ ᠨᠢᠭᠡᠳᠦᠭᠡᠷ ᠵᠦᠢᠯ ᠣᠷᠣᠨ ᠤ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ ᠮᠥᠴᠢᠷ ᠤᠳ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠵᠠᠰᠠᠭ ᠵᠠᠬᠢᠷᠭᠠᠨ ᠤ ᠮᠠᠷᠭᠤᠭᠠᠨ ᠢ ᠬᠠᠤᠯᠢ ᠶᠣᠰᠣᠭᠠᠷ ᠴᠠᠭ ᠲᠤᠬᠠᠶ ᠳᠤᠨᠢ ᠲᠣᠬᠢᠲᠠᠶ ᠰᠢᠶ᠋ᠳᠪᠦᠷᠢᠯᠡᠬᠦ ᠬᠡᠷᠡᠭᠲᠡᠶ᠃      ᠳᠥᠴᠢᠨ ᠬᠤᠶᠠᠳᠤᠭᠠᠷ ᠵᠦᠢᠯ ᠣᠷᠣᠨ ᠤ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ ᠮᠥᠴᠢᠷ ᠤᠳ ᠨᠡᠶᠢᠭᠡᠮ ᠤᠨ ᠣᠯᠠᠨ ᠨᠡᠶᠢᠲᠡ ᠪᠣᠯᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠤᠯᠪᠣᠭᠳᠠᠯ ᠪᠦᠬᠦᠢ ᠪᠠᠶᠢᠳᠠᠯ ᠢ ᠬᠢᠨᠠᠮᠠᠭᠠᠶ ᠪᠠᠶᠢᠴᠠᠭᠠᠨ ᠬᠢᠨᠠᠨ ᠬᠠᠷᠭᠤᠭᠤᠯᠵᠤ᠂ ᠴᠠᠭ ᠲᠤᠬᠠᠶ ᠳᠤᠨᠢ ᠬᠠᠤᠯᠢ ᠶᠣᠰᠣᠭᠠᠷ ᠰᠢᠶ᠋ᠳᠪᠦᠷᠢᠯᠡᠬᠦ ᠪᠠ ᠠᠵᠢᠯ ᠢᠶᠠᠨ ᠬᠠᠯᠠᠨ ᠰᠠᠶᠢᠵᠢᠷᠠᠭᠤᠯᠬᠤ ᠬᠡᠷᠡᠭᠲᠡᠶ᠃ ᠴᠢᠬᠤᠯᠠ ᠶᠡᠭᠡ ᠠᠰᠠᠭᠤᠳᠠᠯ ᠳᠤ ᠪᠣᠯ ᠰᠢᠶ᠋ᠳᠪᠦᠷᠢᠯᠡᠭᠰᠡᠨ ᠦᠷ᠎ᠡ ᠳ᠋ᠦᠩ ᠢ ᠨᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠳᠥᠴᠢᠨ ᠭᠤᠷᠪᠠᠳᠤᠭᠠᠷ ᠵᠦᠶ᠋ᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠬᠤᠯᠠᠴᠢᠯᠠᠨ ᠦᠵᠡᠵᠦ᠂ ᠰᠢᠶ᠋ᠳᠪᠦᠷᠢᠯᠡᠬᠦ ᠰᠡᠳᠬᠢᠬᠦᠶ ᠪᠠᠨ ᠴᠢᠩᠭᠠᠷᠠᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠶ᠋ᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠪᠠᠨ ᠵᠣᠬᠢᠴᠠᠭᠤᠯᠬᠤ᠂ ᠡᠷᠬᠡ ᠠᠰᠢᠭ ᠢᠶᠠᠨ ᠪᠠᠲᠤᠯᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ ᠬᠡᠷᠡᠭᠲᠡᠶ︔ ᠵᠠᠰᠠᠭ ᠤᠨ ᠣᠷᠳᠣᠨ ᠤ ᠤᠳᠤᠷᠢᠳᠬᠤ ᠨᠥᠬᠦᠳ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠤᠳᠤᠷᠢᠳᠤᠯᠭ᠎ᠠ ᠶᠢᠨ ᠰᠤᠷᠪᠤᠯᠵᠢᠯᠠᠭ᠎ᠠ ᠶᠢ ᠬᠦᠯᠢᠶᠡᠨ ᠠᠪᠬᠤ ᠲᠦᠷᠢᠮ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠮᠳᠠᠭᠤᠯᠤᠨ ᠰᠢᠶ᠋ᠳᠪᠦᠷᠢᠯᠡᠬᠦ ᠬᠡᠷᠡᠭᠲᠡᠶ᠃      ᠳᠥᠴᠢᠨ ᠳᠥᠷᠪᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠰᠢᠯᠭᠠᠬᠤ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠬᠡᠯᠡᠯᠴᠡᠬᠦ ᠶᠢ ᠴᠢᠩᠳᠠᠯᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ᠂ ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠲᠠᠯ᠎ᠠ ᠶᠢᠨ ᠬᠢᠨᠠᠨ ᠰᠢᠯᠭᠠᠵᠤ ᠦᠨᠡᠯᠡᠨ ᠵᠢᠱᠢᠬᠦ ᠶᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠵᠢᠴᠢ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠷᠮᠠᠰᠢᠭᠤᠯᠤᠨ ᠬᠢᠵᠠᠭᠠᠷᠯᠠᠬᠤ᠂ ᠪᠤᠷᠤᠭᠤ ᠶᠢ ᠠᠭᠤᠴᠢᠯᠠᠨ ᠪᠠᠭᠲᠠᠭᠠᠬᠤ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠦᠨ᠎ᠡ᠃      ᠨᠠᠶ᠋ᠮᠠᠳᠤᠭᠠᠷ ᠪᠦᠯᠦᠭ ᠬᠤᠷᠠᠯ ᠤᠨ ᠳᠦᠷᠢᠮ      ᠳᠥᠴᠢᠨ ᠲᠠᠪᠤᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠪᠦᠭᠦᠳᠡ ᠬᠤᠷᠠᠯ᠂ ᠪᠠᠶᠢᠩᠭᠤ ᠶᠢᠨ ᠬᠤᠷᠠᠯ᠂ ᠲᠤᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠣᠯᠤᠨ ᠲᠤᠰᠬᠠᠶ ᠰᠡᠳᠦᠪᠲᠦ ᠬᠤᠷᠠᠯ ᠤᠨ ᠳᠦᠷᠢᠮ ᠢ ᠬᠡᠷᠡᠭᠵᠢᠭᠦᠯᠦᠨ᠎ᠡ᠃      ᠳᠥᠴᠢᠨ ᠵᠢᠷᠭᠤᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠦᠭᠦᠳᠡ ᠬᠤᠷᠠᠯ ᠢ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠪᠣᠯᠤᠨ ᠠᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠭᠦᠯᠵᠦ᠂ ᠲᠣᠭᠤᠷᠢᠭ ᠤᠨ ᠳᠠᠷᠤᠭ᠎ᠠ ᠠᠴᠠ ᠬᠤᠷᠠᠯ ᠡᠷᠬᠢᠯᠡᠪᠡ᠃ ᠬᠡᠷᠡᠭᠴᠡᠭᠡ ᠪᠠᠨ ᠦᠨᠳᠦᠰᠦᠯᠡᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠠᠵᠢᠯ ᠤᠨ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢ ᠲᠣᠬᠢᠷᠠᠭᠤᠯᠵᠤ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ ᠪᠣᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠤᠨ ᠭᠤᠤᠯ ᠡᠭᠦᠷᠭᠡ ᠪᠣᠯ᠄      ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠢᠬᠤᠯᠠ ᠰᠢᠶ᠋ᠳᠪᠦᠷᠢ᠂ ᠲᠣᠭᠲᠠᠭᠠᠯ ᠢ ᠤᠯᠠᠮᠵᠢᠯᠠᠨ ᠲᠤᠭᠤᠰᠢᠯᠠᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠳᠤᠷᠠᠳᠤᠨ᠎ᠠ︔      ︵ᠬᠤᠶᠠᠷ︶ ᠣᠷᠣᠨ ᠤ ᠵᠠᠰᠠᠭ ᠤᠨ ᠣᠷᠳᠣᠨ ᠤ ᠠᠵᠢᠯ ᠤᠨ ᠳᠤᠮᠳᠠᠬᠢ ᠴᠢᠬᠤᠯᠠ ᠶᠡᠭᠡ ᠵᠦᠢᠯᠡᠰ ᠢ ᠶᠠᠷᠢᠯᠴᠠᠨ ᠲᠣᠭᠲᠠᠭᠠᠨ᠎ᠠ︔      ︵ᠭᠤᠷᠪᠠ︶ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠠᠵᠢᠯ ᠢ ᠪᠠᠶᠢᠷᠢᠯᠠᠭᠤᠯᠤᠨ᠎ᠠ᠃      ᠳᠥᠴᠢᠨ ᠳᠣᠯᠣᠳᠤᠭᠠᠷ ᠵᠦᠶᠢᠯ ᠲᠣᠭᠤᠷᠢᠭ ᠤᠨ ᠵᠠᠰᠠᠭ ᠤᠨ ᠣᠷᠳᠣᠨ ᠤ ᠪᠠᠢᠩᠬᠤ ᠶᠢᠨ ᠬᠤᠷᠠᠯ ᠢ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠪᠠ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠪᠠᠷ ᠪᠦᠷᠢᠯᠳᠦᠭᠦᠯᠵᠦ᠂ ᠲᠣᠭᠤᠷᠢᠭ ᠤᠨ ᠳᠠᠷᠤᠭ᠎ᠠ ᠪᠤᠶᠤ ᠲᠣᠭᠤᠷᠢᠭ ᠤᠨ ᠳᠠᠷᠤᠭ᠎ᠠ ᠠᠴᠠ ᠪᠠᠢᠩᠬᠤ ᠶᠢᠨ ᠠᠵᠢᠯ ᠢ ᠬᠠᠷᠢᠭᠤᠴᠠᠬᠤ ᠲᠣᠭᠤᠷᠢᠭ ᠤᠨ ᠳᠡᠳ᠋ᠳᠠᠷᠤᠭ᠎ᠠ ᠠᠴᠠ ᠬᠤᠷᠠᠯᠳᠤᠭᠤᠯᠵᠤ ᠡᠷᠬᠢᠯᠡᠨ᠎ᠡ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠪᠣᠯᠤᠨ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠬᠠᠤᠯᠢ ᠴᠠᠭᠠᠵᠠ ᠶᠢᠨ ᠵᠥᠪᠯᠡᠭᠴᠢ ᠬᠤᠷᠠᠯ ᠳᠤ ᠰᠤᠯᠠ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠳᠡᠳ᠋ ᠡᠷᠬᠢᠯᠡᠭᠴᠢ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠳᠡᠳ᠋ ᠲᠡᠷᠢᠭᠦᠯᠡᠭᠴᠢ ᠶᠢ ᠤᠷᠢᠵᠤ ᠬᠤᠷᠠᠯ ᠳᠤ ᠰᠤᠯᠠ ᠣᠷᠣᠯᠴᠠᠭᠤᠯᠤᠨ᠂ ᠬᠡᠷᠡᠭᠴᠡᠭᠡ ᠪᠠᠨ ᠦᠨᠳᠦᠰᠦᠯᠡᠨ ᠡᠯ᠎ᠡ ᠪᠠᠯᠭᠠᠰᠤ ︵ᠵᠡᠭᠡᠯᠢ ᠭᠤᠳᠤᠮᠵᠢ︶ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠢ ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠭᠤᠤᠯ ᠡᠭᠦᠷᠭᠡ ᠪᠣᠯ᠄      ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠶ᠋ᠳᠪᠦᠷᠢ᠂ ᠲᠣᠭᠲᠠᠭᠠᠯ ᠪᠠ ᠬᠤᠷᠠᠯ ᠤᠨ ᠵᠣᠷᠢᠭ ᠰᠠᠨᠠᠭ᠎ᠠ ᠵᠢᠴᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠶ᠋ᠳᠪᠦᠷᠢ᠂ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠤᠨ ᠳᠤᠷᠠᠳᠤᠨ᠎ᠠ︔      ︵ᠬᠤᠶᠠᠷ︶ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ᠪᠦᠬᠦ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠯᠤᠰ ᠬᠡᠳᠤ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ᠂ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ᠂ ᠲᠥᠰᠦᠪ ᠤᠨ ᠭᠦᠢᠴᠡᠳᠬᠡᠯ ᠢ ᠬᠢᠨᠠᠨ ᠵᠥᠪᠯᠡᠦᠨ᠎ᠡ︔      ︵ᠭᠤᠷᠪᠠ︶ ᠲᠤᠭᠤᠷᠢᠭ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠢ ᠬᠢᠨᠠᠨ ᠵᠥᠪᠯᠡᠵᠦ᠂ ᠲᠤᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ︔      ︵ᠳᠥᠷᠪᠡ︶ ᠶᠠᠷᠢᠯᠴᠠᠬᠤ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠵᠡᠷᠭᠡ ᠳᠤ ᠳᠡᠪᠰᠢᠭᠦᠯᠦᠨ ᠬᠢᠨᠠᠨ ᠵᠥᠪᠯᠡᠭᠦᠯᠬᠦ ᠴᠢᠬᠤᠯᠠ ᠵᠦᠢᠯᠡᠰ ᠪᠤᠶᠤ ᠪᠢᠴᠢᠭ ᠮᠠᠲ᠋ᠧᠷᠢᠶᠠᠯ︔      ︵ᠲᠠᠪᠤ︶ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠭᠰᠠᠨ ᠴᠢᠬᠤᠯᠠ ᠶᠡᠭᠡ ᠲᠤᠰᠬᠠᠶ ᠠᠵᠢᠯ ᠢ ᠰᠤᠳᠤᠯᠤᠨ᠎ᠠ︔ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠵᠦᠢᠯᠡᠰ ᠢ ᠶᠠᠷᠢᠯᠴᠠᠪᠠ︔      ︵ᠵᠢᠷᠭᠤᠭ᠎ᠠ︶ ᠲᠤᠭᠤᠷᠢᠭ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠤᠨ ᠳᠤᠮᠳᠠ ᠪᠥᠬᠦ ᠲᠠᠯ᠎ᠠ ᠶᠢᠨ ᠠᠵᠢᠯ ᠵᠢᠴᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠴᠢᠬᠤᠯᠠᠲᠠᠶ ᠴᠢᠬᠤᠯᠠ ᠵᠦᠢᠯᠡᠰ ᠢ ᠶᠠᠷᠢᠯᠴᠠᠨ ᠲᠣᠭᠲᠠᠭᠠᠨ᠎ᠠ︔      ︵ᠳᠣᠯᠤᠭ᠎ᠠ︶ ᠵᠠᠰᠠᠭ ᠤᠨ ᠣᠷᠳᠣᠨ ᠤ ᠬᠥᠬᠢᠭᠦᠯᠦᠨ ᠱᠠᠩᠨᠠᠬᠤ᠂ ᠴᠢᠬᠤᠯᠠ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠠᠶᠢᠭᠤᠯᠬᠤ ᠵᠡᠷᠭᠡ ᠵᠦᠢᠯᠡᠰ ᠢ ᠬᠢᠨᠠᠨ ᠵᠥᠪᠯᠡᠪᠡ︔      ︵ᠨᠠᠢᠮᠠ︶ ᠪᠤᠰᠤᠳ ᠴᠢᠬᠤᠯᠠ ᠵᠦᠢᠯᠡᠰ ᠢ ᠵᠠᠷᠯᠠᠨ ᠮᠡᠳᠡᠭᠳᠡᠬᠦ ᠪᠠ ᠶᠠᠷᠢᠯᠴᠠᠪᠠ᠃      ᠳᠥᠴᠢᠨ ᠨᠠᠢᠮᠠᠳᠤᠭᠠᠷ ᠵᠦᠶᠢᠯ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠢ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ ᠪᠠ ᠠᠯᠪᠠᠨ ᠭᠡᠷ ᠤᠨ ᠡᠷᠬᠢᠯᠡᠭᠴᠢ ᠪᠠᠷ ᠪᠦᠷᠢᠯᠳᠦᠭᠦᠯᠵᠦ᠂ ᠲᠣᠭᠤᠷᠢᠭ ᠤᠨ ᠳᠠᠷᠤᠭ᠎ᠠ ᠪᠤᠶᠤ ᠲᠣᠭᠤᠷᠢᠭ ᠤᠨ ᠳᠠᠷᠤᠭ᠎ᠠ ᠠᠴᠠ ᠪᠠᠢᠩᠬᠤ ᠶᠢᠨ ᠠᠵᠢᠯ ᠢ ᠬᠠᠷᠢᠭᠤᠴᠠᠬᠤ ᠲᠣᠭᠤᠷᠢᠭ ᠤᠨ ᠳᠡᠳ᠋ᠳᠠᠷᠤᠭ᠎ᠠ ᠠᠴᠠ ᠬᠤᠷᠠᠯᠳᠤᠭᠤᠯᠤᠨ ᠡᠷᠬᠢᠯᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠤᠷᠠᠯᠳᠤᠭᠤᠯᠤᠨ᠎ᠠ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠵᠤ᠂ ᠬᠡᠷᠡᠭᠴᠡᠭᠡ ᠪᠠᠨ ᠦᠨᠳᠦᠰᠦᠯᠡᠨ ᠡᠯ᠎ᠡ ᠪᠠᠯᠭᠠᠰᠤ ︵ᠵᠡᠭᠡᠯᠢ ᠭᠤᠳᠤᠮᠵᠢ︶ ᠪᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢ ᠲᠣᠬᠢᠷᠠᠭᠤᠯᠤᠨ ᠬᠤᠷᠠᠯ ᠳᠤ ᠰᠤᠯᠠ ᠣᠷᠣᠯᠴᠠᠭᠤᠯᠵᠤ ᠪᠣᠯᠤᠨ᠎ᠠ᠃ ᠲᠤᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠤᠨ ᠭᠤᠤᠯ ᠡᠭᠦᠷᠭᠡ ᠪᠣᠯ᠄      ︵ᠨᠢᠭᠡ︶ ᠴᠢᠬᠤᠯᠠ ᠠᠵᠢᠯ ᠤᠨ ᠪᠠᠶᠢᠳᠠᠯ ᠢ ᠰᠣᠯᠢᠯᠴᠠᠨ᠎ᠠ᠃      ︵ᠬᠤᠶᠠᠷ︶ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠢᠢᠳᠪᠦᠷᠢᠯᠡᠭᠦᠯᠬᠦ ᠴᠢᠬᠤᠯᠠᠲᠠᠶ ᠴᠢᠬᠤᠯᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃      ︵ᠭᠤᠷᠪᠠ︶ ᠡᠳ᠋ ᠤᠨ ᠵᠠᠰᠠᠭ ᠤᠨ ᠪᠡᠯᠡ ᠮᠦᠩᠭᠦ ᠶᠢᠨ ᠬᠤᠪᠢᠶᠠᠷᠢᠯᠠᠯᠲᠠ ᠪᠠ ᠴᠢᠬᠤᠯᠠ ᠶᠡᠭᠡ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠲᠤᠬᠢᠷᠠᠭᠤᠯᠤᠯᠲᠠ ᠵᠡᠷᠭᠡ ᠵᠦᠢᠯᠡᠰ ᠢ ᠰᠤᠳᠤᠯᠤᠨ᠎ᠠ︔      ︵ᠳᠥᠷᠪᠡ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠰᠣᠨᠣᠰᠬᠤᠢ︶ ᠡᠯ᠎ᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠲᠠᠯ᠎ᠠ ᠶᠢᠨ ᠴᠢᠬᠤᠯᠠ ᠠᠵᠢᠯ ᠤᠨ ᠬᠠᠷᠢᠭᠤ ᠮᠡᠳᠡᠭᠦᠯᠦᠯᠲᠡ︔      ︵ᠲᠠᠪᠤ︶ ᠲᠤᠭᠤᠷᠢᠭ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯ ᠤᠨ ᠳᠤᠮᠳᠠᠬᠢ ᠪᠤᠰᠤᠳ ᠴᠢᠬᠤᠯᠠ ᠵᠦᠶ᠋ᠯᠡᠰ ᠢ ᠰᠤᠳᠤᠯᠤᠨ᠎ᠠ᠃      ᠳᠥᠴᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠢ ᠶᠡᠷᠦᠳᠡᠭᠡᠨ ᠲᠣᠭᠤᠷᠢᠭ ᠤᠨ ᠳᠠᠷᠤᠭ᠎ᠠ ᠪᠤᠶᠤ ᠳᠡᠳ᠋ ᠳᠠᠷᠤᠭ᠎ᠠ ᠬᠤᠷᠠᠯᠳᠤᠭᠤᠯᠬᠤ ᠶᠢᠨ ᠬᠠᠮᠲᠤ ᠡᠷᠬᠢᠯᠡᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠳᠤ ᠨᠠᠶᠢᠳᠠᠵᠤ ᠬᠤᠷᠠᠯᠳᠤᠭᠤᠯᠬᠤ ᠶᠢᠨ ᠬᠠᠮᠲᠤ ᠡᠷᠬᠢᠯᠡᠬᠦᠯᠵᠦ ᠪᠣᠯᠤᠨ᠎ᠠ᠃ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠬᠠᠷᠢᠭᠤᠴᠠᠯᠭᠠᠲᠠᠨ ᠬᠡᠷᠡᠭᠴᠡᠭᠡ ᠪᠠᠨ ᠦᠨᠳᠦᠰᠦᠯᠡᠨ ᠬᠤᠷᠠᠯ ᠳᠤ ᠣᠷᠣᠯᠴᠠᠪᠠ᠃ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠭᠤᠤᠯ ᠡᠭᠦᠷᠭᠡ ᠪᠣᠯ ᠲᠣᠭᠤᠷᠢᠭ ᠤᠨ ᠳᠡᠳ᠋ ᠳᠠᠷᠤᠭ᠎ᠠ ᠶᠢᠨ ᠬᠤᠪᠢᠳᠠᠨ ᠬᠠᠮᠢᠶᠠᠷᠬᠤ ᠠᠵᠢᠯ ᠤᠨ ᠳᠤᠮᠳᠠᠬᠢ ᠪᠣᠳᠠᠲᠠᠶ ᠠᠰᠠᠭᠤᠳᠠᠯ ᠪᠣᠯᠤᠨ ᠲᠤᠰᠬᠠᠶ ᠵᠦᠢᠯ ᠤᠳ ᠢ ᠰᠤᠳᠤᠯᠬᠤ᠂ ᠵᠣᠬᠢᠴᠠᠭᠤᠯᠬᠤ᠂ ᠰᠢᠢᠤᠡᠪᠤᠷᠢᠯᠡᠬᠦ ᠶᠠᠪᠤᠳᠠᠯ ᠪᠣᠯᠤᠨ᠎ᠠ᠃      ᠲᠠᠪᠢᠳᠤᠭᠠᠷ ᠵᠦᠢᠯ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠴᠢᠬᠤᠯᠠ ᠲᠠᠢ ᠵᠥᠪᠯᠡᠬᠦ ᠰᠡᠳᠦᠪ ᠢ ᠭᠤᠤᠯᠯᠠᠨ ᠡᠷᠬᠢᠯᠡᠬᠦ ᠰᠠᠯᠠᠭ᠎ᠠ ᠮᠥᠴᠢᠷ ᠨᠢ ᠤᠷᠢᠳᠠᠪᠠᠷ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠪᠢᠴᠢᠭ ᠢᠶᠠᠷ ᠬᠤᠷᠢᠶᠠᠬᠤ ᠶᠢᠨ ᠬᠠᠮᠲᠤ ᠵᠣᠬᠢᠴᠠᠩᠭᠤᠶ ᠪᠥᠭᠡᠳ ᠨᠢᠭᠡᠳᠦᠯᠲᠡᠶ ᠪᠠᠶᠢᠯᠭᠠᠬᠤ ᠬᠡᠷᠡᠭᠲᠡᠶ᠃ ᠵᠣᠬᠢᠴᠠᠭᠤᠯᠤᠭᠠᠳ ᠰᠠᠨᠠᠯ ᠨᠢᠭᠡᠳᠴᠦ ᠳᠡᠶᠢᠯᠬᠦ ᠦᠭᠡᠶ ᠪᠣᠯ ᠭᠤᠤᠯ ᠡᠷᠬᠢᠯᠡᠨ ᠭᠦᠢᠴᠡᠳᠬᠡᠬᠦ ᠰᠠᠯᠠᠭ᠎ᠠ ᠮᠥᠴᠢᠷ ᠨᠢ ᠵᠣᠬᠢᠴᠠᠭᠤᠯᠬᠤ ᠲᠠᠶᠢᠯᠪᠤᠷᠢ ᠳᠠᠭᠠᠯᠳᠤᠭᠤᠯᠵᠤ᠂ ᠡᠯ᠎ᠡ ᠲᠠᠯ᠎ᠠ ᠶᠢᠨ ᠬᠢᠨ ᠤ ᠦᠨᠳᠦᠰᠦᠯᠡᠯ ᠢ ᠵᠢᠭᠰᠠᠭᠠᠨ ᠲᠣᠳᠣᠷᠬᠠᠶᠢᠯᠠᠵᠤ᠂ ᠬᠤᠪᠢᠳᠠᠨ ᠬᠠᠮᠢᠶᠠᠷᠬᠤ ᠳᠡᠳ᠋ ᠲᠣᠭᠤᠷᠢᠭ ᠤᠨ ᠳᠠᠷᠤᠭ᠎ᠠ ᠳᠤ ᠮᠡᠳᠡᠭᠦᠯᠵᠦ ᠵᠣᠬᠢᠴᠠᠭᠤᠯᠬᠤ ᠬᠡᠷᠡᠭᠲᠡᠶ᠃ ᠵᠣᠬᠢᠴᠠᠯᠳᠤᠨ ᠰᠠᠨᠠᠯ ᠨᠢᠭᠡᠳᠦᠭᠰᠡᠨ ᠤ ᠳᠠᠷᠠᠭ᠎ᠠ᠂ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠬᠡᠷᠡᠭᠲᠡᠶ᠃ ᠵᠥᠪᠳᠡᠯᠴᠡᠭᠡᠳ ᠰᠠᠨᠠᠯ ᠨᠢᠭᠡᠳᠦᠭᠰᠡᠨ ᠦᠭᠡᠶ ᠵᠥᠪᠯᠡᠬᠦ ᠰᠡᠳᠦᠪ ᠢ ᠵᠠᠷᠴᠢᠮ ᠳᠡᠭᠡᠷ᠎ᠡ ᠪᠠᠨ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠦᠭᠡᠶ᠃      ᠬᠢᠨᠠᠨ ᠵᠥᠪᠯᠡᠭᠦᠯᠬᠦ ᠪᠠᠷ ᠳᠡᠪᠰᠢᠭᠦᠯᠬᠦ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠨᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠵᠡᠷᠭᠡ ᠴᠢᠬᠤᠯᠠ ᠵᠥᠪᠯᠡᠬᠦ ᠵᠦᠢᠯ ᠤᠨ ᠵᠦᠢᠯᠡᠰ ᠢ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠭᠰᠠᠨ ᠤ ᠳᠠᠷᠠᠭ᠎ᠠ ᠳᠡᠭᠡᠭᠰᠢ ᠮᠡᠳᠡᠭᠦᠯᠬᠦ ᠬᠡᠷᠡᠭᠲᠡᠶ᠃      ᠲᠠᠪᠢᠨ ᠨᠢᠭᠡᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠰᠤᠳᠤᠯᠤᠭᠤᠯᠬᠤ ᠵᠥᠪᠯᠡᠬᠦ ᠰᠡᠳᠦᠪ ᠤᠨ ᠮᠠᠲ᠋ᠧᠷᠢᠶᠠᠯ ᠢ ᠭᠤᠣᠯᠯᠠᠨ ᠡᠷᠬᠢᠯᠡᠬᠦ ᠰᠠᠯᠠᠭ᠎ᠠ ᠮᠥᠴᠢᠷ ᠬᠤᠷᠠᠯ ᠠᠴᠠ ᠡᠮᠦᠨ᠎ᠡ 7 ᠠᠵᠢᠯᠯᠠᠬᠤ ᠡᠳᠦᠷ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠦᠷᠭᠡᠵᠦ ᠬᠢᠨᠠᠨ ᠬᠠᠷᠭᠤᠭᠤᠯᠤᠨ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠷᠠᠯ ᠠᠴᠠ ᠡᠮᠦᠨ᠎ᠡ ᠬᠤᠷᠠᠯ ᠳᠤ ᠣᠷᠣᠯᠴᠠᠭᠰᠠᠳ ᠲᠤ ᠬᠦᠷᠭᠡᠵᠦ ᠥᠭᠭᠦᠨ᠎ᠡ᠃ ᠣᠨᠴᠠᠭᠠᠢ ᠪᠠᠶᠢᠳᠠᠯ ᠠᠴᠠ ᠭᠠᠳᠠᠨ᠎ᠠ᠂ ᠬᠤᠷᠠᠯ ᠠᠴᠠ ᠡᠮᠦᠨ᠎ᠡ ᠵᠦᠪᠯᠡᠬᠦ ᠰᠡᠳᠦᠪ ᠢ ᠶᠡᠷᠦ ᠳᠡᠭᠡᠨ ᠲᠦᠷ ᠴᠠᠭ ᠬᠦᠯᠢᠶᠡᠨ ᠠᠪᠴᠤ ᠰᠢᠢᠳᠪᠦᠷᠢᠯᠡᠬᠦ ᠦᠭᠡᠢ᠃      ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠵᠥᠪᠯᠡᠬᠦ ᠰᠡᠳᠦᠪ ᠢ ᠭᠠᠷᠭᠠᠨ ᠠᠪᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠪᠢᠨ ᠪᠢᠴᠢᠵᠦ᠂ ᠬᠤᠷᠠᠯ ᠤᠨ ᠪᠢᠴᠢᠭ ᠮᠠᠲ᠋ᠧᠷᠢᠶᠠᠯ ᠨᠢ ᠵᠥᠪᠯᠡᠬᠦ ᠰᠡᠳᠦᠪ ᠤᠨ ᠪᠠᠶᠢᠳᠠᠯ ᠪᠠ ᠡᠯ᠎ᠡ ᠲᠠᠯ᠎ᠠ ᠶᠢᠨ ᠰᠠᠨᠠᠯ ᠢ ᠪᠦᠬᠦ ᠲᠠᠯ᠎ᠠ ᠪᠠᠷ ᠣᠨᠣᠪᠴᠢᠲᠠᠶ ᠲᠤᠰᠬᠠᠵᠤ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠵᠤ᠂ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ᠂ ᠠᠯᠤᠰ ᠬᠡᠳᠤ ᠶᠢᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠲᠤᠪᠤᠶᠢᠯᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠤᠯᠪᠣᠭᠳᠠᠭᠰᠠᠨ ᠪᠣᠯ᠂ ᠯᠣᠭᠢᠭ ᠨᠢᠭᠲᠠ ᠴᠢᠩᠭ᠎ᠠ ᠪᠠᠶᠢᠵᠤ᠂ ᠵᠦᠢᠯ ᠵᠤᠷᠪᠤᠰ ᠨᠢ ᠲᠣᠳᠣᠷᠬᠠᠶ ᠪᠥᠭᠡᠳ ᠪᠣᠳᠠᠲᠠᠶ᠂ ᠦᠭᠡ ᠥᠭᠦᠯᠡᠪᠦᠷᠢ ᠶᠢ ᠣᠨᠣᠪᠴᠢᠲᠠᠶ ᠪᠥᠭᠡᠳ ᠳᠥᠭᠦᠮ ᠳᠥᠲᠡ ᠪᠠᠶᠢᠯᠭᠠᠬᠤ ᠬᠡᠷᠡᠭᠲᠡᠶ᠃      ᠲᠠᠪᠢᠨ ᠬᠤᠶᠠᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠠᠵᠢᠯ ᠤᠨ ᠲᠣᠬᠢᠷᠠᠭᠤᠯᠤᠯᠲᠠ ᠪᠠᠨ ᠤᠷᠢᠳᠴᠢᠯᠠᠨ ᠰᠠᠶᠢᠲᠤᠷ ᠬᠢᠵᠦ᠂ ᠲᠤᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠲᠤᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠲᠤᠰᠬᠠᠶ ᠰᠡᠳᠦᠪᠲᠦ ᠬᠤᠷᠠᠯ ᠳᠤ ᠴᠠᠭ ᠲᠤᠬᠠᠶ ᠳᠤᠨᠢ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠨᠴᠠᠭᠠᠢ ᠪᠠᠶᠢᠳᠠᠯ ᠠᠴᠠ ᠭᠠᠳᠠᠨ᠎ᠠ᠂ ᠵᠠᠷᠴᠢᠮ ᠳᠡᠭᠡᠷ᠎ᠡ ᠪᠠᠨ ᠴᠢᠯᠥᠭᠡ ᠭᠤᠶᠤᠬᠤ ᠦᠭᠡᠢ ᠪᠠᠶᠢᠬᠤ ᠬᠡᠷᠡᠭᠲᠡᠢ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠵᠤ ᠳᠡᠶᠢᠯᠬᠦ ᠥᠬᠡᠶ ᠪᠠ ᠲᠣᠭᠤᠷᠢᠭ ᠤᠨ ᠳᠠᠷᠤᠭ᠎ᠠ ᠠᠴᠠ ᠴᠢᠯᠥᠭᠡ ᠭᠤᠶᠤᠪᠠ︔ ᠬᠤᠷᠠᠯ ᠳᠤ ᠣᠷᠣᠯᠴᠠᠭᠰᠠᠳ ᠬᠤᠷᠠᠯ ᠳᠤ ᠣᠷᠣᠯᠴᠠᠵᠤ ᠳᠡᠶᠢᠯᠬᠦ ᠥᠬᠡᠶ ᠪᠣᠯ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠲᠣᠭᠤᠷᠢᠭ ᠤᠨ ᠳᠠᠷᠤᠭ᠎ᠠ ᠳᠤ ᠮᠡᠳᠡᠭᠦᠯᠦᠨ᠎ᠡ᠃      ᠲᠠᠪᠢᠨ ᠭᠤᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠲᠡᠮᠳᠡᠭᠯᠡᠯ ᠢ ᠲᠣᠭᠤᠷᠢᠭ ᠤᠨ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠲᠣᠪᠴᠢ ᠶᠢ ᠬᠤᠯᠪᠣᠭᠳᠠᠯ ᠪᠦᠬᠦᠢ ᠠᠵᠢᠯ ᠢ ᠬᠤᠪᠢᠳᠠᠨ ᠬᠠᠮᠢᠶᠠᠷᠴᠤ ᠪᠦᠬᠦᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠭᠠᠷ ᠤᠨ ᠦᠰᠦᠭ ᠵᠢᠷᠤᠵᠤ ︵ᠡᠭᠦᠨ ᠤ ᠳᠣᠲᠣᠷ᠎ᠠ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠬᠠᠰᠤᠵᠤ ᠬᠡᠯᠲᠦᠷᠢᠭᠦᠯᠬᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ᠂ ᠣᠯᠠᠨ ᠨᠡᠶᠢᠲᠡ ᠶᠢᠨ ᠡᠬᠢ ᠪᠠᠶᠠᠯᠢᠭ ᠢ ᠰᠢᠯᠵᠢᠭᠦᠯᠦᠨ ᠥᠭᠬᠦ᠂ ᠣᠨᠴᠠ ᠵᠥᠪᠰᠢᠶᠡᠷᠡᠯ ᠲᠠᠢ ᠪᠠᠷ ᠡᠵᠡᠩᠨᠡᠬᠦ᠂ ᠭᠠᠵᠠᠷ ᠰᠢᠷᠣᠶ ᠶᠢ ᠬᠡᠷᠡᠭᠯᠡᠬᠦ ᠵᠡᠷᠭᠡ ᠵᠦᠢᠯᠡᠰ ᠤᠨ ᠲᠣᠪᠴᠢ ᠲᠡᠮᠳᠡᠭᠯᠡᠯ ᠡᠷᠬᠡᠪᠰᠢ ᠲᠤᠭᠤᠷᠢᠭ ᠤᠨ ᠳᠠᠷᠤᠭ᠎ᠠ ᠪᠠᠷ ᠬᠢᠨᠠᠨ ᠲᠣᠭᠲᠠᠭᠠᠯᠭᠠᠬᠤ ᠬᠡᠷᠡᠭᠲᠡᠶ︶᠂ ᠨᠠᠶᠢᠳᠠᠯᠭ᠎ᠠ ᠶᠢ ᠬᠦᠯᠢᠶᠡᠭᠰᠡᠨ ᠬᠥᠮᠦᠨ ᠠᠴᠠ ᠬᠢᠨᠠᠨ ᠲᠣᠭᠲᠠᠭᠠᠬᠤ ᠬᠡᠷᠡᠭᠲᠡᠶ᠃      ᠲᠠᠪᠢᠨ ᠳᠥᠷᠪᠡᠳᠦᠭᠡᠷ ᠵᠦᠢᠯ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ ᠲᠤᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠣᠯᠤᠨ ᠲᠤᠰᠬᠠᠶ ᠰᠡᠳᠦᠪᠲᠦ ᠬᠤᠷᠠᠯ ᠤᠨ ᠲᠣᠭᠲᠠᠭᠠᠭᠰᠠᠨ ᠵᠦᠢᠯᠡᠰ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠠᠷᠢᠭᠤᠴᠠᠨ ᠱᠠᠯᠠᠪᠳᠠᠭᠤᠯᠤᠨ ᠰᠢᠢᠤᠡᠪᠤᠷᠢᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠠᠴᠠ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ᠎ᠡ᠃      ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ᠳᠠᠷᠤᠮᠠᠯᠯᠠᠨ ᠲᠠᠷᠬᠠᠭᠠᠬᠤ ᠪᠠᠷ ᠲᠣᠭᠲᠠᠭᠠᠭᠰᠠᠨ ᠪᠢᠴᠢᠭ ᠮᠠᠲ᠋ᠧᠷᠢᠶᠠᠯ ᠢ ᠶᠠᠷᠢᠯᠴᠠᠨ ᠪᠠᠲᠤᠯᠠᠬᠤ ᠳᠤ᠂ ᠵᠠᠷᠴᠢᠮ ᠳᠡᠭᠡᠷ᠎ᠡ ᠪᠠᠨ ᠬᠤᠷᠠᠯ ᠳᠠᠭᠤᠰᠤᠭᠰᠠᠨ ᠤ ᠳᠠᠷᠠᠭᠠᠬᠢ 5 ᠠᠵᠢᠯᠯᠠᠬᠤ ᠡᠳᠦᠷ ᠤᠨ ᠳᠣᠲᠣᠷ᠎ᠠ ᠡᠷᠬᠡᠪᠰᠢ ᠳᠠᠷᠤᠮᠠᠯᠯᠠᠨ ᠲᠠᠷᠬᠠᠭᠠᠬᠤ ᠬᠡᠷᠡᠭᠲᠡᠶ︔ ᠪᠢᠴᠢᠭ ᠮᠠᠲ᠋ᠧᠷᠢᠶᠠᠯ ᠳᠤ ᠴᠢᠬᠤᠯᠠ ᠶᠡᠭᠡ ᠵᠠᠰᠠᠪᠤᠷᠢ ᠣᠷᠣᠭᠤᠯᠬᠤ ᠪᠤᠶᠤ ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠰᠤᠳᠤᠯᠤᠨ ᠵᠣᠬᠢᠴᠠᠭᠤᠯᠬᠤ ᠴᠢᠬᠤᠯᠠᠲᠠᠶ ᠪᠣᠯ᠂ ᠲᠤᠭᠤᠷᠪᠢᠨ ᠪᠢᠴᠢᠬᠦ ᠰᠠᠯᠠᠭ᠎ᠠ ᠮᠥᠴᠢᠷ ᠤᠳ 10 ᠠᠵᠢᠯᠯᠠᠬᠤ ᠡᠳᠦᠷ ᠤᠨ ᠳᠣᠲᠣᠷ᠎ᠠ ᠵᠠᠰᠠᠪᠤᠷᠢ ᠣᠷᠣᠭᠤᠯᠵᠤ ᠳᠠᠭᠤᠰᠬᠠᠬᠤ ᠶᠢᠨ ᠬᠠᠮᠲᠤ ᠳᠡᠰ ᠳᠠᠷᠠᠭᠠᠯᠠᠯ ᠤᠨ ᠶᠣᠰᠣᠭᠠᠷ ᠮᠡᠳᠡᠭᠦᠯᠵᠦ ᠪᠢᠴᠢᠭ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃      ᠲᠠᠪᠢᠨ ᠲᠠᠪᠤᠳᠤᠭᠠᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠵᠠᠷᠴᠢᠮ ᠶᠣᠰᠣᠭᠠᠷ᠂ ᠪᠦᠬᠦ ᠲᠣᠭᠤᠷᠢᠭ ᠤᠨ ᠴᠢᠨᠠᠷᠲᠠᠢ ᠠᠵᠢᠯ ᠤᠨ ᠬᠤᠷᠠᠯ ᠤᠨ ᠲᠤᠭ᠎ᠠ ᠬᠡᠮᠵᠢᠶ᠎ᠡ᠂ ᠬᠡᠪᠴᠢᠶ᠎ᠡ ᠪᠣᠯᠣᠨ ᠴᠠᠭ ᠤᠨ ᠤᠷᠲᠤ ᠪᠠᠶᠢᠳᠠᠯ ᠢ ᠴᠢᠩᠭ᠎ᠠ ᠬᠢᠵᠠᠭᠠᠷᠯᠠᠬᠤ ᠬᠡᠷᠡᠭᠲᠡᠢ᠃ ᠴᠣᠮᠬᠠᠳᠬᠠᠬᠤ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠠᠪᠠᠭᠠᠨ ᠢᠶᠠᠷ ᠶᠠᠭᠠᠬᠢᠭᠰᠠᠨ ᠴᠤ ᠨᠡᠬᠡᠬᠡᠬᠦ ᠦᠭᠡᠢ᠂ ᠨᠡᠶᠢᠯᠡᠭᠦᠯᠦᠨ ᠬᠤᠷᠠᠯᠳᠤᠭᠤᠯᠵᠤ ᠪᠣᠯᠬᠤ ᠶᠢ ᠡᠷᠡᠰ ᠨᠡᠶᠢᠯᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠠᠰᠠᠭᠤᠳᠠᠯ ᠢ ᠰᠢᠶ᠋ᠳᠪᠦᠷᠢᠯᠡᠵᠦ ᠥᠭᠬᠦ ᠦᠭᠡᠢ ᠪᠣᠯ  ᠬᠤᠷᠠᠯ  ᠬᠤᠷᠠᠯᠳᠤᠭᠤᠯᠬᠤ  ᠦᠭᠡᠢ᠂  ᠰᠠᠯᠠᠭ᠎ᠠ ᠮᠥᠴᠢᠷ ᠤᠨ ᠨᠡᠷ᠎ᠡ ᠪᠠᠷ ᠬᠤᠷᠠᠯᠳᠤᠭᠤᠯᠤᠭᠰᠠᠨ ᠬᠤᠷᠠᠯ  ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ  ᠪᠠᠷ  ᠬᠤᠷᠠᠯᠳᠤᠭᠤᠯᠵᠤ  ᠪᠣᠯᠬᠤ ᠦᠭᠡᠢ᠃      ᠬᠤᠷᠠᠯ ᠤᠨ ᠲᠥᠯᠥᠪᠯᠡᠭᠡ ᠶᠢᠨ ᠳᠡᠭᠡᠭᠰᠢ ᠮᠡᠳᠡᠭᠦᠯᠬᠦ᠂ ᠬᠢᠨᠠᠨ ᠪᠠᠶᠢᠴᠠᠭᠠᠵᠤ ᠳᠠᠩᠰᠠᠯᠠᠭᠤᠯᠬᠤ ᠪᠠ ᠬᠤᠷᠠᠯ ᠤᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠴᠢᠩᠳᠠᠯᠠᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠲᠣᠮᠣ ᠬᠡᠯᠪᠡᠷᠢ ᠶᠢᠨ ᠬᠤᠷᠠᠯ ᠢ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ ᠡᠯ᠎ᠡ ᠰᠠᠯᠠᠭ᠎ᠠ ᠮᠥᠴᠢᠷ ᠲᠣᠰ ᠰᠢᠰᠲ᠋ᠧᠮ ᠤᠨ ᠢᠶᠠᠨ ᠪᠥᠬᠦ ᠣᠷᠣᠨ ᠤ ᠴᠢᠨᠠᠷᠲᠠᠶ ᠬᠤᠷᠠᠯ ᠢ ᠵᠠᠷᠴᠢᠮ ᠳᠡᠭᠡᠷ᠎ᠡ ᠪᠠᠨ ᠵᠢᠯ ᠪᠦᠷᠢ 1 ᠤᠳᠠᠭ᠎ᠠ ᠠᠴᠠ ᠬᠡᠲᠦᠷᠡᠭᠦᠯᠬᠦ ᠥᠬᠡᠶ᠂ ᠲᠣᠭᠤᠷᠢᠭ ᠤᠨ ᠳᠠᠷᠤᠭ᠎ᠠ ᠶᠢ ᠤᠷᠢᠵᠤ ᠬᠤᠷᠠᠯ ᠳᠤ ᠣᠷᠣᠯᠴᠠᠭᠤᠯᠬᠤ ᠥᠬᠡᠶ᠂ ᠲᠣᠭᠤᠷᠢᠭ ᠤᠨ ᠳᠡᠳ᠋ ᠳᠠᠷᠤᠭ᠎ᠠ ᠶᠢ ᠤᠷᠢᠵᠤ ᠬᠤᠷᠠᠯ ᠳᠤ ᠣᠷᠣᠯᠴᠠᠭᠤᠯᠪᠠᠯ᠂ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃      ᠡᠯ᠎ᠡ ᠲᠥᠷᠥᠯ ᠤᠨ ᠠᠵᠢᠯ ᠤᠨ ᠬᠤᠷᠠᠯ ᠢ ᠴᠣᠮᠬᠠᠳᠬᠠᠬᠤ᠂ ᠥᠨᠳᠥᠷ ᠦᠷ᠎ᠡ ᠪᠦᠲᠦᠮᠵᠢᠲᠡᠶ᠂ ᠠᠷᠪᠢᠲᠠᠢ ᠭᠠᠮᠲᠠᠢ ᠪᠠᠶᠢᠯᠭᠠᠬᠤ ᠵᠠᠷᠴᠢᠮ ᠢ ᠰᠠᠶᠢᠲᠤᠷ ᠲᠤᠭᠤᠰᠢᠯᠠᠭᠤᠯᠵᠤ᠂ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠬᠤᠷᠠᠯ ᠴᠥᠭᠡᠨ ᠬᠢᠬᠦ᠂ ᠣᠬᠤᠷ ᠬᠤᠷᠠᠯ ᠬᠢᠬᠦ᠂ ᠲᠤᠰᠠᠲᠠᠶ ᠬᠤᠷᠠᠯ ᠢ ᠬᠤᠷᠠᠯᠳᠤᠭᠤᠯᠬᠤ ᠶᠢ ᠪᠠᠷᠢᠮᠲᠠᠯᠠᠨ᠂ ᠡᠯ᠎ᠡ ᠲᠥᠷᠥᠯ ᠤᠨ ᠬᠤᠷᠠᠯ ᠨᠢ ᠴᠥᠮ ᠭᠤᠤᠯ ᠰᠡᠳᠦᠪ ᠨᠢ ᠲᠣᠳᠣᠷᠬᠠᠶ᠂ ᠪᠡᠯᠡᠳᠬᠡᠯ ᠨᠢ ᠭᠦᠢᠴᠡᠳ᠂ ᠲᠤᠬᠢᠷᠠᠭᠤᠯᠵᠤ᠂ ᠵᠥᠪᠯᠡᠬᠦ ᠵᠦᠢᠯ ᠨᠢ ᠳᠥᠭᠦᠮ᠂ ᠶᠠᠰᠤ ᠴᠢᠨᠠᠷ ᠪᠠ ᠦᠷ᠎ᠡ ᠪᠦᠲᠦᠮᠵᠢ ᠶᠢ ᠨᠢ ᠳᠡᠭᠡᠭᠰᠢᠯᠡᠭᠦᠯᠵᠦ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠶ᠃ ᠶᠢᠰᠦᠳᠦᠭᠡᠷ ᠪᠦᠯᠦᠭ ᠠᠯᠪᠠᠨ ᠪᠢᠴᠢᠭ ᠬᠢᠨᠠᠨ ᠵᠥᠪᠰᠢᠶᠡᠷᠡᠬᠦ      ᠲᠠᠪᠢᠨ ᠵᠢᠷᠭᠤᠳᠤᠭᠠᠷ ᠵᠦᠢᠯ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠠᠯᠪᠠᠨ ᠪᠢᠴᠢᠭ ᠨᠢ ︽ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠪᠢᠴᠢᠭ ᠰᠢᠶ᠋ᠳᠪᠦᠷᠢᠯᠡᠬᠦ ᠠᠵᠢᠯ ᠤᠨ ᠳᠦᠷᠢᠮ︾ ᠤᠨ ᠲᠣᠭᠲᠠᠭᠠᠯ ᠳᠤ ᠨᠡᠶᠢᠴᠡᠵᠦ᠂ ᠠᠯᠪᠠᠨ ᠪᠢᠴᠢᠭ ᠶᠠᠪᠤᠭᠤᠯᠬᠤ ᠳᠦᠷᠢᠮ ᠪᠣᠯᠤᠨ ᠳᠡᠰ ᠳᠠᠷᠠᠭᠠᠯᠠᠯ ᠢ ᠴᠢᠩᠭ᠎ᠠ ᠵᠢᠷᠤᠮᠯᠠᠬᠤ ᠶᠢᠨ ᠬᠠᠮᠲᠤ ᠮᠡᠳᠡᠭᠦᠯᠦᠨ ᠬᠦᠷᠭᠡᠬᠦ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ ᠶᠠᠪᠤᠭᠤᠯᠬᠤ ᠬᠡᠷᠡᠭᠲᠡᠶ᠃ ᠠᠯᠪᠠᠨ ᠪᠢᠴᠢᠭ ᠶᠠᠪᠤᠭᠤᠯᠬᠤ ᠨᠢ ᠦᠨᠡᠨᠬᠦ ᠴᠢᠬᠤᠯᠠ ᠲᠠᠢ ᠪᠠᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ︔ ᠣᠯᠠᠨ ᠲᠣᠯᠣᠭᠠᠢ ᠪᠤᠶᠤ ᠱᠠᠲᠤ ᠠᠯᠤᠰᠯᠠᠨ ᠠᠯᠪᠠᠨ ᠪᠢᠴᠢᠭ ᠮᠡᠳᠡᠭᠦᠯᠵᠦ ᠪᠣᠯᠬᠤ ᠦᠭᠡᠢ᠂ ᠨᠢᠭᠡ ᠪᠢᠴᠢᠭ ᠮᠠᠲ᠋ᠠᠷᠢᠶᠠᠯ ᠢᠶᠠᠷ ᠵᠢᠭᠠᠪᠤᠷᠢ ᠠᠪᠬᠤ ᠬᠡᠷᠡᠭᠲᠡᠢ ᠭᠡᠵᠦ ᠵᠢᠭᠠᠪᠤᠷᠢ ᠠᠪᠴᠤ ᠪᠣᠯᠬᠤ ᠦᠭᠡᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠲᠤᠰᠢᠶᠠᠨ ᠭᠦᠢᠴᠡᠳᠬᠡᠭᠦᠯᠬᠦ ᠵᠦᠶ᠋ᠯᠡᠰ ᠪᠠ ᠡᠷᠬᠡᠪᠰᠢ ᠰᠢᠭᠤᠳ ᠮᠡᠳᠡᠭᠦᠯᠦᠨ ᠬᠦᠷᠭᠡᠬᠦ ᠬᠡᠷᠡᠭᠲᠡᠶ ᠲᠠᠰᠤ ᠨᠢᠭᠤᠴᠠ ᠵᠦᠶ᠋ᠯᠡᠰ ᠢ ᠭᠠᠷᠭᠠᠪᠠᠯ᠂ ᠠᠯᠪᠠᠨ ᠪᠢᠴᠢᠭ ᠢ ᠴᠥᠮ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠦᠷᠭᠡᠵᠦ ᠲᠣᠭᠲᠠᠭᠠᠭᠰᠠᠨ ᠲᠠᠰ ᠳᠠᠷᠠᠭᠠᠯᠠᠯ ᠢᠶᠠᠷ ᠨᠢᠭᠡᠳᠦᠯᠲᠡᠶ ᠰᠢᠶ᠋ᠳᠪᠦᠷᠢᠯᠡᠭᠦᠯᠵᠦ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠬᠤᠪᠢ ᠬᠥᠮᠦᠨ ᠳᠤ ᠰᠢᠭᠤᠳ ᠮᠡᠳᠡᠭᠦᠯᠦᠨ ᠬᠦᠷᠭᠡᠵᠦ ᠪᠣᠯᠬᠤ ᠥᠬᠡᠶ᠃ ᠲᠤᠭᠤᠷᠢᠭ ᠤᠨ ᠵᠠᠰᠠᠭ ᠤᠨ ᠣᠷᠳᠣᠨ ᠨᠢ ᠲᠤᠭᠤᠷᠢᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠳᠤ ᠳᠡᠪᠰᠢᠭᠦᠯᠦᠨ ᠬᠢᠨᠠᠨ ᠵᠥᠪᠯᠡᠬᠦ ᠪᠤᠶᠤ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠬᠠᠮᠲᠤᠷᠠᠨ ᠪᠢᠴᠢᠭ ᠮᠠᠲ᠋ᠧᠷᠢᠶᠠᠯ ᠲᠠᠷᠬᠠᠭᠠᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ ᠡᠬᠡ ᠨᠣᠣᠷᠠᠭ ᠨᠢ ᠠᠭᠤᠯᠭ᠎ᠠ ᠨᠢ ᠭᠤᠣᠯᠳᠠᠭᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠮᠥᠷᠲᠡᠭᠡᠨ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠨᠢ ᠲᠤᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠᠶᠢᠪᠠᠯ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠷᠢᠳᠠᠪᠠᠷ ᠳᠡᠰ ᠳᠠᠷᠠᠭᠠᠯᠠᠯ ᠶᠣᠰᠣᠭᠠᠷ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠢᠨᠠᠨ ᠵᠥᠪᠯᠡᠬᠦ ᠪᠤᠶᠤ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠬᠡᠨ᠎ᠡ᠃      ᠲᠠᠪᠢᠨ ᠳᠣᠯᠣᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠪᠤᠶᠤ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠶᠠᠪᠤᠭᠤᠯᠬᠤ ᠠᠯᠪᠠᠨ ᠪᠢᠴᠢᠭ ᠢ ᠶᠡᠷᠦ ᠳᠡᠭᠡᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠷᠣᠯᠠᠨ ᠲᠤᠭᠤᠷᠪᠢᠭᠰᠠᠨ ᠡᠬᠡ ᠪᠢᠴᠢᠭ ᠢ ᠣᠷᠣᠯᠠᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠬᠠᠷᠢᠭᠤᠴᠠᠨ ᠬᠢᠨᠠᠨ ᠥᠭᠡᠷᠡᠴᠢᠯᠡᠵᠦ᠂ ᠭᠠᠷ ᠤᠨ ᠦᠰᠦᠭ ᠵᠢᠷᠤᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠤᠷᠠᠳᠤᠭᠰᠠᠨ ᠵᠠᠰᠠᠪᠤᠷᠢ ᠣᠷᠣᠭᠤᠯᠬᠤ ᠰᠠᠨᠠᠭᠤᠯᠭ᠎ᠠ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠠᠷᠢᠨ ᠬᠢᠨᠠᠮᠠᠭᠠᠶ ᠰᠤᠳᠤᠯᠵᠤ᠂ ᠱᠠᠭᠠᠷᠳᠠᠯᠭ᠎ᠠ ᠶᠣᠰᠣᠭᠠᠷ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠡᠩ ᠤᠨ ᠪᠠᠶᠢᠳᠠᠯ ᠳᠣᠤᠷ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠢᠨᠠᠨ ᠬᠠᠷᠭᠤᠭᠤᠯᠤᠭᠰᠠᠨ ᠦᠭᠡᠶ ᠠᠯᠪᠠᠨ ᠪᠢᠴᠢᠭ ᠤᠨ ᠡᠬᠡ ᠨᠤᠤᠷᠠᠭ ᠲᠤ ᠰᠢᠭᠤᠳ ᠭᠠᠷ ᠤᠨ ᠦᠰᠦᠭ ᠵᠢᠷᠳ ᠶᠠᠪᠤᠭᠤᠯᠬᠤ ᠦᠭᠡᠶ᠃      ᠡᠯ᠎ᠡ ᠰᠠᠯᠠᠭ᠎ᠠ ᠮᠥᠴᠢᠷ ᠤᠨ ᠲᠤᠭᠤᠷᠢᠭ ᠤᠨ ᠵᠠᠰᠠᠭ ᠤᠨ ᠤᠷᠳᠤᠨ ᠤ ᠤᠷᠤᠯᠠᠨ ᠲᠤᠭᠤᠷᠪᠢᠭᠰᠠᠨ ᠪᠢᠴᠢᠭ ᠮᠠᠲ᠋ᠧᠷᠢᠶᠠᠯ ᠤᠨ ᠭᠤᠤᠯ ᠬᠠᠷᠢᠭᠤᠴᠠᠯᠭᠠᠲᠠᠨ ᠪᠡᠶ᠎ᠡ ᠪᠠᠷ ᠢᠶᠠᠨ ᠬᠢᠨᠠᠨ ᠬᠠᠷᠭᠤᠭᠤᠯᠵᠤ᠂ ᠴᠢᠩᠭ᠎ᠠ ᠠᠳᠬᠤᠨ᠂ ᠦᠰᠦᠭ ᠪᠢᠴᠢᠭ ᠤᠨ ᠬᠠᠭᠤᠳᠠᠰᠤ ᠶᠢ ᠴᠢᠩᠭ᠎ᠠ ᠡᠵᠡᠮᠳᠡᠵᠤ᠂ ᠪᠢᠴᠢᠭ ᠮᠠᠲ᠋ᠧᠷᠢᠶᠠᠯ ᠲᠤᠭᠤᠷᠪᠢᠬᠤ ᠶᠠᠰᠤ ᠴᠢᠨᠠᠷ ᠢ ᠪᠠᠳᠤᠯᠠᠬᠤ ᠬᠡᠷᠡᠭᠲᠠᠢ᠃ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠪᠤᠰᠤᠳ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠪᠠᠶᠢᠪᠠᠯ᠂ ᠭᠤᠤᠯ ᠡᠷᠬᠢᠯᠡᠨ ᠭᠦᠢᠴᠡᠳᠬᠡᠬᠦ ᠰᠠᠯᠠᠭ᠎ᠠ ᠮᠥᠴᠢᠷ ᠨᠢ ᠡᠷᠬᠡᠪᠰᠢ ᠰᠠᠨᠠᠭᠠᠴᠢᠯᠠᠭ᠎ᠠ ᠠᠴᠠ ᠪᠠᠨ ᠬᠤᠯᠪᠣᠭᠳᠠᠬᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠬᠦ ᠬᠡᠷᠡᠭᠲᠡᠶ᠃ ᠬᠡᠷᠪᠡ ᠵᠥᠷᠢᠯᠳᠦᠭᠡᠨ ᠲᠠᠢ ᠪᠣᠯ ᠭᠤᠤᠯ ᠡᠷᠬᠢᠯᠡᠠ ᠭᠦᠢᠴᠡᠳᠬᠡᠬᠦ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠵᠥᠪᠳᠡᠯᠴᠡᠬᠦ ᠬᠡᠷᠡᠭᠲᠡᠶ︔ ᠵᠥᠪᠳᠡᠯᠴᠡᠭᠡᠳ ᠮᠥᠨ ᠬᠦ ᠰᠠᠨᠠᠯ ᠨᠢᠭᠡᠳᠴᠦ ᠳᠡᠶᠢᠯᠬᠦ ᠦᠭᠡᠶ ᠪᠣᠯ ᠭᠤᠤᠯ ᠡᠷᠬᠢᠯᠡᠨ ᠭᠦᠢᠴᠡᠳᠬᠡᠬᠦ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠬᠢᠨ ᠤ ᠤᠴᠢᠷ ᠰᠢᠯᠲᠠᠭᠠᠨ ᠤ ᠦᠨᠳᠦᠰᠦᠯᠡᠯ ᠢ ᠵᠢᠭᠰᠠᠭᠠᠨ ᠲᠣᠳᠣᠷᠬᠠᠶᠢᠯᠠᠵᠤ᠂ ᠲᠣᠳᠣᠷᠬᠠᠶ ᠰᠠᠨᠠᠯ ᠪᠠ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠤᠨ ᠲᠣᠭᠲᠠᠭᠠᠯᠭᠠᠬᠤ ᠬᠡᠷᠡᠭᠲᠡᠶ᠃ ᠪᠢᠴᠢᠭ ᠮᠠᠲ᠋ᠧᠷᠢᠶᠠᠯ ᠪᠠᠭᠤᠯᠭᠠᠵᠤ ᠵᠢᠭᠠᠪᠤᠷᠢ ᠠᠪᠬᠤ ᠳᠠᠭᠠᠨ ᠪᠢᠴᠢᠭ ᠮᠠᠲ᠋ᠧᠷᠢᠶᠠᠯ ᠶᠠᠪᠤᠭᠤᠯᠤᠭᠰᠠᠨ ᠤᠴᠢᠷ ᠰᠢᠯᠲᠠᠭᠠᠨ᠂ ᠰᠠᠨᠠᠯ ᠬᠤᠷᠢᠶᠠᠭᠰᠠᠨ ᠪᠠᠶᠢᠳᠠᠯ ᠵᠡᠷᠭᠡ ᠶᠢ ᠲᠣᠳᠣᠷᠬᠠᠢ ᠪᠢᠴᠢᠬᠦ ᠶᠢᠨ ᠬᠠᠮᠳᠤ᠂ ᠬᠠᠤᠯᠢ ᠶᠤᠰᠤᠴᠢ ᠴᠢᠨᠠᠷ ᠤᠨ ᠲᠤᠳᠤᠷᠬᠠᠶᠢᠯᠠᠯᠳᠠ ᠬᠢᠭᠦ ᠶᠢᠨ ᠬᠠᠮᠳᠤ᠂ ᠬᠡᠷᠡᠭᠴᠡᠭᠡ ᠪᠠᠨ ᠦᠨᠳᠦᠰᠦᠯᠡᠨ ᠲᠦᠷᠦ ᠶᠢᠨ ᠪᠤᠳᠤᠯᠭ᠎ᠠ ᠶᠢ ᠤᠩᠰᠢᠨ ᠲᠠᠶᠢᠯᠪᠤᠷᠢᠯᠠᠬᠤ ᠲᠦᠰᠦᠯ᠂ ᠭᠤᠤᠯᠴᠢ ᠦᠷᠢᠰᠦᠯᠳᠦᠭᠡᠨ ᠤ ᠬᠢᠨᠠᠨ ᠪᠠᠶᠢᠴᠠᠭᠠᠭᠰᠠᠨ ᠰᠠᠨᠠᠯ ᠵᠡᠷᠭᠡ ᠮᠠᠲ᠋ᠧᠷᠢᠶᠠᠯ ᠢ ᠬᠠᠮᠲᠦ ᠳᠤᠨᠢ ᠮᠡᠳᠡᠬᠦᠯᠦᠨ ᠬᠦᠷᠬᠡᠨ᠎ᠠ᠃      ᠰᠠᠯᠠᠭ᠎ᠠ ᠮᠥᠴᠢᠷ ᠤᠨ ᠬᠤᠭᠤᠷᠣᠨᠳᠣ ᠪᠠᠨ ᠰᠠᠨᠠᠯ ᠬᠤᠷᠢᠶᠠᠬᠤ ᠪᠤᠶᠤ ᠬᠠᠮᠲᠤᠷᠠᠨ ᠭᠠᠷ ᠤᠨ ᠦᠰᠦᠭ ᠵᠢᠷᠤᠬᠤ ᠦᠶᠡᠰ᠂ ᠭᠤᠤᠯ ᠡᠷᠬᠢᠯᠡᠠ ᠭᠦᠢᠴᠡᠳᠬᠡᠬᠦ ᠰᠠᠯᠠᠭ᠎ᠠ ᠮᠥᠴᠢᠷ ᠠᠴᠠ ᠠᠰᠲᠠᠭᠠᠨ ᠴᠠᠭ ᠤᠨ ᠬᠢᠵᠠᠭᠠᠷ ᠤᠨ ᠱᠠᠭᠠᠷᠳᠠᠯᠭ᠎ᠠ ᠠᠴᠠ ᠪᠤᠰᠤᠳ᠂ ᠶᠡᠷᠦᠩᠬᠡᠶ ᠳᠤᠨᠢ 7 ᠠᠵᠢᠯᠯᠠᠬᠤ ᠡᠳᠦᠷ ᠤᠨ ᠳᠣᠲᠣᠷ᠎ᠠ ᠬᠠᠷᠢᠭᠤ ᠥᠭᠬᠦ ᠬᠡᠷᠡᠭᠲᠡᠶ︔ ᠣᠨᠴᠣᠭᠤᠶ ᠪᠠᠶᠢᠳᠠᠯ ᠢ ᠲᠣᠭᠲᠠᠭᠰᠠᠨ ᠬᠤᠭᠤᠴᠠᠭᠠᠨ ᠳᠤᠨᠢ ᠬᠠᠷᠢᠭᠤ ᠥᠭᠴᠦ ᠳᠡᠶᠢᠯᠬᠦ ᠦᠭᠡᠶ ᠪᠣᠯ᠂ ᠰᠠᠨᠠᠭᠠᠴᠢᠯᠠᠭ᠎ᠠ ᠠᠴᠠ ᠪᠠᠨ ᠭᠤᠤᠯ ᠡᠷᠬᠢᠯᠡᠠ ᠭᠦᠢᠴᠡᠳᠬᠡᠬᠦ ᠰᠠᠯᠠᠭ᠎ᠠ ᠮᠥᠴᠢᠷ ᠲᠠᠢ ᠨᠡᠪᠲᠡᠷᠡᠯᠴᠡᠬᠦ ᠶᠢᠨ ᠬᠠᠮᠲᠤ ᠬᠠᠷᠢᠭᠤᠯᠲᠠ ᠥᠭᠬᠦ ᠴᠠᠭ ᠤᠨ ᠬᠢᠵᠠᠭᠠᠷ ᠵᠢᠴᠢ ᠠᠷᠭ᠎ᠠ ᠮᠠᠶ᠋ᠢᠭ ᠢ ᠵᠥᠪᠳᠡᠯᠴᠡᠵᠦ ᠪᠠᠶᠢᠭᠠᠳ ᠲᠣᠭᠲᠠᠭᠠᠬᠤ ᠬᠡᠷᠡᠭᠲᠡᠶ᠂ ᠬᠤᠭᠤᠴᠠᠭ᠎ᠠ ᠬᠡᠲᠦᠷᠡᠲᠡᠯ᠎ᠡ ᠬᠠᠷᠢᠭᠤ ᠥᠭᠬᠦ ᠦᠭᠡᠶ ᠪᠣᠯ ᠪᠤᠴᠠᠭᠠᠵᠤ ᠥᠭᠬᠦ ᠦᠭᠡᠶ ᠭᠡᠰᠡᠨ ᠰᠠᠨᠠᠯ ᠦᠭᠡᠶ᠃      ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠡᠷᠬᠡᠪᠰᠢ ᠬᠠᠤᠯᠢ ᠳᠤ ᠲᠤᠭᠲᠠᠭᠠᠭᠰᠠᠨ ᠳᠡᠰ ᠳᠠᠷᠠᠭᠠᠯᠠᠯ ᠢ ᠴᠢᠩᠳᠠ ᠵᠢᠷᠤᠮᠯᠠᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠴᠢᠬᠤᠯᠠ ᠪᠢᠴᠢᠭ ᠮᠠᠲ᠋ᠧᠷᠢᠶᠠᠯ ᠳᠤ ᠦᠨᠡᠯᠡᠨ ᠵᠢᠱᠢᠵᠦ ᠨᠤᠲᠠᠯᠠᠯᠲᠠ ᠬᠢᠬᠦ᠂ ᠦᠷᠭᠡᠨ ᠢᠶᠠᠷ ᠰᠠᠨᠠᠯ ᠬᠤᠷᠢᠶᠠᠬᠤ᠂ ᠬᠠᠤᠯᠢ ᠶᠤᠰᠤᠴᠢ ᠴᠢᠨᠠᠷ ᠢ ᠬᠢᠨᠠᠨ ᠪᠠᠢᠴᠠᠭᠠᠬᠤ᠂ ᠬᠠᠮᠲᠤ ᠪᠠᠷ ᠬᠢᠨᠠᠨ ᠵᠦᠪᠯᠡᠵᠦ ᠲᠤᠭᠲᠠᠭᠠᠬᠤ᠂ ᠨᠡᠢᠭᠡᠮ ᠨᠡᠢᠲᠡ ᠳᠤ ᠢᠯᠡ ᠪᠠᠷ ᠨᠡᠢᠲᠡᠯᠡᠬᠦ ᠵᠡᠷᠭᠡ ᠳᠡᠰ ᠳᠠᠷᠠᠭᠠᠯᠠᠯ ᠢ ᠴᠢᠩᠳᠠ ᠬᠡᠷᠡᠭᠵᠢᠭᠦᠯᠬᠦ ᠬᠡᠷᠡᠭᠲᠡᠢ᠃      ᠲᠠᠪᠢᠨ ᠨᠠᠢᠮᠠᠳᠤᠭᠠᠷ ᠵᠦᠢᠯ ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠭᠰᠡᠨ ᠠᠯᠪᠠᠨ ᠪᠢᠴᠢᠭ ᠢ ᠵᠠᠰᠠᠭ ᠤᠨ ᠣᠷᠳᠣᠨ ᠤ ᠠᠯᠪᠠᠨ ᠭᠡᠷ ᠠᠴᠠ ᠲᠣᠭᠲᠠᠭᠰᠠᠨ ᠳᠡᠰ ᠳᠠᠷᠠᠭᠠᠯᠠᠯ ᠢᠶᠠᠷ ᠨᠢᠭᠡᠳᠦᠯᠲᠡᠶ ᠭᠦᠢᠴᠡᠳᠬᠡᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠰᠤᠳᠤᠯᠤᠨ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠰᠠᠯᠠᠭ᠎ᠠ ᠮᠦᠴᠢᠷ ᠠᠴᠠ ᠠᠯᠪᠠᠨ ᠪᠢᠴᠢᠭ ᠮᠡᠳᠡᠭᠦᠯᠦᠭᠰᠡᠨ ᠨᠢᠭᠡᠴᠡ ᠳᠤ ᠰᠢᠭᠤᠳ ᠬᠠᠷᠢᠭᠤᠯᠲᠠ ᠥᠭᠬᠦ ᠶᠢᠨ ᠬᠠᠮᠲᠤ᠂ ᠵᠠᠰᠠᠭ ᠤᠨ ᠣᠷᠳᠣᠨ ᠤ ᠠᠯᠪᠠᠨ ᠭᠡᠷ ᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠣᠬᠠᠢ ᠳᠤᠨᠢ ᠬᠠᠷᠢᠭᠤ ᠲᠤᠰᠬᠠᠨ᠎ᠠ︔ ᠲᠤᠭᠤᠷᠢᠭ ᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠬᠦ ᠴᠢᠬᠤᠯᠠᠲᠠᠢ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠭᠦᠢᠴᠡᠳᠭᠡᠬᠦ ᠰᠠᠨᠠᠯ ᠢᠶᠠᠨ ᠳᠤᠷᠠᠳᠴᠤ᠂ ᠵᠠᠰᠠᠭ ᠤᠨ ᠣᠷᠳᠣᠨ ᠤ ᠠᠯᠪᠠᠨ ᠭᠡᠷ ᠲᠤ ᠴᠠᠭ ᠲᠣᠬᠠᠢ ᠳᠤᠨᠢ ᠬᠠᠷᠢᠭᠤ ᠲᠤᠰᠬᠠᠨ᠎ᠠ᠃      ᠲᠠᠪᠢ ᠶᠢᠰᠦᠳᠦᠭᠡᠷ ᠵᠦᠢᠯ ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠬᠦ ᠠᠯᠪᠠᠨ ᠪᠢᠴᠢᠭ ᠢ ᠵᠠᠰᠠᠭ ᠤᠨ ᠣᠷᠳᠣᠨ ᠤ ᠠᠯᠪᠠᠨ ᠭᠡᠷ ᠠᠴᠠ ᠢᠷᠡᠭᠦᠯᠦᠭᠰᠡᠨ ᠪᠢᠴᠢᠭ ᠮᠠᠲ᠋ᠧᠷᠢᠶᠠᠯ ᠤᠨ ᠠᠭᠤᠯᠭ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠠᠵᠢᠯ ᠬᠤᠪᠢᠶᠠᠷᠢᠯᠠᠨ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠪᠤᠰᠤᠳ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠰᠢᠯᠵᠢᠭᠦᠯᠦᠨ ᠬᠢᠨᠠᠨ ᠵᠥᠪᠰᠢᠶᠡᠷᠡᠭᠦᠯᠵᠦ᠂ ᠴᠢᠬᠤᠯᠠ ᠶᠡᠭᠡ ᠵᠦᠢᠯᠡᠰ ᠢ ᠲᠣᠭᠤᠷᠢᠭ ᠤᠨ ᠳᠠᠷᠤᠭ᠎ᠠ ᠳᠤ ᠮᠡᠳᠡᠭᠦᠯᠵᠦ ᠭᠠᠷ ᠤᠨ ᠦᠰᠦᠭ ᠵᠢᠷᠤᠭᠤᠯᠵᠤ ᠵᠦᠪᠰᠢᠶᠡᠷᠡᠭᠦᠯᠦᠨ᠎ᠡ᠃      ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠬᠦ ᠠᠯᠪᠠᠨ ᠪᠢᠴᠢᠭ ᠲᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠭᠦᠢᠴᠡᠳᠭᠡᠬᠦ ᠰᠠᠨᠠᠯ ᠢᠶᠠᠨ ᠲᠣᠳᠣᠷᠬᠠᠶ ᠳᠤᠷᠠᠳᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣ ᠵᠥᠷᠢᠯᠳᠦᠭᠡᠨ ᠲᠠᠢ ᠤᠴᠢᠷ ᠶᠠᠪᠤᠳᠠᠯ ᠳᠤ᠂ ᠲᠤᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠨᠥᠬᠦᠳ ᠵᠣᠬᠢᠴᠠᠭᠤᠯᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠰᠠᠨᠠᠯ ᠨᠢᠭᠡᠳᠬᠦ ᠪᠤᠶᠤ ᠬᠡᠯᠪᠠᠶᠢᠬᠦ ᠴᠢᠨᠠᠷᠲᠠᠶ ᠰᠠᠨᠠᠭᠤᠯᠭ᠎ᠠ ᠳᠤᠷᠠᠳᠬᠤ ᠬᠡᠷᠡᠭᠲᠡᠶ᠃ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ ᠨᠢ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠬᠤ ᠨᠥᠬᠦᠳ ᠢ ᠬᠠᠪᠰᠤᠷᠤᠨ ᠵᠣᠬᠢᠴᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃      ᠵᠢᠷᠠᠳᠤᠭᠠᠷ ᠵᠦᠢᠯ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠦᠬᠠᠶ ᠬᠤᠲᠠ ᠶᠢᠨ ᠵᠠᠰᠠᠭ ᠤᠨ ᠣᠷᠳᠣᠨ ᠪᠣᠯᠤᠨ ᠦᠬᠠᠶ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠤᠭᠰᠠᠨ ᠤ ᠳᠠᠷᠠᠭ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠰᠠᠨᠠᠯ ᠪᠣᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠲᠤᠭᠤᠷᠢᠭ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠪᠢᠴᠢᠭ ᠮᠠᠲ᠋ᠧᠷᠢᠶᠠᠯ ᠲᠠᠷᠬᠠᠭᠠᠬᠤ ᠴᠢᠬᠤᠯᠠᠲᠠᠶ ᠪᠣᠯ᠂ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠤᠳ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠣᠷᠣᠯᠠᠨ ᠡᠬᠡ ᠨᠣᠣᠷᠠᠭ ᠲᠤ ᠮᠡᠳᠡᠭᠦᠯᠬᠦ ᠬᠡᠷᠡᠭᠲᠡᠶ᠃ ᠭᠦᠢᠴᠡᠳᠭᠡᠬᠦ ᠴᠠᠭ ᠤᠨ ᠬᠢᠵᠠᠭᠠᠷ ᠦᠭᠡᠢ ᠪᠢᠴᠢᠭ ᠮᠠᠲ᠋ᠧᠷᠢᠶᠠᠯ ᠢ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠨᠢ ᠶᠡᠷᠦ ᠳᠡᠭᠡᠨ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠢᠯᠵᠢᠭᠦᠯᠦᠨ ᠭᠦᠢᠴᠡᠳᠭᠡᠬᠦ ᠰᠠᠨᠠᠯ ᠢ ᠣᠯᠤᠭᠰᠠᠨ ᠤ ᠳᠠᠷᠠᠭ᠎ᠠ 1 ᠰᠠᠷ᠎ᠠ ᠶᠢᠨ ᠳᠣᠲᠣᠷ᠎ᠠ ᠪᠢᠴᠢᠭ ᠮᠠᠲ᠋ᠧᠷᠢᠶᠠᠯ ᠤᠨ ᠣᠷᠣᠯᠠᠨ ᠭᠦᠢᠴᠡᠳᠭᠡᠬᠦ ᠨᠣᠤᠷᠠᠭ ᠢ ᠳᠡᠭᠡᠭᠰᠢ ᠮᠡᠳᠡᠭᠦᠯᠬᠦ ᠬᠡᠷᠡᠭᠲᠡᠶ᠂ ᠤᠨᠴᠠᠭᠠᠢ ᠪᠠᠶᠢᠳᠠᠯ ᠢ 2 ᠰᠠᠷ᠎ᠠ ᠠᠴᠠ ᠬᠡᠲᠦᠷᠡᠭᠦᠯᠵᠦ ᠪᠣᠯᠬᠤ ᠦᠭᠡᠢ᠃      ᠵᠢᠷᠠᠨ ᠨᠢᠭᠡᠳᠦᠭᠡᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠵᠠᠷᠯᠢᠭ᠂ ᠬᠤᠲᠠ ᠶᠢᠨ ᠵᠠᠰᠠᠭ ᠤᠨ ᠣᠷᠳᠣᠨ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠢ ᠮᠡᠳᠡᠭᠦᠯᠦᠨ ᠬᠦᠷᠭᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠤᠷᠠᠳᠤᠭᠰᠠᠨ ᠰᠠᠨᠠᠯ ᠵᠥᠪᠯᠡᠯᠭᠡ ᠵᠢᠴᠢ ᠮᠡᠳᠡᠭᠦᠯᠦᠨ ᠬᠦᠷᠭᠡᠭᠰᠡᠨ ᠪᠤᠰᠤᠳ ᠴᠢᠬᠤᠯᠠ ᠪᠢᠴᠢᠭ ᠮᠠᠲ᠋ᠧᠷᠢᠶᠠᠯ ᠢ ᠲᠣᠭᠤᠷᠢᠭ ᠤᠨ ᠳᠠᠷᠤᠭ᠎ᠠ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃      ᠵᠢᠷᠠᠨ ᠬᠤᠶᠠᠳᠤᠭᠠᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠲᠠᠷᠬᠠᠭᠠᠭᠰᠠᠨ ᠪᠢᠴᠢᠭ ᠮᠠᠲ᠋ᠧᠷᠢᠶᠠᠯ ᠢ ᠲᠣᠭᠤᠷᠢᠭ ᠤᠨ ᠳᠠᠷᠤᠭ᠎ᠠ ᠪᠤᠶᠤ ᠬᠠᠮᠢᠶ᠎ᠠ ᠪᠦᠬᠦᠢ ᠳᠡᠳ᠋ ᠲᠣᠭᠤᠷᠢᠭ ᠤᠨ ᠳᠠᠷᠤᠭ᠎ᠠ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠡᠭᠦᠨ ᠳᠤ ᠶᠡᠷᠦᠩᠬᠡᠶᠢᠯᠡᠭᠰᠡᠨ ᠴᠢᠨᠠᠷᠲᠠᠶ᠂ ᠪᠦᠬᠦ ᠲᠠᠯ᠎ᠠ ᠶᠢᠨ ᠴᠢᠨᠠᠷᠲᠠᠶ ᠴᠢᠬᠤᠯᠠ ᠶᠡᠭᠡ ᠠᠰᠠᠭᠤᠳᠠᠯ ᠳᠤ ᠬᠠᠷᠢᠶᠠᠯᠠᠭᠳᠠᠪᠠᠯ᠂ ᠬᠤᠪᠢᠳᠠᠨ ᠬᠠᠮᠢᠶᠠᠷᠬᠤ ᠳᠡᠳ᠋ ᠲᠣᠭᠤᠷᠢᠭ ᠤᠨ ᠳᠠᠷᠤᠭ᠎ᠠ ᠠᠴᠠ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠭᠰᠠᠨ ᠤ ᠳᠠᠷᠠᠭ᠎ᠠ᠂ ᠲᠣᠭᠤᠷᠢᠭ ᠤᠨ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ︔ ᠣᠨᠴᠠᠭᠠᠶ ᠴᠢᠬᠤᠯᠠ ᠵᠦᠢᠯᠡᠰ ᠲᠤ ᠬᠠᠷᠢᠶᠠᠯᠠᠭᠳᠠᠪᠠᠯ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠲᠣᠭᠤᠷᠢᠭ ᠤᠨ ᠳᠠᠷᠤᠭ᠎ᠠ ᠶᠢᠨ ᠠᠯᠪᠠᠨ ᠬᠤᠷᠠᠯ ᠳᠤ ᠳᠡᠪᠰᠢᠭᠦᠯᠦᠨ ᠶᠠᠷᠢᠯᠴᠠᠭᠤᠯᠵᠤ ᠲᠣᠭᠲᠠᠭᠠᠯᠭᠠᠭᠰᠠᠨ ᠤ ᠳᠠᠷᠠᠭ᠎ᠠ᠂ ᠲᠣᠭᠤᠷᠢᠭ ᠤᠨ ᠳᠠᠷᠤᠭ᠎ᠠ ᠠᠴᠠ ᠭᠠᠷ ᠤᠨ ᠦᠰᠦᠭ ᠵᠢᠷᠤᠵᠤ ᠶᠠᠪᠤᠭᠤᠯᠬᠤ ᠪᠤᠶᠤ ᠲᠣᠭᠤᠷᠢᠭ ᠤᠨ ᠳᠠᠷᠤᠭ᠎ᠠ ᠠᠴᠠ ᠬᠤᠯᠪᠣᠭᠳᠠᠯ ᠪᠦᠬᠦᠢ ᠳᠡᠳ᠋ ᠲᠣᠭᠤᠷᠢᠭ ᠤᠨ ᠳᠠᠷᠤᠭ᠎ᠠ ᠠᠴᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃      ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠪᠢᠴᠢᠭ ᠮᠠᠲ᠋ᠧᠷᠢᠶᠠᠯ ᠪᠠᠭᠤᠯᠭᠠᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠠᠴᠠ ᠬᠢᠨᠠᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠭᠠᠷ ᠤᠨ ᠦᠰᠦᠭ ᠵᠢᠷᠤᠵᠤ᠂ ᠪᠠᠶᠢᠳᠠᠯ ᠢ ᠨᠢ ᠦᠵᠡᠵᠤ ᠲᠣᠭᠤᠷᠢᠭ ᠤᠨ ᠳᠠᠷᠤᠭ᠎ᠠ ᠪᠤᠶᠤ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠡᠩ ᠤᠨ ᠴᠢᠨᠠᠷᠲᠠᠶ ᠶᠠᠪᠤᠳᠠᠯ ᠢ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠠᠴᠠ ᠭᠠᠷ ᠤᠨ ᠦᠰᠦᠭ ᠵᠢᠷᠤᠵᠤ ᠶᠠᠪᠤᠭᠤᠯᠬᠤ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠳᠤ ᠡᠷᠬᠡ ᠣᠯᠭᠤᠵᠤ ᠭᠠᠷ ᠤᠨ ᠦᠰᠦᠭ ᠵᠢᠷᠤᠭᠤᠯᠤᠨ᠎ᠠ᠃      ᠵᠢᠷᠠᠨ ᠭᠤᠷᠪᠠᠳᠤᠭᠠᠷ ᠵᠦᠶ᠋ᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠪᠢᠴᠢᠭ ᠮᠠᠲ᠋ᠧᠷᠢᠶᠠᠯ ᠶᠠᠪᠤᠭᠤᠯᠬᠤ ᠲᠥᠯᠥᠪᠯᠡᠭᠡ ᠶᠢ ᠴᠢᠩᠭ᠎ᠠ ᠬᠡᠷᠡᠭᠵᠢᠭᠦᠯᠵᠦ᠂ ᠪᠢᠴᠢᠭ ᠮᠠᠲ᠋ᠧᠷᠢᠶᠠᠯ ᠶᠠᠪᠤᠭᠤᠯᠬᠤ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ᠂ ᠪᠢᠴᠢᠭ ᠮᠠᠲ᠋ᠧᠷᠢᠶᠠᠯ ᠶᠠᠪᠤᠭᠤᠯᠬᠤ ᠪᠠᠷᠢᠮᠵᠢᠶ᠎ᠠ ᠪᠠ ᠪᠢᠴᠢᠭ ᠮᠠᠲ᠋ᠧᠷᠢᠶᠠᠯ ᠢ ᠴᠢᠩᠭ᠎ᠠ ᠬᠢᠵᠠᠭᠠᠷᠯᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ ᠮᠥᠨ ᠴᠢᠨᠠᠷ ᠤᠨ ᠠᠭᠤᠯᠭ᠎ᠠ ᠦᠭᠡᠶ᠂ ᠶᠠᠪᠤᠭᠤᠯᠵᠤ ᠪᠣᠯᠬᠤ ᠮᠥᠷᠲᠡᠭᠡᠨ ᠶᠠᠪᠤᠭᠤᠯᠬᠤ ᠦᠭᠡᠶ ᠴᠦ ᠪᠣᠯᠬᠤ ᠪᠢᠴᠢᠭ ᠮᠠᠲ᠋ᠧᠷᠢᠶᠠᠯ ᠭᠡᠵᠦ ᠪᠠᠶᠢᠬᠤ ᠦᠭᠡᠶ᠃ ᠬᠠᠤᠯᠢ ᠴᠠᠭᠠᠵᠠ ᠶᠢᠨ ᠳᠦᠷᠢᠮ ᠲᠣᠭᠲᠠᠭᠠᠯ ᠪᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠳᠤ ᠨᠢᠭᠡᠨᠲᠡ ᠲᠣᠳᠣᠷᠬᠠᠶ ᠲᠣᠭᠲᠠᠭᠠᠭᠰᠠᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠤ ᠨᠢᠭᠡᠨᠲᠡ ᠪᠠᠶᠢᠷᠢᠯᠠᠭᠤᠯᠤᠭᠰᠠᠨ ᠮᠥᠷᠲᠡᠭᠡᠨ ᠮᠥᠨ ᠬᠦ ᠲᠤᠬᠢᠷᠠᠬᠤ ᠪᠠᠶᠢᠪᠠᠯ ᠳᠠᠪᠬᠤᠷᠳᠠᠭᠤᠯᠤᠨ ᠪᠢᠴᠢᠭ ᠮᠠᠲ᠋ᠧᠷᠢᠶᠠᠯ ᠶᠠᠪᠤᠭᠤᠯᠵᠤ ᠪᠣᠯᠬᠤ ᠦᠭᠡᠶ᠃ ᠠᠭᠤᠯᠭ᠎ᠠ ᠠᠳᠠᠯᠢᠪᠲᠤᠷ᠂ ᠨᠡᠶᠢᠯᠡᠭᠦᠯᠵᠦ ᠳᠡᠶᠢᠯᠬᠦ ᠢ ᠠᠯᠢ ᠴᠢᠳᠠᠬᠤ ᠪᠠᠷ ᠨᠡᠶᠢᠯᠡᠭᠦᠯᠦᠨ᠎ᠡ᠃ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠵᠦᠢᠯ ᠳᠤ ᠪᠣᠯ ᠰᠠᠯᠠᠭ᠎ᠠ ᠮᠥᠴᠢᠷ ᠨᠢ ᠥᠪᠡᠷᠲᠡᠭᠡᠨ ᠪᠢᠴᠢᠭ ᠮᠠᠲ᠋ᠧᠷᠢᠶᠠᠯ ᠶᠠᠪᠤᠭᠤᠯᠬᠤ ᠪᠤᠶᠤ ᠬᠠᠮᠲᠤᠷᠠᠨ ᠪᠢᠴᠢᠭ ᠮᠠᠲ᠋ᠧᠷᠢᠶᠠᠯ ᠶᠠᠪᠤᠭᠤᠯᠤᠨ᠎ᠠ᠃ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠵᠢᠴᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠂ ᠬᠤᠲᠠ ᠶᠢᠨ ᠱᠠᠲᠤᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠠᠴᠠ ᠪᠠᠭᠤᠯᠭᠠᠭᠰᠠᠨ ᠪᠢᠴᠢᠭ ᠮᠠᠲ᠋ᠧᠷᠢᠶᠠᠯ ᠢ ᠪᠣᠯ ᠵᠣᠬᠢᠴᠠᠯᠳᠤᠬᠤ ᠵᠠᠷᠴᠢᠮ ᠤᠨ ᠶᠣᠰᠣᠭᠠᠷ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠤᠶᠤ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠠᠴᠠ ᠪᠢᠴᠢᠭ ᠮᠠᠲ᠋ᠧᠷᠢᠶᠠᠯ ᠶᠠᠪᠤᠭᠤᠯᠤᠨ᠎ᠠ᠃ ᠠᠵᠢᠯ ᠤᠨ ᠪᠠᠶᠢᠷᠢᠯᠠᠭᠤᠯᠤᠯᠲᠠ ᠶᠢᠨ ᠲᠥᠷᠥᠯ᠂ ᠲᠥᠯᠥᠪᠵᠢᠭᠦᠯᠭᠡ ᠶᠢᠨ ᠲᠥᠷᠥᠯ ᠤᠨ ᠪᠢᠴᠢᠭ ᠮᠠᠲ᠋ᠧᠷᠢᠶᠠᠯ ᠲᠠᠷᠬᠠᠭᠠᠬᠤ ᠶᠢ ᠪᠠᠭᠠᠰᠬᠠᠵᠤ᠂ ᠠᠵᠢᠯ ᠤᠨ ᠬᠤᠪᠢᠶᠠᠷᠢᠯᠠᠯ ᠤᠨ ᠲᠥᠰᠦᠯ ᠢ ᠵᠠᠷᠴᠢᠮ ᠳᠡᠭᠡᠷ᠎ᠡ ᠪᠠᠨ ᠪᠢᠴᠢᠭ ᠮᠠᠲ᠋ᠧᠷᠢᠶᠠᠯ ᠲᠠᠢ ᠨᠡᠶᠢᠯᠡᠭᠦᠯᠦᠨ ᠳᠠᠷᠤᠮᠠᠯᠯᠠᠨ ᠲᠠᠷᠬᠠᠭᠠᠨ᠎ᠠ᠃      ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠮᠡᠳᠡᠭᠦᠯᠦᠨ ᠬᠦᠷᠭᠡᠬᠦ ᠵᠠᠰᠠᠭ ᠤᠨ ᠣᠷᠳᠣᠨ ᠤ ᠠᠯᠪᠠᠨ ᠪᠢᠴᠢᠭ ᠪᠤᠶᠤ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠪᠢᠴᠢᠭ ᠰᠢᠶ᠋ᠳᠪᠦᠷᠢᠯᠡᠬᠦ ᠠᠵᠢᠯ ᠤᠨ ᠲᠦᠷᠢᠮ︾ ᠵᠢᠴᠢ ᠪᠤᠰᠤᠳ ᠠᠯᠪᠠᠨ ᠪᠢᠴᠢᠭ ᠰᠢᠶ᠋ᠳᠪᠦᠷᠢᠯᠡᠬᠦ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠬᠦ ᠥᠬᠡᠶ ᠪᠠᠶᠢᠪᠠᠯ᠂ ᠴᠥᠮ ᠠᠯᠪᠠᠨ ᠪᠢᠴᠢᠭ ᠮᠡᠳᠡᠭᠦᠯᠦᠭᠰᠡᠨ ᠨᠢᠭᠡᠴᠡ ᠳᠤ ᠪᠤᠴᠠᠭᠠᠨ ᠪᠤᠴᠠᠭᠠᠨ᠎ᠠ᠃    ᠠᠷᠪᠠᠳᠤᠭᠠᠷ ᠪᠦᠯᠦᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠰᠢᠮᠳᠠᠭᠤᠯᠤᠨ ᠪᠠᠶᠢᠴᠠᠭᠠᠬᠤ    ᠵᠢᠷᠠᠨ ᠳᠥᠷᠪᠡᠳᠦᠭᠡᠷ ᠵᠤᠷᠪᠤᠰ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢᠨ ᠠᠵᠢᠯ ᠢ ᠦᠨᠡᠨ ᠬᠦ ᠴᠢᠩᠭᠠᠳᠬᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠵᠠᠰᠠᠭ ᠤᠨ ᠣᠷᠳᠣᠨ ᠤ ᠠᠵᠢᠯ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠪᠠᠶᠢᠳᠠᠯ ᠢ ᠴᠠᠭ ᠲᠤᠬᠠᠶ ᠳᠤᠨᠢ ᠲᠤᠰᠬᠠᠵᠤ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠵᠢᠯᠣᠭᠤᠳᠬᠤ ᠳᠤ ᠦᠨᠳᠦᠰᠦᠯᠡᠯ ᠬᠠᠩᠭᠠᠨ᠎ᠠ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠤᠭᠯᠠᠭᠤᠯᠬᠤ ᠪᠠ ᠮᠡᠳᠡᠭᠦᠯᠦᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃      ᠵᠢᠷᠠᠨ ᠲᠠᠪᠤᠳᠤᠭᠠᠷ ᠵᠦᠶ᠋ᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠭᠤᠤᠯ ᠠᠭᠤᠯᠭ᠎ᠠ ᠪᠣᠯ᠄      ︵ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ᠂ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠵᠢᠴᠢ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔      ︵ᠬᠤᠶᠠᠷ︶ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠪᠠᠶᠢᠳᠠᠯ ᠪᠣᠯ ᠪᠦᠬᠦ ᠲᠠᠯ᠎ᠠ ᠶᠢᠨ ᠬᠡᠯᠪᠡᠷᠢᠯ ᠤᠨ ᠴᠢᠨᠠᠷᠲᠠᠢ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠲᠠᠢ ᠬᠤᠯᠪᠣᠭᠳᠠᠨ᠎ᠠ︔      ︵ᠭᠤᠷᠪᠠ︶ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠪᠠ ᠦᠨᠳᠦᠰᠦᠨ ᠱᠠᠲᠤᠨ ᠤ ᠴᠢᠬᠤᠯᠠ ᠠᠰᠠᠭᠤᠳᠠᠯ᠂ ᠰᠠᠨᠠᠯ ᠰᠠᠨᠠᠭᠤᠯᠭ᠎ᠠ︔      ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠵᠠᠰᠠᠭ ᠤᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ ᠵᠢᠴᠢ ᠬᠠᠮᠢᠶ᠎ᠠ ᠪᠥᠬᠦᠶ ᠰᠠᠨᠠᠭᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠲᠠᠪᠤ︶ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠥᠪᠡᠷᠮᠢᠴᠡ ᠠᠷᠭ᠎ᠠ ᠬᠢᠳᠡᠯ ᠪᠠ ᠠᠮᠵᠢᠯᠲᠠ ᠲᠠᠢ ᠲᠤᠷᠰᠢᠯᠭ᠎ᠠ︔      ︵ᠵᠢᠷᠭᠤᠭ᠎ᠠ︶ ᠭᠤᠤᠯᠳᠠᠯᠭ᠎ᠠ ᠲᠠᠢ ᠠᠵᠢᠯ᠂ ᠴᠢᠬᠤᠯᠠ ᠶᠡᠭᠡ ᠪᠠᠶᠢᠳᠠᠯ ᠢ ᠵᠠᠳᠠᠯᠤᠨ ᠲᠥᠰᠦᠭᠡᠯᠡᠬᠦ ᠪᠠ ᠲᠥᠷᠥ ᠶᠢᠨ ᠪᠣᠳᠣᠯᠭ᠎ᠠ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠰᠠᠨᠠᠭᠤᠯᠭ᠎ᠠ︔      ︵ᠳᠣᠯᠤᠭ᠎ᠠ︶ ᠭᠠᠳᠠᠷ ᠮᠤᠵᠢ ᠬᠤᠳᠠ ᠤᠷᠤᠨ ᠠᠴᠠ ᠲᠤᠯᠢ ᠪᠤᠯᠭᠠᠬᠤ ᠰᠢᠨ᠎ᠠ ᠰᠡᠳᠬᠢᠴᠡ᠂ ᠰᠢᠨ᠎ᠠ ᠲᠦᠷᠦ ᠶᠢᠨ ᠪᠤᠳᠤᠯᠭ᠎ᠠ ᠪᠠ ᠰᠢᠨ᠎ᠠ ᠠᠷᠭ᠎ᠠ ᠬᠡᠮᠵᠢᠶ᠎ᠠ ᠶᠢ ᠬᠠᠩᠭᠠᠵᠤ ᠪᠤᠯᠤᠨ᠎ᠠ᠃      ᠵᠢᠷᠠᠨ ᠵᠢᠷᠭᠤᠳᠤᠭᠠᠷ ᠵᠦᠶ᠋ᠯ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠤ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠤᠳᠤᠷᠢᠳᠤᠯᠭ᠎ᠠ ᠶᠢᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠤᠯᠬᠤ ᠶᠢ ᠴᠢᠬᠤᠯᠠᠴᠢᠯᠠᠨ᠂ ᠭᠤᠤᠯᠳᠠᠯᠭ᠎ᠠ ᠶᠢ ᠳᠣᠪᠤᠶᠢᠯᠭᠠᠨ᠂ ᠭᠤᠤᠯᠳᠠᠯᠭ᠎ᠠ ᠶᠢ ᠡᠵᠡᠮᠳᠡᠵᠦ᠂ ᠬᠢᠯᠠᠰ ᠴᠡᠭ ᠢ ᠠᠭᠤᠳᠠᠯᠤᠨ᠂ ᠭᠠᠷᠳᠠᠬᠤ ᠴᠡᠭ ᠢ ᠠᠳᠬᠤᠵᠤ᠂ ᠪᠥᠬᠦ ᠲᠠᠯ᠎ᠠ ᠪᠠᠷ᠂ ᠴᠠᠭ ᠲᠤᠬᠠᠶ ᠳᠤᠨᠢ᠂ ᠣᠨᠣᠪᠴᠢᠲᠠᠶ᠂ ᠵᠢᠷᠤᠮᠵᠢᠭᠤᠯᠬᠤ ᠬᠡᠷᠡᠭᠲᠡᠶ᠃      ᠵᠢᠷᠠᠨ ᠳᠣᠯᠣᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠵᠤ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠤᠨ᠂ ᠬᠠᠤᠯᠢ ᠶᠣᠰᠣᠭᠠᠷ ᠰᠢᠮᠳᠠᠭᠤᠯᠤᠨ ᠪᠠᠶᠢᠴᠠᠭᠠᠬᠤ᠂ ᠠᠷᠠᠳ ᠤᠨ ᠲᠥᠯᠥᠭᠡ ᠰᠢᠮᠳᠠᠭᠤᠯᠤᠨ ᠪᠠᠶᠢᠴᠠᠭᠠᠬᠤ᠂ ᠨᠠᠷᠢᠯᠢᠭ ᠣᠨᠣᠴᠠᠲᠠᠶ ᠪᠠᠷ ᠰᠢᠮᠳᠠᠭᠤᠯᠤᠨ ᠪᠠᠶᠢᠴᠠᠭᠠᠬᠤ ᠶᠢ ᠪᠡᠶᠡᠯᠡᠭᠦᠯᠵᠦ᠂ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠠᠳᠬᠤᠨ ᠬᠥᠭᠵᠢᠯᠲᠡ ᠶᠢ ᠠᠬᠢᠭᠤᠯᠬᠤ ᠶᠢᠨ ︽ᠬᠤᠷᠴᠠ ᠵᠡᠪᠰᠡᠭ︾ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠵᠠᠰᠠᠭ ᠤᠨ ᠵᠠᠷᠯᠢᠭ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠵᠢᠷᠠᠨ ᠨᠠᠢᠮᠠᠳᠤᠭᠠᠷ ᠵᠦᠶ᠋ᠯ ᠰᠦᠯᠵᠢᠶᠡᠨ ᠳᠡᠭᠡᠷ᠎ᠡ ᠦᠭᠡ ᠦᠯᠡᠳᠡᠭᠡᠬᠦ ᠰᠢᠰᠲ᠋ᠧᠮ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠶ᠋ᠴᠡᠳ ᠬᠡᠷᠡᠭᠯᠡᠵᠦ᠂ ︽ᠢᠨᠲ᠋ᠧᠷ ᠰᠦᠯᠵᠢᠶ᠎ᠡ + ᠰᠢᠮᠳᠠᠭᠤᠯᠤᠨ ᠪᠠᠶᠢᠴᠠᠭᠠᠬᠤ︾ ᠵᠡᠷᠭᠡ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠰᠠᠯᠪᠤᠷᠢ ᠪᠠᠭ᠎ᠠ ᠠᠩᠭᠢ︾ ᠶᠢᠨ ᠬᠡᠯᠪᠡᠷᠢ ᠶᠢᠨ ᠬᠠᠨᠳᠤᠯᠭᠠᠲᠤ ᠴᠢᠨᠠᠷ ᠢᠶᠠᠷ ᠰᠢᠮᠳᠠᠭᠤᠯᠤᠨ ᠪᠠᠶᠢᠴᠠᠭᠠᠬᠤ ᠪᠠ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠶᠢᠨ ᠳᠠᠯᠳᠠᠭᠤᠷ ᠰᠤᠷᠪᠤᠯᠵᠢᠯᠠᠵᠤ ᠰᠢᠮᠳᠠᠭᠤᠯᠤᠨ ᠪᠠᠶᠢᠴᠠᠭᠠᠬᠤ ᠶᠢ ᠶᠡᠬᠡᠪᠡᠷ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢ ᠪᠠᠶᠠᠯᠢᠭᠵᠢᠭᠤᠯᠤᠨ ᠰᠢᠯᠢᠳᠡᠭᠵᠢᠭᠦᠯᠵᠦ᠂ ᠰᠢᠮᠳᠠᠭᠤᠯᠤᠨ ᠪᠠᠶᠢᠴᠠᠭᠠᠬᠤ ᠠᠵᠢᠯ ᠤᠨ ᠬᠠᠨᠳᠤᠯᠭᠠᠲᠤ ᠴᠢᠨᠠᠷ ᠪᠠ ᠴᠠᠭ ᠬᠤᠭᠤᠴᠠᠭᠠᠲᠤ ᠴᠢᠨᠠᠷ ᠢ ᠴᠢᠩᠭᠠᠳᠬᠠᠬᠤ ᠬᠡᠷᠡᠭᠲᠡᠶ᠃ ᠰᠢᠮᠳᠠᠭᠤᠯᠤᠨ ᠪᠠᠶᠢᠴᠠᠭᠠᠬᠤ ᠪᠠ ᠪᠠᠶᠢᠴᠠᠭᠠᠨ ᠰᠤᠳᠤᠯᠤᠯᠲᠠ ᠬᠢᠬᠦ᠂ ᠬᠢᠨᠠᠨ ᠪᠤᠳᠤᠬᠤ᠂ ᠰᠣᠨᠢᠨ ᠮᠡᠳᠡᠭᠡᠨ ᠤ ᠵᠠᠭᠤᠴᠢᠯᠠᠭᠤᠷ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠬᠠᠷᠢᠯᠴᠠᠨ ᠬᠠᠮᠵᠢᠯᠴᠠᠬᠤ ᠶᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠲᠥᠪᠯᠡᠷᠡᠭᠦᠯᠵᠦ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠵᠦᠢᠯᠡᠰ ᠲᠤ ᠬᠠᠮᠲᠤᠷᠠᠨ ᠬᠥᠳᠡᠯᠦᠯᠴᠡᠵᠦ ᠰᠢᠮᠳᠠᠭᠤᠯᠤᠨ ᠪᠠᠶᠢᠴᠠᠭᠠᠬᠤ ᠶᠢ ᠬᠡᠷᠡᠭᠵᠢᠭᠦᠯᠵᠦ᠂ ᠶᠡᠭᠡ ᠰᠢᠮᠳᠠᠭᠤᠯᠤᠨ ᠪᠠᠶᠢᠴᠠᠭᠠᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠤᠨ᠎ᠠ᠃      ᠵᠢᠷᠠ ᠶᠢᠰᠦᠳᠦᠭᠡᠷ ᠵᠦᠶ᠋ᠯ ᠵᠠᠰᠠᠭ ᠤᠨ ᠶᠠᠪᠤᠳᠠᠯ ᠢ ᠰᠢᠮᠳᠠᠭᠤᠯᠤᠨ ᠪᠠᠶᠢᠴᠠᠭᠠᠬᠤ ᠭᠤᠤᠯᠳᠠᠯᠭ᠎ᠠ ᠲᠠᠢ ᠵᠦᠶ᠋ᠯᠡᠰ ᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠨ ᠵᠢᠷᠤᠮᠵᠢᠭᠤᠯᠵᠤ᠂ ᠰᠢᠮᠳᠠᠭᠤᠯᠤᠨ ᠪᠠᠶᠢᠴᠠᠭᠠᠬᠤ ᠡᠭᠦᠷᠭᠡ ᠶᠢᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠰᠢᠮᠳᠠᠭᠤᠯᠤᠨ ᠪᠠᠶᠢᠴᠠᠭᠠᠬᠤ ᠤᠳᠠᠭ᠎ᠠ ᠪᠠ ᠴᠠᠭ ᠤᠨ ᠬᠢᠵᠠᠭᠠᠷ ᠢ ᠴᠢᠩᠭ᠎ᠠ ᠡᠵᠡᠮᠳᠡᠵᠦ᠂ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠰᠢᠮᠳᠠᠭᠤᠯᠤᠨ ᠪᠠᠶᠢᠴᠠᠭᠠᠬᠤ ᠬᠡᠳᠦ ᠤᠯᠡᠠ ᠲᠠᠪᠠᠭ᠋ᠣ ᠦᠵᠡᠭᠳᠡᠯ ᠭᠠᠷᠬᠤ ᠠᠴᠠ ᠵᠠᠶᠢᠯᠠᠰᠬᠢᠨ᠎ᠡ᠃ ᠰᠢᠮᠳᠠᠭᠤᠯᠤᠨ ᠪᠠᠶᠢᠴᠠᠭᠠᠬᠤ ᠬᠤᠭᠤᠴᠠᠭᠠᠨ ᠳᠤ᠂ ᠰᠢᠮᠳᠠᠭᠤᠯᠤᠨ ᠪᠠᠶᠢᠴᠠᠭᠠᠬᠤ ᠡᠲᠡᠭᠡᠳ ᠤᠨ ᠬᠡᠪ ᠤᠨ ᠠᠵᠢᠯ ᠢ ᠬᠠᠷᠰᠢᠯᠠᠵᠤ ᠪᠣᠯᠬᠤ ᠦᠭᠡᠶ᠂ ᠳᠠᠪᠬᠤᠷᠳᠠᠭᠤᠯᠤᠨ ᠰᠢᠮᠳᠠᠭᠤᠯᠤᠨ ᠪᠠᠶᠢᠴᠠᠭᠠᠬᠤ᠂ ᠣᠯᠠᠨ ᠲᠠᠯ᠎ᠠ ᠠᠴᠠ ᠰᠢᠮᠳᠠᠭᠤᠯᠤᠨ ᠪᠠᠶᠢᠴᠠᠭᠠᠬᠤ᠂ ᠡᠷᠬᠡ ᠠᠴᠠ ᠪᠠᠨ ᠳᠠᠪᠠᠭᠤᠯᠤᠨ ᠰᠢᠮᠳᠠᠭᠤᠯᠤᠨ ᠪᠠᠶᠢᠴᠠᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃      ᠵᠠᠰᠠᠭ ᠤᠨ ᠣᠷᠳᠣᠨ ᠤ ᠰᠢᠮᠳᠠᠭᠤᠯᠥᠨ ᠪᠠᠶᠢᠴᠠᠭᠠᠬᠤ ᠠᠵᠢᠯ ᠳᠤ ᠬᠤᠯᠪᠤᠠᠠᠳ᠋ᠬᠠᠰᠠᠨ ᠭᠤᠤᠯᠳᠡᠯᠭ᠎ᠠ ᠳᠤ᠄      ︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠨ ᠥᠷᠨᠢᠭᠦᠯᠦᠭᠰᠡᠨ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ︔      ︵ᠬᠤᠶᠠᠷ︶ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠠᠵᠢᠯ ᠤᠨ ᠡᠭᠦᠷᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︔      ︵ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠬᠤᠷᠠᠯ ᠤᠨ ᠠᠵᠢᠯ ᠤᠨ ᠪᠠᠶᠢᠷᠢᠯᠠᠭᠤᠯᠤᠯᠲᠠ︔      ︵ᠳᠥᠷᠪᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠨᠢ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠤᠯᠪᠣᠭᠳᠠᠵᠤ ᠪᠠᠶᠢᠨ᠎ᠠ᠃      ︵ᠲᠠᠪᠤ︶ ᠲᠥᠪ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠵᠦᠢᠯᠡᠰ ᠵᠢᠴᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠲᠤᠰᠢᠶᠠᠭᠰᠠᠨ ᠵᠦᠢᠯᠡᠰ ᠢ ᠰᠢᠢᠳᠪᠦᠷᠢᠯᠡᠵᠦ ᠨᠠᠶᠢᠳᠠᠪᠤᠷᠢᠵᠢᠭᠤᠯᠤᠨ᠎ᠠ︔      ︵ᠵᠢᠷᠭᠤᠭ᠎ᠠ︶ ᠵᠠᠰᠠᠭ ᠤᠨ ᠣᠷᠳᠣᠨ ᠤ ᠰᠢᠰᠲ᠋ᠧᠮ ᠤᠨ ᠪᠦᠭᠦ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠳᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠭᠦᠢᠴᠡᠳᠬᠡᠬᠦ︔      ︵ᠳᠣᠯᠤᠭ᠎ᠠ︶ ᠨᠡᠶᠢᠭᠡᠮ ᠤᠨ ᠠᠩᠬᠠᠷᠤᠯ ᠦᠨᠳᠤᠷ᠂ ᠠᠷᠠᠳ ᠤᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ︔      ︵ᠨᠠᠢᠮᠠ︶ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠥᠷᠨᠢᠭᠦᠯᠬᠦ ᠪᠠᠷ ᠱᠠᠭᠠᠷᠳᠠᠭᠰᠠᠨ ᠪᠤᠰᠤᠳ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ᠃      ᠳᠠᠯᠠᠳᠤᠭᠠᠷ ᠵᠦᠢᠯ ᠰᠢᠮᠳᠠᠭᠤᠯᠤᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠳᠤ ᠨᠠᠷᠢᠨ ᠬᠠᠭᠤᠳᠠᠰᠤ ᠵᠢᠭᠰᠠᠭᠠᠵᠤ᠂ ᠴᠢᠩᠭ᠎ᠠ ᠠᠩᠬᠠᠷᠴᠤ᠂ ᠮᠥᠷᠳᠡᠨ ᠰᠢᠮᠳᠠᠭᠤᠯᠤᠨ ᠭᠦᠢᠴᠡᠳᠬᠡᠵᠦ᠂ ᠳᠠᠩᠰᠠ ᠡᠯᠭᠦᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤ ︽ᠡᠷᠭᠢᠵᠦ ᠬᠠᠷᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠯᠭᠠᠬᠤ ᠬᠡᠷᠡᠭᠲᠡᠶ᠃ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠭᠦᠯᠦᠨ᠂ ᠱᠠᠯᠠᠪᠳᠠᠭᠤᠯᠤᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠶᠢ ᠤᠶᠠᠯᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠯᠠᠪᠳᠠᠭᠤᠯᠤᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ᠂ ᠵᠠᠰᠠᠭ ᠤᠨ ᠶᠠᠪᠤᠳᠠᠯ ᠳᠤ ᠬᠢᠨᠠᠯᠲᠠ ᠲᠠᠯᠪᠢᠬᠤ ᠪᠠᠷ ᠦᠢᠯᠡᠳᠦᠯ ᠢᠶᠠᠨ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃      ᠳᠠᠯᠠᠨ ᠨᠢᠭᠡᠳᠦᠭᠡᠷ ᠵᠦᠢᠯ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠵᠤ ᠰᠠᠶᠢᠰᠢᠶᠠᠬᠤ᠂ ᠰᠢᠭᠦᠮᠵᠢᠯᠡᠬᠦ ᠳᠦᠷᠢᠮ ᠢ ᠰᠦᠪᠡᠭᠴᠢᠯᠡᠨ ᠪᠠᠶᠢᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ ᠪᠠᠶᠢᠭᠤᠯᠬᠤ᠂ ᠤᠬᠠᠭᠤᠯᠬᠤ ᠵᠡᠷᠭᠡ ᠰᠠᠯᠠᠭ᠎ᠠ ᠮᠥᠴᠢᠷ ᠯᠦᠭᠡ ᠶᠢᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠳᠤ ᠣᠯᠵᠤ ᠮᠡᠳᠡᠭᠰᠡᠨ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠶ᠂ ᠴᠠᠭᠠᠵᠠᠯᠠᠵᠤ ᠪᠠᠶᠢᠲᠠᠯ᠎ᠠ ᠵᠣᠭᠰᠣᠭᠠᠬᠤ ᠦᠭᠡᠶ᠂ ᠦᠨ᠎ᠡ ᠬᠠᠶᠠᠨ ᠬᠤᠪᠢᠷᠠᠭᠤᠯᠵᠤ᠂ ᠰᠥᠯᠪᠡᠭᠡᠯᠳᠦᠨ ᠬᠢᠭᠰᠡᠨ ᠪᠤᠶᠤ ᠠᠵᠢᠯ ᠬᠢᠬᠦ ᠦᠭᠡᠶ᠂ ᠳᠤᠷ᠎ᠠ ᠪᠠᠷ ᠢᠶᠠᠨ ᠬᠢᠭᠰᠡᠨ ᠪᠠᠶᠢᠳᠠᠯ ᠢ ᠰᠢᠭᠦᠮᠵᠢᠯᠡᠵᠦ᠂ ᠵᠠᠯᠠᠷᠠᠭᠤᠯᠬᠤ ᠪᠤᠶᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠷᠢᠭᠤᠴᠠᠯᠭ᠎ᠠ ᠨᠡᠬᠡᠮᠵᠢᠯᠡᠭᠦᠯᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠭᠰᠠᠨ ᠦᠷ᠎ᠡ ᠪᠦᠲᠦᠮᠵᠢ ᠪᠠᠷ ᠢᠯᠡᠷᠬᠡᠢ ᠰᠠᠯᠠᠭ᠎ᠠ ᠮᠥᠴᠢᠷ ᠪᠣᠯᠤᠨ ᠬᠤᠪᠢ ᠬᠥᠮᠦᠨ ᠢ ᠰᠠᠶᠢᠰᠢᠶᠠᠨ ᠬᠥᠬᠢᠭᠦᠯᠬᠦ ᠪᠠ ᠵᠥᠪ ᠴᠢᠭᠯᠡᠯ ᠢᠶᠠᠷ ᠤᠷᠮᠠᠰᠢᠭᠤᠯᠬᠤ ᠪᠠᠨ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠤᠬᠠᠭᠤᠯᠤᠨ ᠲᠠᠨᠢᠯᠴᠠᠭᠤᠯᠵᠤ᠂ ᠰᠢᠮᠳᠠᠭᠤᠯᠤᠨ ᠪᠠᠶᠢᠴᠠᠭᠠᠭᠰᠠᠨ ᠦᠷ᠎ᠡ ᠳ᠋ᠦᠩ ᠢ ᠵᠣᠬᠢᠶᠠᠨ ᠪᠠᠶᠢᠭᠤᠯᠬᠤ᠂ ᠰᠢᠯᠭᠠᠨ ᠬᠢᠨᠠᠬᠤ ᠰᠠᠯᠠᠭ᠎ᠠ ᠮᠥᠴᠢᠷ ᠯᠦᠭᠡ ᠬᠠᠮᠲᠤᠪᠠᠷ ᠡᠳ᠋ᠯᠡᠵᠦ᠂ ᠰᠢᠮᠳᠠᠭᠤᠯᠤᠨ ᠪᠠᠶᠢᠴᠠᠭᠠᠵᠤ ᠤᠷᠮᠠᠰᠢᠭᠤᠯᠬᠤ ᠪᠠᠷ ᠠᠵᠢᠯᠴᠢ ᠬᠢᠴᠢᠶᠡᠩᠭᠦᠢ ᠵᠠᠰᠠᠭ ᠶᠠᠪᠤᠭᠤᠯᠬᠤ ᠶᠢ ᠠᠬᠢᠭᠤᠯᠬᠤ ᠬᠡᠷᠡᠭᠳᠡᠢ᠃      ᠠᠷᠪᠠᠨ ᠨᠢᠭᠡᠳᠦᠭᠡᠷ ᠪᠦᠯᠦᠭ ᠠᠵᠢᠯ ᠤᠨ ᠰᠠᠬᠢᠯᠭ᠎ᠠ ᠪᠠᠲᠤ      ᠳᠠᠯᠠᠨ ᠬᠤᠶᠠᠳᠤᠭᠠᠷ ᠵᠦᠶ᠋ᠯ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠪᠠ ᠤᠯᠤᠰ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠦ᠂ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠵᠠᠷᠯᠢᠭ ᠢ ᠵᠠᠪᠠᠯ ᠬᠡᠷᠡᠭᠵᠢᠭᠦᠯᠵᠦ᠂ ᠴᠠᠭᠠᠵᠠᠯᠠᠭᠰᠠᠨ ᠢ ᠵᠠᠪᠠᠯ ᠵᠣᠭᠰᠣᠭᠠᠵᠤ᠂ ᠶᠠᠭᠠᠬᠢᠭᠰᠠᠨ ᠴᠤ ᠳᠤᠲᠠᠭᠤ ᠲᠣᠷᠭᠤᠨ ᠬᠡᠷᠡᠭᠵᠢᠭᠦᠯᠵᠦ᠂ ᠰᠣᠩᠭᠤᠯᠲᠠ ᠬᠢᠵᠦ᠂ ᠬᠤᠪᠢᠷᠠᠭᠤᠯᠵᠤ ᠪᠣᠯᠬᠤ ᠥᠬᠡᠶ᠃ ᠳᠠᠯᠠᠨ ᠭᠤᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠢ ᠡᠷᠬᠡᠪᠰᠢ ᠲᠣᠭᠤᠷᠢᠭ ᠤᠨ ᠵᠠᠰᠠᠭ ᠤᠨ ᠣᠷᠳᠣᠨ ᠤ ᠲᠣᠭᠲᠠᠭᠠᠯ ᠢ ᠡᠷᠡᠰ ᠬᠡᠷᠡᠭᠵᠢᠭᠦᠯᠵᠦ᠂ ᠬᠡᠷᠪᠡ ᠠᠳᠠᠯᠢ ᠪᠤᠰᠤ ᠰᠠᠨᠠᠯ ᠲᠠᠢ ᠪᠣᠯ ᠳᠣᠲᠣᠷ᠎ᠠ ᠠᠴᠠ ᠪᠠᠨ ᠳᠤᠷᠠᠳᠤᠨ ᠭᠠᠷᠭᠠᠵᠤ᠂ ᠳᠠᠬᠢᠵᠤ ᠲᠣᠭᠲᠠᠭᠠᠯ ᠭᠠᠷᠭᠠᠬᠤ ᠠᠴᠠ ᠡᠮᠦᠨ᠎ᠡ᠂ ᠶᠠᠮᠠᠷᠪᠠ ᠵᠠᠰᠠᠭ ᠤᠨ ᠣᠷᠳᠣᠨ ᠤ ᠲᠣᠭᠲᠠᠭᠠᠯ ᠲᠠᠢ ᠬᠠᠷᠢᠯᠴᠠᠨ ᠬᠠᠷᠰᠢᠯᠳᠤᠭᠰᠠᠨ ᠦᠭᠡ ᠶᠠᠷᠢᠶ᠎ᠠ ᠪᠠ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ︔ ᠲᠣᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠶᠠᠷᠢᠶ᠎ᠠ ᠪᠤᠶᠤ ᠵᠣᠬᠢᠶᠠᠯ ᠨᠡᠶᠢᠲᠡᠯᠡᠵᠦ᠂ ᠬᠤᠪᠢ ᠬᠥᠮᠦᠨ ᠵᠠᠰᠠᠭ ᠤᠨ ᠣᠷᠳᠣᠨ ᠤ ᠰᠤᠳᠤᠯᠤᠯ ᠢ ᠳᠠᠮᠵᠢᠭᠰᠠᠨ ᠦᠭᠡᠢ ᠴᠢᠬᠤᠯᠠ ᠶᠡᠭᠡ ᠠᠰᠠᠭᠤᠳᠠᠯ ᠵᠢᠴᠢ ᠵᠦᠢᠯᠡᠰ ᠲᠤ ᠬᠤᠯᠪᠣᠭᠳᠠᠭᠰᠠᠨ ᠶᠠᠷᠢᠶ᠎ᠠ ᠪᠤᠶᠤ ᠵᠣᠬᠢᠶᠠᠯ ᠨᠡᠶᠢᠲᠡᠯᠡᠬᠦ ᠳᠤ᠂ ᠤᠷᠢᠳᠠᠪᠠᠷ ᠡᠷᠬᠡᠪᠰᠢ ᠲᠣᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠢ᠃    ᠳᠠᠯᠠᠨ ᠳᠥᠷᠪᠡᠳᠦᠭᠡᠷ ᠵᠦᠢᠯ ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠨᠡᠷ ᠭᠠᠳᠠᠭᠰᠢ ᠭᠠᠷᠴᠤ ᠮᠡᠳᠡᠭᠦᠯᠬᠦ ᠪᠠ ᠴᠢᠯᠥᠭᠡ ᠭᠤᠶᠤᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠣᠭᠤᠷᠢᠭ ᠤᠨ ᠳᠡᠳ᠋ ᠳᠠᠷᠤᠭ᠎ᠠ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠠᠳᠠᠭᠠᠳᠤ ︵ᠬᠢᠯᠢ︶ ᠳᠤ ᠭᠠᠷᠴᠤ ᠰᠤᠷᠪᠤᠯᠵᠢᠯᠠᠬᠤ ᠳᠤ᠂ ᠭᠠᠳᠠᠭᠠᠳᠤ ᠶᠠᠪᠤᠳᠠᠯ ᠤᠨ ᠠᠵᠢᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠤᠷᠢᠳᠴᠢᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ︔ ᠦᠬᠠᠶ ᠠᠴᠠ ᠰᠠᠯᠤᠭᠠᠳ ᠭᠠᠳᠠᠭᠰᠢ ᠭᠠᠷᠴᠤ᠂ ᠴᠢᠯᠥᠭᠡ ᠭᠤᠶᠤᠬᠤ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠶ᠃    ᠳᠠᠯᠠᠨ ᠲᠠᠪᠤᠳᠤᠭᠠᠷ ᠵᠣᠷᠪᠣᠰ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠠᠰᠠᠭᠤᠳᠠᠯ᠂ ᠣᠯᠠᠨ ᠲᠦᠮᠡᠨ ᠤ ᠠᠰᠢᠭ ᠲᠤᠰᠠ ᠲᠠᠢ ᠨᠢᠭᠲᠠ ᠬᠤᠯᠪᠣᠭᠳᠠᠬᠤ ᠮᠡᠳᠡᠭᠡ ᠵᠠᠩᠭᠢ ᠶᠢ ᠨᠡᠶᠢᠲᠡᠯᠡᠬᠦ ᠳᠤ᠂ ᠴᠢᠩᠭ᠎ᠠ ᠬᠢᠨᠠᠨ ᠲᠣᠭᠲᠠᠭᠠᠯᠲᠠ ᠶᠢ ᠥᠩᠭᠡᠷᠡᠭᠡᠵᠦ᠂ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤᠨᠢ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃    ᠳᠠᠯᠠᠨ ᠵᠢᠷᠭᠤᠳᠤᠭᠠᠷ ᠵᠦᠢᠯ ᠣᠷᠣᠨ ᠤ ᠵᠠᠰᠠᠭ ᠤᠨ ᠣᠷᠳᠣᠨ ᠤ ᠪᠦᠷᠢᠯᠳᠦᠬᠦᠨ ᠨᠡᠷ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠪᠠ ᠭᠠᠳᠠᠭᠠᠳᠤ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠤᠯᠤᠰ ᠤᠨ ᠨᠢᠭᠤᠴᠠ᠂ ᠠᠵᠢᠯ ᠤᠨ ᠨᠢᠭᠤᠴᠠ ᠪᠤᠶᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠯᠵᠤ ᠡᠵᠡᠮᠰᠢᠭᠰᠡᠨ ᠬᠤᠳᠠᠯᠳᠤᠭᠠᠨ ᠤ ᠨᠢᠭᠤᠴᠠ ᠵᠡᠷᠭᠡ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠵᠤ᠂ ᠤᠯᠤᠰ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠶ᠃    ᠠᠷᠪᠠᠨ ᠬᠤᠶᠠᠳᠤᠭᠠᠷ ᠪᠦᠯᠦᠭ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠰᠤᠷᠲᠠᠯ ᠤᠨ ᠪᠠᠶᠢᠭᠤᠯᠤᠯᠲᠠ    ᠳᠠᠯᠠᠨ ᠳᠣᠯᠣᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠲᠥᠪ ᠬᠤᠷᠢᠶᠠᠨ ᠤ ᠰᠠᠨᠠᠭᠠᠴᠢᠯᠠᠭᠰᠠᠨ ᠵᠦᠢᠯ ᠢ ᠡᠷᠡᠰ ᠴᠤᠤᠷᠢᠶᠠᠲᠤᠨ ᠲᠠᠭᠠᠵᠤ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠵᠦᠢᠯ ᠢ ᠡᠷᠡᠰ ᠬᠡᠷᠡᠭᠵᠢᠭᠦᠯᠵᠦ᠂ ᠨᠠᠮ ᠤᠨ ᠲᠥᠪ ᠬᠤᠷᠢᠶᠠᠨ ᠤ ᠴᠠᠭᠠᠵᠠᠯᠠᠭᠰᠠᠨ ᠵᠦᠢᠯ ᠢ ᠶᠠᠭᠠᠬᠢᠭᠰᠠᠨ ᠴᠤ ᠬᠢᠵᠦ ᠪᠣᠯᠬᠤ ᠦᠭᠡᠢ᠃    ᠳᠠᠯᠠᠨ ᠨᠠᠢᠮᠠᠳᠤᠭᠠᠷ ᠵᠤᠷᠪᠤᠰ ᠣᠷᠣᠨ ᠤ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠴᠢᠩᠭ᠎ᠠ ᠭᠤᠣᠯ ᠬᠦᠭ ᠠᠶᠠᠰ ᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠂ ᠣᠨᠴᠠᠭᠠᠶᠢᠯᠠᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠦᠷᠭᠦᠯᠵᠢᠯᠡᠨ ᠵᠠᠯᠠᠷᠠᠭᠤᠯᠵᠤ᠂ ᠣᠨᠴᠠ ᠡᠷᠬᠡ ᠶᠢᠨ ᠦᠵᠡᠯ ᠰᠠᠨᠠᠭ᠎ᠠ ᠪᠣᠯᠤᠨ ᠣᠨᠴᠠ ᠡᠷᠬᠡ ᠶᠢᠨ ᠦᠵᠡᠭᠳᠡᠯ ᠢ ᠡᠰᠡᠷᠭᠦᠴᠡᠵᠦ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠴᠠᠭ᠎ᠠ ᠶᠢ ᠨᠢᠭᠲᠠᠷᠠᠭᠤᠯᠵᠤ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ ᠵᠥᠪ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃    ᠳᠠᠯᠠ ᠶᠢᠰᠦᠳᠦᠭᠡᠷ ᠵᠦᠢᠯ ᠣᠷᠣᠨ ᠤ ᠵᠠᠰᠠᠭ ᠤᠨ ᠣᠷᠳᠣᠨ ᠬᠢᠭᠡᠳ ᠡᠯ᠎ᠡ ᠰᠠᠯᠠᠭ᠎ᠠ ᠮᠥᠴᠢᠷ ᠲᠦᠷᠦᠭᠦᠯᠡᠨ ᠵᠠᠰᠠᠭ ᠢ ᠴᠢᠩᠭ᠎ᠠ ᠵᠠᠰᠠᠬᠤ ᠬᠡᠷᠡᠭᠲᠡᠶ᠃ ᠡᠷᠬᠡ ᠲᠤᠰᠢᠶᠠᠯ ᠤᠨ ᠬᠡᠪᠴᠢᠶᠡᠨ ᠳᠣᠲᠣᠷᠠᠬᠢ ᠵᠦᠢᠯᠡᠰ ᠢ ᠪᠣᠯ ᠳᠡᠰ ᠳᠠᠷᠠᠭᠠᠯᠠᠯ ᠪᠠ ᠴᠠᠭ ᠤᠨ ᠬᠢᠵᠠᠭᠠᠷ ᠶᠣᠰᠣᠭᠠᠷ ᠢᠳᠡᠪᠬᠢᠲᠡᠶ ᠪᠠᠷ ᠬᠠᠷᠢᠭᠤᠴᠠᠨ ᠭᠦᠢᠴᠡᠳᠬᠡᠵᠦ᠂ ᠲᠣᠭᠲᠠᠭᠠᠯ ᠳᠤ ᠦᠯᠦ ᠨᠡᠶᠢᠴᠡᠬᠦ ᠵᠦᠢᠯᠡᠰ ᠢ ᠪᠣᠯ ᠵᠠᠷᠴᠢᠮ ᠢ ᠪᠠᠷᠢᠮᠲᠠᠯᠠᠨ ᠰᠢᠶ᠋ᠳᠪᠦᠷᠢᠯᠡᠵᠦ ᠪᠣᠯᠬᠤ ᠦᠭᠡᠢ︔ ᠲᠦᠯᠬᠢᠯᠴᠡᠬᠦ᠂ ᠤᠳᠠᠭᠠᠰᠢᠷᠠᠭᠤᠯᠬᠤ ᠵᠡᠷᠭᠡ ᠨᠣᠶᠠᠨᠴᠢ ᠰᠤᠷᠲᠠᠯ ᠵᠢᠴᠢ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ ᠠᠴᠠ ᠪᠣᠯᠵᠤ ᠨᠥᠯᠥᠭᠡ ᠪᠣᠯᠭᠠᠭᠰᠠᠨ ᠪᠠ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠡᠷᠬᠡ ᠠᠴᠠ ᠪᠠᠨ ᠳᠠᠪᠠᠭᠤᠯᠤᠨ ᠠᠵᠢᠯ ᠶᠠᠪᠤᠳᠠᠯ ᠡᠷᠬᠢᠯᠡᠬᠦ᠂ ᠡᠷᠬᠡ ᠪᠠᠷ ᠢᠶᠠᠨ ᠠᠮᠢ ᠪᠠᠨ ᠪᠣᠷᠳᠣᠬᠤ ᠵᠡᠷᠭᠡ ᠲᠣᠭᠲᠠᠭᠠᠯ ᠠᠴᠠ ᠵᠥᠷᠢᠴᠡᠭᠰᠡᠨ᠂ ᠰᠠᠬᠢᠯᠭ᠎ᠠ ᠪᠠᠲᠤ ᠠᠴᠠ ᠵᠥᠷᠢᠴᠡᠭᠰᠡᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃      ᠨᠠᠶᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠦᠨ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠺᠠᠳ᠋ᠷ ᠤᠨ ᠠᠯᠪᠠᠯᠠᠬᠤ ᠳᠤ ᠬᠡᠷᠡᠭᠯᠡᠬᠦ ᠭᠡᠷ᠂ ᠲᠡᠷᠭᠡ ᠬᠥᠰᠬᠡ ᠲᠣᠬᠢᠷᠠᠭᠤᠯᠬᠤ ᠵᠡᠷᠭᠡ ᠲᠠᠯ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ︽ᠠᠯᠪᠠᠨ ᠤ ᠭᠤᠷᠪᠠᠨ ᠵᠠᠷᠤᠳᠠᠯ︾ ᠪᠣᠯᠤᠨ ᠬᠤᠷᠠᠯ ᠤᠨ ᠵᠠᠷᠤᠳᠠᠯ᠂ ᠭᠠᠳᠠᠭᠰᠢ ᠭᠠᠷᠬᠤ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠵᠠᠰᠠᠭ ᠵᠠᠬᠢᠷᠭᠠᠨ ᠤ ᠠᠵᠢᠯᠯᠠᠭᠠᠨ ᠤ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ᠃      ᠠᠯᠪᠠᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠬᠢᠯᠢ︶ ᠵᠢᠴᠢ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢ ᠴᠢᠩᠭ᠎ᠠ ᠡᠵᠡᠮᠳᠡᠬᠦ ᠪᠠ ᠵᠢᠷᠤᠮᠵᠢᠭᠤᠯᠬᠤ ᠬᠡᠷᠡᠭᠲᠡᠶ᠃ ᠠᠯᠪᠠᠨ ᠶᠠᠪᠤᠳᠠᠯ ᠤᠨ ᠬᠦᠯᠢᠶᠡᠨ ᠠᠪᠬᠤ ᠠᠵᠢᠯ ᠢ ᠥᠭᠡᠷᠡᠴᠢᠯᠡᠨ ᠵᠢᠷᠤᠮᠵᠢᠭᠤᠯᠵᠤ᠂ ᠲᠣᠭᠲᠠᠭᠠᠯ ᠠᠴᠠ ᠵᠥᠷᠢᠴᠡᠨ ᠠᠯᠪᠠᠨ ᠵᠣᠭᠤᠰ ᠢᠶᠠᠷ ᠪᠡᠯᠡᠭ ᠰᠡᠯᠲᠡ ᠬᠦᠷᠭᠡᠬᠦ ᠪᠠ ᠳᠠᠶᠢᠯᠠᠵᠤ ᠪᠣᠯᠬᠤ ᠦᠭᠡᠶ᠂ ᠣᠷᠣᠨ ᠨᠤᠲᠤᠭ ᠤᠨ ᠪᠡᠯᠡᠭ ᠰᠡᠯᠲᠡ ᠪᠠ ᠳᠠᠶᠢᠯᠠᠯᠭ᠎ᠠ ᠶᠢ ᠬᠦᠯᠢᠶᠡᠵᠦ ᠪᠣᠯᠬᠤ ᠦᠭᠡᠶ᠃ ᠬᠤᠷᠠᠯ᠂ ᠶᠠᠷᠢᠶᠠᠨ ᠤ ᠲᠠᠪᠴᠠᠩ᠂ ᠪᠠᠶᠠᠷ ᠤᠨ ᠶᠣᠰᠣᠯᠠᠯ᠂ ᠪᠠᠶᠠᠷ ᠤᠨ ᠡᠳᠦᠷ ᠤᠨ ᠴᠤᠭᠯᠠᠭᠠᠨ ᠵᠡᠷᠭᠡ ᠠᠵᠢᠯᠯᠠᠭ᠎ᠠ ᠶᠢ ᠴᠢᠩᠭ᠎ᠠ ᠡᠵᠡᠮᠳᠡᠬᠦ ᠪᠠ ᠵᠢᠷᠤᠮᠵᠢᠭᠤᠯᠬᠤ ᠬᠡᠷᠡᠭᠲᠡᠶ᠃ ᠡᠯ᠎ᠡ ᠲᠥᠷᠥᠯ ᠤᠨ ᠬᠤᠷᠠᠯ ᠤᠨ ᠠᠵᠢᠯᠯᠠᠭ᠎ᠠ ᠶᠢᠨ ᠵᠠᠷᠤᠳᠠᠯ ᠢ ᠪᠦᠬᠦᠨ ᠢ ᠲᠥᠰᠦᠪ ᠤᠨ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃      ᠨᠠᠶᠠᠨ ᠨᠢᠭᠡᠳᠦᠭᠡᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠡᠷ ᠲᠦᠷᠦᠭᠦᠯᠡᠨ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢᠶᠠᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠡᠷᠬᠡ ᠲᠤᠰᠢᠶᠠᠯ ᠪᠤᠶᠤ ᠲᠤᠰᠢᠶᠠᠯ ᠤᠨ ᠨᠥᠯᠥᠭᠡ ᠪᠠᠨ ᠠᠰᠢᠭᠯᠠᠨ ᠲᠤᠰ ᠬᠥᠮᠦᠨ ᠤ ᠪᠤᠶᠤ ᠣᠨᠴᠠ ᠲᠣᠭᠲᠠᠭᠰᠠᠨ ᠬᠠᠷᠢᠴᠠᠭ᠎ᠠ ᠲᠠᠢ ᠬᠥᠮᠦᠨ ᠳᠤ ᠵᠦᠢ ᠪᠤᠰᠤ ᠠᠰᠢᠭ ᠲᠤᠰᠠ ᠣᠯᠭᠤᠵᠤ ᠪᠣᠯᠬᠤ ᠦᠭᠡᠢ︔ ᠲᠣᠭᠲᠠᠭᠠᠯ ᠠᠴᠠ ᠵᠥᠷᠢᠴᠡᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠶᠢ ᠬᠠᠮᠢᠶᠠᠷᠬᠤ ᠪᠤᠶᠤ ᠭᠠᠷ ᠲᠥᠷᠥᠵᠦ ᠪᠣᠯᠬᠤ ᠦᠭᠡᠢ᠃ ᠲᠥᠷᠥᠯ ᠰᠠᠳᠤᠨ ᠪᠠ ᠳᠡᠷᠭᠡᠳᠡᠬᠢ ᠠᠵᠢᠯᠲᠠᠨ ᠳᠠᠭᠠᠨ ᠬᠥᠮᠦᠵᠢᠯ ᠬᠢᠬᠦ ᠪᠠ ᠬᠢᠵᠠᠭᠠᠷᠯᠠᠬᠤ ᠶᠢ ᠴᠢᠩᠭᠠᠳᠬᠠᠵᠤ᠂ ᠣᠨᠴᠣᠭᠤᠶ ᠪᠡᠶ᠎ᠡ ᠶᠢᠨ ᠬᠢᠷᠢ ᠭᠡᠮ ᠢᠶᠠᠨ ᠠᠰᠢᠭᠯᠠᠨ ᠬᠤᠪᠢ ᠶᠢᠨ ᠠᠰᠢᠭ ᠣᠯᠵᠤ᠂ ᠣᠨᠴᠠ ᠡᠷᠬᠡ ᠶᠠᠪᠤᠭᠤᠯᠵᠤ᠂ ᠠᠷᠢᠭᠤᠨ ᠴᠢᠬᠡᠴᠢ ᠤᠯᠤᠰ ᠲᠥᠷᠥ ᠶᠢᠨ ᠤᠤᠷ ᠴᠢᠨᠠᠷ ᠢᠶᠠᠨ ᠪᠠᠲᠤᠯᠠᠬᠤ ᠬᠡᠷᠡᠭᠲᠡᠶ᠃      ᠨᠠᠶᠠᠨ ᠬᠤᠶᠠᠳᠤᠭᠠᠷ ᠵᠦᠢᠯ ᠲᠤᠭᠤᠷᠢᠭ ᠤᠨ ᠵᠠᠰᠠᠭ ᠤᠨ ᠤᠷᠳᠤᠨ ᠤ ᠪᠦᠷᠢᠯᠳᠦᠭᠦᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ ᠦᠢᠯᠡᠰ ᠪᠤᠰᠬᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠳᠥᠭᠦᠮᠬᠡᠨ ᠢᠶᠠᠷ ᠬᠤᠷᠠᠯ ᠢᠶᠠᠷ ᠬᠤᠷᠠᠯ ᠢ ᠲᠤᠤᠱᠯᠠᠭᠤᠯᠵᠤ᠂ ᠪᠢᠴᠢᠭ ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠴᠢᠩᠭ᠎ᠠ ᠴᠡᠭᠡᠷᠯᠡᠵᠦ ᠪᠣᠯᠬᠤ ᠦᠭᠡᠢ᠃      ᠨᠠᠶᠠᠨ ᠭᠤᠷᠪᠠᠳᠤᠭᠠᠷ ᠵᠦᠢᠯ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠡᠷ ᠰᠤᠷᠤᠯᠴᠠᠯᠭ᠎ᠠ ᠶᠢᠨ ᠦᠯᠢᠭᠡᠷ ᠳᠠᠭᠤᠷᠢᠶᠠᠯ ᠪᠤᠯᠵᠤ᠂ ᠬᠡᠪ ᠴᠢᠨᠠᠷ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠤᠯᠴᠠᠬᠤ ᠴᠢᠳᠠᠪᠤᠷᠢ᠂ ᠤᠯᠤᠰ ᠲᠦᠷᠦ ᠶᠢᠨ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠴᠢᠳᠠᠪᠤᠷᠢ᠂ ᠬᠠᠤᠯᠢ ᠶᠣᠰᠣᠭᠠᠷ ᠲᠦᠷᠦ ᠪᠠᠷᠢᠬᠤ ᠴᠢᠳᠠᠪᠤᠷᠢ᠂ ᠤᠯᠠᠨ ᠲᠦᠮᠡᠨ ᠤ ᠠᠵᠢᠯ ᠤᠨ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠴᠢᠳᠠᠪᠤᠷᠢ᠂ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠦᠴᠢᠷ ᠰᠤᠷᠤᠯᠴᠠᠬᠤ ᠬᠡᠯᠪᠡᠷᠢ ᠶᠢᠨ ᠪᠠᠶᠢᠭᠤᠯᠭ᠎ᠠ ᠶᠢ ᠪᠠᠶᠢᠭᠤᠯᠤᠨ᠎ᠠ᠃      ᠨᠠᠶᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠨ᠂ ᠪᠠᠶᠢᠴᠠᠭᠠᠨ ᠰᠤᠳᠤᠯᠤᠯᠲᠠ ᠬᠢᠵᠦ᠂ ᠠᠵᠢᠯ ᠢᠶᠠᠨ ᠵᠢᠯᠣᠭᠤᠳᠤᠨ᠂ ᠪᠣᠳᠠᠲᠠᠶ ᠠᠰᠠᠭᠤᠳᠠᠯ ᠢ ᠰᠤᠳᠤᠯᠬᠤ ᠪᠠ ᠰᠢᠶ᠋ᠳᠪᠦᠷᠢᠯᠡᠬᠦ ᠶᠢ ᠠᠩᠬᠠᠷᠬᠤ ᠬᠡᠷᠡᠭᠲᠡᠶ᠃ ᠦᠨᠳᠦᠰᠦᠨ ᠱᠠᠲᠤᠨ ᠳᠤ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠭᠠᠷ ᠳᠦᠷᠢᠬᠦᠯᠵᠦ᠂ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃      ᠨᠠᠶᠠᠨ ᠲᠠᠪᠤᠳᠤᠭᠠᠷ ᠵᠦᠢᠯ ᠲᠤᠭᠤᠷᠢᠭ ᠤᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠳ ᠡᠯ᠎ᠡ ᠲᠦᠷᠦᠯ ᠤᠨ ᠬᠤᠷᠠᠯ ᠪᠤᠯᠤᠨ ᠠᠯᠪᠠᠨ ᠶᠠᠪᠤᠳᠠᠯ ᠤᠨ ᠠᠵᠢᠯᠯᠠᠭ᠎ᠠ ᠳᠤ ᠤᠷᠤᠯᠴᠠᠬᠤ ᠬᠠᠮᠢᠶ᠎ᠠ ᠪᠦᠬᠦᠢ ᠲᠤᠭᠳᠠᠭᠠᠯ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠤᠷᠳᠤᠨ ᠤ ᠤᠳᠤᠷᠢᠳᠤᠯᠭ᠎ᠠ ᠦᠨᠡᠨᠬᠦ ᠣᠷᠣᠯᠴᠠᠬᠤ ᠴᠢᠬᠤᠯᠠᠲᠠᠢ ᠪᠤᠯ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠭᠡᠯ ᠢ ᠭᠦᠢᠴᠡᠳᠭᠡᠬᠦ ᠬᠡᠷᠡᠭᠲᠡᠢ᠃     ᠨᠠᠶᠠᠨ ᠵᠢᠷᠭᠤᠳᠤᠭᠠᠷ ᠵᠦᠢᠯ ᠲᠤᠭᠤᠷᠢᠭ ᠤᠨ ᠵᠠᠰᠠᠭ ᠤᠨ ᠣᠷᠳᠣᠨ ᠢ ᠨᠢᠭᠡᠳᠦᠯᠲᠡᠶ ᠲᠣᠬᠢᠷᠠᠭᠤᠯᠬᠤ ᠠᠴᠠ ᠭᠠᠳᠠᠨ᠎ᠠ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠬᠤᠪᠢ ᠬᠥᠮᠦᠨ ᠤ ᠵᠣᠬᠢᠶᠠᠯ᠂ ᠶᠠᠷᠢᠶᠠᠨ ᠤ ᠵᠣᠬᠢᠶᠠᠯ ᠤᠨ ᠡᠮᠬᠢᠳᠬᠡᠯ᠂ ᠭᠡᠷᠡᠯ ᠵᠢᠷᠤᠭ ᠤᠨ ᠪᠦᠲᠦᠭᠡᠯ ᠤᠨ ᠡᠮᠬᠢᠳᠬᠡᠯ᠂ ᠤᠷᠠᠨ ᠪᠢᠴᠢᠯᠭᠡ ᠤᠷᠠᠨ ᠵᠢᠷᠤᠭ ᠤᠨ ᠳᠡᠪᠲᠡᠷ ᠵᠡᠷᠭᠡ ᠶᠢ ᠢᠯᠡ ᠪᠠᠷ ᠬᠡᠪᠯᠡᠭᠦᠯᠬᠦ ᠦᠭᠡᠶ ᠪᠠᠶᠢᠵᠤ᠂ ᠣᠷᠣᠨ ᠨᠤᠲᠤᠭ ᠪᠣᠯᠤᠨ ᠰᠠᠯᠠᠭ᠎ᠠ ᠮᠥᠴᠢᠷ ᠤᠨ ᠬᠤᠷᠠᠯ ᠤᠨ ᠠᠵᠢᠯᠯᠠᠭ᠎ᠠ ᠵᠡᠷᠭᠡ ᠳᠤ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ᠂ ᠪᠢᠴᠢᠭᠡᠰᠦ ᠪᠢᠴᠢᠵᠦ᠂ ᠠᠯᠬᠤᠮ ᠳᠠᠷᠠᠭ᠎ᠠ ᠬᠢᠬᠦ ᠦᠭᠡᠶ ᠪᠠᠶᠢᠬᠤ ᠬᠡᠷᠡᠭᠲᠡᠶ᠃ ᠣᠨᠴᠠᠭᠠᠢ ᠬᠡᠷᠡᠭᠴᠡᠭᠡ ᠠᠴᠠ ᠪᠣᠯᠵᠤ ᠪᠠᠶᠠᠷ ᠤᠨ ᠵᠠᠬᠢᠳᠠᠯ᠂ ᠪᠠᠶᠠᠷ ᠤᠨ ᠴᠠᠬᠢᠯᠭᠠᠨ ᠪᠣᠯᠤᠨ ᠪᠢᠴᠢᠭᠡᠰᠦ ᠵᠡᠷᠭᠡ ᠶᠢ ᠡᠩ ᠤᠨ ᠪᠠᠶᠢᠳᠠᠯ ᠳᠤ ᠢᠯᠡ ᠪᠠᠷ ᠨᠡᠶᠢᠲᠡᠯᠡᠬᠦ ᠦᠭᠡᠢ᠃ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠬᠤᠷᠠᠯ ᠤᠨ ᠠᠵᠢᠯᠯᠠᠭ᠎ᠠ ᠳᠤ ᠣᠷᠣᠯᠴᠠᠬᠤ᠂ ᠦᠨᠳᠦᠰᠦᠨ ᠱᠠᠲᠤᠨ ᠳᠤ ᠬᠦᠷᠴᠦ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠶᠢᠨ ᠰᠣᠨᠢᠨ ᠮᠡᠳᠡᠭᠡ ᠮᠡᠳᠡᠭᠡᠯᠡᠬᠦ ᠪᠠ ᠭᠠᠳᠠᠭᠠᠳᠤ ᠶᠠᠪᠤᠳᠠᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃      ᠠᠷᠪᠠᠨ ᠭᠤᠷᠪᠠᠳᠤᠭᠠᠷ ᠪᠦᠯᠦᠭ ᠳᠠᠭᠠᠯᠳᠤᠭᠤᠯᠤᠯ ᠳᠦᠷᠢᠮ      ᠨᠠᠶᠠᠨ ᠳᠣᠯᠣᠳᠤᠭᠠᠷ ᠵᠦᠢᠯ ᠣᠷᠣᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ ᠲᠤᠰ ᠲᠦᠷᠢᠮ ᠲᠣᠬᠢᠷᠠᠨ᠎ᠠ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠡᠯ᠎ᠡ ᠨᠢᠭᠡᠴᠡ ᠲᠤᠰ ᠳᠦᠷᠢᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃      ᠨᠠᠶᠠᠨ ᠨᠠᠶ᠋ᠮᠠᠳᠤᠭᠠᠷ ᠵᠦᠢᠯ ᠲᠤᠰ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 2021 ᠣᠨ ᠤ 4 ᠰᠠᠷ᠎ᠠ ᠶᠢᠨ 7 ᠤ ᠡᠳᠦᠷ ᠤᠨ ︽︿ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠠᠶᠢᠨᠠᠨ ᠵᠠᠰᠠᠭ ᠲᠠᠷᠬᠠᠭᠠᠭᠰᠠᠨ ︹2021︺ 18 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号