ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠶᠢᠨᠠᠨ ᠲᠣᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/3/7
      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠣᠭᠤᠷᠢᠭ ᠲᠤ ᠰᠠᠭᠤᠭ᠎ᠠ ᠡᠯ᠎ᠡ ᠨᠢᠭᠡᠴᠢ ᠳᠤ᠄      ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠳᠤ ᠬᠢᠨᠠᠯᠲᠠ ᠲᠠᠯᠪᠢᠵᠤ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ︾ ᠪᠣᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠲᠣᠭᠤᠷᠢᠭ ᠤᠨ ᠪᠤᠳᠠᠲᠠᠢ ᠲᠠᠢ ᠪᠠᠨ ᠤᠶᠠᠯᠳᠤᠭᠤᠯᠵᠤ᠂ ᠥᠷᠭᠡᠨ ᠢᠶᠠᠷ ᠰᠠᠨᠠᠯ ᠬᠤᠷᠢᠶᠠᠬᠤ ᠪᠠᠷ ᠳᠠᠮᠵᠢᠨ᠂ ᠬᠠᠤᠯᠢ ᠶᠣᠰᠣᠭᠠᠷ ᠬᠢᠨᠠᠨ ᠬᠠᠷᠭᠤᠭᠤᠯᠤᠭᠠᠳ᠂ ᠡᠳᠦᠭᠡ ᠪᠦᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠲᠤ ᠲᠣᠬᠢᠷᠠᠭᠤᠯᠤᠯᠲᠠ ᠬᠢᠬᠦ ᠶᠢᠨ ᠬᠠᠮᠲᠤ ᠳᠠᠬᠢᠨ ᠨᠡᠶᠢᠲᠡᠯᠡᠶ᠎ᠡ᠃      ᠨᠢᠭᠡ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠯᠪᠠᠨ ᠤᠰᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠷᠠᠰᠠᠩ ᠰᠦᠮ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠤᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠲᠠᠩᠰᠠ ᠡᠪᠬᠡᠮᠡᠯ ᠤᠨ ᠲᠣᠪᠴᠢᠶ᠎ᠠ᠂ ᠲᠤᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠃      ᠬᠤᠶᠠᠷ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠷᠬᠡ ᠣᠯᠭᠤᠨ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ                 ᠦᠬᠠᠢ ᠬᠤᠲᠠ ᠶᠢᠨ ᠬᠠᠢᠨᠠᠨ ᠲᠣᠭᠤᠷᠢᠭ ᠤᠨ ᠲᠠᠮᠠᠬᠢ ᠲᠤᠰᠭᠠᠢ ᠬᠤᠳᠠᠯᠳᠤᠬᠤ ᠲᠣᠪᠴᠢᠶ᠎ᠠ      ᠭᠤᠷᠪᠠ᠂ ᠵᠠᠰᠠᠭ ᠵᠠᠬᠢᠷᠭᠠᠨ ᠤ ᠪᠠᠶᠢᠭᠤᠯᠭ᠎ᠠ ᠨᠠᠶᠢᠳᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠦᠨᠳᠦᠰᠦᠯᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠦᠬᠤᠰᠣ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠷᠠᠰᠠᠩ ᠰᠦᠮ᠎ᠡ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ᠃      ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ      ︵ᠨᠢᠭᠡ︶ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠨᠢ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠵᠦ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠷᠭ᠎ᠠ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠬᠠᠤᠯᠢ ᠶᠢ ᠴᠢᠩᠭ᠎ᠠ᠂ ᠵᠢᠷᠤᠮᠵᠢᠭᠤᠨ᠂ ᠲᠥᠪ ᠭᠤᠣᠯᠴᠢ᠂ ᠪᠣᠯᠪᠠᠰᠤᠨ ᠢᠶᠠᠷ ᠬᠡᠷᠡᠭᠵᠢᠭᠦᠯᠵᠦ᠂ ᠤᠯᠠᠨ ᠨᠡᠶᠢᠲᠡ ᠶᠢᠨ ᠠᠰᠢᠭ ᠲᠤᠰᠠ ᠪᠣᠯᠤᠨ ᠠᠷᠠᠳ ᠢᠷᠭᠡᠨ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ᠃      ︵ᠬᠤᠶᠠᠷ︶ ᠨᠠᠶᠢᠳᠠᠵᠤ ᠬᠠᠤᠯᠢ ᠬᠡᠷᠡᠭᠵᠢᠭᠦᠯᠬᠦ ᠭᠤᠤᠯ ᠴᠣᠭᠴᠠ ᠨᠢ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠬᠠᠤᠯᠢ ᠶᠣᠰᠣᠭᠠᠷ ᠨᠠᠶᠢᠳᠠᠬᠤ ᠶᠢᠨ ᠬᠠᠮᠲᠤ ᠪᠢᠴᠢᠭᠯᠡᠭᠰᠡᠨ ᠨᠠᠶᠢᠳᠠᠯᠭ᠎ᠠ ᠶᠢᠨ ᠵᠥᠪᠳᠡᠯᠴᠡᠬᠡᠷ ᠲᠣᠭᠲᠠᠵᠤ᠂ ᠲᠤᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ᠂ ᠨᠠᠶᠢᠳᠠᠭᠰᠠᠨ ᠭᠤᠤᠯ ᠴᠣᠭᠴᠠ ᠪᠣᠯᠤᠨ ᠨᠠᠶᠢᠳᠠᠭᠰᠠᠨ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃      ︵ᠭᠤᠷᠪᠠ︶ ᠳᠤ᠂ ᠬᠠᠷᠢᠶ᠎ᠠ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠤᠯ ᠴᠣᠭᠴᠠ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ ᠵᠡᠷᠭᠡ ᠪᠠᠶᠢᠳᠠᠯ ᠭᠠᠷᠤᠭᠰᠠᠨ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠪᠠᠶᠢᠳᠠᠯ ᠡᠭᠦᠰᠦᠭᠰᠡᠨ ᠤ ᠳᠠᠷᠠᠭ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠬᠢᠨᠠᠨ ᠪᠠᠶᠢᠴᠠᠭᠠᠯᠭᠠᠵᠤ ᠨᠤᠲᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠶᠢᠨᠠᠨ ᠲᠣᠭᠤᠷᠢᠭ ᠤᠨ ᠨᠢᠭᠡᠳᠦᠭᠡᠷ ᠪᠦᠯᠦᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠶ ᠮᠡᠳᠡᠭᠳᠡᠯ︾ ︵ᠬᠠᠶᠢᠨᠠᠨ ᠵᠠᠰᠠᠭ ᠠᠯᠪᠠᠨ ᠲᠠᠷᠬᠠᠭᠠᠭᠰᠠᠨ ﹇2020﹈ 20 ᠳ᠋ᠤᠭᠠᠷ ᠲᠣᠭᠠᠲᠤ︶ ᠡᠭᠦᠨ ᠤ ᠳᠤ ᠳᠠᠬᠠᠤ ᠬᠦᠴᠦᠨ ᠦᠭᠡᠢ ᠪᠤᠯᠬᠠᠬᠤ ᠬᠡᠷᠡᠭᠲᠡᠶ᠃                                                                                                                  2023 ᠤᠨ ᠤ 2 ᠰᠠᠷ᠎ᠠ ᠶᠢᠨ 14 ᠤ ᠡᠳᠤᠷ   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号