ᠵᠠᠰᠠᠭ ᠤᠨ ᠣᠷᠳᠣᠨ ᠤ ᠠᠯᠪᠠᠨ ᠮᠡᠳᠡᠭᠡ  2022  ᠣᠨ ᠤ  6 ᠳ᠋ᠤᠭᠠᠷ ᠬᠤᠭᠤᠴᠠᠭ᠎ᠠ ︵ᠶᠡᠷᠣᠩᠬᠡᠢ 12 ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2023/4/20
政府公报封面.jpg 
        ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ       ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠶᠢ ᠳᠠᠷᠤᠮᠠᠯᠯᠠᠨ ᠲᠠᠷᠬᠠᠭᠠᠬᠤ ᠲᠤᠬᠠᠢ       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠨᠠᠨ ᠲᠣᠭᠤᠷᠢᠭ ᠤᠨ        ᠠᠷᠠᠳ ᠤᠨ ᠵᠠᠰᠠᠭ ᠤᠨ ᠣᠷᠳᠣᠨ ᠤ ᠺᠣᠮᠫᠠᠨᠢ ᠶᠢᠨ ᠲᠣᠭᠤᠷᠢᠭ ᠤᠨ ᠵᠠᠰᠠᠭ ᠤᠨ ᠣᠷᠳᠣᠨ᠂                            ︵2022 ᠣᠨ ᠤ ᠬᠡᠪᠯᠡᠯ︶ ᠤᠨ ᠲᠤᠬᠠᠢ ᠮᠡᠳᠡᠭᠳᠡᠯ       ᠬᠠᠶᠢᠨᠠᠨ ᠲᠣᠭᠤᠷᠢᠭ ᠤᠨ ᠵᠠᠰᠠᠭ ᠲᠠᠷᠬᠠᠭᠠᠬᠤ 〔2022〕60 ᠳ᠋ᠤᠭᠠᠷ ᠲᠣᠭᠠᠲᠤᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠬᠠᠮᠢᠶ᠎ᠠ ᠪᠦᠬᠦᠢ ᠨᠢᠭᠡᠴᠡ ᠳᠤ᠄      ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 19 ᠳ᠋ᠦᠭᠡᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠭᠡᠷ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠦᠢᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠵᠢᠴᠢ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠦᠬᠠᠢ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠦᠬᠠᠢ ᠵᠠᠰᠠᠭ ᠲᠠᠷᠬᠠᠭᠠᠭᠰᠠᠨ ﹇2022﹈ 27 ᠳ᠋ᠤᠭᠠᠷ ᠲᠣᠭᠠᠲᠤ︶ ᠤᠨ ᠱᠠᠭᠠᠷᠳᠠᠯᠭ᠎ᠠ᠂ ᠮᠠᠨ ᠤ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠣᠯᠴᠢ ᠥᠨᠳᠥᠷ ᠦᠷ᠎ᠡ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠡᠳᠦᠭᠡ ︽ᠬᠠᠶᠢᠨᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ︵ᠳᠣᠷᠣᠭᠰᠢ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ︾ ᠭᠡᠵᠦ ᠲᠣᠪᠴᠢᠯᠠᠨ᠎ᠠ︶ ᠶᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠪᠣᠳᠠᠲᠠᠢ ᠲᠠᠢ ᠪᠠᠨ ᠤᠶᠠᠯᠳᠤᠭᠤᠯᠤᠨ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃      ᠨᠢᠭᠡ᠂ ᠡᠯ᠎ᠡ ᠪᠠᠯᠭᠠᠰᠤ᠂ ᠡᠯ᠎ᠡ ᠨᠢᠭᠡᠴᠡ ᠨᠦᠭᠦᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ ᠴᠥᠮ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠦᠭᠡᠢ᠃      ᠬᠤᠶᠠᠷ᠂ ᠡᠯ᠎ᠡ ᠪᠠᠯᠭᠠᠰᠤ᠂ ᠡᠯ᠎ᠡ ᠨᠢᠭᠡᠴᠡ ᠨᠦᠭᠦᠳ ᠨᠠᠷᠢᠨ ᠬᠠᠭᠤᠳᠠᠰᠤ ᠶᠢ ᠨᠡᠶᠢᠲᠡᠯᠡᠭᠰᠡᠨ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠨᠢᠭᠡᠳᠦᠯᠲᠡᠢ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ ᠨᠤᠲᠠᠯᠠᠨ ᠵᠥᠪᠰᠢᠶᠡᠷᠡᠬᠦ ᠪᠠ ᠳᠠᠬᠢᠨ ᠬᠡᠷᠡᠭᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢ ᠰᠢᠨᠡᠳᠬᠡᠨ ᠲᠣᠬᠢᠷᠠᠭᠤᠯᠤᠨ᠎ᠠ᠃      ᠭᠤᠷᠪᠠ᠂ ᠡᠯ᠎ᠡ ᠪᠠᠯᠭᠠᠰᠤ᠂ ᠡᠯ᠎ᠡ ᠨᠢᠭᠡᠴᠡ ᠨᠦᠭᠦᠳ ᠵᠠᠰᠠᠭ ᠵᠠᠬᠢᠷᠭᠠᠨ ᠤ ᠵᠥᠪᠰᠢᠶᠡᠷᠡᠯ ᠤᠨ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠡᠷᠡᠭ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠪᠠ ᠬᠡᠷᠡᠭ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃                                    2022 ᠣᠨ ᠤ 12 ᠰᠠᠷ᠎ᠠ ᠶᠢᠨ 15 ᠤ ᠡᠳᠣᠷ                                                    ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶       ᠥᠪᠥᠷ ᠮᠣᠩᠭᠤᠯ ᠤᠨ ᠡᠮᠴᠢᠯᠡᠭᠡᠨ ᠤ ᠦᠢᠯᠡᠴᠢᠯᠡᠭᠡ ᠶᠢᠨ ᠴᠤᠪᠤᠷᠠᠯ ᠢ      ᠤᠯᠠᠮ ᠨᠢᠭᠡ ᠠᠯᠬᠤᠮ ᠰᠢᠯᠢᠳᠡᠭᠵᠢᠭᠦᠯᠵᠦ       ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠪᠠᠷ ᠡᠮᠨᠡᠭᠦᠯᠬᠦ ᠲᠤᠬᠠᠢ ᠮᠡᠳᠡᠭᠳᠡᠯᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ᠄      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ︽ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠰᠠᠶᠢᠲᠤᠷ ᠬᠢᠬᠦ ᠲᠤᠬᠠᠢ ᠮᠡᠳᠡᠭᠳᠡᠯ︾ ︽ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︽ᠡᠪᠡᠳᠴᠢᠨ ᠦᠵᠡᠭᠦᠯᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠣᠳᠣᠬᠠᠨ ᠤ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠡᠳᠦᠭᠡ ᠡᠯ᠎ᠡ ᠠᠶᠢᠮᠠᠭ ᠬᠤᠲᠠ ᠶᠢ ᠵᠢᠯᠣᠭᠤᠳᠤᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠪᠡᠳᠴᠢᠲᠡᠨ ᠤ ᠡᠮᠬᠢ ᠵᠢᠷᠤᠮ ᠲᠠᠢ ᠡᠪᠡᠳᠴᠢᠨ ᠦᠵᠡᠭᠦᠯᠬᠦ ᠶᠢ ᠰᠢᠨᠵᠢᠯᠡᠬᠦ ᠤᠬᠠᠭᠠᠨᠴᠢ ᠪᠠᠷ ᠬᠥᠲᠥᠯᠥᠨ ᠵᠢᠯᠤᠭᠤᠳᠴᠤ᠂ ᠰᠢᠨ᠎ᠡ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠢ ᠱᠠᠲᠤ ᠬᠤᠪᠢᠶᠠᠨ ᠲᠥᠷᠥᠯ ᠬᠤᠪᠢᠶᠠᠨ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠪᠡ᠃      ᠨᠢᠭᠡ᠂ ᠬᠠᠮᠵᠢᠯᠴᠠᠨ ᠣᠷᠣᠯᠴᠠᠬᠤ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠳᠠᠷᠤᠭᠠᠰᠤ ᠶᠢ ᠬᠥᠩᠭᠡᠷᠡᠭᠦᠯᠦᠨ᠎ᠡ      ︵ᠨᠢᠭᠡ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠤ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠰᠢᠨ᠎ᠡ ᠡᠪᠡᠳᠴᠢᠨ ᠡᠮᠭᠡᠭ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠷᠢᠳᠴᠢᠯᠠᠨ ᠰᠡᠷᠭᠡᠶᠢᠯᠡᠵᠦ ᠠᠪᠤᠷᠠᠨ ᠵᠠᠰᠠᠬᠤ᠂ ᠭᠡᠷ ᠪᠦᠯᠢ ᠶᠢᠨ ᠡᠷᠡᠭᠦᠯᠵᠢᠯ᠂ ᠬᠤᠪᠢ ᠬᠥᠮᠥᠨ ᠤ ᠬᠠᠮᠠᠭᠠᠯᠠᠯᠲᠠ᠂ ᠡᠮ ᠵᠢᠴᠢ ᠥᠳᠥᠭᠡᠭᠴᠢ ᠶᠢᠨ ᠤᠷᠪᠠᠯᠵᠢ ᠶᠢ ᠬᠡᠷᠡᠭᠯᠡᠬᠦ ᠵᠡᠷᠭᠡ ᠮᠡᠳᠡᠯᠭᠡ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠣᠯᠠᠨ ᠲᠦᠮᠡᠨ ᠤ ᠵᠣᠪᠠᠨᠢᠯ ᠢ ᠪᠠᠭᠠᠰᠬᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ᠂ ᠵᠦᠢ ᠵᠣᠬᠢᠰᠲᠠᠢ ᠡᠮᠨᠡᠭᠦᠯᠬᠦ ᠠᠵᠢᠯ ᠢ ᠰᠠᠶᠢᠲᠤᠷ ᠬᠢᠵᠦ᠂ ᠵᠣᠬᠢᠬᠤ ᠬᠡᠮᠵᠢᠶᠡᠨ ᠤ ᠬᠠᠯᠠᠭᠤᠨ ᠢ ᠠᠷᠢᠯᠭᠠᠵᠤ ᠡᠪᠡᠳᠬᠦ ᠶᠢ ᠵᠣᠭᠰᠤᠭᠠᠬᠤ ᠡᠳᠦᠷ ᠲᠤᠲᠤᠮ ᠤᠨ ᠡᠮ ᠪᠠ ᠥᠳᠥᠭᠡᠭᠴᠢ ᠶᠢᠨ ᠤᠷᠪᠠᠯᠵᠢ ᠶᠢ ᠨᠥᠭᠡᠴᠡᠯᠡᠵᠦ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠨ᠎ᠡ᠄ ᠥᠨᠳᠥᠷ ᠨᠠᠰᠤᠲᠠᠢ ᠨᠠᠰᠤᠲᠠᠨ᠂ ᠰᠠᠭᠤᠷᠢ ᠴᠢᠨᠠᠷᠲᠠᠢ ᠡᠪᠡᠳᠴᠢᠨ ᠲᠠᠢ ᠡᠪᠡᠳᠴᠢᠲᠡᠨ ᠵᠡᠷᠭᠡ ᠬᠦᠨᠳᠦ ᠡᠪᠡᠳᠴᠢᠨ ᠲᠠᠢ ᠠᠶᠤᠯ ᠲᠦᠭᠰᠢᠭᠦᠷᠢ ᠶᠡᠬᠡᠲᠡᠢ ᠬᠥᠮᠥᠰ ᠲᠤ ᠦᠷᠭᠦᠯᠵᠢᠯᠡᠨ ᠥᠨᠳᠥᠷ ᠬᠠᠯᠠᠭᠤᠷᠠᠭᠠᠳ ᠪᠠᠭᠤᠷᠠᠬᠤ ᠦᠭᠡᠢ᠂ ᠠᠮᠢᠰᠬᠤᠯ ᠴᠢᠬᠤᠯᠳᠠᠬᠤ ᠵᠡᠷᠭᠡ ᠪᠠᠶᠢᠳᠠᠯ ᠭᠠᠷᠪᠠᠯ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠡᠮᠨᠡᠭᠦᠯᠦᠨ᠎ᠡ᠃      ︵ᠬᠤᠶᠠᠷ︶ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠰᠢᠨ᠎ᠡ ᠲᠢᠲᠢᠮ ᠤᠨ ᠬᠥᠩᠭᠡᠨ ᠡᠪᠡᠳᠴᠢᠨ ᠪᠠ ᠤᠳᠠᠭᠠᠨ ᠴᠢᠨᠠᠷᠲᠠᠢ ᠡᠪᠡᠳᠴᠢᠲᠡᠨ ᠢ ᠲᠦᠷᠭᠡᠨ ᠰᠠᠯᠭᠠᠨ᠎ᠠ᠃ᠰᠢᠨ᠎ᠡ ᠲᠢᠲᠢᠮ ᠲᠠᠢ ᠬᠥᠩᠭᠡᠨ ᠡᠪᠡᠳᠴᠢᠲᠡᠨ ᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠡᠬᠢ ᠪᠠᠶᠠᠯᠢᠭ ᠢ ᠲᠣᠬᠢᠷᠠᠭᠤᠯᠤᠨ ᠡᠷᠡᠭᠦᠯ ᠬᠠᠮᠠᠭᠠᠯᠠᠯ ᠤᠨ ᠲᠠᠰᠤᠭ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ︶᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠬᠥᠳᠡᠯᠭᠡᠭᠡᠨ ᠤ ᠲᠠᠰᠤᠭ᠂ ᠪᠥᠭᠡᠮ ᠬᠦᠴᠢᠯ ᠤᠨ ᠥᠯᠢᠭᠡᠷ ᠠᠪᠬᠤ ᠵᠢᠵᠢᠭ ᠥᠷᠥᠭᠡ᠂ ᠡᠷᠡᠭᠦᠯ ᠮᠡᠨᠳᠦ ᠶᠢᠨ ᠵᠢᠵᠢᠭ ᠥᠷᠥᠭᠡ ᠵᠡᠷᠭᠡ ᠲᠠᠯᠠᠪᠤᠷ ᠲᠤ ᠲᠥᠬᠦᠮ ᠡᠮ ᠨᠠᠶᠢᠷᠠᠭᠤᠯᠬᠤ ᠡᠭᠦᠳᠡᠨ ᠡᠮᠨᠡᠯᠭᠡ ᠭᠠᠷᠭᠠᠵᠤ᠂ ᠡᠪᠡᠳᠴᠢᠲᠡᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠮ ᠬᠡᠷᠡᠭᠯᠡᠬᠦ ᠬᠦᠴᠦᠯᠡᠴᠡ ᠶᠢ ᠳᠡᠭᠡᠭᠰᠢᠯᠡᠭᠦᠯᠦᠨ᠂ ᠡᠪᠡᠳᠴᠢᠲᠡᠨ ᠤ ᠦᠨᠳᠦᠰᠦᠨ ᠡᠮᠴᠢᠯᠡᠭᠡ ᠳᠤ ᠲᠤᠯᠭᠠᠭᠤᠷᠢᠯᠠᠯ ᠬᠠᠩᠭᠠᠨ᠎ᠠ᠃ᠤᠳᠠᠭᠠᠨ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ ᠢ ᠬᠦᠯᠢᠶᠡᠨ ᠠᠪᠴᠤ ᠡᠮᠨᠡᠭᠦᠯᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ ᠨᠢ ᠡᠩ ᠤᠨ ᠳᠣᠲᠣᠷ ᠡᠮᠨᠡᠯᠭᠡ᠂ ᠨᠠᠰᠤᠲᠠᠶᠢᠴᠤᠳ ᠤᠨ ᠡᠮᠨᠡᠯᠭᠡ ᠶᠢᠨ ᠤᠬᠠᠭᠠᠨ᠂ ᠶᠡᠷᠦᠩᠬᠡᠢ ᠰᠠᠯᠠᠭᠠᠨ ᠤ ᠡᠮᠨᠡᠯᠭᠡ ᠶᠢᠨ ᠤᠬᠠᠭᠠᠨ ᠵᠡᠷᠭᠡ ᠰᠠᠯᠠᠭ᠎ᠠ ᠲᠠᠰᠤᠭ ᠲᠤ ᠳᠥᠭᠦᠮ ᠡᠮ ᠨᠠᠶᠢᠷᠠᠭᠤᠯᠬᠤ ᠡᠭᠦᠳᠡᠨ ᠡᠮᠨᠡᠯᠭᠡ ᠲᠣᠬᠢᠷᠠᠭᠤᠯᠵᠤ ᠪᠣᠯᠣᠨ᠎ᠠ᠃ ᠤᠳᠠᠭᠠᠨ ᠴᠢᠨᠠᠷᠲᠠᠢ ᠡᠪᠡᠳᠴᠢᠲᠡᠨ ᠳᠤ ︽ᠨᠢᠭᠡ ᠥᠷᠲᠡᠭᠡᠨ ᠤ ᠮᠠᠶ᠋ᠢᠭ︾ ᠤᠨ ᠣᠷᠳᠣ ᠬᠤᠭᠤᠴᠠᠭᠠᠨ ᠤ ᠵᠣᠷ ᠪᠢᠴᠢᠵᠦ ᠥᠭᠬᠦ ᠪᠠ ᠡᠮ ᠠᠪᠬᠤ ᠦᠢᠯᠡᠴᠢᠯᠡᠭᠡ ᠬᠠᠩᠭᠠᠵᠤ᠂ ᠡᠪᠡᠳᠴᠢᠲᠡᠨ ᠤ ᠡᠮᠨᠡᠯᠭᠡ ᠶᠢᠨ ᠬᠤᠷᠢᠶ᠎ᠠ ᠳᠤ ᠰᠢᠯᠵᠢᠬᠦ ᠶᠢ ᠪᠠᠭᠠᠰᠬᠠᠨ᠂ ᠡᠮᠨᠡᠯᠭᠡ ᠶᠢᠨ ᠬᠤᠷᠢᠶ᠎ᠠ ᠶᠢᠨ ᠡᠩ ᠤᠨ ᠡᠭᠦᠳᠡᠨ ᠡᠮᠨᠡᠯᠭᠡ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠭᠥᠯᠢᠶᠡᠨ ᠠᠪᠴᠤ ᠡᠮᠨᠡᠭᠦᠯᠬᠦ ᠳᠠᠷᠤᠯᠲᠠ ᠶᠢ ᠬᠥᠩᠭᠡᠷᠡᠭᠦᠯᠵᠦ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠨᠠᠩ ᠣᠯᠠᠨ ᠡᠮᠴᠢᠯᠡᠭᠡᠨ ᠤ ᠡᠬᠢ ᠪᠠᠶᠠᠯᠢᠭ ᠢᠶᠠᠷ ᠠᠪᠤᠷᠠᠨ ᠵᠠᠰᠠᠬᠤ ᠶᠢ ᠪᠠᠲᠤᠯᠠᠵᠤ᠂ ᠴᠠᠭᠳᠠᠭ᠎ᠠ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠡᠮᠴᠢᠯᠡᠭᠦᠯᠦᠭᠴᠢ ᠶᠢ ᠬᠥᠲᠥᠯᠥᠨ ᠵᠢᠯᠤᠭᠤᠳᠴᠤ ᠰᠠᠯᠭᠠᠨ ᠲᠣᠬᠢᠷᠠᠭᠤᠯᠬᠤ ᠶᠢ ᠰᠠᠶᠢᠲᠤᠷ ᠬᠢᠵᠦ᠂ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠮᠬᠢ ᠳᠢᠭᠯᠢᠮ ᠢ ᠪᠠᠲᠤᠯᠠᠨ᠎ᠠ᠃ᠡᠮᠴᠢᠯᠡᠭᠦᠯᠵᠦ ᠳᠠᠭᠤᠰᠤᠭᠰᠠᠨ ᠡᠪᠡᠳᠴᠢᠲᠡᠨ ᠢ ᠡᠮᠴᠢᠯᠡᠭᠡᠨ ᠤ ᠪᠠᠶᠢᠭᠤᠯᠤᠮᠵᠢ ᠠᠴᠠ ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠪᠠᠷ ᠡᠮᠨᠡᠯᠭᠡ ᠠᠴᠠ ᠭᠠᠷᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷᠠᠬᠢ ᠬᠥᠮᠥᠰ ᠤᠨ ᠲᠦᠷᠭᠡᠨ ᠲᠠᠷᠬᠠᠬᠤ ᠶᠢ ᠦᠨᠡᠨ ᠬᠦ ᠪᠠᠲᠤᠯᠠᠵᠤ᠂ ᠣᠨᠣᠰᠢᠯᠠᠨ ᠡᠮᠨᠡᠬᠦ ᠡᠮᠬᠢ ᠵᠢᠷᠤᠮ ᠢ ᠬᠠᠮᠠᠭᠠᠯᠠᠨ᠎ᠠ᠃      ︵ᠭᠤᠷᠪᠠ︶ ᠢᠨᠲ᠋ᠧᠷ ᠰᠦᠯᠵᠢᠶᠡᠨ ᠤ ᠣᠨᠣᠰᠢᠯᠠᠨ ᠡᠮᠨᠡᠬᠦ ᠵᠢᠴᠢ ᠠᠰᠠᠭᠤᠨ ᠯᠠᠪᠯᠠᠬᠤ ᠦᠢᠯᠡᠴᠢᠯᠡᠭᠡ ᠶᠢ ᠳᠡᠯᠭᠡᠷᠡᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠨᠢᠭᠡᠨᠲᠡ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠪᠠᠶᠢᠭᠤᠯᠤᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠡᠮᠨᠡᠯᠭᠡ ᠶᠢᠨ ᠠᠵᠢᠯᠲᠠᠳ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠵᠤ ᠪᠠᠶᠢᠭᠠᠳ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠳᠤ ᠡᠭᠡᠯᠵᠢᠯᠡᠭᠦᠯᠦᠨ ᠡᠮᠴᠢᠯᠡᠭᠦᠯᠵᠦ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠪᠠᠶᠢᠭᠤᠯᠬᠤ ᠳᠤ ᠨᠡᠶᠢᠴᠡᠬᠦ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠬᠦ ᠶᠢᠨ ᠬᠠᠮᠲᠤ ᠦᠢᠯᠡᠴᠢᠯᠡᠭᠡ ᠬᠠᠩᠭᠠᠵᠤ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠪᠦᠷᠢᠯᠳᠦᠭᠦᠯᠦᠭᠡᠳᠦᠢ ᠡᠮᠴᠢᠯᠡᠭᠡᠨ ᠤ ᠪᠠᠶᠢᠭᠤᠯᠤᠮᠵᠢ ᠨᠤᠭᠤᠳ ᠸᠢᠴᠠᠲ ᠤᠨ ᠨᠡᠶᠢᠲᠡ ᠶᠢᠨ ᠳ᠋ᠤᠭᠠᠷ᠂ ᠵᠢᠵᠢᠭ ᠲᠠᠰ ᠳᠠᠷᠠᠭᠠᠯᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠰᠦᠯᠵᠢᠶᠡᠨ ᠳᠡᠭᠡᠷᠡᠬᠢ 24 ᠴᠠᠭ ᠤᠨ ᠯᠠᠪᠯᠠᠭ᠎ᠠ ᠥᠭᠬᠦ ᠦᠢᠯᠡᠴᠢᠯᠡᠭᠡ ᠬᠠᠩᠭᠠᠵᠤ ᠪᠣᠯᠣᠨ᠎ᠠ᠃ᠡᠯ᠎ᠡ ᠭᠠᠵᠠᠷ ᠤᠨ ᠬᠢᠨ ᠸᠢᠴᠠᠲ ᠤᠨ ᠨᠡᠶᠢᠲᠡ ᠶᠢᠨ ᠳ᠋ᠤᠭᠠᠷ᠂ ᠠᠯᠪᠠᠨ ᠤ ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠨᠣᠰᠢᠯᠠᠨ ᠡᠮᠨᠡᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠳᠠᠬᠢᠨ ᠣᠨᠣᠰᠢᠯᠠᠬᠤ᠂ ᠤᠳᠠᠭᠠᠨ ᠴᠢᠨᠠᠷᠲᠠᠢ ᠡᠪᠡᠳᠴᠢᠨ ᠳᠤ ᠡᠮ ᠥᠭᠬᠦ᠂ ᠡᠷᠡᠭᠦᠯ ᠮᠡᠨᠳᠦ ᠶᠢᠨ ᠯᠠᠪᠯᠠᠭ᠎ᠠ ᠥᠭᠬᠦ ᠣᠯᠠᠨ ᠲᠦᠮᠡᠨ ᠢ ᠪᠦᠲᠦᠮᠵᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠦᠢᠯᠡᠴᠢᠯᠡᠭᠡ ᠬᠦᠷᠲᠡᠭᠡᠵᠦ᠂ 120 ᠲᠦᠷᠭᠡᠨ ᠠᠪᠤᠷᠠᠯᠳᠠ ᠶᠢᠨ ᠳ᠋ᠢᠶᠠᠩᠬᠤᠸᠠ ᠶᠢᠨ ᠯᠠᠪᠯᠠᠭ᠎ᠠ ᠪᠠ ᠰᠦᠯᠵᠢᠶᠡᠨ ᠠᠴᠠ ᠭᠠᠳᠠᠭᠤᠷᠬᠢ ᠣᠨᠣᠰᠢᠯᠠᠭ᠎ᠠ ᠶᠢᠨ ᠳᠠᠷᠤᠯᠲᠠ ᠶᠢ ᠬᠥᠩᠭᠡᠷᠡᠭᠦᠯᠬᠦ ᠬᠡᠷᠡᠭᠲᠡᠢ᠃ᠡᠯ᠎ᠡ ᠭᠠᠵᠠᠷ ᠤᠨ ᠬᠢᠨ ᠢᠨᠲ᠋ᠧᠷ ᠰᠦᠯᠵᠢᠶᠡᠨ ᠤ ᠬᠠᠳᠠᠭᠠᠯᠠᠮᠵᠢ ᠶᠢᠨ ᠡᠬᠢ ᠪᠠᠶᠠᠯᠢᠭ ᠢ ᠲᠠᠰ ᠳᠡᠪᠰᠢᠭᠦᠯᠦᠨ ᠥᠷᠭᠡᠳᠬᠡᠵᠦ᠂ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠵᠢᠯᠲᠠᠨ ᠢ ᠭᠦᠢᠴᠡᠳ ᠲᠣᠬᠢᠷᠠᠭᠤᠯᠵᠤ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ᠂ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠬᠤᠶᠠᠷ᠂ ᠣᠨᠣᠰᠢᠯᠠᠨ ᠡᠮᠨᠡᠬᠦ ᠴᠤᠪᠤᠷᠠᠯ ᠢ ᠰᠢᠯᠢᠳᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ      ᠬᠦᠨᠳᠦ ᠡᠪᠡᠳᠴᠢᠨ ᠢ ᠰᠡᠷᠭᠡᠶᠢᠯᠡᠬᠦ᠂ ᠦᠬᠦᠯ ᠢ ᠪᠠᠭᠠᠰᠬᠠᠬᠤ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠨᠤᠭᠤᠳ ︽ᠠᠷᠭ᠎ᠠ ᠴᠢᠨᠠᠷ ᠪᠠᠶᠢᠬᠤ ᠡᠰᠡᠬᠦ ᠶᠢ ᠠᠩᠬᠠᠷᠬᠤ ᠦᠭᠡᠢ᠂ ᠠᠮᠢ ᠨᠠᠰᠤ ᠶᠢ ᠠᠪᠤᠷᠠᠨ ᠵᠠᠰᠠᠬᠤ ᠶᠢ ᠨᠠᠩ ᠠᠩᠬᠠᠷᠬᠤ︾ ᠣᠨᠣᠯᠵᠢᠬᠤᠨ ᠢ ᠪᠣᠶ ᠪᠣᠯᠭᠠᠵᠤ᠂ ᠡᠪᠡᠳᠴᠢᠯᠡᠭᠰᠡᠳ ᠤᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠲᠥᠰᠥᠭᠡᠯᠡᠵᠦ᠂ ᠡᠮᠴᠢᠯᠡᠭᠡᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠤᠨ᠂ ᠣᠨᠣᠰᠢᠯᠠᠨ ᠡᠮᠨᠡᠬᠦ ᠠᠪᠤᠷᠠᠨ ᠵᠠᠰᠠᠬᠤ ᠶᠠᠪᠤᠴᠠ ᠶᠢ ᠰᠢᠯᠢᠳᠡᠭᠵᠢᠭᠦᠯᠵᠦ᠂ ᠠᠵᠢᠯ ᠤᠨ ᠭᠤᠣᠯᠳᠠᠯᠭ᠎ᠠ ᠪᠠᠨ ᠣᠯᠠᠨ ᠲᠦᠮᠡᠨ ᠤ ᠠᠮᠢ ᠨᠠᠰᠤ ᠶᠢ ᠨᠥᠯᠥᠭᠡᠯᠡᠬᠦ ᠡᠪᠡᠳᠴᠢᠨ ᠡᠮᠭᠡᠭ ᠢ ᠣᠨᠣᠰᠢᠯᠠᠨ ᠵᠠᠰᠠᠬᠤ ᠠᠵᠢᠯ ᠳᠤ ᠰᠢᠯᠵᠢᠭᠦᠯᠬᠦ ᠬᠡᠷᠡᠭᠲᠡᠢ᠃      ︵ᠨᠢᠭᠡ︶ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠬᠦᠨᠳᠦ ᠡᠪᠡᠳᠴᠢᠨ ᠢ ᠠᠪᠤᠷᠠᠨ ᠵᠠᠰᠠᠬᠤ ᠠᠵᠢᠯ ᠳᠤ ᠪᠠᠲᠤᠯᠠᠭ᠎ᠠ ᠬᠠᠩᠭᠠᠨ᠎ᠠ᠃ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠪᠠᠨ ᠡᠮ ᠡᠮᠨᠡᠯᠭᠡ ᠶᠢᠨ ᠠᠪᠤᠷᠠᠨ ᠵᠠᠰᠠᠬᠤ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠦᠨᠳᠦ ᠡᠪᠡᠳᠴᠢᠲᠡᠨ ᠢ ᠡᠮᠨᠡᠨ ᠠᠪᠤᠷᠠᠬᠤ ᠲᠤᠰᠬᠠᠢ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠣᠭᠤᠷᠢᠨ ᠪᠠᠶᠢᠴᠠᠭᠠᠵᠤ ᠬᠠᠮᠲᠤᠷᠠᠨ ᠣᠨᠣᠰᠢᠯᠠᠬᠤ ᠰᠢᠯᠵᠢᠭᠦᠯᠦᠨ ᠣᠨᠣᠰᠢᠯᠠᠬᠤ ᠳᠦᠷᠢᠮ ᠢ ᠪᠠᠶᠢᠭᠤᠯᠵᠤ᠂ ᠲᠤᠰᠬᠠᠢ ᠮᠡᠷᠭᠡᠵᠢᠯᠲᠡᠨ ᠤ ᠲᠣᠭᠲᠠᠭᠰᠠᠨ ᠭᠠᠵᠠᠷ ᠢ ᠳᠣᠷᠣᠭᠰᠢ ᠪᠠᠭᠤᠯᠭᠠᠨ ᠵᠢᠯᠤᠭᠤᠳᠬᠤ ᠳᠦᠷᠢᠮ᠂ ᠬᠡᠰᠡᠭ ᠲᠣᠭᠤᠷᠢᠭ ᠢᠶᠠᠷ ᠬᠦᠨᠳᠦ ᠡᠪᠡᠳᠴᠢᠲᠡᠨ ᠢ ᠠᠪᠤᠷᠠᠨ ᠵᠠᠰᠠᠬᠤ ᠮᠡᠷᠭᠡᠵᠢᠯ ᠤᠨ ᠵᠢᠯᠣᠭᠤᠳᠤᠯᠭ᠎ᠠ  ᠶᠢ ᠨᠠᠶᠢᠳᠠᠪᠤᠷᠢᠵᠢᠭᠤᠯᠵᠤ᠂ ᠡᠳᠦᠷ ᠪᠦᠷᠢ ᠶᠢᠨ ᠬᠦᠨᠳᠦ ᠡᠪᠡᠳᠴᠢᠲᠡᠨ ᠳᠤ ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠡᠳᠦᠷ ᠤᠨ ᠲᠣᠳᠣᠷᠬᠠᠢ ᠬᠠᠭᠤᠳᠠᠰᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ ᠬᠠᠮᠲᠤᠷᠠᠨ ᠣᠨᠣᠰᠢᠯᠠᠬᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠡᠯᠡᠨ ᠵᠢᠱᠢᠬᠦ ᠵᠡᠷᠭᠡ ᠠᠵᠢᠯ ᠤᠨ ᠲᠣᠭᠲᠠᠴᠠ ᠶᠢ ᠪᠣᠶ ᠪᠣᠯᠭᠠᠨ᠎ᠠ᠄ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠱᠠᠭᠠᠷᠳᠠᠯᠭ᠎ᠠ ᠶᠣᠰᠣᠭᠠᠷ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠤ ᠥᠷᠥᠭᠡ ᠪᠣᠯᠣᠨ ᠬᠦᠨᠳᠦ ᠡᠪᠡᠳᠴᠢᠲᠡᠨ ᠤ ᠣᠷᠣ ᠶᠢ ᠥᠭᠡᠷᠡᠴᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠬᠦᠨᠳᠦ ᠡᠪᠡᠳᠴᠢᠨ ᠢ ᠡᠮᠨᠡᠨ ᠵᠠᠰᠠᠬᠤ ᠡᠮᠴᠢ ᠰᠤᠪᠢᠯᠠᠭᠴᠢ ᠶᠢᠨ ᠪᠣᠯᠪᠠᠰᠤᠷᠠᠯ ᠢ ᠲᠦᠷᠭᠡᠨ ᠪᠡᠶᠡᠯᠡᠭᠦᠯᠵᠦ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠠᠪᠤᠷᠠᠨ ᠵᠠᠰᠠᠬᠤ ᠶᠠᠪᠤᠴᠠ ᠪᠠ ᠪᠡᠯᠡᠳᠬᠡᠯ ᠲᠥᠰᠥᠯ ᠢ ᠲᠣᠭᠲᠠᠭᠠᠵᠤ᠂ ᠥᠨᠳᠥᠷ ᠨᠠᠰᠤᠨ ᠤ ︵ᠬᠦᠨᠳᠦ ᠨᠣᠴᠢᠲᠠᠢ ᠰᠠᠭᠤᠷᠢ ᠡᠪᠡᠳᠴᠢᠨ ᠲᠠᠢ︶᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠢᠷᠠᠢ ᠬᠡᠦᠬᠡᠳ᠂ ᠵᠢᠷᠦᠬᠡ ᠲᠠᠷᠢᠬᠢ ᠴᠢᠰᠤᠨ ᠰᠤᠳᠠᠯ ᠤᠨ ᠡᠪᠡᠳᠴᠢᠨ᠂ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ ᠵᠡᠷᠭᠡ ᠭᠤᠣᠯᠳᠠᠯᠭ᠎ᠠ ᠲᠠᠢ ᠬᠥᠮᠥᠰ ᠢ ᠠᠪᠤᠷᠠᠨ ᠵᠠᠰᠠᠬᠤ ᠠᠵᠢᠯ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠄ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ︵ᠡᠮᠴᠢᠯᠡᠭᠡᠨ ᠤ ᠲᠠᠰᠤᠭ︶᠂ ᠲᠦᠷᠭᠡᠨ ᠡᠮᠴᠢᠯᠡᠭᠡᠨ ᠤ ᠭᠥᠯᠢᠶᠡᠨ ᠠᠪᠴᠤ ᠡᠮᠴᠢᠯᠡᠬᠦ ᠲᠠᠰᠤᠭ ᠤᠨ ᠡᠬᠢ ᠪᠠᠶᠠᠯᠢᠭ ᠢ ᠵᠦᠢ ᠵᠣᠬᠢᠰᠲᠠᠢ ᠥᠷᠭᠡᠳᠬᠡᠨ ᠲᠡᠭᠦᠯᠳᠡᠷᠵᠢᠭᠦᠯᠵᠦ᠂ ᠡᠮᠴᠢᠯᠡᠭᠡᠨ ᠤ ᠬᠦᠴᠦᠨ ᠢ ᠬᠠᠯᠠᠭᠤᠷᠠᠯ ᠤᠨ ᠡᠭᠦᠳᠡᠨ ᠡᠮᠨᠡᠯᠭᠡ᠂ ᠲᠦᠷᠭᠡᠨ ᠡᠮᠴᠢᠯᠡᠭᠡ ᠳᠠᠰᠢ ᠬᠡᠯᠪᠡᠶᠢᠯᠭᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠲᠦᠷᠭᠡᠨ ᠨᠡᠮᠡᠭᠳᠡᠬᠦ ᠳᠠᠷᠤᠯᠲᠠ ᠶᠢ ᠪᠦᠲᠦᠮᠵᠢᠲᠡᠢ ᠠᠷᠭᠠᠴᠠᠨ᠎ᠠ᠄ 120 ᠲᠦᠷᠭᠡᠨ ᠠᠪᠤᠷᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠷᠠᠭᠤᠯᠤᠨ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠ ᠨᠠᠰᠤ ᠠᠬᠢᠭᠰᠠᠨ ᠡᠪᠡᠳᠴᠢᠲᠡᠨ ᠢ ᠲᠦᠷᠭᠡᠨ ᠠᠪᠤᠷᠠᠯ ᠤᠨ ᠰᠢᠯᠵᠢᠭᠦᠯᠦᠨ ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠪᠠᠲᠤᠯᠠᠵᠤ᠂ ᠨᠡᠶᠢᠭᠡᠮ ᠤᠨ ᠬᠦᠴᠦᠨ ᠪᠤᠶᠤ ᠭᠤᠷᠪᠠᠳᠠᠭᠢ ᠡᠲᠡᠭᠡᠳ ᠤᠨ ᠡᠬᠢ ᠪᠠᠶᠠᠯᠢᠭ ᠢ ᠠᠰᠢᠭᠯᠠᠨ᠂ ᠲᠦᠷᠭᠡᠨ ᠠᠪᠤᠷᠠᠯ ᠤᠨ ᠪᠤᠰᠤ ᠡᠪᠡᠳᠴᠢᠲᠡᠨ ᠢ ᠰᠢᠯᠵᠢᠭᠦᠯᠦᠨ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠨᠥᠬᠦᠪᠦᠷᠢᠯᠡᠨ᠎ᠡ︔ ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠲᠦᠷᠭᠡᠨ ᠠᠪᠤᠷᠠᠯᠳᠠ᠂ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠦᠨᠳᠦ ᠡᠪᠡᠳᠴᠢᠨ ᠢ ᠨᠢᠭᠡ ᠴᠣᠭᠴᠠᠵᠢᠭᠤᠯᠤᠨ ᠠᠪᠤᠷᠠᠨ ᠵᠠᠰᠠᠬᠤ ᠰᠢᠰᠲ᠋ᠧᠮᠵᠢ ᠶᠢ ᠪᠠᠶᠢᠭᠤᠯᠵᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠤ ᠪᠥᠬᠦ ᠴᠤᠪᠤᠷᠠᠯ᠂ ᠪᠥᠬᠦ ᠭᠤᠭᠴᠣᠭᠠᠨ ᠳᠠᠬᠢ ᠭᠥᠯᠢᠶᠡᠨ ᠠᠪᠴᠤ ᠠᠪᠤᠷᠠᠨ ᠵᠠᠰᠠᠬᠤ ᠠᠵᠢᠯ ᠤᠨ ᠰᠠᠭᠠᠳ ᠦᠭᠡᠢ ᠪᠥᠭᠡᠳ ᠴᠠᠭ ᠲᠤᠬᠠᠢ ᠳᠤᠨᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠬᠤᠶᠠᠷ︶ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠬᠠᠮᠢᠶᠠᠷᠬᠤ ᠪᠠ ᠠᠪᠤᠷᠠᠨ ᠵᠠᠰᠠᠬᠤ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠷᠢᠶ᠎ᠠ ᠣᠷᠣᠨ ᠤ ᠳᠣᠲᠣᠷᠠᠬᠢ ︵ᠭᠡᠷ ᠲᠡᠭᠡᠨ ᠰᠠᠭᠤᠵᠤ ᠪᠠᠶᠢᠭ᠎ᠠ᠂ ᠨᠠᠰᠤᠲᠠᠨ ᠢ ᠠᠰᠠᠷᠠᠬᠤ ᠬᠦᠷᠢᠶᠡᠯᠡᠩ︶ ᠶᠢᠨ ᠥᠨᠳᠥᠷ ᠨᠠᠰᠤᠲᠠᠢ ᠰᠠᠭᠤᠷᠢ ᠡᠪᠡᠳᠴᠢᠨ ᠲᠠᠢ ᠨᠠᠰᠤᠲᠠᠶᠢᠴᠤᠳ ᠲᠤ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠤᠨ ᠥᠭᠴᠦ᠂ ᠰᠠᠭᠤᠷᠢ ᠲᠤᠭ᠎ᠠ ᠶᠢ ᠨᠢ ᠲᠣᠳᠣᠷᠬᠠᠢ ᠣᠶᠢᠯᠠᠭᠠᠨ᠂ ᠬᠠᠷᠢᠶ᠎ᠠ ᠭᠠᠵᠠᠷ ᠤᠨ ᠲᠣᠥᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢᠨ ᠪᠠᠶᠢᠭᠤᠯᠤᠯᠲᠠ  ᠶᠢ ᠠᠬᠢᠭᠤᠯᠵᠤ᠂ ᠥᠨᠳᠥᠷ ᠨᠠᠰᠤᠲᠠᠢ ᠰᠠᠭᠤᠷᠢ ᠴᠢᠨᠠᠷᠲᠠᠢ ᠡᠪᠡᠳᠴᠢᠨ ᠲᠠᠢ ᠨᠠᠰᠤᠲᠠᠨ ︵ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠥᠨᠳᠥᠷ ᠨᠠᠰᠤᠲᠠᠢ ᠨᠠᠰᠤᠲᠠᠨ︶ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ 70 ᠨᠠᠰᠤᠨ ᠠᠴᠠ ᠢᠯᠡᠭᠦᠦ᠂ ᠴᠢᠰᠤᠨ ᠤ ᠬᠦᠴᠢᠯᠲᠥ᠋ᠷᠥᠭᠴᠢ ᠶᠢᠨ ᠬᠠᠨᠤᠴᠠ 90% ᠠᠴᠠ ᠪᠠᠭ᠎ᠠ ᠪᠠᠶᠢᠳᠠᠭ᠃ ᠠᠮᠢᠰᠬᠤᠯ ᠴᠢᠬᠤᠯᠳᠠᠵᠤ᠂ ᠳᠠᠪᠲᠠᠮᠵᠢ ᠨᠢ ᠮᠢᠨᠦ᠋ᠲ ᠪᠦᠷᠢ 30 ᠤᠳᠠᠭ᠎ᠠ ᠠᠴᠠ ᠬᠡᠲᠦᠷᠡᠨ᠎ᠡ᠃ ᠴᠢᠰᠤᠨ ᠳᠠᠷᠤᠯᠲᠠ ᠨᠢ ᠦᠨᠳᠦᠰᠦᠨ ᠴᠢᠰᠤᠨ ᠳᠠᠷᠤᠯᠲᠠ ᠶᠢᠨ 30% ᠠᠴᠠ ᠥᠨᠳᠥᠷ ᠪᠤᠶᠤ 30% ᠠᠴᠠ ᠳᠣᠣᠷ᠎ᠠ ᠪᠠᠶᠢᠭ᠎ᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠳᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠬᠠᠮᠤᠭ ᠤᠨ ᠲᠡᠷᠢᠭᠦᠨ ᠳᠤ ᠦᠨᠡᠯᠡᠨ ᠵᠢᠱᠢᠵᠦ ᠢᠯᠭᠠᠨ ᠲᠠᠨᠢᠬᠤ ᠠᠵᠢᠯ ᠳᠤ ᠬᠠᠮᠵᠢᠯᠴᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠴᠠᠭ ᠲᠤᠬᠠᠢ ᠳᠤᠨᠢ ᠰᠢᠯᠵᠢᠭᠦᠯᠦᠨ ᠡᠮᠨᠡᠭᠦᠯᠵᠦ ᠠᠪᠤᠷᠠᠨ ᠵᠠᠰᠠᠬᠤ ᠠᠵᠢᠯ ᠥᠷᠨᠢᠭᠦᠯᠵᠦ᠂ ᠠᠶᠢᠮᠠᠭ ᠬᠤᠲᠠ ᠶᠢᠨ ᠳᠡᠰ ᠤᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠠᠶᠤᠯ ᠶᠡᠬᠡᠲᠡᠢ ᠵᠢᠷᠮᠦᠰᠦᠨ ᠡᠮᠡᠭᠲᠡᠢ ᠶᠢᠨ ᠬᠠᠮᠢᠶᠠᠷᠤᠯᠲᠠ ᠶᠢᠨ ᠵᠠᠭᠪᠤᠷ ᠢᠶᠠᠷ ᠯᠠᠪᠯᠠᠯᠲᠠ ᠪᠣᠯᠭᠠᠵᠤ᠂ ᠬᠡᠰᠡᠭ ᠬᠤᠪᠢᠶᠠᠨ ᠬᠡᠰᠡᠭ ᠬᠤᠪᠢᠶᠠᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠠᠵᠢᠯ ᠢ ᠬᠠᠷᠢᠭᠤᠴᠠᠵᠤ᠂ ᠪᠤᠰᠤᠳ ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠨ ᠠᠪᠤᠷᠠᠬᠤ ᠲᠦᠭᠰᠢᠭᠦᠷᠢ ᠶᠢ ᠪᠠᠭᠠᠰᠬᠠᠨ᠎ᠠ ᠄ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠯᠭᠡ ᠳᠤ ᠰᠠᠭᠤᠯᠭᠠᠵᠤ ᠡᠮᠨᠡᠨ ᠵᠠᠰᠠᠬᠤ ᠠᠵᠢᠯ ᠢ ᠴᠢᠩᠭᠠᠳᠬᠠᠵᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠵᠡᠷᠭᠡ ᠪᠠᠴᠢᠮ ᠠᠪᠤᠷᠠᠯᠳᠠ ᠶᠢᠨ ᠪᠤᠰᠤ᠂ ᠡᠮᠨᠡᠯᠭᠡ ᠳᠤ ᠰᠠᠭᠤᠬᠤ ᠪᠤᠰᠤ ᠭᠠᠵᠠᠷ ᠣᠷᠣᠨ ᠳᠤ ᠦᠬᠦᠭᠰᠡᠨ ᠡᠪᠡᠳᠴᠢᠨ ᠤ ᠵᠢᠱᠢᠶ᠎ᠡ ᠡᠭᠦᠰᠬᠦ ᠶᠢ ᠲᠠᠰᠤ ᠵᠣᠭᠰᠣᠭᠠᠨ᠎ᠠ᠄ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠨ ᠵᠠᠰᠠᠭᠰᠠᠨ ᠡᠳᠦᠷ ᠤᠨ ᠮᠡᠳᠡᠭᠦᠯᠬᠦ ᠳᠦᠷᠢᠮ ᠢ ᠪᠠᠶᠢᠭᠤᠯᠵᠤ᠂ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠠᠪᠴᠠᠩ ᠳᠤ ᠲᠦᠰᠢᠭᠯᠡᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠨ ᠵᠠᠰᠠᠬᠤ ᠠᠵᠢᠯ ᠢ ᠬᠢᠨᠠᠨ ᠰᠢᠯᠭᠠᠬᠤ ᠶᠢᠨ ᠬᠠᠮᠲᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠲᠣᠭᠲᠠᠮᠠᠯ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠭᠥᠯᠢᠶᠡᠨ ᠠᠪᠴᠤ ᠡᠮᠨᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠦᠢᠯᠡᠳᠦᠯ ᠢ ᠪᠠᠳᠠᠷᠠᠭᠤᠯᠤᠨ᠂ ᠠᠶᠢᠮᠠᠭ ᠬᠤᠲᠠ ᠶᠢᠨ ᠱᠠᠲᠤᠨ ᠤ ᠬᠠᠪᠰᠤᠷᠤᠨ ᠲᠡᠳᠬᠦᠬᠦ‍ ᠨᠢᠭᠡ ᠡᠮᠨᠡᠯᠭᠡ ᠶᠢᠨ ᠬᠤᠷᠢᠶ᠎ᠠ ᠶᠢ ᠵᠢᠭᠠᠨ ᠲᠣᠭᠲᠠᠭᠠᠵᠤ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠤᠨ᠂ ᠬᠤᠰᠢᠭᠤ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠮᠨᠡᠨ ᠵᠠᠰᠠᠬᠤ ᠶᠢᠨ ᠠᠷᠭ᠎ᠠ ᠦᠭᠡᠢ ᠬᠦᠨᠳᠦ ᠡᠪᠡᠳᠴᠢᠲᠡᠨ ᠢ ᠭᠥᠯᠢᠶᠡᠨ ᠠᠪᠤᠨ᠎ᠠ᠃      ᠭᠤᠷᠪᠠ᠂ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃      ︵ᠨᠢᠭᠡ︶ ᠡᠮ ᠤᠨ ᠵᠦᠢᠯ ᠤᠨ ᠨᠥᠭᠡᠴᠡᠯᠡᠯᠲᠡ ᠶᠢ ᠴᠢᠩᠭᠠᠳᠬᠠᠵᠤ᠂ ᠲᠠᠰ ᠲᠥᠷᠥᠯ ᠬᠤᠪᠢᠶᠠᠨ ᠬᠠᠩᠭᠠᠯᠭ᠎ᠠ ᠶᠢ ᠪᠠᠲᠤᠯᠠᠨ᠎ᠠ᠃ᠡᠯ᠎ᠡ ᠠᠶᠢᠮᠠᠭ ᠬᠤᠲᠠ ᠨᠤᠭᠤᠳ ᠡᠮ ᠤᠨ ᠵᠦᠢᠯ ᠤᠨ ᠨᠥᠭᠡᠴᠡᠯᠡᠯᠲᠡ ᠶᠢ ᠪᠥᠬᠦ ᠲᠠᠯ᠎ᠠ ᠪᠠᠷ ᠴᠢᠩᠭᠠᠳᠬᠠᠵᠤ᠂ ᠡᠪᠡᠳᠴᠢᠨ ᠤ ᠬᠡᠷᠡᠭᠴᠡᠭᠡ ᠪᠠᠷ ᠨᠢ ᠲᠠᠰ ᠲᠥᠷᠥᠯ ᠬᠤᠪᠢᠶᠠᠨ ᠡᠮ ᠤᠨ ᠵᠦᠢᠯ ᠤᠨ ᠨᠠᠷᠢᠨ ᠲᠠᠩᠰᠠ ᠶᠢ ᠲᠣᠭᠲᠠᠭᠠᠵᠤ᠂ 7x24 ᠴᠠᠭ ᠤᠨ ᠡᠮ ᠤᠨ ᠵᠦᠢᠯ ᠤᠨ ᠪᠠᠲᠤᠯᠠᠭ᠎ᠠ ᠶᠢᠨ ᠲᠠᠰᠤᠯᠳᠠᠯ ᠦᠭᠡᠢ ᠰᠢᠰᠲ᠋ᠧᠮᠵᠢ ᠶᠢ ᠪᠠᠶᠢᠭᠤᠯᠤᠨ᠎ᠠ᠃ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠡᠩ ᠤᠨ ᠡᠮ ᠤᠨ ᠵᠦᠢᠯ ᠢ ᠨᠥᠭᠡᠴᠡᠯᠡᠬᠦ ᠶᠢᠨ ᠬᠠᠮᠲᠤ᠂ ᠡᠩ ᠤᠨ 3 ᠰᠠᠷ᠎ᠠ ᠶᠢᠨ ᠬᠡᠷᠡᠭᠯᠡᠬᠦ ᠬᠡᠮᠵᠢᠶ᠎ᠡ ᠪᠠᠷ ᠠᠮᠢᠰᠬᠤᠯ ᠤᠨ ᠳᠡᠭᠡᠳᠦ ᠵᠠᠮ ᠤᠨ ᠬᠠᠯᠳᠠᠪᠤᠷᠢᠯᠠᠯ ᠤᠨ ᠪᠠᠺᠲ᠋ᠧᠷᠢ ᠡᠰᠡᠷᠭᠦᠴᠡᠬᠦ ᠡᠮ᠂ ᠠᠮᠢᠰᠬᠤᠯ ᠤᠨ ᠰᠢᠰᠲ᠋ᠧᠮ ᠤᠨ ᠬᠠᠯᠳᠠᠪᠤᠷᠢᠯᠠᠯ ᠳᠤ ᠲᠤᠰᠠᠯᠠᠬᠤ ᠡᠮ᠂ ᠬᠠᠯᠳᠠᠪᠤᠷᠢᠲᠤ ᠲᠠᠭᠰᠢᠭᠤᠷ ᠢ ᠡᠮᠨᠡᠨ ᠵᠠᠰᠠᠬᠤ ᠡᠮ᠂ ᠰᠢᠨ᠎ᠡ ᠲᠢᠲᠢᠮ ᠤᠨ ᠬᠤᠯᠪᠣᠭᠳᠠᠯ ᠪᠦᠬᠦᠢ ᠡᠮ ᠵᠢᠴᠢ ᠥᠳᠥᠭᠡᠭᠴᠢ ᠤᠷᠪᠠᠯᠵᠢ ᠶᠢ ᠬᠥᠳᠡᠯᠦᠩᠭᠦᠢ ᠪᠠᠷ ᠨᠥᠭᠡᠴᠡᠯᠡᠨ᠎ᠡ᠄ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠡᠩ ᠤᠨ 3 ᠰᠠᠷ᠎ᠠ ᠶᠢᠨ ᠬᠡᠷᠡᠭᠯᠡᠬᠦ ᠬᠡᠮᠵᠢᠶ᠎ᠡ ᠪᠠᠷ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠲᠡᠨ ᠤ ᠪᠠᠶᠢᠩᠭᠤ ᠬᠡᠷᠡᠭᠯᠡᠬᠦ ᠡᠮ᠂ ᠬᠠᠯᠠᠭᠤᠨ ᠢ ᠪᠠᠭᠤᠷᠠᠭᠤᠯᠵᠤ ᠬᠠᠨᠢᠶᠠᠳᠤ ᠶᠢ ᠵᠣᠭᠰᠤᠭᠠᠬᠤ ᠡᠮ ᠪᠠ ᠥᠳᠥᠭᠡᠭᠴᠢ ᠤᠷᠪᠠᠯᠵᠢ ᠶᠢ ᠬᠥᠳᠡᠯᠦᠩᠭᠦᠢ ᠪᠠᠷ ᠨᠥᠭᠡᠴᠡᠯᠡᠨ᠎ᠡ︔ᠬᠢᠲᠠᠳ ᠡᠮ ︵ᠮᠣᠩᠭᠤᠯ ᠡᠮ︶ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠳᠤ ᠬᠢᠲᠠᠳ ᠡᠮ᠂ ᠮᠣᠩᠭᠤᠯ ᠡᠮ ᠤᠨ ᠨᠠᠶᠢᠷᠠᠯᠲᠠ ᠶᠢᠨ ᠦᠢᠯᠡᠴᠢᠯᠡᠭᠡ ᠬᠠᠩᠭᠠᠨ᠎ᠠ᠄ ᠨᠡᠶᠢᠭᠡᠮ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠥᠳᠥᠭᠡᠭᠴᠢ ᠤᠷᠪᠠᠯᠵᠢ ᠪᠣᠯᠣᠨ ᠵᠣᠷ ᠤᠨ ᠪᠤᠰᠤ ᠲᠥᠷᠥᠯ ᠤᠨ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ ᠵᠡᠷᠭᠡ ᠪᠠᠶᠢᠩᠭᠤ ᠬᠡᠷᠡᠭᠯᠡᠬᠦ ᠡᠮ ᠤᠨ ᠬᠠᠩᠭᠠᠯᠭ᠎ᠠ ᠶᠢ ᠪᠠᠲᠤᠯᠠᠨ᠎ᠠ᠄ ︽ᠵᠢᠵᠢᠭ ᠡᠮ ᠤᠨ ᠬᠠᠶᠢᠷᠴᠠᠭ︾ ᠤᠨ ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠬᠢᠵᠠᠭᠠᠷ ᠣᠷᠣᠨ ᠤ ᠣᠯᠠᠨ ᠲᠦᠮᠡᠨ ᠳᠤ ᠴᠢᠬᠤᠯᠠ ᠪᠦᠬᠦᠢ ᠡᠮ ᠤᠨ ᠵᠦᠢᠯ ᠢ ᠰᠢᠨᠡᠳᠬᠡᠨ ᠲᠣᠬᠢᠷᠠᠭᠤᠯᠵᠤ᠂ ᠲᠣᠭᠤᠷᠢᠨ ᠡᠮᠴᠢᠯᠡᠬᠦ ᠦᠢᠯᠡᠴᠢᠯᠡᠭᠡ ᠶᠢ ᠥᠷᠨᠢᠭᠦᠯᠦᠨ᠎ᠡ᠄ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠨᠢ ᠣᠯᠠᠨ ᠲᠦᠮᠡᠨ ᠳᠤ ᠡᠮ ᠬᠤᠳᠠᠯᠳᠤᠨ ᠠᠪᠴᠤ ᠡᠮ ᠢᠯᠡᠭᠡᠬᠦ ᠦᠢᠯᠡᠴᠢᠯᠡᠭᠡ ᠬᠠᠩᠭᠠᠵᠤ᠂ ᠳᠠᠬᠢᠨ ᠡᠮᠨᠡᠬᠦ᠂ ᠤᠳᠠᠭᠠᠨ ᠴᠢᠨᠠᠷᠲᠠᠢ ᠡᠪᠡᠳᠴᠢᠨ ᠤ ᠣᠷᠳᠣ ᠵᠣᠷ ᠢᠶᠠᠷ ᠡᠮ ᠨᠠᠶᠢᠷᠠᠭᠤᠯᠬᠤ ᠦᠢᠯᠡᠴᠢᠯᠡᠭᠡ ᠶᠢᠨ ᠬᠠᠩᠭᠠᠯᠭ᠎ᠠ ᠶᠢ ᠴᠢᠩᠭᠠᠳᠬᠠᠨ᠎ᠠ︔ ᠰᠢᠶᠠᠩ ᠪᠠᠯᠭᠠᠰᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ︵ᠲᠣᠰᠬᠤᠨ︶ ᠤ ᠵᠥᠪᠯᠡᠯ ᠨᠢ ᠰᠠᠶᠢᠨ ᠳᠤᠷ᠎ᠠ ᠶᠢᠨ ᠠᠵᠢᠯᠯᠠᠭᠰᠠᠳ  ᠢ ᠥᠨᠳᠥᠷ ᠨᠠᠰᠤᠲᠠᠢ ᠨᠠᠰᠤᠲᠠᠨ ᠵᠡᠷᠭᠡ ᠶᠠᠪᠤᠵᠤ ᠰᠠᠭᠤᠬᠤ ᠳᠤ ᠳᠥᠭᠦᠮ ᠦᠭᠡᠢ ᠬᠥᠮᠥᠰ ᠢᠶᠠᠷ ᠲᠣᠬᠢᠷᠠᠭᠤᠯᠵᠤ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ᠡᠷᠡᠭᠦᠯ ᠬᠠᠮᠠᠭᠠᠯᠠᠯ  ᠤᠨ ᠲᠠᠰᠤᠭ︶᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠦᠢᠯᠡᠴᠢᠯᠡᠭᠡᠨ ᠤ ᠥᠷᠳᠡᠭᠡ︶᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ᠂ ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠠᠷ ᠣᠷᠣᠯᠠᠭᠤᠯᠤᠨ ᠡᠮ ᠬᠤᠳᠠᠯᠳᠤᠨ ᠠᠪᠤᠭᠤᠯᠬᠤ ᠬᠡᠷᠡᠭᠲᠡᠢ᠃      ︵ᠬᠤᠶᠠᠷ︶ ᠬᠢᠵᠢᠭ ᠤᠨ ᠪᠠᠶᠢᠳᠠᠯ ᠢ ᠲᠦᠷᠭᠡᠨ ᠰᠢᠢᠳᠪᠦᠷᠢᠯᠡᠵᠦ᠂ ᠬᠢᠵᠢᠭ ᠲᠤ ᠬᠤᠯᠪᠣᠭᠳᠠᠭᠰᠠᠨ ᠣᠷᠣᠨ ᠤ ᠦᠢᠯᠡᠴᠢᠯᠡᠭᠡ ᠪᠠᠨ ᠲᠦᠷᠭᠡᠨ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ᠡᠮᠴᠢᠯᠡᠭᠡᠨ ᠤ ᠪᠠᠶᠢᠭᠤᠯᠤᠮᠵᠢ ᠳᠤ ᠬᠢᠵᠢᠭ ᠲᠤ ᠬᠤᠯᠪᠣᠭᠳᠠᠭᠰᠠᠨ ᠪᠠᠶᠢᠳᠠᠯ ᠭᠠᠷᠪᠠᠯ᠂ ᠡᠪᠡᠳᠴᠢᠨ ᠤ ᠣᠷᠣᠨ᠂ ᠡᠮᠴᠢᠯᠡᠭᠡᠨ ᠤ ᠲᠠᠰᠤᠭ ᠵᠡᠷᠭᠡ ᠬᠦᠷᠢᠶ᠎ᠡ ᠬᠡᠪᠴᠢᠶ᠎ᠡ ᠶᠢᠨ ᠶᠣᠰᠣᠭᠠᠷ ᠣᠷᠴᠢᠨ ᠲᠣᠭᠤᠷᠢᠨ ᠤ ᠥᠯᠢᠭᠡᠷ ᠠᠪᠬᠤ ᠪᠠ ᠤᠰᠠᠳᠬᠠᠬᠤ ᠶᠢ ᠬᠡᠷᠡᠭᠵᠢᠭᠦᠯᠵᠦ᠂ ︽ᠲᠦᠷᠭᠡᠨ ᠪᠢᠲᠡᠭᠦᠮᠵᠢᠯᠡᠬᠦ᠂ ᠲᠦᠷᠭᠡᠨ ᠰᠢᠭᠰᠢᠬᠦ᠂ ᠲᠦᠷᠭᠡᠨ ᠠᠷᠢᠯᠭᠠᠬᠤ᠂ ᠲᠦᠷᠭᠡᠨ ᠲᠠᠶᠢᠯᠬᠤ︾ ᠶᠢ ᠪᠡᠶᠡᠯᠡᠭᠦᠯᠵᠦ᠂ ᠡᠮᠨᠡᠯᠭᠡ ᠶᠢᠨ ᠬᠤᠷᠢᠶ᠎ᠠ ᠶᠢᠨ ᠲᠣᠭᠤᠷᠢᠭ ᠢ ᠪᠢᠲᠡᠭᠦᠮᠵᠢᠯᠡᠬᠦ ᠦᠭᠡᠢ᠂ ᠬᠡᠪ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠬᠦ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ᠃ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷᠠᠬᠢ ᠬᠠᠯᠳᠠᠪᠤᠷᠢᠯᠠᠯ ᠢ ᠮᠠᠭᠠᠳᠯᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠵᠠᠳᠠᠯᠤᠯᠲᠠ ᠪᠠ ᠰᠤᠳᠤᠯᠤᠨ ᠮᠠᠭᠠᠳᠯᠠᠯᠲᠠ ᠬᠢᠬᠦ ᠬᠡᠷᠡᠭᠲᠡᠢ᠂ ᠡᠮᠴᠢᠯᠡᠭᠡᠨ ᠤ ᠪᠠᠶᠢᠭᠤᠯᠤᠮᠵᠢ ᠳᠤ ᠰᠢᠨ᠎ᠡ ᠪᠠᠷ ᠢᠯᠡᠷᠡᠭᠰᠡᠨ ᠸᠢᠷᠦ᠋ᠰ ᠤᠨ ᠬᠠᠯᠳᠠᠪᠤᠷᠢᠯᠠᠯ ᠤᠨ ᠡᠪᠡᠳᠴᠢᠨ ᠤ ᠵᠢᠱᠢᠶ᠎ᠡ ᠪᠠᠷ ᠰᠢᠯᠲᠠᠭ ᠪᠣᠯᠭᠠᠵᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠢ ᠳᠤᠷ᠎ᠠ ᠪᠠᠷ ᠢᠶᠠᠨ ᠰᠢᠢᠳᠪᠦᠷᠢᠯᠡᠬᠦ ᠶᠢᠨ ᠬᠠᠮᠲᠤ ᠰᠢᠳᠬᠡᠨ ᠲᠣᠷᠭᠠᠵᠤ ᠪᠣᠯᠬᠤ ᠦᠭᠡᠢ᠃      ︵ᠭᠤᠷᠪᠠ︶ ᠡᠮᠨᠡᠨ ᠰᠤᠪᠢᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠡᠮᠴᠢᠯᠡᠭᠡᠨ ᠤ ᠪᠠᠶᠢᠭᠤᠯᠤᠮᠵᠢ ᠶᠢᠨ ᠠᠪᠤᠷᠠᠨ ᠵᠠᠰᠠᠬᠤ ᠬᠦᠴᠦᠨ ᠢ ᠬᠠᠮᠠᠭᠠᠯᠠᠨ᠎ᠠ᠃ᠡᠯ᠎ᠡ ᠭᠠᠵᠠᠷ ᠤᠨ ᠬᠢᠨ ᠡᠮᠴᠢ ᠰᠤᠪᠢᠯᠠᠭᠴᠢ ᠶᠢᠨ ᠠᠵᠢᠯᠲᠠᠨ ᠤ ᠣᠷᠣᠨ ᠲᠤᠭ᠎ᠠ ᠪᠠᠨ ᠬᠠᠰᠤᠵᠤ ᠠᠵᠢᠯ ᠤᠨ ᠪᠠᠶᠢᠷᠢ ᠳᠠᠭᠠᠨ ᠪᠤᠴᠠᠬᠤ ᠡᠬᠡ ᠲᠠᠩᠰᠠ ᠪᠠᠶᠢᠭᠤᠯᠵᠤ᠂ ᠡᠮᠴᠢ ᠰᠤᠪᠢᠯᠠᠭᠴᠢ ᠶᠢᠨ ᠪᠡᠶ᠎ᠡ ᠮᠠᠬᠠᠪᠤᠳ ᠤᠨ ᠡᠷᠡᠭᠦᠯᠵᠢᠯ ᠤᠨ ᠪᠠᠶᠢᠳᠠᠯ ᠢ ᠣᠶᠢᠯᠠᠭᠠᠬᠤ ᠪᠠ ᠰᠠᠯᠠᠭ᠎ᠠ ᠲᠠᠰᠤᠭ ᠤᠨ ᠠᠵᠢᠯᠲᠠᠨ ᠤ ᠠᠵᠢᠯ ᠤᠨ ᠪᠠᠶᠢᠷᠢ ᠳᠠᠭᠠᠨ ᠪᠤᠴᠠᠬᠤ ᠶᠢ ᠤᠷᠢᠳᠴᠢᠯᠠᠨ ᠵᠢᠱᠢᠬᠦ ᠠᠵᠢᠯ ᠢ ᠰᠠᠶᠢᠲᠤᠷ ᠬᠢᠵᠦ᠂ ᠡᠮᠨᠡᠯᠭᠡ ᠶᠢᠨ ᠠᠵᠢᠯᠲᠠᠨ ᠤ ᠳᠤᠭᠤᠶᠢᠯᠠᠩ ᠬᠤᠪᠢᠶᠠᠬᠤ᠂ ᠡᠮᠴᠢᠯᠡᠭᠡᠨ ᠤ ᠬᠦᠴᠦᠨ ᠢ ᠲᠣᠬᠢᠷᠠᠭᠤᠯᠬᠤ ᠪᠠ ᠠᠵᠢᠯᠯᠠᠬᠤ ᠠᠩᠭᠢ ᠶᠢᠨ ᠲᠣᠬᠢᠷᠠᠭᠤᠯᠤᠯᠲᠠ ᠶᠢ ᠬᠥᠳᠡᠯᠦᠩᠭᠦᠢ ᠪᠠᠷ ᠰᠢᠯᠢᠳᠡᠭᠵᠢᠭᠦᠯᠬᠦ ᠪᠠ ᠲᠣᠬᠢᠷᠠᠭᠤᠯᠬᠤ ᠬᠡᠷᠡᠭᠲᠡᠢ᠄ ᠡᠮᠴᠢ ᠰᠤᠪᠢᠯᠠᠭᠴᠢ ᠶᠢ ᠤᠷᠢᠬᠤ᠂ ᠳᠠᠭᠢᠵᠤ ᠤᠷᠢᠵᠤ ᠴᠡᠷᠢᠭ ᠠᠴᠠ ᠬᠠᠯᠠᠭᠳᠠᠭᠰᠠᠨ ᠴᠡᠷᠢᠭ ᠠᠩᠭᠢ ᠶᠢᠨ ᠡᠮᠴᠢ ᠰᠤᠪᠢᠯᠠᠭᠴᠢ ᠶᠢ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠠᠷᠭ᠎ᠠ ᠵᠠᠮ ᠢᠶᠠᠷ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠤ ᠡᠩᠨᠡᠭᠡ ᠶᠢ ᠥᠷᠭᠡᠳᠬᠡᠬᠦ ᠬᠡᠷᠡᠭᠲᠡᠢ︔ᠸᠢᠷᠦ᠋ᠰ ᠤᠨ ᠣᠨᠳᠣᠣᠰᠢᠭᠰᠠᠨ ᠸᠢᠷᠦ᠋ᠰ ᠤᠨ ᠰᠠᠭᠤᠷᠢ ᠶᠢᠨ ᠡᠪᠡᠳᠴᠢᠯᠡᠭᠦᠯᠬᠦ ᠴᠢᠨᠠᠷ ᠤᠨ ᠣᠨᠴᠠᠯᠢᠭ ᠪᠠ ᠵᠢᠮ᠎ᠡ ᠶᠣᠰᠣᠨ ᠤ ᠲᠤᠬᠠᠢ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠵᠢᠯᠲᠠᠨ ᠤ ᠬᠠᠮᠠᠭᠠᠯᠠᠯᠲᠠ ᠶᠢ ᠳᠡᠭᠡᠭᠰᠢᠯᠡᠭᠦᠯᠵᠦ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ ᠲᠥᠬᠦᠭᠡᠷᠦᠮᠵᠢ ᠶᠢ ᠵᠥᠪ ᠣᠨᠣᠪᠴᠢᠲᠠᠢ ᠰᠣᠩᠭᠤᠨ ᠬᠡᠷᠡᠭᠯᠡᠬᠦ ᠪᠠ ᠵᠡᠭᠦᠵᠦ᠂ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠭᠡᠷ ᠪᠦᠯᠢ᠂ ᠨᠢᠭᠡᠴᠡ ᠶᠢᠨ ︽ᠬᠤᠶᠠᠷ ᠴᠢᠭ᠋ ᠨᠢᠭᠡ ᠱᠤᠭᠤᠮ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠄ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠮᠴᠢᠯᠡᠭᠡᠨ ᠤ ᠪᠠᠶᠢᠭᠤᠯᠤᠮᠵᠢ ᠶᠢ ᠵᠣᠬᠢᠴᠠᠭᠤᠯᠤᠨ᠂ ᠡᠮᠨᠡᠯᠭᠡ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ ᠂ ᠡᠮᠴᠢ ᠰᠤᠪᠢᠯᠠᠭᠴᠢ ᠶᠢᠨ ᠣᠯᠭᠤᠮᠵᠢ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠮᠡᠷᠭᠡᠵᠢᠯ ᠤᠨ ᠴᠣᠯᠠ ᠳᠡᠪᠰᠢᠭᠦᠯᠬᠦ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠢ ᠦᠨᠡᠯᠡᠨ ᠲᠣᠭᠲᠠᠭᠠᠬᠤ ᠵᠡᠷᠭᠡ ᠲᠠᠯ᠎ᠠ ᠪᠠᠷ ᠪᠣᠳᠠᠲᠠᠢ ᠠᠷᠭ᠎ᠠ ᠶᠢ ᠨᠡᠶᠢᠲᠡᠯᠡᠨ᠎ᠡ᠃      ︵ᠳᠥᠷᠪᠡ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ᠡᠯ᠎ᠡ ᠠᠶᠢᠮᠠᠭ ᠬᠤᠲᠠ ᠨᠤᠭᠤᠳ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ ᠪᠠᠶᠢᠭᠤᠯᠬᠤ ᠲᠤᠬᠠᠢ ᠮᠡᠳᠡᠭᠳᠡᠯ︾ ︵ᠥᠪᠥᠷ ᠰᠡᠷᠭᠡᠶᠢᠯᠡᠯᠲᠡ ᠭᠡᠳᠡᠭ ᠨᠢ ᠡᠮᠴᠢᠯᠡᠭᠡᠨ ᠤ ᠡᠵᠡᠮᠰᠢᠯ ᠥᠰᠥᠭ ﹇2022﹈ 210 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ᠳᠣᠣᠷ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠪᠠᠷ ᠲᠦᠷᠦᠭᠦᠯᠡᠭᠦᠯᠦᠭᠰᠡᠨ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ  ᠶᠢ ᠪᠠᠶᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠶᠡᠷᠦᠩᠬᠡᠶᠢᠯᠡᠨ ᠵᠣᠬᠢᠴᠠᠭᠤᠯᠬᠤ᠂ ᠦᠨᠳᠦᠰᠦᠨ ᠱᠠᠲᠤᠨ ᠤ ᠡᠷᠡᠭᠦᠯ ᠮᠡᠨᠳᠦ ᠶᠢᠨ ᠬᠠᠮᠢᠶᠠᠷᠤᠯᠲᠠ ᠬᠢᠭᠡᠳ ᠣᠨᠣᠰᠢᠯᠠᠨ ᠡᠮᠨᠡᠬᠦ ᠶᠢ ᠵᠢᠯᠤᠭᠤᠳᠬᠤ᠂ ᠡᠮᠴᠢᠯᠡᠭᠡᠨ ᠤ ᠠᠪᠤᠷᠠᠨ ᠡᠮᠨᠡᠬᠦ ᠶᠢ ᠵᠢᠯᠤᠭᠤᠳᠬᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ᠂ ᠤᠬᠠᠭᠤᠯᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠠᠵᠢᠯ ᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠠᠵᠢᠯᠯᠠᠭᠠᠨ ᠨᠢ ᠤᠷᠤᠭᠰᠢᠲᠠᠢ᠂ ᠨᠠᠶᠢᠳᠠᠪᠤᠷᠢᠵᠢᠭᠤᠯᠤᠯᠲᠠ ᠨᠢ ᠪᠣᠳᠠᠲᠠᠶᠢᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠬᠠᠯᠳᠠᠪᠤᠷᠢᠯᠠᠭᠰᠠᠨ ᠠᠭᠤᠰᠬᠢᠨ             ᠦᠷᠪᠢᠰᠦᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠮ ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ                                                  2022 ᠣᠨ ᠤ 12 ᠰᠠᠷ᠎ᠠ ᠶᠢᠨ 22 ᠤ ᠡᠳᠣᠷ
政府公报内页1.jpg
    
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号