| | 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠋ ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ | ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ | 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ | ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ | ︵2023 ᠣᠨ ᠤ 1 ᠰᠠᠷ᠎ᠠ ᠶᠢᠨ 2 ᠤᠨ ᠡᠳᠦᠷ︶ | ᠨᠠᠮ ᠤᠨ ᠬᠤᠷᠢᠳᠤᠭᠠᠷ ᠶᠡᠭᠡ ᠬᠤᠷᠠᠯ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠶᠡᠭᠡ ᠵᠢᠷᠤᠭ | ᠲᠥᠯᠥᠪᠯᠡᠭᠡ ᠶᠢ ᠵᠢᠷᠤᠭᠯᠠᠪᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠬᠦᠨᠳᠦ ᠨᠦᠰᠡᠷ ᠡᠭᠦᠷᠭᠡ ᠮᠥᠨ ᠬᠦ ᠬᠥᠳᠡᠭᠡ ᠲᠣᠰᠬᠤᠨ ᠳᠤ | ᠪᠠᠶᠢᠨ᠎ᠠ᠃ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠶᠠᠪᠤᠭᠳᠠᠵᠤ᠂ ᠮᠠᠨ ᠤ | ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠪᠠ ᠠᠶᠤᠯ ᠲᠦᠭᠰᠢᠭᠦᠷᠢ ᠥᠷᠢᠰᠥᠯᠳᠦᠭᠡᠨ ᠵᠡᠷᠭᠡᠪᠡᠷ | ᠣᠷᠣᠰᠢᠵᠤ᠂ ᠲᠣᠭᠲᠠᠭᠠᠭᠳᠠᠰᠢ ᠦᠭᠡᠢ ᠪᠡᠯᠡᠳᠬᠡᠯ ᠬᠦᠴᠦᠨ ᠵᠦᠢᠯ ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠵᠤ᠂ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠦᠨᠳᠦᠰᠦᠨ ᠪᠠᠶᠢᠳᠠᠯ ᠢ ᠰᠠᠶᠢᠲᠤᠷ ᠰᠠᠬᠢᠬᠤ ᠲᠦᠢᠯ ᠤᠨ | ᠴᠢᠬᠤᠯᠠ᠂ ᠠᠯᠳᠠᠰᠢ ᠭᠠᠷᠭᠠᠵᠤ ᠪᠣᠯᠬᠤ ᠦᠭᠡᠢ᠃ ᠨᠠᠮ ᠤᠨ ᠲᠥᠪ ᠬᠤᠷᠢᠶᠠᠨ ᠤ ᠦᠵᠡᠬᠦ ᠪᠠᠷ᠂ ᠡᠷᠬᠡᠪᠰᠢ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ | ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ | ᠳᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠃ ᠬᠦᠴᠦᠷᠬᠡᠭ ᠤᠯᠤᠰ ᠵᠠᠪᠠᠯ ᠤᠷᠢᠳ ᠢᠶᠠᠷ | ᠬᠥᠳᠡᠭᠡ ᠠᠵᠤ ᠠᠬᠤᠢ ᠶᠢ ᠬᠦᠴᠦᠷᠬᠡᠭ ᠪᠣᠯᠭᠠᠪᠠᠯ ᠰᠠᠶᠢ ᠬᠦᠴᠦᠷᠬᠡᠭ ᠪᠣᠯᠤᠨ᠎ᠠ᠃ ᠤᠯᠤᠰ ᠤᠨ ᠪᠠᠶᠢᠳᠠᠯ ᠪᠠ | ᠲᠠᠷᠢᠶᠠᠯᠠᠩ ᠤᠨ ᠪᠠᠶᠢᠳᠠᠯ ᠳᠤ ᠰᠠᠭᠤᠷᠢᠯᠠᠵᠤ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ᠂ ᠬᠠᠩᠭᠠᠯᠭ᠎ᠠ ᠶᠢᠨ | ᠪᠠᠲᠤᠯᠠᠭ᠎ᠠ ᠪᠠᠷ ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠢᠶᠠᠷ ᠴᠢᠩᠭ᠎ᠠ᠂ ᠡᠵᠡᠩᠨᠡᠯᠲᠡ ᠶᠢᠨ | ᠰᠢᠰᠲ᠋ᠧᠮ ᠢᠶᠠᠷ ᠴᠢᠩᠭ᠎ᠠ᠂ ᠠᠵᠤ ᠦᠢᠯᠡᠰ ᠤᠨ ᠤᠶᠠᠨ ᠬᠠᠳᠠᠨ ᠴᠢᠨᠠᠷ ᠢᠶᠠᠷ ᠴᠢᠩᠭ᠎ᠠ᠂ ᠦᠷᠢᠰᠦᠯᠳᠦᠬᠦ ᠴᠢᠳᠠᠪᠤᠷᠢ ᠪᠠᠷ | ᠴᠢᠩᠭ᠎ᠠ ᠲᠠᠷᠢᠶᠠᠯᠠᠩ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠡᠷᠡᠭᠲᠡᠢ᠃ | 2023 ᠣᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠦᠷᠢᠮ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠮᠤ | ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ | ᠵᠡᠷᠭᠡ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ | ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ | ᠨᠢᠭᠡ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠢᠶᠠᠷ ᠨᠡᠮᠡᠭᠳᠡᠬᠦ ᠶᠢ | ᠴᠢᠩᠭ᠎ᠠ ᠰᠠᠶᠢᠲᠤᠷ ᠠᠳᠬᠤᠬᠤ ᠬᠡᠷᠡᠭᠲᠡᠶ᠃ | ︵ᠨᠢᠭᠡ︶᠂ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | ᠪᠦᠬᠦ ᠤᠯᠤᠰ ᠤᠨ ᠠᠮᠤ ᠪᠤᠳᠠᠭᠠᠨ ᠤ ᠭᠠᠷᠤᠯᠲᠠ ᠪᠠᠨ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ | ᠦᠡᠨᠡᠬᠦ ᠪᠠᠲᠤᠯᠠᠨ᠎ᠠ᠂ ᠡᠯ᠎ᠡ ᠮᠣᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠪᠦᠷ ᠲᠠᠯᠠᠪᠠᠢ ᠶᠢ | ᠲᠣᠭᠲᠠᠪᠤᠷᠢᠵᠢᠭᠤᠯᠤᠨ᠂ ᠲᠠᠯᠠᠪᠠᠢ ᠨᠢᠭᠡᠴᠢ ᠶᠢᠨ ᠤᠨᠠᠯᠲᠠ ᠶᠢ ᠭᠤᠣᠯᠳᠠᠯᠭ᠎ᠠ ᠲᠠᠢ ᠠᠳᠬᠤᠵᠤ᠂ ᠭᠠᠷᠤᠯᠲᠠ ᠪᠠᠨ | ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ | ᠪᠠᠬᠢᠵᠢᠭᠦᠯᠵᠦ᠂ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ | ᠪᠣᠳᠠᠰ ᠤᠨ ᠰᠠᠭᠤᠷᠢ ᠶᠢ ᠴᠢᠩᠭᠠᠳᠬᠠᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠵᠤ ᠵᠣᠭᠤᠰ ᠣᠯᠵᠤ ᠠᠰᠢᠭ ᠤᠯᠬᠤ᠂ | ᠣᠷᠣᠨ ᠨᠤᠲᠤᠭ ᠤᠨ ᠠᠮᠤ ᠪᠤᠳᠠᠭ᠎ᠠ ᠶᠢ ᠠᠳᠬᠤᠵᠤ ᠬᠠᠷᠢᠭᠤᠴᠠᠯᠭ᠎ᠠ ᠡᠭᠦᠷᠭᠡᠯᠡᠬᠦ ᠵᠢᠷᠤᠮ ᠢ ᠭᠦᠢᠴᠡᠳᠬᠡᠬᠦ ᠲᠣᠭᠲᠠᠴᠠ ᠶᠢᠨ | ᠪᠠᠲᠤᠯᠠᠭ᠎ᠠ ᠶᠢ ᠪᠦᠷᠢᠨᠰᠢᠭᠦᠯᠬᠦ ᠬᠡᠷᠡᠭᠲᠡᠶ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠲᠤᠨ ᠠᠮᠤ ᠪᠤᠳᠠᠭᠠᠨ ᠤ ᠲᠠᠷᠢᠶᠠᠨ | ᠭᠠᠵᠠᠷ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠨ᠎ᠡ᠃ ᠡᠮᠦᠨᠡᠲᠦ ᠣᠷᠤᠨ ᠤ ᠮᠣᠵᠢ ᠶᠢᠨ ᠬᠢᠨ ᠣᠯᠠᠨ | ᠪᠣᠯᠪᠠᠰᠤᠷᠠᠩᠬᠤᠢ ᠠᠮᠤ ᠪᠤᠳᠠᠭᠠᠨ ᠤ ᠦᠢᠯᠡᠳ᠋ᠪᠦᠷᠢᠯᠡᠯ ᠢ ᠬᠥᠭᠵᠢᠭᠦᠯᠬᠦ ᠶᠢ ᠠᠬᠢᠭᠤᠯᠵᠤ᠂ ᠨᠥᠬᠦᠴᠡᠯ ᠲᠠᠢ ᠭᠠᠵᠠᠷ ᠣᠷᠤᠨ ᠤ | ᠳᠠᠬᠢᠯᠲᠠ ᠳᠣᠲᠤᠷᠭ᠎ᠠ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠤᠭᠤᠳᠠᠶ ᠶᠢᠨ ︽ᠨᠢᠭᠡ ᠶᠢ ᠰᠦᠷᠴᠢᠵᠦ ᠭᠤᠷᠪᠠ ᠶᠢ | ᠰᠡᠷᠭᠡᠶᠢᠯᠡᠬᠦ︾ ᠶᠢ ᠥᠷᠨᠢᠭᠦᠯᠬᠦ ᠶᠢ ᠳᠡᠮᠵᠢᠨ᠎ᠡ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠦᠨ᠎ᠡ᠃ ᠪᠤᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠦᠷᠭᠦᠯᠵᠢᠯᠡᠨ | ᠳᠡᠭᠡᠭᠰᠢᠯᠡᠭᠦᠯᠵᠦ᠂ ᠲᠤᠲᠤᠷᠭ᠎ᠠ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠵᠦᠢ ᠵᠣᠬᠢᠰᠲᠠᠶ ᠲᠣᠭᠲᠠᠭᠠᠨ᠂ | ᠲᠤᠲᠤᠷᠭ᠎ᠠ ᠶᠢᠨ ᠨᠥᠬᠦᠪᠥᠷᠢ ᠶᠢ ᠲᠣᠭᠲᠠᠭᠤᠨ ᠪᠠᠶᠢᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ᠭᠤᠤᠯ ᠭᠠᠷᠤᠯᠲᠠ ᠶᠢᠨ ᠣᠷᠣᠨ ᠤ ᠠᠰᠢᠭ ᠲᠤᠰᠠ ᠳᠤ ᠨᠥᠬᠦᠪᠥᠷᠢᠯᠡᠬᠦ ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭᠠᠨ ᠤ | ᠭᠠᠷᠤᠯᠲᠠ ᠶᠡᠬᠡᠲᠡᠶ ᠰᠢᠶᠠᠨ ᠢ ᠱᠠᠩᠨᠠᠬᠤ ᠪᠡᠯᠡ ᠮᠥᠩᠭᠦ ᠶᠢᠨ ᠬᠡᠪᠴᠢᠶ᠎ᠡ ᠶᠢ ᠨᠡᠮᠡᠭᠳᠡᠭᠦᠯᠦᠨ᠎ᠡ᠃ ᠪᠤᠭᠤᠳᠠᠶ ᠶᠢᠨ ᠡᠷᠳᠡᠨᠢ | ᠰᠢᠰᠢ ᠶᠢᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠰᠠᠶᠢᠲᠤᠷ | ᠬᠡᠷᠡᠭᠵᠢᠭᠦᠯᠦᠨ᠎ᠡ᠃ ᠠᠮᠤ ᠪᠤᠳᠠᠭᠠᠨ ᠤ ᠵᠠᠬᠢᠶᠠᠯᠠᠭ᠎ᠠ ᠪᠠᠷ ᠦᠢᠯᠡᠳᠪᠦᠷᠢᠯᠡᠬᠦ ᠶᠢ ᠵᠣᠷᠢᠭᠵᠢᠭᠤᠯᠤᠨ ᠬᠥᠭᠵᠢᠭᠦᠯᠵᠦ᠂ ᠴᠢᠨᠠᠷ | ᠰᠠᠶᠢᠲᠠᠶ ᠪᠥᠭᠡᠳ ᠰᠠᠶᠢᠨ ᠦᠨ᠎ᠡ ᠬᠢᠬᠦ ᠶᠢ ᠪᠡᠶᠡᠯᠡᠭᠦᠯᠬᠦ ᠬᠡᠷᠡᠭᠲᠡᠶ᠃ ᠲᠠᠷᠢᠶᠠᠨ ᠭᠠᠵᠠᠷ ᠢ ᠡᠪᠳᠡᠵᠦ ᠠᠮᠤ ᠪᠤᠳᠠᠭ᠎ᠠ ᠶᠢ | ᠡᠪᠳᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠬᠢᠨᠠᠨ | ᠰᠢᠯᠭᠠᠯᠲᠠ ᠶᠢ ᠴᠢᠩᠳᠠᠯᠠᠨ᠎ᠠ᠃ ᠠᠮᠤ ᠪᠤᠳᠠᠭᠠᠨ ᠤ ᠠᠮᠤᠷ ᠲᠥᠪᠰᠢᠨ ᠤ ᠪᠠᠲᠤᠯᠠᠭ᠎ᠠ ᠶᠢᠨ ᠬᠠᠤᠯᠢ ᠶᠢ ᠲᠣᠭᠲᠠᠭᠠᠬᠤ ᠶᠢ | ᠠᠬᠢᠭᠤᠯᠤᠨ᠎ᠠ᠃ | ︵ᠬᠤᠶᠠᠷ︶ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠬᠦᠴᠦᠯᠡᠨ ᠥᠷᠭᠡᠳᠬᠡᠬᠦ᠃ ᠰᠢᠷ᠎ᠠ ᠪᠤᠷᠴᠠᠭ ᠪᠣᠯᠤᠨ | ᠲᠣᠰᠣᠯᠢᠭ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠠᠬᠢᠭᠤᠯᠤᠨ᠎ᠠ᠃ ᠰᠢᠷ᠎ᠠ | ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠢ ᠯᠠᠪᠳᠠᠭᠤᠨ ᠪᠠᠲᠤᠲᠠᠢ ᠠᠬᠢᠭᠤᠯᠵᠤ᠂ ᠵᠡᠭᠦᠨ ᠬᠤᠶᠢᠲᠤ | ᠣᠷᠣᠨ᠂ ᠬᠠᠳᠤᠨ ᠭᠤᠣᠯ ᠬᠤᠸᠠᠢ ᠬᠠᠢ ᠭᠠᠵᠠᠷ ᠣᠷᠣᠨ ᠳᠤ ᠠᠮᠤ ᠪᠤᠷᠴᠠᠭ ᠢ ᠡᠭᠡᠯᠵᠢᠯᠡᠨ ᠲᠠᠷᠢᠬᠤ ᠶᠢ ᠳᠡᠮᠵᠢᠵᠦ᠂ | ᠬᠤᠵᠢᠷᠯᠢᠭ ᠭᠠᠵᠠᠷ ᠢ ᠲᠣᠭᠲᠠᠭᠤᠨ ᠢᠶᠠᠷ ᠨᠡᠭᠡᠭᠡᠨ ᠠᠰᠢᠭᠯᠠᠵᠤ ᠰᠢᠷ᠎ᠠ ᠪᠤᠷᠴᠠᠭ ᠲᠠᠷᠢᠪᠠ᠃ ᠡᠷᠳᠡᠨᠢ ᠰᠢᠰᠢ ᠰᠢᠷ᠎ᠠ ᠪᠤᠷᠴᠠᠭ | ᠦᠢᠯᠡᠳᠪᠦᠷᠢᠯᠡᠭᠴᠢ ᠳᠤ ᠨᠥᠬᠦᠪᠥᠷᠢ ᠥᠭᠬᠦ ᠶᠢ ᠲᠡᠭᠦᠯᠳᠡᠷᠵᠢᠭᠦᠯᠵᠦ᠂ ᠰᠢᠷ᠎ᠠ ᠪᠤᠷᠴᠠᠭ ᠤᠨ ᠪᠦᠷᠢᠨ ᠥᠪᠡᠷ ᠤᠨ | ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠲᠤᠷᠰᠢᠯᠲᠠ ᠶᠢ ᠰᠠᠶᠢᠲᠤᠷ ᠬᠡᠷᠡᠭᠵᠢᠭᠦᠯᠦᠨ᠎ᠡ᠃ | ᠰᠢᠯᠢᠮᠳᠡᠭ ᠤᠨ ᠶᠡᠷᠦᠩᠬᠡᠶᠢᠯᠡᠭᠰᠡᠨ ᠴᠢᠨᠠᠷᠲᠠᠶ ᠲᠡᠳᠬᠦᠬᠦ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ᠂ ᠲᠤᠲᠤᠷᠭ᠎ᠠ ᠶᠢᠨ | ᠡᠭᠡᠯᠵᠢᠯᠡᠨ ᠲᠠᠷᠢᠬᠤ ᠶᠠᠪᠤᠳᠠᠯ ᠢ ᠶᠠᠪᠤᠭᠤᠯᠵᠤ᠂ ᠡᠪᠦᠯ ᠤᠨ ᠰᠤᠯᠠ ᠲᠠᠷᠢᠶᠠᠨ ᠭᠠᠵᠠᠷ ᠲᠤ ᠰᠢᠯᠢᠮᠳᠡᠭ ᠤᠨ ᠲᠠᠷᠢᠮᠠᠯ ᠢ ᠶᠡᠬᠡᠪᠡᠷ | ᠨᠡᠭᠡᠭᠡᠨ ᠠᠰᠢᠭᠯᠠᠬᠤ ᠬᠡᠷᠡᠭᠲᠡᠶ᠃ ᠮᠣᠳᠣᠯᠢᠭ ᠲᠣᠰᠣᠯᠢᠭ ᠵᠦᠢᠯ ᠤᠨ ᠬᠥᠭᠵᠢᠯᠲᠡ ᠶᠢ ᠳᠡᠮᠵᠢᠵᠦ᠂ ᠲᠣᠰᠣᠯᠢᠭ ᠴᠠᠶ ᠶᠢᠨ | ᠠᠵᠤ ᠦᠢᠯᠡᠰ ᠢ ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠲᠣᠰᠣᠯᠢᠭ ᠴᠠᠶ ᠶᠢᠨ ᠡᠭᠦᠯᠳᠡᠷ ᠢ | ᠥᠷᠭᠡᠳᠬᠡᠬᠦ ᠪᠠ ᠤᠨᠠᠯᠲᠠ ᠪᠠᠭᠠᠲᠠᠶ ᠦᠷ᠎ᠡ ᠠᠰᠢᠭ ᠪᠠᠭᠠᠲᠠᠶ ᠣᠶ ᠶᠢ ᠥᠭᠡᠷᠡᠴᠢᠯᠡᠬᠦ ᠡᠭᠦᠷᠭᠡ ᠶᠢ ᠨᠠᠶᠢᠳᠠᠪᠤᠷᠢᠵᠢᠭᠤᠯᠬᠤ | ᠬᠡᠷᠡᠭᠲᠡᠶ᠃ ᠲᠡᠵᠢᠭᠡᠯ ᠪᠣᠷᠳᠤᠭ᠎ᠠ ᠳᠤ ᠬᠡᠷᠡᠭᠯᠡᠬᠦ ᠪᠤᠷᠴᠠᠭ ᠤᠨ ᠰᠢᠭᠠᠷᠤ ᠶᠢ ᠪᠠᠭᠠᠰᠬᠠᠨ ᠣᠷᠣᠯᠠᠭᠤᠯᠬᠤ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠦᠨ᠎ᠡ᠃ | ︵ᠭᠤᠷᠪᠠ︶ ᠣᠳᠣ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠪᠡᠯᠡᠳᠭᠡᠮᠵᠢᠳᠤ ᠲᠠᠷᠢᠶᠠᠯᠠᠩ ᠤᠨ | ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ | ᠲᠥᠪ ᠪᠣᠯᠤᠨ ᠢᠳᠡᠰᠢᠨ ᠨᠣᠭᠤᠭ᠎ᠠ ᠶᠢ ᠡᠷᠴᠢᠮᠵᠢᠭᠦᠯᠦᠨ ᠴᠢᠬᠢ ᠪᠤᠶᠢᠵᠢᠭᠤᠯᠬᠤ ᠲᠥᠪ ᠢ ᠲᠦᠷᠭᠡᠳᠬᠡᠨ ᠬᠥᠭᠵᠢᠭᠦᠯᠬᠦ | ᠬᠡᠷᠡᠭᠲᠡᠶ᠃ ᠠᠮᠤ ᠪᠤᠳᠠᠭ᠎ᠠ ᠬᠠᠲᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠳᠤ ᠬᠥᠯᠳᠡᠭᠡᠵᠦ | ᠬᠠᠳᠠᠭᠠᠯᠠᠬᠤ᠂ ᠬᠥᠯᠳᠡᠭᠡᠵᠦ ᠬᠡᠯᠬᠢᠶᠡᠵᠢᠭᠦᠯᠬᠦ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠬᠠᠭᠤᠴᠢᠨ ᠢᠳᠡᠰᠢᠨ ᠨᠣᠭᠤᠭ᠎ᠠ ᠶᠢᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ | ᠲᠥᠪᠯᠡᠷᠡᠭᠦᠯᠦᠨ ᠠᠬᠢᠭᠤᠯᠤᠨ᠎ᠠ᠃ ᠮᠠᠯ ᠵᠢᠭᠦᠷᠲᠡᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠪᠠ ᠤᠰᠤᠨ | ᠭᠠᠷᠤᠯᠲᠠ ᠶᠢᠨ ᠲᠡᠵᠢᠭᠡᠨ ᠦᠷᠡᠵᠢᠭᠦᠯᠬᠦ ᠨᠠᠭᠤᠷ ᠴᠥᠭᠦᠷᠥᠮ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ | ᠬᠡᠷᠡᠭᠲᠡᠶ᠃ ᠠᠮᠢ ᠠᠬᠤᠶ ᠶᠢ ᠬᠠᠮᠠᠭᠠᠯᠠᠬᠤ ᠪᠠ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠶ ᠪᠠᠶᠢᠬᠤ | ᠤᠷᠢᠲᠠᠯ ᠳᠣᠤᠷ᠎ᠠ᠂ ᠭᠤᠪᠢ ᠡᠯᠡᠰᠦ ᠵᠡᠷᠭᠡ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠰᠦᠪᠡᠭᠴᠢᠯᠡᠨ ᠪᠡᠯᠡᠳᠬᠡᠮᠵᠢᠲᠦ | ᠲᠠᠷᠢᠶᠠᠯᠠᠩ ᠢ ᠬᠥᠭᠵᠢᠭᠦᠯᠦᠨ᠎ᠡ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠪᠡᠯᠡᠳᠬᠡᠮᠵᠢᠲᠦ ᠲᠠᠷᠢᠶᠠᠯᠠᠩ ᠤᠨ | ᠪᠦᠲᠦᠭᠡᠨ ᠪᠠᠶᠢᠭᠤᠯᠤᠯᠲᠠ ᠳᠤ ᠢᠲᠡᠭᠡᠮᠵᠢᠲᠦ ᠵᠢᠭᠡᠯᠡᠯᠭᠡ ᠶᠢᠨ ᠳᠠᠮ ᠬᠦᠦ ᠮᠥᠩᠭᠦ ᠣᠯᠭᠤᠬᠤ ᠬᠡᠷᠡᠭᠲᠡᠶ᠃ | ︵ᠳᠥᠷᠪᠡ︶ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠲᠣᠮᠣ | ᠢᠳᠡᠭᠡᠨ ᠤ ᠦᠵᠡᠯᠲᠡ ᠶᠢ ᠪᠣᠶ ᠪᠣᠯᠭᠠᠵᠤ᠂ ᠠᠮᠤ ᠪᠤᠳᠠᠭ᠎ᠠ ᠠᠵᠤ ᠠᠬᠤᠶ ᠲᠡᠵᠢᠭᠡᠯ ᠪᠣᠷᠳᠤᠭ᠎ᠠ ᠶᠢ ᠨᠢᠭᠡᠳᠦᠯᠲᠡᠶ ᠲᠥᠯᠥᠪᠯᠡᠬᠦ᠂ | ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤ ᠶᠢ ᠤᠶᠠᠯᠳᠤᠭᠤᠯᠬᠤ᠂ ᠤᠷᠭᠤᠮᠠᠯ ᠠᠮᠢᠲᠠᠨ ᠤ ᠮᠢᠺᠷᠣᠪ ᠢ ᠵᠡᠷᠭᠡᠪᠡᠷ | ᠬᠥᠭᠵᠢᠭᠦᠯᠬᠦ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠬᠦᠷᠢᠶ᠎ᠡ | ᠬᠡᠪᠴᠢᠶ᠎ᠡ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠴᠢᠨᠠᠷ ᠰᠠᠶᠢᠲᠠᠶ ᠤᠰᠤ ᠠᠷᠪᠢᠯᠠᠬᠤ ᠥᠨᠳᠥᠷ ᠪᠥᠭᠡᠳ | ᠲᠣᠭᠲᠠᠭᠤᠨ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ | ᠴᠠᠷᠭᠠᠰᠤ ᠵᠡᠷᠭᠡ ᠡᠪᠡᠰᠦᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠬᠡᠷᠡᠭᠲᠡᠶ᠃ ᠬᠥᠬᠡ ᠪᠠᠷ ᠳᠠᠷᠤᠰᠢᠭᠤᠯᠤᠭᠰᠠᠨ | ᠪᠣᠷᠳᠤᠭ᠎ᠠ ᠶᠢ ᠶᠡᠬᠡᠪᠡᠷ ᠬᠥᠭᠵᠢᠭᠦᠯᠵᠦ ᠡᠰᠢ ᠰᠦᠷᠡᠯ ᠢᠶᠠᠷ ᠮᠠᠯ ᠮᠠᠯᠯᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ | ᠣᠢ ᠶᠢᠨ ᠬᠤᠷᠮᠥᠢ ᠶᠢᠨ ᠳᠡᠷᠢᠵᠦ ᠳᠡᠵᠢᠭᠡᠬᠦ ᠶᠢ ᠬᠦᠭᠵᠢᠬᠦᠯᠥᠨ᠎ᠠ᠃ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠪᠡᠯᠴᠢᠭᠡᠷ ᠤᠨ ᠡᠬᠢ ᠪᠠᠶᠠᠯᠢᠭ ᠢ | ᠵᠦᠢ ᠵᠣᠬᠢᠰᠲᠠᠶ ᠠᠰᠢᠭᠯᠠᠨ᠂ ᠪᠡᠯᠴᠢᠭᠡᠷ ᠢ ᠬᠡᠰᠡᠭᠯᠡᠵᠦ ᠰᠡᠯᠭᠦᠨ ᠮᠠᠯᠯᠠᠬᠤ ᠶᠢ ᠲᠦᠯᠬᠢᠨ ᠠᠬᠢᠭᠤᠯᠤᠨ᠎ᠠ᠃ ᠠᠷᠠᠴᠢᠯᠠᠨ | ᠬᠠᠮᠠᠭᠠᠯᠠᠬᠤ ᠣᠷᠣᠨ ᠢ ᠱᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠣᠮᠣ ᠤᠰᠤᠨ ᠤ ᠭᠠᠳᠠᠷᠭᠤ ᠶᠢᠨ ᠠᠮᠢ ᠠᠬᠤᠢ ᠶᠢᠨ | ᠵᠢᠭᠠᠰᠤ ᠶᠢ ᠬᠥᠭᠵᠢᠭᠦᠯᠦᠨ᠎ᠡ᠃ ᠣᠳᠣ ᠦᠶ᠎ᠡ ᠶᠢᠨ ᠳᠠᠯᠠᠢ ᠲᠠᠩᠭᠢᠰ ᠤᠨ ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠵᠤ᠂ | ᠭᠦᠨ ᠤᠰᠤᠨ ᠤ ᠲᠣᠣᠷᠲᠤ ᠬᠠᠶᠢᠷᠴᠠᠭ᠂ ᠲᠡᠵᠢᠭᠡᠨ ᠦᠷᠡᠵᠢᠭᠦᠯᠬᠦ ᠠᠵᠢᠯᠴᠢᠨ ᠤ ᠣᠩᠭᠤᠴᠠ ᠵᠡᠷᠭᠡ ᠠᠯᠤᠰ ᠳᠠᠯᠠᠢ ᠶᠢᠨ | ᠲᠡᠵᠢᠭᠡᠨ ᠦᠷᠡᠵᠢᠭᠦᠯᠬᠦ ᠶᠢ ᠬᠥᠭᠵᠢᠭᠦᠯᠦᠨ᠎ᠡ᠃ ᠢᠳᠡᠰᠢᠨ ᠤ ᠮᠥᠭᠦ ᠪᠣᠯᠤᠨ ᠵᠠᠮᠠᠭ ᠤᠨ ᠲᠦᠷᠦᠯ ᠤᠨ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠢᠳᠡᠭᠡᠨ ᠤ ᠠᠶᠤᠯ ᠦᠭᠡᠶ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠥᠷᠳᠡᠨ ᠤᠬᠤᠴᠢᠯᠠᠬᠤ | ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠶ᠃ | ︵ᠲᠠᠪᠤ︶ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠬᠢᠷᠠᠭᠤᠯᠭ᠎ᠠ ᠡᠵᠡᠮᠳᠡᠯ ᠢ | ᠨᠢᠭᠡᠳᠦᠯᠲᠡᠶ ᠲᠥᠯᠥᠪᠯᠡᠵᠦ ᠰᠠᠶᠢᠲᠤᠷ ᠬᠢᠬᠦ ᠬᠡᠷᠡᠭᠲᠡᠶ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠥᠭᠡᠴᠡᠯᠡᠬᠦ ᠪᠠ ᠬᠤᠳᠠᠯᠳᠤᠨ ᠠᠪᠬᠤ ᠪᠣᠷᠣᠯᠠᠭᠤᠯᠬᠤ ᠬᠦᠷᠢᠶ᠎ᠡ | ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠮᠢᠳᠤ ᠭᠠᠭ᠋ᠠᠶ ᠶᠢᠨ ᠭᠠᠷᠤᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠮᠤᠵᠢ ᠶᠢᠨ ᠶᠡᠷᠦᠩᠬᠡᠶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠦᠷᠡᠵᠢᠬᠦ ᠮᠡᠭᠡᠵᠢ ᠪᠠᠷ ᠭᠤᠤᠯ ᠪᠣᠯᠭᠠᠭᠰᠠᠨ ᠭᠠᠭ᠋ᠠᠶ ᠦᠢᠯᠡᠳᠪᠦᠷᠢᠯᠡᠬᠦ ᠴᠢᠳᠠᠪᠤᠷᠢ ᠶᠢ ᠲᠣᠬᠢᠷᠠᠭᠤᠯᠤᠨ ᠡᠵᠡᠮᠳᠡᠬᠦ ᠶᠢ | ᠴᠢᠩᠭᠠᠷᠠᠭᠤᠯᠤᠨ᠎ᠠ᠃ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ | ᠰᠢᠯᠭᠠᠨ ᠬᠢᠨᠠᠬᠤ ᠶᠢ ᠴᠢᠩᠳᠠᠯᠠᠬᠤ ᠬᠡᠷᠡᠭᠲᠡᠶ᠃ ᠬᠥᠪᠥᠩ ᠤᠨ ᠬᠠᠷᠠᠯᠲᠠᠲᠤ ᠦᠨ᠎ᠡ ᠶᠢᠨ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠰᠢᠬᠢᠷᠲᠦ ᠨᠢᠰᠢᠩᠭᠦ ᠶᠢᠨ ᠰᠠᠶᠢᠨ ᠡᠭᠦᠯᠳᠡᠷ ᠤᠨ ᠰᠠᠶᠢᠨ ᠠᠷᠭ᠎ᠠ ᠶᠢ ᠳᠡᠯᠭᠡᠷᠡᠭᠦᠯᠬᠦ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠪᠠᠶᠢᠭᠠᠯᠢ ᠶᠢᠨ ᠭᠤᠮ ᠢ ᠲᠡᠳ᠋ᠬᠦᠨ ᠳᠡᠮᠵᠢᠬᠦ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ | ᠦᠢᠯᠡᠳᠪᠦᠷᠢᠯᠡᠯ᠂ ᠬᠠᠳᠠᠭᠠᠯᠠᠵᠤ ᠵᠥᠭᠡᠭᠡᠪᠦᠷᠢᠯᠡᠬᠦ ᠲᠣᠬᠢᠷᠠᠭᠤᠯᠭ᠎ᠠ ᠡᠵᠡᠮᠰᠢᠯ ᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠤᠨ | ᠪᠦᠲᠦᠭᠡᠭᠳᠡᠬᠦᠨ ᠤ ᠣᠯᠠᠨ ᠤᠯᠤᠰ ᠤᠨ ᠠᠷᠠᠯᠵᠢᠶᠠᠨ ᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ | ᠭᠠᠳᠠᠭᠠᠳᠤ ᠠᠴᠠ ᠣᠷᠣᠭᠤᠯᠬᠤ ᠣᠯᠠᠨ ᠡᠰᠢᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠶ᠃ ᠠᠮᠤ | ᠪᠤᠳᠠᠭ᠎ᠠ ᠶᠢ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠬᠡᠯᠬᠢᠶ᠎ᠡ ᠪᠠᠷ ᠠᠷᠪᠢᠯᠠᠨ ᠬᠤᠬᠢᠷᠠᠯ ᠢ | ᠪᠠᠭᠠᠰᠬᠠᠬᠤ ᠶᠢ ᠲᠦᠯᠬᠢᠨ ᠠᠬᠢᠭᠤᠯᠵᠤ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ ᠡᠷᠡᠭᠦᠯ ᠮᠡᠨᠳᠦ ᠢᠳᠡᠭᠡᠨ ᠤᠮᠳᠠᠭᠠᠨ ᠢ ᠡᠷᠬᠢᠮᠯᠡᠬᠦ ᠬᠡᠷᠡᠭᠲᠡᠢ᠃ | ᠬᠤᠶᠠᠷ᠂ ᠲᠠᠷᠢᠶᠠᠯᠠᠩ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ | ︵ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠪᠠ ᠬᠡᠷᠡᠭᠯᠡᠬᠦ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠵᠤ᠂ ᠰᠠᠯᠠᠭ᠎ᠠ | ᠮᠥᠴᠢᠷ ᠬᠠᠮᠲᠤᠷᠠᠨ ᠲᠠᠷᠢᠶᠠᠨ ᠭᠠᠵᠠᠷ ᠢ ᠨᠥᠬᠦᠪᠥᠷᠢᠯᠡᠵᠦ ᠰᠢᠯᠭᠠᠨ ᠲᠣᠭᠲᠠᠭᠠᠵᠤ ᠦᠨᠡᠯᠡᠨ ᠲᠣᠭᠲᠠᠭᠠᠬᠤ ᠪᠠ ︽ᠬᠤᠲᠠ | ᠰᠢᠶᠠᠨ ᠬᠢᠨᠠᠨ ᠬᠠᠷᠭᠤᠭᠤᠯᠬᠤ᠂ ᠮᠤᠵᠢ ᠶᠢᠨ ᠱᠠᠲᠤᠨ ᠠᠴᠠ ᠳᠠᠬᠢᠨ ᠬᠢᠨᠠᠬᠤ᠂ ᠨᠡᠶᠢᠭᠡᠮ ᠠᠴᠠ ᠬᠢᠨᠠᠯᠲᠠ ᠲᠠᠯᠪᠢᠬᠤ︾ | ᠲᠣᠭᠲᠠᠴᠠ ᠶᠢ ᠥᠷᠨᠢᠭᠦᠯᠵᠦ᠂ ᠨᠥᠬᠦᠪᠥᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ ᠬᠠᠷᠢᠯᠴᠠᠨ ᠲᠡᠩᠴᠡᠭᠦ᠂ ᠶᠠᠰᠤ | ᠴᠢᠨᠠᠷ ᠨᠢ ᠲᠡᠩᠴᠡᠭᠦᠤ ᠪᠠᠶᠢᠬᠤ ᠶᠢ ᠦᠨᠡᠨ ᠬᠦ ᠪᠠᠲᠤᠯᠠᠨ᠎ᠠ᠃ ᠲᠠᠷᠢᠶᠠᠨ ᠭᠠᠵᠠᠷ ᠢ ᠲᠠᠷᠢᠶᠠᠯᠠᠩ ᠳᠤ ᠬᠡᠷᠡᠭᠯᠡᠬᠦ ᠪᠤᠰᠤᠳ | ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠲᠠᠷᠢᠶᠠᠨ ᠭᠠᠵᠠᠷ ᠤᠨ ᠲᠠᠷᠢᠮᠠᠯ ᠤᠨ ᠬᠡᠷᠡᠭᠯᠡᠭᠡᠨ ᠤ | ᠬᠠᠮᠢᠶᠠᠷᠤᠨ ᠡᠵᠡᠮᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠰᠢᠭᠯᠠᠯᠲᠠ ᠶᠢ ᠤᠷᠢᠳ ᠢᠶᠠᠷ ᠪᠣᠳᠣᠯᠬᠢᠯᠠᠬᠤ ᠳᠡᠰ | ᠳᠠᠷᠠᠭᠠᠯᠠᠯ ᠢ ᠲᠣᠳᠣᠷᠬᠠᠶᠢᠯᠠᠨ᠂ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠢ ᠡᠮᠬᠢ | ᠵᠢᠷᠤᠮ ᠲᠠᠢ ᠥᠷᠨᠢᠭᠦᠯᠦᠨ᠎ᠡ᠃ ᠠᠲᠠᠷᠰᠢᠭᠰᠠᠨ ᠲᠠᠷᠢᠶᠠᠨ ᠭᠠᠵᠠᠷ ᠢ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ | ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ | ᠬᠢᠨ᠎ᠡ᠃ | ︵ᠳᠣᠯᠤᠭ᠎ᠠ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ | ᠣᠨ ᠤ ᠡᠭᠦᠷᠭᠡ ᠶᠢ ᠪᠡᠶᠡᠯᠡᠭᠦᠯᠵᠦ᠂ ᠬᠥᠷᠥᠰᠥ ᠰᠢᠷᠣᠶ ᠶᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠤᠰᠤᠯᠠᠬᠤ ᠪᠠ ᠤᠰᠤ | ᠵᠠᠯᠠᠬᠤ ᠪᠡᠯᠡᠳᠬᠡᠮᠵᠢ ᠵᠡᠷᠭᠡ ᠳᠤᠲᠠᠭᠤᠳᠠᠯ ᠢ ᠭᠤᠤᠯᠳᠠᠯᠭ᠎ᠠ ᠲᠠᠢ ᠨᠥᠬᠦᠪᠥᠷᠢᠯᠡᠵᠦ᠂ ᠥᠨᠳᠥᠷ ᠪᠦᠲᠦᠮᠵᠢᠲᠡᠶ ᠤᠰᠤ | ᠠᠷᠪᠢᠯᠠᠬᠤ ᠤᠰᠤᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ | ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠪᠠ ᠬᠥᠲᠥᠯ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ | ᠴᠢᠩᠭᠠᠳᠬᠠᠨ᠎ᠠ᠃ ᠬᠠᠷ᠎ᠠ ᠬᠥᠷᠥᠰᠥ ᠶᠢ ᠬᠤᠯᠠᠭᠠᠶᠢᠯᠠᠨ ᠮᠠᠯᠲᠠᠬᠤ᠂ ᠴᠠᠬᠢᠯᠭᠠᠨ ᠢᠶᠠᠷ ᠴᠢᠭᠢᠭ ᠤᠨ ᠤᠯᠠᠭᠠᠨ ᠬᠤᠷᠣᠬᠠᠢ | ᠪᠠᠷᠢᠪᠴᠢᠯᠠᠬᠤ ᠵᠡᠷᠭᠡ ᠬᠥᠷᠥᠰᠥ ᠰᠢᠷᠣᠶ ᠶᠢ ᠡᠪᠳᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠭᠠᠩ | ᠬᠠᠭᠰᠠᠷᠠᠭᠠᠨ ᠪᠠ ᠬᠠᠭᠠᠰ ᠭᠠᠩ ᠬᠠᠭᠰᠠᠷᠠᠭᠠᠨ ᠤ ᠲᠠᠷᠢᠶᠠᠨ ᠭᠠᠵᠠᠷ᠂ ᠤᠯᠠᠭᠠᠨ ᠰᠢᠷ᠎ᠠ ᠬᠥᠷᠥᠰᠥ ᠶᠢᠨ ᠲᠠᠷᠢᠶᠠᠨ | ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ | ᠴᠢᠩᠭᠠᠳᠬᠠᠵᠤ᠂ ᠭᠤᠣᠯᠳᠠᠭᠤ ᠬᠤᠵᠢᠷᠯᠢᠭ ᠭᠠᠵᠠᠷ ᠲᠤ ᠵᠣᠬᠢᠴᠠᠬᠤ ᠲᠠᠷᠢᠮᠠᠯ ᠠᠴᠠ ᠨᠡᠩ ᠤᠯᠠᠨ ᠬᠤᠵᠢᠷᠯᠢᠭ | ᠬᠦᠷᠦᠰᠦᠨ ᠳᠤ ᠵᠣᠬᠢᠴᠠᠬᠤ ᠤᠷᠭᠤᠮᠠᠯ ᠢ ᠰᠤᠩᠭᠤᠵᠤ ᠬᠥᠮᠦᠵᠢᠭᠦᠯᠬᠦ ᠬᠤᠵᠢᠷᠯᠢᠭ ᠭᠠᠵᠠᠷ ᠢ ᠬᠤᠪᠢᠷᠠᠭᠤᠯᠬᠤ ᠶᠢ | ᠦᠷᠭᠦᠯᠵᠢᠯᠡᠨ ᠠᠬᠢᠭᠤᠯᠵᠤ᠂ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠶᠡᠷᠦᠩᠬᠡᠶᠢᠯᠡᠨ | ᠨᠡᠭᠡᠭᠡᠨ ᠠᠰᠢᠭᠯᠠᠬᠤ ᠲᠤᠷᠰᠢᠯᠲᠠ ᠶᠢ ᠰᠠᠶᠢᠲᠤᠷ ᠬᠢᠨ᠎ᠡ᠃ | ︵ᠨᠠᠢᠮᠠ︶ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠤᠰᠤᠨ ᠠᠰᠢᠭᠯᠠᠯᠲᠠ ᠶᠢᠨ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠵᠤ᠂ ᠤᠯᠤᠰ ᠤᠨ ᠤᠰᠤᠨ ᠲᠣᠤᠷ ᠤᠨ ᠭᠤᠤᠯᠯᠠᠬᠤ ᠲᠣᠤᠷ ᠰᠦᠯᠵᠢᠶ᠎ᠡ ᠶᠢ ᠲᠦᠷᠭᠡᠳᠬᠡᠨ ᠪᠠᠶᠢᠭᠤᠯᠤᠨ᠎ᠠ᠃ ᠲᠣᠮᠣ | ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠣᠯᠤᠨ ᠣᠳᠣᠬᠢᠴᠢᠯᠠᠬᠤ | ᠥᠭᠡᠷᠡᠴᠢᠯᠡᠯᠲᠡ ᠶᠢ ᠲᠦᠷᠭᠡᠳᠬᠡᠬᠦ ᠬᠡᠷᠡᠭᠲᠡᠶ᠃ ᠨᠢᠭᠡ ᠪᠦᠯᠦᠭ ᠳᠤᠮᠳᠠ ᠵᠢᠵᠢᠭ ᠬᠡᠯᠪᠡᠷᠢ ᠶᠢᠨ ᠤᠰᠤᠨ ᠴᠥᠭᠦᠷᠥᠮ ᠵᠢᠴᠢ | ᠤᠰᠤ ᠲᠠᠲᠠᠵᠤ ᠲᠣᠬᠢᠷᠠᠭᠤᠯᠬᠤ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡᠳᠬᠡᠯ ᠤᠰᠤᠨ ᠰᠤᠷᠪᠤᠯᠵᠢ ᠵᠡᠷᠭᠡ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠡᠷᠭᠢ ᠰᠤᠪᠠᠭ ᠤᠨ ᠰᠢᠰᠲ᠋ᠧᠮ | ᠬᠢᠭᠡᠳ ᠤᠰᠤᠯᠠᠯᠲᠠ ᠶᠢᠨ ᠣᠷᠣᠨ ᠤ ᠨᠢᠷᠤᠭᠤᠪᠴᠢ ᠪᠠᠷᠢᠯᠭ᠎ᠠ ᠶᠢ ᠬᠤᠯᠪᠣᠬᠤ ᠵᠡᠷᠭᠡ ᠲᠠᠷᠢᠶᠠᠨ ᠭᠠᠵᠠᠷ ᠤᠨ ᠤᠰᠤᠨ | ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠣᠷᠣᠨ | ᠪᠦᠰᠡ ᠶᠢᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠠᠵᠢᠯ ᠥᠷᠨᠢᠭᠦᠯᠬᠦ ᠶᠢ | ᠳᠡᠮᠵᠢᠵᠦ᠂ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠴᠢᠩᠭ᠎ᠠ | ᠬᠢᠵᠠᠭᠠᠷᠯᠠᠬᠤ ᠶᠢ ᠠᠬᠢᠭᠤᠯᠤᠨ᠎ᠠ᠃ ᠭᠠᠩ ᠬᠠᠭ᠋ᠤᠷᠠᠶ ᠬᠠᠭ᠋ᠤᠷᠠᠶ ᠭᠠᠵᠠᠷ ᠣᠷᠤᠨ ᠳᠤ ᠥᠨᠳᠥᠷ ᠪᠦᠲᠦᠮᠵᠢᠲᠡᠶ ᠤᠰᠤ | ᠠᠷᠪᠢᠯᠠᠬᠤ ᠬᠠᠭ᠋ᠤᠷᠠᠶ ᠲᠠᠷᠢᠶᠠᠯᠠᠩ ᠢ ᠬᠥᠭᠵᠢᠭᠦᠯᠬᠦ ᠬᠡᠷᠡᠭᠲᠡᠶ᠃ ᠦᠶᠡᠷ ᠢ ᠲᠣᠭᠲᠠᠭᠠᠨ ᠬᠠᠳᠠᠭᠠᠯᠠᠬᠤ ᠣᠷᠣᠨ ᠤ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ᠂ ᠳᠤᠮᠳᠠ ᠪᠠᠭ᠎ᠠ ᠭᠤᠤᠯ ᠮᠥᠷᠡᠨ ᠢ ᠵᠠᠰᠠᠬᠤ᠂ ᠠᠭᠤᠯᠠᠨ ᠦᠶᠡᠷ ᠤᠨ ᠭᠠᠮᠰᠢᠭ ᠢ | ᠰᠡᠷᠭᠡᠶᠢᠯᠡᠨ ᠵᠠᠰᠠᠬᠤ ᠶᠢ ᠴᠢᠩᠭᠠᠷᠠᠭᠤᠯᠵᠤ᠂ ᠳᠤᠮᠳᠠ ᠪᠠᠭ᠎ᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠ | ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠦᠭᠡᠶ ᠶᠢᠨ ᠬᠢᠨᠠᠨ ᠬᠡᠮᠵᠢᠯᠲᠡ ᠶᠢ ᠲᠦᠷᠭᠡᠳᠬᠡᠨ ᠬᠡᠷᠡᠭᠵᠢᠭᠦᠯᠬᠦ | ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ | ᠠᠬᠢᠭᠤᠯᠤᠨ᠎ᠠ᠃ | ︵ᠶᠢᠰᠦ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠰᠢᠨ᠎ᠡ ᠨᠢᠭᠡᠨ ᠡᠭᠡᠯᠵᠢ ᠶᠢᠨ ᠲᠠᠷᠢᠶᠠᠯᠠᠩ ᠤᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠶᠢᠳᠡᠮ | ᠪᠠᠶᠢᠴᠠᠭᠠᠬᠤ ᠪᠠ ᠲᠠᠷᠢᠶᠠᠯᠠᠩ ᠤᠨ ᠠᠭᠤᠷ ᠠᠮᠢᠰᠬᠤᠯ ᠤᠨ ᠣᠷᠣᠨ ᠬᠤᠪᠢᠶᠠᠷᠢᠯᠠᠯ ᠤᠨ ᠠᠵᠢᠯ ᠢ ᠰᠤᠳᠤᠯᠤᠨ ᠥᠷᠨᠢᠭᠦᠯᠦᠨ᠎ᠡ᠃ | ᠲᠠᠷᠢᠶᠠᠯᠠᠩ ᠤᠨ ᠴᠠᠭ ᠠᠭᠤᠷ ᠤᠨ ᠠᠵᠢᠭᠯᠠᠨ ᠬᠡᠮᠵᠢᠬᠦ ᠪᠡᠯᠡᠳᠬᠡᠮᠵᠢ ᠶᠢᠨ ᠥᠷᠲᠡᠭᠡᠨ ᠤ ᠪᠠᠶᠢᠷᠢᠰᠢᠭᠤᠯᠤᠯ ᠢ | ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠬᠤᠪᠢᠶᠠᠨ᠂ ᠭᠠᠮᠰᠢᠭ ᠬᠤᠪᠢᠶᠠᠨ ᠲᠠᠷᠢᠵᠤ ᠪᠠᠶᠢᠭᠠᠳ | ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠨᠡᠶᠢᠲᠡᠯᠡᠨ᠎ᠡ᠃ ᠭᠠᠩᠳᠠᠮᠠᠯ ᠤᠰᠤᠲᠤᠯ ᠤᠨ ᠭᠠᠮᠰᠢᠭ ᠢ | ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠪᠠ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠨ | ᠭᠠᠮᠰᠢᠭ ᠠᠴᠠ ᠠᠪᠤᠷᠠᠬᠤ ᠪᠠᠲᠤᠯᠠᠭ᠎ᠠ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠠᠮᠢᠲᠠᠨ ᠤᠷᠭᠤᠮᠠᠯ ᠤᠨ ᠬᠢᠵᠢᠭ | ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠤᠷ ᠰᠦᠯᠵᠢᠶ᠎ᠡ ᠶᠢ ᠪᠦᠷᠢᠨᠰᠢᠭᠦᠯᠬᠦ ᠬᠡᠷᠡᠭᠲᠡᠶ᠃ | ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ | ᠡᠵᠡᠮᠳᠡᠬᠦ ᠪᠠ ᠭᠤᠤᠯᠳᠠᠯᠭ᠎ᠠ ᠲᠠᠢ ᠬᠦᠮᠦᠨ ᠪᠠ ᠠᠮᠢᠳᠠᠨ ᠤ ᠡᠬᠢ ᠡᠭᠦᠰᠦᠯ ᠠᠴᠠ ᠰᠡᠷᠭᠡᠶᠢᠯᠡᠨ ᠡᠵᠡᠮᠳᠡᠬᠦ ᠶᠢ ᠰᠠᠶᠢᠳᠤᠷ | ᠠᠳᠬᠤᠬᠤ ᠬᠡᠷᠡᠭᠳᠡᠢ᠃ ᠭᠤᠤᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ | ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ | ᠴᠢᠩᠭᠠᠷᠠᠭᠤᠯᠬᠤ ᠬᠡᠷᠡᠭᠲᠡᠢ | ︵ᠠᠷᠪᠠ︶ ᠲᠠᠷᠢᠶᠠᠯᠠᠩ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠯᠬᠢᠨ | ᠠᠬᠢᠭᠤᠯᠤᠨ᠎ᠠ᠃ ᠠᠵᠤ ᠦᠢᠯᠡᠰ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠱᠠᠲᠤᠯᠢᠭ ᠬᠤᠪᠢᠶᠠᠨ | ᠲᠣᠳᠣᠷᠬᠠᠶ᠂ ᠠᠵᠢᠯ ᠢᠶᠠᠨ ᠬᠤᠪᠢᠳᠠᠨ ᠬᠠᠮᠵᠢᠯᠴᠠᠭᠰᠠᠨ᠂ ᠵᠣᠬᠢᠰᠲᠠᠶ ᠥᠷᠢᠰᠥᠯᠳᠦᠬᠦ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠬᠤᠰᠢᠭᠤᠷᠠᠭᠰᠠᠨ ᠮᠡᠷᠭᠡᠵᠢᠯ ᠤᠨ | ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠶ᠃ ᠲᠠᠷᠢᠶᠠᠯᠠᠩ ᠤᠨ ᠬᠦᠷᠢᠶᠡᠨ ᠳᠠᠬᠢ ᠤᠯᠤᠰ ᠤᠨ ᠲᠤᠷᠰᠢᠯᠲᠠ ᠶᠢᠨ ᠲᠠᠰᠤᠭ᠂ | ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ | ᠵᠡᠷᠭᠡ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠲᠠᠷᠢᠶᠠᠯᠠᠩ ᠤᠨ ᠦᠨᠳᠦᠰᠦᠨ ᠴᠢᠨᠠᠷᠲᠠᠢ ᠤᠷᠲᠤ ᠬᠤᠭᠤᠴᠠᠭᠠᠲᠤ | ᠴᠢᠨᠠᠷᠲᠠᠢ ᠠᠵᠢᠭᠯᠠᠨ ᠬᠡᠮᠵᠢᠬᠦ ᠲᠤᠷᠰᠢᠯᠲᠠ ᠶᠢᠨ ᠥᠷᠲᠡᠭᠡ ︵ᠴᠢᠭ︶ ᠶᠢ ᠴᠢᠩᠭᠠᠳᠬᠠᠨ᠎ᠠ᠃︶ ᠪᠥᠲᠥᠭᠡᠨ ᠪᠠᠶᠢᠭᠤᠯᠤᠯᠲᠠ᠃ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠠᠬᠢ ᠰᠠᠭᠤᠷᠢ ᠰᠤᠳᠤᠯᠤᠯ ᠢ ᠲᠣᠭᠲᠠᠭᠤᠨ ᠢᠶᠠᠷ ᠳᠡᠮᠵᠢᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ | ︵ᠠᠷᠪᠠᠨ ᠨᠢᠭᠡ︶ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ᠪᠦᠬᠦ ᠤᠯᠤᠰ ᠤᠨ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ | ᠪᠡᠶᠡᠯᠡᠭᠦᠯᠬᠦ ᠬᠡᠷᠡᠭᠲᠡᠶ᠃ ᠨᠡᠭᠡᠭᠡᠯᠲᠡ ᠬᠢᠵᠦ ᠬᠠᠮᠵᠢᠯᠴᠠᠬᠤ᠂ ᠬᠠᠮᠲᠤ ᠳᠤ ᠪᠠᠨ ᠬᠦᠷᠲᠡᠵᠦ ᠬᠡᠷᠡᠭᠯᠡᠬᠦ ᠦᠷ᠎ᠡ ᠡᠳ᠋ ᠤᠨ ᠡᠬᠢ | ᠪᠠᠶᠠᠯᠢᠭ ᠢ ᠲᠦᠢᠯ ᠤᠨ ᠣᠨᠣᠪᠴᠢᠲᠠᠢ ᠪᠠᠷ ᠬᠢᠨᠠᠨ ᠲᠣᠭᠲᠠᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠠᠮᠢᠳᠤ | ᠪᠣᠳᠠᠰ ᠤᠨ ᠡᠭᠦᠯᠳᠡᠷ ᠪᠤᠶᠢᠵᠢᠭᠤᠯᠬᠤ ᠴᠢᠬᠤᠯᠠ ᠶᠡᠭᠡ ᠲᠥᠷᠥᠯ ᠵᠦᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ | ᠦᠷ᠎ᠡ ᠪᠤᠶᠢᠵᠢᠭᠤᠯᠬᠤ ᠶᠢ ᠬᠠᠮᠲᠤᠷᠠᠨ ᠪᠣᠭᠤᠮᠲᠠ ᠰᠢᠪᠲᠤᠯᠬᠤ ᠪᠠ ᠮᠠᠯ ᠵᠢᠭᠦᠷᠲᠡᠨ ᠤ ᠤᠳᠤᠮᠰᠢᠯ ᠢ ᠰᠠᠶᠢᠵᠢᠷᠠᠭᠤᠯᠬᠤ | ᠲᠥᠯᠥᠪᠯᠡᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠤᠨᠠᠯᠲᠠ ᠲᠠᠢ ᠲᠣᠰᠣᠯᠢᠭ ᠰᠢᠷ᠎ᠠ ᠪᠤᠷᠴᠠᠭ᠂ ᠣᠬᠤᠷ | ᠦᠷᠡᠵᠢᠯ ᠤᠨ ᠬᠤᠭᠤᠴᠠᠭᠠᠨ ᠳᠠᠬᠢ ᠰᠢᠯᠢᠮᠳᠡᠭ᠂ ᠬᠤᠵᠢᠷ ᠲᠤ ᠲᠡᠰᠪᠦᠷᠢᠲᠡᠢ ᠲᠠᠷᠢᠮᠠᠯ ᠵᠡᠷᠭᠡ ᠰᠢᠨ᠎ᠡ ᠡᠭᠦᠯᠳᠡᠷ ᠢ | ᠲᠦᠷᠭᠡᠳᠬᠡᠨ ᠪᠤᠶᠢᠵᠢᠭᠤᠯᠤᠨ᠎ᠠ᠃ ᠡᠷᠳᠡᠨᠢ ᠰᠢᠰᠢ ᠰᠢᠷ᠎ᠠ ᠪᠤᠷᠴᠠᠭ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠠᠵᠤ | ᠦᠢᠯᠡᠰᠵᠢᠯᠲᠡ ᠶᠢᠨ ᠠᠯᠬᠤᠴᠠ ᠶᠢ ᠲᠦᠷᠭᠡᠳᠬᠡᠵᠦ᠂ ᠲᠤᠷᠰᠢᠯᠲᠠ ᠶᠢᠨ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ | ᠲᠠᠷᠢᠮᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ | ︵ᠠᠷᠪᠠᠨ ᠬᠤᠶᠠᠷ︶ ᠲᠡᠷᠢᠭᠦᠨ ᠤ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ | ᠲᠦᠷᠭᠡᠳᠬᠡᠨ᠎ᠡ᠃ ᠲᠣᠮᠣ ᠬᠡᠯᠪᠡᠷᠢ ᠶᠢᠨ ᠤᠶᠤᠨᠲᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ᠂ ᠳᠣᠪᠣᠴᠠᠭ | ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠬᠡᠯᠪᠡᠷᠢ ᠶᠢᠨ ᠮᠠᠰᠢᠨ ᠪᠣᠯᠤᠨ ᠴᠡᠴᠡᠷᠯᠢᠭ ᠤᠨ ᠤᠷᠠᠨ ᠰᠠᠶᠢᠬᠠᠨ ᠤ ᠮᠠᠰᠢᠨ ᠢ | ᠱᠠᠯᠠᠪᠳᠠᠨ ᠰᠤᠳᠤᠯᠤᠨ ᠨᠡᠭᠡᠭᠡᠬᠦ ᠬᠡᠷᠡᠭᠲᠡᠶ᠃ ᠳᠣᠬᠢᠭᠤᠷ ᠳᠣᠯᠣᠭᠠᠨ ᠣᠳᠣ ᠶᠢᠨ ᠣᠶᠤᠨᠴᠢ ᠬᠢᠨᠠᠨ ᠬᠡᠮᠵᠢᠯᠲᠡ ᠶᠢᠨ | ᠦᠵᠦᠭᠦᠷ ᠵᠢᠴᠢ ᠲᠤᠰᠠᠯᠠᠬᠤ ᠵᠢᠯᠣᠭᠤᠳᠬᠤ ᠱᠢᠰᠲ᠋ᠧᠮ ᠤᠨ ᠬᠤᠷᠠᠮᠠᠯ ᠬᠡᠷᠡᠭᠯᠡᠭᠡ ᠶᠢ ᠳᠡᠮᠵᠢᠨ᠎ᠡ᠃ ᠲᠠᠷᠢᠶᠠᠯᠠᠩ ᠤᠨ ᠮᠠᠰᠢᠨ | ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠵᠢᠯᠯᠠᠬᠤ | ᠬᠡᠮᠵᠢᠶ᠎ᠡ ᠯᠦᠭᠡ ᠬᠤᠯᠪᠣᠭᠳᠠᠭᠤᠯᠬᠤ ᠨᠥᠬᠦᠪᠥᠷᠢ ᠥᠭᠬᠦ ᠠᠷᠭ᠎ᠠ ᠶᠢ ᠰᠦᠪᠡᠭᠴᠢᠯᠡᠵᠦ᠂ ᠣᠷᠣᠨ ᠨᠤᠲᠤᠭ ᠤᠨ ᠬᠢᠨ | ᠬᠠᠤᠯᠢ ᠪᠠᠷ ᠲᠣᠭᠲᠠᠭᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ | ︵ᠠᠷᠪᠠᠨ ᠭᠤᠷᠪᠠ︶ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ | ᠣᠷᠣᠭᠤᠯᠤᠯᠲᠠ ᠶᠢᠨ ᠪᠣᠳᠠᠰ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠵᠤ᠂ ᠡᠰᠢ ᠰᠦᠷᠡᠯ᠂ | ᠲᠠᠷᠢᠶᠠᠯᠠᠩ ᠤᠨ ᠰᠦᠯᠢᠶᠣᠣ ᠪᠦᠷᠬᠦᠪᠴᠢ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ᠂ ᠮᠠᠯ | ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠯᠠᠩ ᠤᠨ ᠪᠣᠬᠢᠷᠳᠤᠯ ᠦᠭᠡᠢ ᠬᠦᠭᠵᠢᠯᠲᠡ ᠶᠢᠨ ᠬᠤᠰᠢᠭᠤᠴᠢ ᠣᠷᠣᠨ ᠪᠠ | ᠠᠵᠢᠭᠯᠠᠨ ᠰᠢᠨᠵᠢᠬᠦ ᠲᠣᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠨ | ᠭᠠᠵᠠᠷ ᠤᠨ ᠰᠡᠯᠭᠦᠨ ᠲᠠᠷᠢᠬᠤ ᠰᠡᠯᠭᠦᠨ ᠲᠠᠷᠢᠬᠤ ᠳᠦᠷᠢᠮ ᠢ ᠲᠡᠭᠦᠯᠳᠡᠷᠵᠢᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠤᠨ | ᠬᠥᠷᠥᠰᠥ ᠰᠢᠷᠣᠶ ᠺᠠᠳᠷᠴᠤᠳ ᠵᠡᠷᠭᠡ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠬᠡᠷᠡᠭᠲᠡᠶ᠃ ᠪᠣᠬᠢᠷᠳᠤᠭᠳᠠᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠬᠢᠨᠠᠨ ᠬᠡᠮᠵᠢᠬᠦ ᠳᠦᠷᠢᠮ ᠢ ᠪᠠᠶᠢᠭᠤᠯᠬᠤ ᠬᠡᠷᠡᠭᠲᠡᠶ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ | ᠥᠭᠬᠦ ᠳᠦᠷᠢᠮ ᠢ ᠨᠡᠶᠢᠳᠡᠯᠡᠪᠡ᠃ ᠵᠢᠭᠠᠰᠤᠨ ᠠᠩ ᠬᠤᠷᠢᠬᠤ ᠬᠤᠭᠤᠴᠠᠭᠠᠨ ᠤ ᠲᠦᠷᠢᠮ ᠢ ᠴᠢᠩᠭ᠎ᠠ ᠬᠡᠷᠡᠭᠵᠢᠭᠦᠯᠵᠤ᠂ | ᠬᠦᠬᠡᠮᠦ᠋ᠷᠠᠨ ᠤᠠᠷᠪᠠᠨ ᠵᠢᠯ ᠤᠨ ᠵᠢᠭᠠᠰᠤ ᠲᠡᠵᠢᠭᠡᠬᠦ ᠶᠢ ᠴᠠᠭᠠᠵᠠᠯᠠᠬᠤ ᠶᠢ ᠰᠠᠶᠢᠳᠤᠷ ᠬᠡᠷᠡᠭᠵᠢᠬᠦᠯᠵᠤ᠂ ᠵᠢᠭᠠᠰᠤᠴᠢᠳ ᠢ | ᠪᠤᠴᠠᠭᠠᠵᠤ ᠲᠦᠪᠬᠢᠨᠡᠬᠦᠯᠬᠦ ᠪᠠᠳᠤᠯᠠᠭ᠎ᠠ ᠶᠢᠨ ᠦᠷ᠎ᠡ ᠪᠦᠳᠦᠮᠵᠢ ᠶᠢ ᠪᠠᠬᠢᠵᠢᠬᠦᠯᠪᠡ᠃ ᠡᠵᠢ ᠭᠤᠣᠯ ᠢ ᠰᠡᠷᠭᠦᠭᠡᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠤ ᠭᠤᠣᠯ ᠮᠥᠷᠡᠨ ᠨᠠᠭᠤᠷ ᠴᠥᠭᠦᠷᠥᠮ ᠢ ᠶᠡᠷᠦᠩᠬᠡᠶᠢᠯᠡᠨ | ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ᠃ ᠰᠢᠷ᠎ᠠ ᠬᠥᠷᠥᠰᠥᠲᠦ ᠥᠨᠳᠦᠷᠯᠢᠭ ᠤᠨ ᠨᠦᠯᠦᠮᠡᠯ ᠭᠠᠵᠠᠷ ᠤᠨ | ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠨ᠎ᠠ᠃ ᠨᠤᠲᠤᠭ ᠪᠡᠯᠴᠢᠭᠡᠷ ᠢ ᠬᠠᠮᠠᠭᠠᠯᠠᠵᠤ | ᠰᠡᠷᠭᠦᠭᠡᠬᠦ ᠡᠷᠴᠢᠮ ᠢ ᠨᠡᠮᠡᠭᠳᠡᠭᠦᠯᠦᠨ᠎ᠡ᠃ ᠲᠠᠷᠢᠶᠠᠯᠠᠬᠤ ᠶᠢ ᠵᠣᠭᠰᠣᠭᠠᠨ ᠡᠪᠡᠰᠦ ᠮᠣᠳᠣ ᠲᠠᠷᠢᠭᠰᠠᠨ ᠦᠷ᠎ᠡ ᠪᠦᠲᠦᠭᠡᠯ ᠢ | ᠪᠠᠬᠢᠵᠢᠭᠦᠯᠵᠦ᠂ ᠬᠠᠮᠢᠶ᠎ᠠ ᠪᠦᠬᠦᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠭᠠᠳᠠᠭᠠᠳᠤ ᠶᠢᠨ ᠠᠮᠢᠳᠤ ᠪᠣᠳᠠᠰ ᠤᠨ ᠳᠦᠷᠰᠦ ᠶᠢ ᠬᠠᠤᠯᠢ ᠪᠤᠰᠤ ᠪᠠᠷ ᠣᠷᠣᠭᠤᠯᠵᠤ ᠢᠷᠡᠬᠦ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠭᠠᠳᠠᠨ᠎ᠠ ᠠᠴᠠ ᠣᠷᠣᠵᠤ ᠢᠷᠡᠬᠦ ᠠᠮᠢᠳᠤ ᠪᠣᠳᠠᠰ ᠤᠨ ᠳᠦᠷᠰᠦ ᠶᠢ ᠰᠡᠷᠭᠡᠶᠢᠯᠡᠨ ᠡᠵᠡᠮᠳᠡᠬᠦ | ᠰᠢᠪᠲᠤᠯᠤᠯᠲᠠ ᠶᠢᠨ ᠠᠵᠢᠯᠯᠠᠭ᠎ᠠ ᠶᠢ ᠬᠦᠨᠳᠦ ᠶᠡᠭᠡ ᠬᠤᠣᠷ ᠬᠦᠨᠦᠭᠡᠯ ᠲᠠᠢ ᠬᠡᠷᠡᠭᠵᠢᠭᠦᠯᠵᠦ᠂ ︽ᠬᠡᠷᠢᠵᠦ ᠰᠤᠷᠪᠣᠯᠵᠢᠯᠠᠬᠤ︾ | ᠠᠷᠠᠯᠵᠢᠶ᠎ᠠ ᠪᠣᠯᠣᠨ ᠪᠣᠢ ᠪᠣᠯᠬᠤ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ | ᠳᠥᠷᠪᠡ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ | ︵ᠠᠷᠪᠠᠨ ᠳᠥᠷᠪᠡ︶ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ | ᠡᠷᠡᠰ ᠰᠠᠬᠢᠬᠤ ᠬᠡᠷᠡᠭᠲᠡᠢ᠃ ᠡᠯ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠯᠠᠷᠠᠬᠤ ᠦᠭᠡᠢ᠂ ᠬᠡᠯᠪᠠᠶᠢᠬᠦ ᠦᠭᠡᠢ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ | ᠴᠢᠩᠭᠠᠳᠬᠠᠨ᠎ᠠ᠃ ᠬᠥᠳᠡᠯᠮᠦᠷᠢᠯᠡᠬᠦ ᠴᠢᠳᠠᠪᠤᠷᠢ ᠲᠠᠢ᠂ ᠬᠦᠰᠡᠯ ᠡᠷᠡᠮᠡᠯᠵᠡᠯ ᠲᠠᠢ ᠬᠢᠨᠠᠨ ᠰᠢᠨᠵᠢᠬᠦ ᠡᠷᠦᠬᠡ ᠳᠤ ᠨᠡᠭᠡᠭᠡᠨ | ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠡᠰ ᠲᠦᠷᠦᠯ | ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠵᠦᠢᠯ ᠢ ᠪᠠᠲᠤᠯᠠᠬᠤ | ᠪᠠᠲᠤᠯᠠᠭ᠎ᠠ ᠶᠢ ᠰᠠᠶᠢᠲᠤᠷ ᠬᠢᠨ᠎ᠡ᠃ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ | ᠪᠠᠲᠤᠯᠠᠬᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠤᠨ ᠶᠠᠳᠠᠭᠤ ᠠᠴᠠ ᠠᠩᠭᠢᠵᠢᠷᠠᠭᠰᠠᠨ ᠣᠯᠠᠨ | ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠶᠠᠳᠠᠭᠤ ᠠᠴᠠ ᠠᠩᠭᠢᠵᠢᠷᠠᠭᠰᠠᠨ | ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠦᠨᠳᠦᠰᠦᠨ ᠱᠠᠭᠠᠷᠳᠠᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠰᠠᠨ | ᠰᠢᠶᠠᠨ ᠤ ᠬᠥᠭᠵᠢᠯᠲᠡ ᠪᠠᠨ ᠲᠦᠷᠭᠡᠳᠬᠡᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠴᠢ ᠵᠣᠷᠢᠭ ᠢ ᠲᠡᠳᠬᠦᠨ | ᠤᠶᠤᠨ ᠤᠬᠠᠭᠠᠨ ᠢ ᠲᠡᠳᠬᠦᠬᠦ ᠶᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠠᠵᠢᠯ ᠣᠯᠭᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠣᠷᠣᠯᠭ᠎ᠠ ᠶᠢᠨ ᠵᠥᠷᠢᠶ᠎ᠡ᠂ ᠬᠥᠭᠵᠢᠯᠲᠡ ᠶᠢᠨ ᠵᠥᠷᠢᠶ᠎ᠡ ᠶᠢ ᠲᠠᠰᠤᠷᠠᠯᠳᠠ ᠦᠭᠡᠢ ᠪᠠᠭᠠᠰᠬᠠᠨ᠎ᠠ᠃ | ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ | ᠬᠡᠷᠡᠭᠯᠡᠬᠦ ᠨᠥᠬᠦᠪᠥᠷᠢ ᠪᠡᠯᠡ ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ 60% ᠠᠴᠠ | ᠳᠡᠭᠡᠭᠰᠢ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠵᠤ᠂ ᠮᠡᠷᠭᠡᠵᠢᠯ᠂ ᠪᠡᠯᠡᠳᠬᠡᠮᠵᠢ᠂ ᠡᠵᠡᠩᠨᠡᠨ ᠪᠣᠷᠣᠯᠠᠭᠤᠯᠬᠤ ᠵᠡᠷᠭᠡ | ᠳᠤᠲᠠᠭᠤᠳᠠᠯ ᠢ ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠨᠥᠬᠦᠴᠡᠯ ᠲᠠᠢ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ | ᠣᠯᠠᠨ ᠵᠦᠢᠯ ᠤᠨ ᠬᠡᠯᠪᠡᠷᠢ ᠶᠢᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶ ᠥᠷᠨᠢᠭᠦᠯᠵᠦ᠂ ᠬᠡᠷᠡᠭᠯᠡᠭᠡ ᠪᠠᠷ | ᠬᠠᠪᠰᠤᠷᠤᠨ ᠲᠡᠳᠬᠦᠬᠦ ᠵᠢᠱᠢᠶ᠎ᠡ ᠦᠵᠡᠭᠦᠯᠬᠦ ᠬᠤᠲᠠ ᠪᠠ ᠭᠠᠷᠤᠯᠲᠠ ᠶᠢᠨ ᠣᠷᠣᠨ ᠤ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠳᠡᠮᠵᠢᠨ᠎ᠡ᠃ ᠡᠳ᠋ ᠤᠨ | ᠵᠠᠰᠠᠭ ᠤᠨ ᠪᠡᠯᠡ ᠮᠥᠩᠭᠦ ᠪᠣᠯᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠡᠵᠡᠩᠨᠡᠯᠲᠡ ᠶᠢᠨ | ᠴᠢᠨᠠᠷᠲᠠᠶ ᠬᠠᠪᠰᠤᠷᠤᠨ ᠲᠡᠳᠬᠦᠬᠦ ᠲᠥᠷᠥᠯ ᠵᠦᠢᠯ ᠳᠤ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ | ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠶ᠃ ᠶᠠᠳᠠᠭᠤ ᠶᠢ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ ᠵᠡᠭᠦᠨ ᠪᠠᠷᠠᠭᠤᠨ ᠣᠷᠣᠨ ᠤ | ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠠᠵᠢᠯ | ᠣᠯᠭᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ | ᠬᠦᠴᠦᠨ ᠤ ᠠᠵᠢᠯ ᠣᠯᠭᠤᠯᠲᠠ ᠶᠢᠨ ᠬᠡᠪᠴᠢᠶ᠎ᠡ ᠶᠢ 3000 ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ | ᠬᠦ ᠪᠠᠲᠤᠯᠠᠨ᠎ᠠ᠃ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠠ ᠪᠤᠰᠤᠳ ᠠᠵᠤ | ᠦᠢᠯᠡᠰ ᠤᠨ ᠬᠠᠪᠰᠤᠷᠤᠨ ᠲᠡᠳᠬᠦᠬᠦ ᠲᠥᠷᠥᠯ ᠵᠦᠢᠯ ᠢ ᠦᠷᠭᠦᠯᠵᠢᠯᠡᠨ ᠰᠠᠶᠢᠲᠤᠷ ᠠᠵᠢᠯᠯᠠᠭᠤᠯᠤᠨ᠎ᠠ᠃ ᠬᠥᠳᠡᠭᠡ | ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠣᠯᠭᠤᠬᠤ ᠪᠠᠲᠤᠯᠠᠭ᠎ᠠ ᠶᠢᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ +︾ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠬᠤ ᠨᠢᠭᠡ ᠪᠦᠯᠦᠭ | ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠡᠮ ᠡᠮᠨᠡᠯᠭᠡ᠂ ᠰᠤᠷᠭᠠᠨ ᠬᠥᠮᠦᠵᠢᠯ ᠤᠨ ᠺᠠᠳ᠋ᠷ ᠴᠢᠳᠠᠪᠤᠷᠢᠲᠠᠨ ᠤ | ︽ᠪᠦᠯᠬᠦᠮ ᠪᠠᠶᠢᠭᠤᠯᠬᠤ ᠬᠡᠯᠪᠡᠷᠢ︾ ᠪᠠᠷ ᠬᠠᠪᠰᠤᠷᠤᠨ ᠲᠡᠳᠬᠦᠬᠦ ᠶᠢ ᠭᠦᠨᠵᠡᠭᠡᠢ ᠬᠡᠷᠡᠭᠵᠢᠭᠦᠯᠵᠦ᠂ ᠲᠣᠰᠬᠤᠨ ᠳᠤ ᠰᠠᠭᠤᠭ᠎ᠠ | ᠺᠠᠳ᠋ᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠤ ᠦᠢᠯᠡᠰ ᠢᠶᠠᠷ ᠬᠠᠪᠰᠤᠷᠤᠨ ᠲᠡᠳᠬᠦᠬᠦ | ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠤᠨᠳᠤᠤ ᠭᠠᠵᠠᠷ ᠨᠡᠭᠦᠯᠭᠡᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠬᠦ ᠲᠤᠰᠬᠠᠶ ᠠᠵᠢᠯᠯᠠᠭ᠎ᠠ ᠪᠠ ᠨᠡᠭᠦᠭᠰᠡᠨ ᠣᠯᠠᠨ ᠲᠦᠮᠡᠨ ᠳᠤ ᠠᠵᠢᠯ ᠣᠯᠭᠤᠵᠤ ᠬᠠᠪᠰᠤᠷᠤᠨ | ᠲᠡᠳᠬᠦᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ | ︵ᠠᠷᠪᠠᠨ ᠵᠢᠷᠭᠤᠭ᠎ᠠ︶ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ ᠲᠡᠭᠦᠯᠳᠡᠷᠵᠢᠭᠦᠯᠬᠦ | ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ | ᠬᠠᠪᠰᠤᠷᠤᠨ ᠲᠡᠳᠬᠦᠬᠦ ᠰᠢᠶᠠᠨ ᠤ ᠬᠥᠭᠵᠢᠯᠲᠡ ᠶᠢᠨ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠬᠦ ᠶᠢ ᠥᠷᠨᠢᠭᠦᠯᠦᠨ᠎ᠡ᠃ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠰᠤᠯᠠᠷᠠᠭᠤᠯᠬᠤ ᠦᠭᠡᠢ | ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠬᠠᠪᠰᠤᠷᠤᠨ | ᠲᠡᠳᠬᠦᠬᠦ ᠲᠥᠷᠥᠯ ᠵᠦᠢᠯ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠦᠨ᠎ᠡ᠃ ᠵᠡᠭᠦᠨ ᠪᠠᠷᠠᠭᠤᠨ ᠣᠷᠣᠨ ᠤ | ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠵᠡᠭᠦᠨ ᠣᠷᠣᠨ ᠤ ᠠᠵᠤ ᠠᠬᠤᠢ ᠨᠢ ᠨᠡᠯᠢᠶᠡᠳ ᠬᠦᠷᠦᠭᠰᠡᠨ ᠪ᠊︶ ᠶᠠᠳᠠᠭᠤ ᠠᠴᠠ | ᠠᠩᠭᠢᠵᠢᠷᠠᠭᠰᠠᠨ ᠰᠢᠶᠠᠨ ᠲᠠᠢ ᠭᠠᠷ ᠬᠤᠯᠪᠣᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠰᠢᠶᠠᠨ ᠢ ᠳᠠᠶᠢᠴᠢᠯᠠᠨ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠨᠠᠩ | ᠣᠯᠠᠨ ᠵᠣᠯᠭᠠᠭᠤᠯᠤᠨ ᠬᠥᠭᠵᠢᠭᠦᠯᠪᠡ᠃ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠤᠣᠰᠯᠠᠬᠤ ᠬᠠᠷᠢᠴᠠᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠦᠨ᠎ᠡ᠃ ︽ᠲᠦᠮᠡᠨ ᠠᠵᠤ | ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠠᠬᠢᠭᠤᠯᠤᠨ᠎ᠠ᠃ ᠰᠢᠯᠵᠢᠯᠲᠡ ᠶᠢᠨ | ᠬᠤᠭᠤᠴᠠᠭ᠎ᠠ ᠶᠢ ᠰᠤᠳᠤᠯᠤᠭᠰᠠᠨ ᠤ ᠳᠠᠷᠠᠭ᠎ᠠ ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠥᠮᠥᠨ ᠠᠮᠠ ᠪᠣᠯᠣᠨ | ᠬᠥᠭᠵᠢᠭᠡᠳᠦᠢ ᠭᠠᠵᠠᠷ ᠣᠷᠣᠨ ᠢ ᠪᠠᠶᠢᠩᠭᠤᠵᠢᠭᠤᠯᠵᠤ ᠬᠠᠪᠰᠤᠷᠤᠨ ᠲᠡᠳᠬᠦᠬᠦ ᠲᠣᠭᠲᠠᠴᠠ ᠶᠢ ᠰᠤᠳᠤᠯᠤᠨ᠎ᠠ᠃ | ᠲᠠᠪᠤ᠂ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ︵ᠠᠷᠪᠠᠨ ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠭᠦᠢᠯᠭᠡᠭᠡᠨ ᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ ᠪᠣᠯᠤᠨ ᠳᠤᠮᠳᠠ ᠵᠢᠵᠢᠭ | ᠪᠢᠴᠢᠯ ᠠᠵᠤ ᠠᠬᠤᠶᠢᠯᠠᠯ ᠵᠡᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠭᠠᠵᠠᠷ ᠤᠨ ᠠᠩᠬ᠎ᠠ | ᠡᠳ᠋ᠰᠢᠭᠦᠯᠭᠡ ᠶᠢ ᠬᠥᠭᠵᠢᠭᠦᠯᠬᠦ ᠶᠢ ᠳᠡᠮᠵᠢᠵᠦ᠂ ᠲᠣᠮᠣ ᠬᠡᠯᠪᠡᠷᠢ ᠶᠢᠨ ᠲᠠᠷᠢᠶᠠᠯᠠᠩ ᠤᠨ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠶ ᠡᠳ᠋ᠰᠢᠭᠦᠯᠬᠦ ᠶᠠᠪᠤᠳᠠᠯ ᠢ ᠬᠥᠭᠵᠢᠭᠦᠯᠬᠦ | ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠡᠳᠰᠢᠭᠦᠯᠬᠦ ᠠᠵᠤ ᠠᠬᠤᠶᠢᠯᠠᠯ ᠤᠨ ᠭᠠᠷᠤᠯᠲᠠ ᠶᠢᠨ ᠣᠷᠣᠨ ᠲᠡᠰᠢ | ᠭᠦᠨᠵᠡᠭᠡᠶᠢᠷᠡᠨ᠂ ᠬᠦᠷᠢᠶᠡᠯᠡᠩ ᠲᠣᠭᠤᠷᠢᠭ ᠵᠦᠭ ᠲᠥᠪᠯᠡᠷᠡᠵᠦ᠂ ᠠᠮᠤ ᠪᠤᠳᠠᠭ᠎ᠠ ᠪᠣᠯᠤᠨ ᠴᠢᠬᠤᠯᠠ ᠪᠦᠬᠦᠢ ᠲᠠᠷᠢᠶᠠᠯᠠᠩ ᠤᠨ | ᠪᠦᠲᠦᠭᠡᠭᠳᠡᠬᠦᠨ ᠤ ᠭᠤᠤᠯ ᠭᠠᠷᠤᠯᠲᠠ ᠶᠢᠨ ᠣᠷᠣᠨ ᠳᠤ ᠲᠠᠷᠢᠶᠠᠯᠠᠩ ᠤᠨ ᠪᠦᠲᠦᠭᠡᠭᠳᠡᠬᠦᠨ ᠡᠳᠰᠢᠭᠦᠯᠬᠦ ᠠᠵᠤ ᠦᠢᠯᠡᠰ ᠤᠨ | ᠬᠦᠷᠢᠶᠡᠯᠡᠩ ᠢ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ ᠪᠦᠲᠦᠭᠡᠨ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ | ᠪᠦᠲᠦᠭᠡᠭᠳᠡᠬᠦᠨ ᠤ ᠭᠦᠢᠯᠭᠡᠭᠡᠨ ᠤ ᠭᠤᠤᠯᠯᠠᠬᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠭᠠᠷᠤᠯᠲᠠ ᠶᠢᠨ ᠣᠷᠣᠨ᠂ | ᠲᠥᠪᠯᠡᠷᠡᠭᠦᠯᠵᠦ ᠲᠠᠷᠬᠠᠭᠠᠬᠤ ᠭᠠᠵᠠᠷ᠂ ᠪᠣᠷᠣᠯᠠᠭᠤᠯᠬᠤ ᠭᠠᠵᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ | ᠥᠭᠡᠷᠡᠴᠢᠯᠡᠨ ᠳᠡᠭᠡᠭᠰᠢᠯᠡᠭᠦᠯᠵᠦ᠂ ᠨᠢᠭᠡ ᠪᠦᠯᠦᠭ ᠬᠤᠲᠠ ᠶᠢᠨ ᠲᠡᠭᠦᠷᠭᠡ ᠶᠢᠨ ᠲᠣᠮᠣ ᠬᠥᠮᠥᠷᠭᠡ ᠶᠢᠨ ᠰᠠᠭᠤᠷᠢᠨ ᠭᠠᠵᠠᠷ ᠢ | ᠪᠠᠶᠢᠷᠢᠰᠢᠭᠤᠯᠤᠨ ᠪᠥᠲᠥᠭᠡᠨ ᠪᠠᠶᠢᠭᠤᠯᠤᠨ᠎ᠠ᠃ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠲᠥᠪᠯᠡᠷᠡᠭᠦᠯᠦᠨ | ᠲᠣᠬᠢᠷᠠᠭᠤᠯᠬᠤ ᠲᠥᠪ ᠪᠠᠶᠢᠭᠤᠯᠬᠤ ᠶᠢ ᠳᠡᠮᠵᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ | ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ | ︵ᠠᠷᠪᠠᠨ ᠨᠠᠢᠮᠨ︶ ᠤᠳᠤ ᠦᠶ᠎ᠡ ᠶᠢᠨ ᠬᠦᠳᠡᠭᠡ ᠲᠤᠰᠬᠤᠨ ᠤ ᠦᠢᠯᠡᠴᠢᠯᠡᠭᠡᠨ ᠤ ᠦᠢᠯᠡᠰ ᠢ ᠲᠦᠷᠭᠡᠳᠭᠡᠨ | ᠬᠥᠭᠵᠢᠭᠦᠯᠪᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ᠃ ᠰᠢᠶᠠᠨ ᠰᠢᠶᠠᠩ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠪᠣᠯᠤᠨ | ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ ᠲᠦᠷᠭᠡᠳᠬᠡᠨ | ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠲᠥᠪᠯᠡᠷᠡᠭᠦᠯᠦᠨ ᠴᠤᠭᠯᠠᠭᠤᠯᠵᠤ ᠲᠣᠬᠢᠷᠠᠭᠤᠯᠬᠤ ᠲᠥᠪ ᠢ ᠪᠦᠲᠦᠭᠡᠨ | ᠪᠠᠶᠢᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭᠠᠨ ᠤ ᠭᠦᠢᠯᠭᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠂ ᠬᠠᠮᠲᠤ ᠪᠠᠷ ᠲᠣᠬᠢᠷᠠᠭᠤᠯᠤᠨ ᠬᠦᠷᠭᠡᠬᠦ᠂ ᠴᠠᠭ ᠲᠤᠬᠠᠶ ᠳᠤ ᠨᠢ ᠵᠢᠵᠢᠭᠯᠡᠨ ᠬᠤᠳᠠᠯᠳᠤᠬᠤ ᠵᠡᠷᠭᠡ ᠰᠢᠨ᠎ᠡ | ᠵᠠᠭᠪᠤᠷ ᠢ ᠶᠡᠬᠡᠪᠡᠷ ᠬᠥᠭᠵᠢᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠬᠥᠳᠡᠭᠡ ᠲᠣᠰᠬᠤᠨ ᠲᠡᠶᠢᠰᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠬᠦᠳᠡᠭᠡ ᠲᠤᠰᠬᠤᠨ ᠤ ᠢᠳᠡᠭᠡᠨ | ᠤᠮᠳᠠᠭᠠᠨ ᠤ ᠪᠠᠷᠠᠭ᠎ᠠ ᠬᠤᠳᠠᠯᠳᠤᠨ ᠠᠪᠬᠤ᠂ ᠰᠣᠶᠤᠯ ᠪᠡᠶ᠎ᠡ ᠶᠢᠨ ᠲᠠᠮᠢᠷ᠂ ᠵᠢᠭᠤᠯᠴᠢᠯᠠᠨ ᠰᠡᠯᠡᠭᠦᠴᠡᠬᠦ᠂ ᠨᠠᠰᠤᠲᠠᠨ ᠢ | ᠠᠰᠠᠷᠠᠵᠤ ᠨᠢᠯᠬᠠᠰ ᠢ ᠨᠠᠶᠢᠳᠠᠬᠤ᠂ ᠮᠡᠳᠡᠭᠡ ᠵᠠᠩᠭᠢ ᠶᠢᠨ ᠵᠠᠭᠤᠴᠢ ᠵᠡᠷᠭᠡ ᠠᠮᠢᠳᠤᠷᠠᠯ ᠤᠨ ᠦᠢᠯᠡᠴᠢᠯᠡᠭᠡ ᠶᠢ ᠬᠥᠭᠵᠢᠭᠦᠯᠦᠨ᠎ᠡ᠃ | ᠨᠥᠬᠦᠴᠡᠯ ᠲᠠᠢ ᠭᠠᠵᠠᠷ ᠣᠷᠣᠨ ᠤ ᠬᠢᠨ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠣᠬᠢᠷᠲᠤᠯ ᠥᠬᠡᠶ ᠤᠶᠤᠨᠲᠤ ᠬᠡᠷ ᠤᠨ | ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ | ︵ᠠᠷᠪᠠ ᠶᠢᠰᠣ︶ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠤᠶᠢᠵᠢᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ᠂ ᠣᠳᠣ ᠦ᠊ ᠡᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ᠂ ᠳᠠᠪᠠᠭᠤᠯᠢᠭ ᠪᠦᠬᠦᠢ ᠣᠨᠴᠠᠯᠢᠭᠲᠤ ᠠᠵᠤ ᠦᠢᠯᠡᠰ ᠤᠨ ᠲᠥᠪᠯᠡᠷᠡᠯ ᠢ ᠦᠷᠭᠦᠯᠵᠢᠯᠡᠨ | ᠳᠡᠮᠵᠢᠬᠦ ᠬᠡᠷᠡᠭᠲᠡᠶ᠃ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ | ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ | ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠰᠣᠶᠣᠯ ᠤᠨ ᠠᠵᠤ | ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠬᠡᠷᠡᠭᠵᠢᠭᠦᠯᠦᠨ᠎ᠡ᠃ ᠬᠥᠳᠡᠭᠡ | ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠰᠣᠳᠣᠨ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠷᠠᠳ ᠤᠨ | ᠪᠠᠶᠢᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ︽ᠲᠣᠭᠠᠴᠢᠯᠠᠭᠰᠠᠨ | ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠪᠠ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠢ | ᠲᠣᠰᠬᠤᠨ ᠠᠴᠠ ᠭᠠᠷᠭᠠᠵᠤ ᠬᠤᠲᠠ ᠳᠤ ᠣᠷᠣᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠤᠨ | ᠪᠦᠲᠦᠭᠡᠭᠳᠡᠬᠦᠨ ᠤ ᠡᠯᠧᠺᠳ᠋ᠷᠣᠨ ᠬᠤᠳᠠᠯᠳᠤᠭ᠎ᠠ ᠶᠢ ᠰᠢᠭᠤᠳ ᠮᠠᠯᠲᠠᠬᠤ᠂ ᠦᠢᠯᠡᠳᠪᠤᠷᠢᠯᠡᠬᠦ ᠵᠡᠷᠭᠡ ᠵᠠᠭᠪᠤᠷ ᠢ | ᠵᠣᠷᠢᠭᠵᠢᠭᠤᠯᠤᠨ ᠬᠥᠭᠵᠢᠭᠦᠯᠵᠦ᠂ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠰᠢᠭᠤᠳ | ᠨᠡᠪᠲᠡᠷᠡᠭᠦᠯᠬᠦ ᠡᠯᠧᠺᠳ᠋ᠷᠣᠨ ᠬᠤᠳᠠᠯᠳᠤᠭᠠᠨ ᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠴᠡᠪᠡᠷ ᠨᠣᠭᠤᠭ᠎ᠠ᠂ ᠲᠥᠪ | ᠲᠣᠭᠤᠭᠠᠨ ᠬᠡᠷ ᠵᠡᠷᠭᠡ ᠠᠵᠤ ᠦᠢᠯᠡᠰ ᠤᠨ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠢᠳᠡᠰᠢᠨ ᠨᠣᠭᠤᠭ᠎ᠠ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠶ᠃ | ︵ᠬᠤᠷᠢ︶ ᠰᠢᠶᠠᠨ ᠤ ᠬᠡᠪᠴᠢᠶᠠᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠶᠢᠵᠢᠭᠤᠯᠤᠨ | ᠪᠣᠵᠠᠭᠠᠶᠢᠷᠠᠭᠤᠯᠤᠨ᠎ᠠ᠃ ᠰᠢᠶᠠᠨ ᠰᠢᠶᠠᠩ ᠲᠣᠰᠬᠤᠨ ᠤ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠯ ᠢ | ᠲᠡᠭᠦᠯᠳᠡᠷᠵᠢᠭᠦᠯᠵᠦ᠂ ᠰᠢᠶᠠᠨ ᠤ ᠬᠤᠲᠠ ᠶᠢᠨ ᠠᠵᠤ ᠦᠢᠯᠡᠰ ᠤᠨ ᠳᠠᠭᠠᠭᠠᠬᠤ ᠪᠠ ᠢᠵᠢ ᠪᠦᠷᠢᠳᠦᠭᠦᠯᠬᠦ ᠦᠢᠯᠡᠴᠢᠯᠡᠭᠡᠨ ᠤ | ᠴᠢᠳᠠᠮᠵᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠪᠠᠯᠭᠠᠰᠤ ᠶᠢᠨ ᠲᠥᠪᠯᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠎ᠠ᠃︽ᠨᠢᠭᠡ | ᠰᠢᠶᠠᠨ ᠨᠢᠭᠡ ᠦᠢᠯᠡᠰ︾ ᠤᠨ ᠰᠢᠶᠠᠨ ᠢ ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠬᠡᠷᠡᠭᠵᠢᠭᠦᠯᠪᠡ᠃ | ᠭᠦᠳᠡᠯᠮᠣᠷᠢ ᠨᠢᠭ᠌ᠳᠡᠷᠠᠭᠰᠠᠨ ᠭᠡᠯᠪᠡᠷᠢ ᠶᠢᠨ ᠠᠵᠣ ᠦᠢᠯᠡᠰ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠰᠢᠶᠠᠨ ᠤ | ᠬᠡᠪᠴᠢᠶ᠎ᠠ ᠳᠡᠰᠢ ᠰᠢᠯᠵᠢᠯᠳᠠ ᠶᠢ ᠭᠦᠳᠣᠯᠣᠨ ᠵᠢᠯᠣᠭᠤᠣᠡᠴᠣ ᠪᠠᠶᠢᠭᠠᠣᠨ ᠶᠡᠭᠡ ᠲᠣᠮᠳᠠ ᠬᠤᠳᠠ ᠶᠢᠨ ᠡᠷᠬᠢᠨ ᠲᠣᠭᠤᠷᠢᠨ ᠤ | ᠰᠢᠶᠠᠨ ᠤ ᠬᠡᠪᠴᠢᠶᠠᠨ ᠳᠤ ᠬᠤᠯᠪᠣᠭᠳᠠᠬᠤ ᠠᠵᠣ ᠦᠢᠯᠡᠰ ᠪᠠ ᠢᠵᠢ ᠪᠦᠷᠢᠳᠦᠭᠰᠡᠨ ᠠᠵᠣ ᠠᠬᠤᠶᠢᠯᠡᠯ ᠢ ᠪᠠᠶᠢᠷᠢᠰᠢᠭᠤᠯᠭᠦ ᠶᠢ | ᠳᠡᠮᠵᠢᠨ᠎ᠠ᠃ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ | ᠲᠣᠭᠤᠷᠢᠭ᠂ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠨᠠᠶᠢᠳᠠᠨ ᠬᠠᠮᠢᠶᠠᠷᠠᠭᠤᠯᠵᠤ ᠬᠠᠮᠲᠤᠷᠠᠨ | ᠡᠷᠬᠢᠯᠡᠭᠰᠡᠨ ᠰᠢᠶᠠᠨ ᠤ ᠬᠡᠪᠴᠢᠶᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠮᠵᠢᠨ᠎ᠡ᠃ | ᠵᠢᠷᠭᠤᠭ᠎ᠠ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠵᠢᠭᠦᠯᠦᠨ᠎ᠡ | ︵ᠬᠤᠷᠢᠨ ᠨᠢᠭᠡ︶ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠡᠯ᠎ᠡ | ᠵᠦᠢᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠭᠤᠨ ᠪᠠᠶᠢᠯᠭᠠᠬᠤ ᠲᠠᠯ᠎ᠠ ᠪᠠᠷ ᠬᠡᠯᠪᠠᠶᠢᠯᠭᠡᠬᠦ ᠡᠷᠴᠢᠮ ᠢ ᠴᠢᠩᠭᠠᠷᠠᠭᠤᠯᠵᠤ᠂ ᠲᠠᠷᠢᠶᠠᠴᠢᠨ ᠬᠦᠴᠦ ᠶᠠᠪᠤᠭᠰᠠᠳ ᠤᠨ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠡᠷᠡᠭᠲᠡᠶ᠃ ᠬᠥᠯᠥᠰᠥᠨ ᠠᠵᠢᠯᠴᠢᠨ ᠤ ᠠᠵᠢᠯ ᠮᠡᠷᠭᠡᠵᠢᠯ ᠤᠨ ᠴᠢᠳᠠᠪᠤᠷᠢ ᠶᠢᠨ | ᠳᠡᠭᠡᠭᠰᠢᠯᠡᠯᠲᠡ ᠶᠢ ᠠᠬᠢᠭᠤᠯᠤᠨ᠎ᠠ᠃ ᠬᠥᠯᠥᠰᠥᠨ ᠠᠵᠢᠯᠴᠢᠨ ᠤ ᠴᠠᠯᠢᠩ ᠢ ᠥᠭᠬᠦ ᠶᠢ ᠬᠢᠨᠠᠨ ᠬᠡᠮᠵᠢᠵᠦ ᠰᠡᠷᠡᠮᠵᠢᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠰᠤ ᠬᠡᠲᠦᠷᠡᠭᠰᠡᠨ ᠬᠥᠯᠥᠰᠥᠨ ᠠᠵᠢᠯᠴᠢᠨ ᠤ ᠠᠵᠢᠯ ᠣᠯᠬᠤ ᠡᠷᠬᠡ ᠠᠰᠢᠭ ᠢ | ᠰᠠᠶᠢᠲᠤᠷ ᠬᠠᠮᠠᠭᠠᠯᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ ᠡᠷᠬᠡ ᠠᠰᠢᠭ ᠢ ᠪᠠᠲᠤᠯᠠᠬᠤ ᠳᠦᠷᠢᠮ ᠢ ᠲᠦᠷᠭᠡᠳᠬᠡᠨ | ᠲᠡᠭᠦᠯᠳᠡᠷᠵᠢᠭᠦᠯᠦᠨ᠎ᠡ᠃ ᠨᠤᠲᠤᠭ ᠲᠤ ᠪᠠᠨ ᠪᠤᠴᠠᠵᠤ ᠠᠳᠠᠯ ᠦᠢᠯᠡᠰ ᠪᠣᠰᠬᠠᠬᠤ ᠬᠦᠷᠢᠶᠡᠯᠡᠩ᠂ ᠬᠥᠳᠡᠭᠡ ᠲᠣᠰᠬᠤᠨ ᠤ | ᠠᠳᠠᠯ ᠦᠢᠯᠡᠰ ᠪᠣᠰᠬᠠᠬᠤ ᠨᠡᠪᠴᠢᠭᠦᠯᠬᠦ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠭᠤᠤᠯᠳᠠᠯᠭ᠎ᠠ ᠲᠠᠢ ᠢᠨᠵᠧᠨᠧᠷᠢᠩ | ᠪᠣᠯᠤᠨ ᠲᠠᠷᠢᠶᠠᠯᠠᠩ ᠬᠥᠳᠡᠭᠡ ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠬᠥᠳᠡᠯᠮᠦᠷᠢ ᠦᠢᠯᠡᠴᠢᠯᠡᠭᠡᠨ ᠤ ᠬᠥᠯᠥᠰᠥ | ᠣᠯᠭᠤᠮᠵᠢ ᠣᠯᠭᠤᠬᠤ ᠬᠠᠷᠢᠴᠠᠯ ᠢ ᠨᠢ ᠵᠣᠬᠢᠰᠲᠠᠶ ᠳᠡᠭᠡᠭᠰᠢᠯᠡᠭᠦᠯᠬᠦ ᠬᠡᠷᠡᠭᠲᠡᠶ᠃ | ︵ᠬᠤᠷᠢᠨ ᠬᠤᠶᠠᠷ︶ ᠲᠠᠷᠢᠶᠠᠯᠠᠩ ᠤᠨ ᠡᠵᠡᠩᠨ᠋ᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠬᠤᠯᠬᠤ ᠬᠡᠷᠡᠭᠲᠡᠶ᠃ | ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠲᠠᠷᠢᠶᠠᠴᠢᠳ ᠤᠨ ᠬᠤᠷᠰᠢᠶ᠎ᠠ᠂ ᠬᠤᠷᠰᠢᠶ᠎ᠠ ᠪᠠᠶᠢᠭᠤᠯᠬᠤ ᠶᠢ | ᠳᠡᠮᠵᠢᠵᠦ᠂ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ ᠠᠵᠤ ᠠᠬᠤᠶᠢᠯᠠᠯ ᠡᠷᠭᠢᠯᠡᠵᠦ᠂ ᠵᠢᠵᠢᠭ ᠲᠠᠷᠢᠶᠠᠴᠢᠨ | ᠡᠷᠦᠬᠡ ᠶᠢᠨ ᠬᠤᠷᠰᠢᠵᠤ ᠡᠵᠡᠩᠨᠡᠬᠦ᠂ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠣᠷᠣᠯᠠᠨ | ᠬᠠᠭᠠᠯᠪᠤᠷᠢᠯᠠᠵᠤ ᠣᠷᠣᠯᠠᠨ ᠲᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠬᠦ ᠶᠠᠪᠤᠴᠠ ᠳᠤ ᠨᠠᠶᠢᠳᠠᠨ | ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠬᠡᠪᠡᠷ ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠶ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠵᠣᠷᠢᠭᠵᠢᠭᠤᠯᠤᠨ᠂ ᠲᠠᠷᠢᠶᠠᠯᠠᠩ ᠤᠨ | ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠭᠠᠵᠠᠷ ᠰᠢᠷᠣᠶ ᠶᠢᠨ | ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ | ᠵᠣᠬᠢᠬᠤ ᠬᠡᠪᠴᠢᠶᠡᠨ ᠤ ᠡᠵᠡᠩᠨᠡᠯᠲᠡ ᠶᠢ ᠬᠥᠭᠵᠢᠭᠦᠯᠦᠨ᠎ᠡ᠃ ᠣᠷᠣᠨ ᠨᠤᠲᠤᠭ ᠤᠨ ︽ᠵᠢᠵᠢᠭ ᠲᠠᠷᠢᠶ᠎ᠠ ᠨᠡᠶᠢᠯᠡᠭᠦᠯᠬᠦ︾ ᠵᠡᠷᠭᠡ | ᠲᠤᠷᠰᠢᠯᠭ᠎ᠠ ᠶᠢ ᠳ᠋ᠦᠩᠨᠡᠵᠦ᠂ ᠲᠠᠷᠢᠶᠠᠴᠢᠳ ᠤᠨ ᠰᠠᠶᠢᠨ ᠳᠤᠷ᠎ᠠ ᠠᠴᠠ ᠪᠠᠨ ᠪᠠᠶᠢᠬᠤ ᠤᠷᠢᠲᠠᠯ ᠳᠣᠤᠷ᠎ᠠ᠂ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ᠂ ᠭᠠᠵᠠᠷ ᠰᠢᠷᠣᠶ ᠶᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠨᠠᠷᠢᠨ ᠬᠡᠮᠬᠡᠷᠡᠬᠦᠯᠬᠦ | ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠨᠡᠶᠢᠭᠡᠮ ᠤᠨ ᠬᠦᠷᠦᠩᠭᠡ ᠪᠠᠷ ᠲᠠᠷᠢᠶᠠᠯᠠᠩ ᠬᠥᠳᠡᠭᠡ | ᠲᠣᠰᠬᠤᠨ ᠳᠤ ᠪᠡᠯᠡ ᠣᠷᠣᠭᠤᠯᠬᠤ ᠵᠢᠯᠣᠭᠤᠳᠤᠮᠵᠢ ᠶᠢ ᠲᠡᠭᠦᠯᠳᠡᠷᠵᠢᠭᠦᠯᠵᠦ᠂ ᠬᠦᠷᠦᠩᠭᠡ ᠶᠢ ᠬᠥᠳᠡᠭᠡ ᠪᠠᠭᠤᠯᠭᠠᠬᠤ᠂ | ᠬᠡᠷᠡᠭᠯᠡᠬᠦ᠂ ᠪᠤᠴᠠᠭᠠᠨ ᠭᠠᠷᠭᠠᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠤᠨ | ᠬᠦᠷᠦᠨ᠋ᠭᠡ ᠶᠢᠨ ᠰᠢᠯᠵᠢᠭᠦᠯᠦᠨ ᠭᠠᠵᠠᠷ ᠰᠢᠷᠣᠢ ᠶᠢᠨ ᠡᠵᠡᠭᠠᠯᠲᠡ ᠶᠢᠨ ᠡᠷᠬᠡ ᠶᠢ ᠣᠯᠬᠤ ᠬᠢᠷᠢ ᠭᠡᠮ ᠢ ᠬᠢᠨᠠᠨ ᠪᠠᠶᠢᠴᠠᠭᠠᠬᠤ᠂ | ᠵᠦᠢᠯᠡᠰ ᠢ ᠬᠢᠨᠠᠨ ᠬᠠᠷᠭᠤᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠳᠦᠷᠢᠮ ᠢ ᠲᠡᠭᠦᠯᠳᠡᠷᠵᠢᠭᠦᠯᠵᠦ᠂ | ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠲᠤ ᠦᠢᠯᠡᠴᠢᠯᠡᠬᠦ ᠪᠠ ᠵᠠᠰᠠᠭ ᠠᠵᠢᠯ | ᠦᠢᠯᠡᠰ ᠢ ᠰᠠᠯᠭᠠᠬᠤ᠂ ᠨᠡᠶᠢᠭᠡᠮ ᠪᠠ ᠠᠵᠤ ᠠᠬᠤᠶᠢᠯᠠᠯ ᠢ ᠰᠠᠯᠭᠠᠬᠤ ᠶᠢ ᠪᠡᠷᠢᠮᠳᠡᠯᠡᠨ᠂ ᠬᠠᠩᠭᠠᠨ ᠪᠤᠷᠣᠯᠠᠭᠤᠯᠬᠤ | ᠬᠤᠷᠰᠢᠶ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠥᠨ᠎ᠠ᠃ | ︵ᠬᠤᠷᠢᠨ ᠭᠤᠷᠪᠠ︶ ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠬᠡ ᠶᠢ ᠨᠤᠲᠠᠯᠠᠨ | ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠠᠮᠢᠳᠤ ᠡᠷᠬᠡ ᠶᠢ ᠡᠮᠬᠢ ᠵᠢᠷᠤᠮ ᠲᠠᠢ ᠪᠠᠷ ᠪᠡᠶᠡᠯᠡᠭᠦᠯᠦᠨ᠂ ᠲᠠᠷᠢᠶᠠᠴᠢᠳ ᠲᠤ ᠥᠭᠡᠷᠡᠴᠢᠯᠡᠯᠲᠡ ᠶᠢᠨ ᠠᠰᠢᠭ | ᠲᠤᠰᠠ ᠶᠢ ᠨᠡᠩ ᠢᠯᠡᠭᠦᠦ ᠡᠳ᠋ᠯᠡᠭᠦᠯᠬᠦ ᠬᠡᠷᠡᠭᠲᠡᠶ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠳᠠᠭᠠᠭᠠᠴᠢᠯᠠᠬᠤ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ 30 ᠵᠢᠯ ᠤᠷᠲᠤᠳᠬᠠᠬᠤ ᠲᠤᠷᠰᠢᠯᠲᠠ ᠶᠢᠨ ᠠᠵᠢᠯ ᠤᠨ ᠵᠢᠯᠣᠭᠤᠳᠬᠤ ᠰᠠᠨᠠᠯ ᠢ | ᠰᠤᠳᠤᠯᠤᠨ ᠲᠣᠭᠲᠠᠭᠠᠬᠤ ᠬᠡᠷᠡᠭᠲᠡᠶ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠣᠯᠭᠤᠮᠵᠢᠲᠠᠢ ᠠᠬᠢᠭᠤᠯᠵᠤ᠂ ᠰᠠᠭᠤᠷᠢ ᠲᠤᠭ᠎ᠠ ᠶᠢ ᠦᠨᠡᠨᠬᠦ ᠲᠣᠳᠣᠷᠬᠠᠶ | ᠣᠶᠢᠯᠠᠭᠠᠵᠤ᠂ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠶᠢ | ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠶᠢ ᠲᠦᠷᠭᠡᠳᠬᠡᠵᠦ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ | ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠣᠷᠣᠨ ᠰᠠᠭᠤᠴᠠ ᠶᠢᠨ ᠰᠠᠭᠤᠷᠢ | ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠶᠢ ᠪᠦᠲᠦᠮᠵᠢᠲᠡᠶ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠥᠳᠡᠭᠡ | ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ | ᠳᠡᠯᠭᠡᠭᠦᠷ ᠲᠤ ᠣᠷᠣᠭᠤᠯᠬᠤ ᠲᠤᠷᠰᠢᠯᠲᠠ ᠶᠢ ᠭᠦᠨᠵᠡᠭᠡᠶᠢᠷᠡᠭᠦᠯᠦᠨ᠂ ᠤᠯᠤᠰ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠳ ᠤᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠬᠤ ᠭᠠᠵᠠᠷ | ᠰᠢᠷᠣᠶ ᠶᠢᠨ ᠥᠷᠲᠡᠭ ᠨᠡᠮᠡᠭᠳᠡᠯ ᠤᠨ ᠠᠰᠢᠭ ᠣᠯᠵᠠᠪᠤᠷᠢ ᠶᠢ ᠪᠦᠲᠦᠮᠵᠢᠲᠡᠶ ᠲᠣᠬᠢᠷᠠᠭᠤᠯᠬᠤ ᠲᠣᠭᠲᠠᠴᠠ ᠪᠠᠶᠢᠭᠤᠯᠬᠤ | ᠶᠠᠪᠤᠳᠠᠯ ᠢ ᠬᠠᠶᠢᠨ ᠰᠦᠪᠡᠭᠴᠢᠯᠡᠬᠦ ᠬᠡᠷᠡᠭᠲᠡᠶ᠃ ᠬᠤᠲᠠ ᠳᠤ ᠣᠷᠤᠵᠤ ᠡᠷᠦᠬᠡ ᠠᠮᠠ ᠣᠷᠣᠭᠰᠠᠨ ᠲᠠᠷᠢᠶᠠᠴᠢᠳ ᠤᠨ ᠬᠠᠤᠯᠢ | ᠶᠣᠰᠤᠨ ᠤ ᠭᠠᠵᠠᠷ ᠰᠢᠷᠤᠢ ᠶᠢᠨ ᠡᠷᠬᠡ ᠠᠰᠢᠭ ᠢ ᠪᠠᠲᠤᠯᠠᠵᠤ᠂ ᠬᠠᠤᠯᠢ ᠶᠣᠰᠤᠭᠠᠷ ᠰᠠᠶᠢᠨ ᠳᠤᠷ᠎ᠠ ᠠᠴᠠ ᠪᠠᠨ | ᠲᠦᠯᠦᠪᠦᠷᠢᠲᠡᠢ ᠰᠢᠯᠵᠢᠭᠦᠯᠦᠨ ᠥᠭᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠥᠮᠴᠢᠯᠡᠯ ᠤᠨ | ᠡᠷᠬᠡ ᠶᠢᠨ ᠬᠠᠷᠢᠴᠠᠭ᠎ᠠ ᠲᠣᠳᠣᠷᠬᠠᠶ᠂ ᠵᠠᠰᠠᠯᠲᠠ ᠶᠢᠨ ᠪᠦᠲᠦᠴᠡ ᠰᠢᠨᠵᠢᠯᠡᠬᠦ ᠤᠬᠠᠭᠠᠨᠴᠢ᠂ ᠡᠵᠡᠩᠨᠡᠯᠲᠡ ᠶᠢᠨ ᠠᠷᠭ᠎ᠠ | ᠬᠡᠯᠪᠡᠷᠢ ᠲᠣᠭᠲᠠᠭᠤᠨ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠵᠦᠢ ᠵᠣᠬᠢᠰᠲᠠᠶ ᠠᠵᠢᠯᠯᠠᠭᠠᠨ ᠤ ᠲᠣᠭᠲᠠᠴᠠ ᠶᠢ | ᠪᠠᠶᠢᠭᠤᠯᠵᠤ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠠᠳᠠᠯ ᠠᠬᠤᠶ ᠶᠢ ᠲᠦᠷᠢᠶᠡᠰᠦᠯᠡᠭᠦᠯᠬᠦ᠂ ᠰᠠᠭᠤᠭᠠᠯᠢ ᠠᠷᠠᠳ ᠤᠨ | ᠬᠤᠭᠤᠷᠣᠨᠳᠣᠬᠢ ᠦᠢᠯᠡᠴᠢᠯᠡᠭᠡ᠂ ᠡᠳ᠋ ᠬᠥᠷᠥᠩᠭᠡ ᠶᠢᠨ ᠬᠤᠪᠢ ᠣᠷᠣᠬᠤ ᠵᠡᠷᠭᠡ ᠣᠯᠠᠨ ᠶᠠᠩᠵᠤ ᠶᠢᠨ ᠠᠷᠭ᠎ᠠ ᠵᠠᠮ ᠢ | ᠬᠠᠶᠢᠨ ᠰᠦᠪᠡᠭᠴᠢᠯᠡᠵᠦ ᠪᠠᠶᠢᠭᠠᠳ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ | ᠬᠥᠭᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠡᠮᠡᠭᠲᠡᠶᠢᠴᠦᠳ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠳᠠᠬᠢ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠬᠠᠮᠲᠤ ᠶᠢᠨ ᠣᠶ ᠮᠣᠳᠣᠨ ᠤ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠢᠶᠠᠷ ᠵᠢᠱᠢᠶ᠎ᠡ ᠦᠵᠡᠭᠦᠯᠬᠦ ᠶᠢ ᠭᠦᠨᠵᠡᠭᠡᠶ ᠠᠬᠢᠭᠤᠯᠤᠨ᠎ᠠ᠃ | ᠲᠤᠯᠤᠭ᠎ᠠ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ | ︵ᠬᠤᠷᠢᠨ ᠳᠣᠷᠪᠠ︶ ᠠᠶᠢᠯ ᠲᠤᠰᠬᠤᠨ ᠤ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ | ᠰᠢᠶᠠᠨ ᠤ ᠬᠡᠪᠴᠢᠶᠡᠨ ᠤ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠨᠥᠬᠦᠴᠡᠯ ᠪᠦᠬᠦᠢ ᠬᠡᠷᠡᠭᠴᠡᠭᠡ ᠱᠠᠭᠠᠷᠳᠠᠯᠭ᠎ᠠ ᠲᠠᠢ | ᠠᠶᠢᠯ ᠲᠣᠰᠬᠤᠨ ᠤ ᠬᠤᠪᠢᠶᠠᠷᠢ ᠲᠣᠭᠤᠷᠢᠭ ᠲᠠᠬᠢ ᠠᠶᠢᠯ ᠲᠣᠰᠬᠤᠨ ᠤ ᠲᠥᠯᠥᠪᠵᠢᠭᠦᠯᠭᠡ ᠶᠢ ᠲᠥᠷᠥᠯ ᠬᠤᠪᠢᠶᠠᠨ | ᠨᠠᠶᠢᠷᠠᠭᠤᠯᠤᠨ ᠵᠣᠬᠢᠶᠠᠬᠤ ᠶᠢ ᠳᠡᠮᠵᠢᠵᠦ᠂ ᠠᠶᠢᠯ ᠲᠣᠰᠬᠤᠨ ᠤ ᠪᠠᠶᠢᠷᠢᠰᠢᠭᠤᠯᠤᠯᠲᠠ ᠪᠠ ᠪᠥᠲᠥᠭᠡᠨ ᠪᠠᠶᠢᠭᠤᠯᠤᠯᠲᠠ ᠶᠢᠨ | ᠵᠠᠭᠠᠭ ᠢ ᠵᠦᠶ ᠵᠣᠬᠢᠰᠲᠠᠶ ᠲᠣᠭᠲᠠᠭᠠᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢ ᠲᠣᠰᠬᠤᠨ ᠤ ᠱᠠᠲᠤᠨ ᠤ ᠬᠡᠷᠡᠭ | ᠵᠥᠪᠯᠡᠵᠦ ᠵᠥᠪᠳᠡᠯᠴᠡᠬᠦ ᠭᠠᠷᠴᠠᠭ ᠲᠤ ᠣᠷᠣᠭᠤᠯᠤᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ ᠵᠠᠰᠠᠭ ᠵᠠᠬᠢᠷᠭᠠᠨ ᠤ | ᠣᠷᠣᠨ ᠤ ᠬᠤᠪᠢᠶᠠᠷᠢ ᠶᠢᠨ ᠪᠠᠶᠢᠷᠢᠯᠠᠭᠤᠯᠤᠯᠲᠠ ᠶᠢ ᠵᠢᠷᠤᠮᠵᠢᠭᠤᠯᠤᠨ ᠰᠢᠯᠢᠳᠡᠭᠵᠢᠭᠦᠯᠵᠦ᠂ ᠲᠠᠷᠢᠶᠠᠴᠢᠳ ᠤᠨ ᠬᠦᠰᠡᠯ | ᠰᠠᠨᠠᠭ᠎ᠠ ᠠᠴᠠ ᠵᠥᠷᠢᠴᠡᠨ ᠠᠶᠢᠯ ᠲᠣᠰᠬᠤᠨ ᠢ ᠬᠠᠰᠤᠵᠤ ᠨᠡᠶᠢᠯᠡᠭᠦᠯᠬᠦ᠂ ᠲᠣᠮᠣ ᠨᠡᠶᠢᠭᠡᠮ ᠲᠣᠭᠤᠷᠢᠭ ᠪᠠᠶᠢᠭᠤᠯᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ ᠰᠢᠶᠠᠩ ᠪᠠᠯᠭᠠᠰᠤ ᠪᠠᠷ ᠨᠢᠭᠡᠴᠢ ᠪᠣᠯᠭᠠᠭᠰᠠᠨ ᠪᠦᠬᠦ ᠣᠷᠣᠨ ᠪᠦᠰᠡ ᠶᠢᠨ ᠭᠠᠵᠠᠷ | ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠤᠨ᠎ᠠ᠃ ᠦᠯᠡᠳᠡᠭᠡᠯ ᠬᠠᠮᠲᠤ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠢᠳᠡᠪᠬᠢᠲᠡᠶ ᠪᠠᠷ ᠠᠮᠢᠳᠤᠯᠢᠭᠵᠢᠭᠤᠯᠵᠤ᠂ ᠲᠠᠷᠢᠶᠠᠴᠢᠳ ᠤᠨ ᠣᠷᠣᠨ ᠰᠠᠭᠤᠴᠠ᠂ | ᠬᠥᠳᠡᠭᠡ ᠲᠣᠰᠬᠤᠨ ᠤ ᠰᠠᠭᠤᠷᠢ ᠪᠡᠯᠡᠳᠭᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠶ ᠪᠠ ᠠᠵᠤ | ᠦᠢᠯᠡᠰ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠵᠦᠭᠯᠡᠭᠦᠷ ᠢ ᠨᠡᠶᠢᠲᠡᠯᠡᠬᠦ ᠬᠡᠷᠡᠭᠲᠡᠶ᠃ ᠲᠣᠰᠬᠤᠨ ᠤ | ᠳᠦᠷᠰᠦ ᠪᠠᠶᠢᠳᠠᠯ ᠢ ᠳᠡᠭᠡᠭᠰᠢᠯᠡᠭᠦᠯᠬᠦ ᠵᠢᠯᠣᠭᠤᠳᠬᠤ ᠳᠦᠷᠢᠮ ᠢ ᠨᠠᠶᠢᠷᠠᠭᠤᠯᠤᠨ ᠵᠣᠬᠢᠶᠠᠵᠤ᠂ ᠨᠤᠲᠤᠭ ᠤᠨ ᠣᠨᠴᠠᠯᠢᠭ᠂ | ᠣᠷᠣᠨ ᠪᠦᠰᠡ ᠶᠢᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠤ ᠰᠠᠭᠤᠷᠢᠯᠠᠨ ᠠᠶᠢᠯ ᠲᠣᠰᠬᠤᠨ ᠤ ᠳᠦᠷᠰᠦ | ᠪᠠᠶᠢᠳᠠᠯ ᠢ ᠳᠡᠭᠡᠭᠰᠢᠯᠡᠭᠦᠯᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ᠂ ᠰᠣᠬᠤᠷ ᠪᠠᠯᠠᠶ ᠪᠠᠷ ᠫᠠᠶᠢᠰᠠ ᠪᠣᠰᠬᠠᠵᠤ | ᠪᠠᠶᠢᠭᠤᠯᠤᠭᠰᠠᠨ ︽ᠫᠧᠩ ᠰᠡᠲᠦ ᠦᠵᠡᠮᠵᠢ︾ ᠶᠢ ᠰᠡᠷᠭᠡᠶᠢᠯᠡᠬᠦ ᠬᠡᠷᠡᠭᠲᠡᠶ᠃ ᠣᠯᠠᠮᠵᠢᠯᠠᠯᠳᠣ ᠠᠶᠢᠯ ᠲᠣᠰᠬᠤᠨ ᠢ | ᠳᠥᠪᠯᠡᠷᠡᠬᠦᠯᠥᠨ ᠵᠠᠯᠭᠠᠯᠳᠣᠭᠤᠯᠥᠨ ᠬᠠᠮᠠᠭᠠᠯᠠᠵᠦ ᠠᠰᠢᠠᠠᠯᠠᠬᠤ ᠵᠢᠱᠢᠶ᠎ᠠ ᠦᠵᠡᠬᠦᠯᠬᠦ ᠶᠢ ᠭᠡᠷᠡᠭᠵᠢᠬᠦᠯᠵᠦ᠂ ᠣᠯᠠᠮᠵᠢᠯᠠᠯᠳᠣ | ᠠᠶᠢᠯ ᠲᠣᠰᠬᠤᠨ ᠢ ᠪᠠᠶᠢᠴᠠᠭᠠᠨ ᠨᠣᠳᠡᠯᠡᠨ ᠲᠣᠠᠠᠳᠠᠭᠠᠬᠤ᠂ ᠬᠠᠰᠣᠵᠦ ᠨᠡᠶᠢᠯᠡᠬᠦᠯᠥᠨ ᠣᠷᠢᠳᠴᠢᠯᠡᠨ ᠪᠠᠶᠢᠴᠠᠭᠠᠬᠤ ᠪᠠ | ᠭᠠᠮᠰᠢᠭ ᠲᠤ ᠡᠪᠳᠡᠭᠳᠡᠬᠦ ᠶᠢ ᠰᠡᠷᠭᠡᠶᠢᠯᠡᠬᠦ ᠵᠡᠷᠭᠡ ᠳᠥᠷᠢᠮ ᠢ ᠪᠠᠶᠢᠭᠤᠯᠥᠨ ᠳᠡᠬᠦᠯᠳᠡᠷᠵᠢᠬᠦᠯᠦᠨ᠎ᠠ᠃ ᠬᠥᠳᠡᠭᠡ ᠲᠣᠰᠬᠤᠨ ᠤ | ᠣᠳᠣ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠭᠰᠡᠨ ᠪᠦᠲᠦᠭᠡᠨ ᠪᠠᠶᠢᠭᠤᠯᠤᠯᠲᠠ ᠶᠢᠨ | ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠶ᠃ | ︵ᠬᠤᠷᠢᠨ ᠲᠠᠪᠤ︶ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠪᠠ᠃ ᠠᠶᠢᠯ ᠲᠣᠰᠬᠤᠨ ᠤ ᠣᠯᠠᠨ ᠨᠡᠶᠢᠲᠡ ᠶᠢᠨ ᠣᠷᠣᠨ ᠵᠠᠶ ᠶᠢ | ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠣᠶᠢᠯᠠᠭᠠᠵᠤ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ | ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠥᠷᠨᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠨᠡᠶᠢᠲᠡ ᠶᠢᠨ | ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠬᠥᠮᠦᠨ ᠠᠮᠠ ᠲᠥᠪᠯᠡᠷᠡᠭᠰᠡᠨ | ᠲᠣᠰᠬᠤᠨ ᠪᠠᠯᠭᠠᠰᠤ ᠪᠣᠯᠤᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠡᠷᠭᠢᠨ ᠲᠣᠭᠤᠷᠢᠨ ᠤ ᠠᠶᠢᠯ | ᠲᠣᠰᠬᠤᠨ ᠢᠶᠠᠷ ᠭᠤᠤᠯᠳᠠᠯᠭ᠎ᠠ ᠪᠣᠯᠭᠠᠨ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠲᠥᠷᠥᠯ | ᠬᠤᠪᠢᠶᠠᠨ ᠳᠡᠰ ᠳᠠᠷᠠᠭᠠᠯᠠᠯ ᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠠᠮᠢᠳᠤᠷᠠᠯ ᠤᠨ ᠬᠤᠭ | ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠵᠤ᠂ ᠴᠠᠭ | ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ ᠰᠢᠶ᠋ᠳᠪᠦᠷᠢᠯᠡᠬᠦ ᠬᠡᠷᠡᠭᠲᠡᠶ᠃ ᠵᠣᠷᠯᠣᠩ ᠤᠨ ᠪᠠᠭᠠᠰᠤᠨ ᠪᠣᠬᠢᠷᠲᠤᠯ᠂ ᠠᠮᠠᠷᠬᠠᠨ | ᠢᠯᠵᠠᠷᠠᠬᠤ ᠬᠤᠭ ᠨᠣᠪᠰᠢ᠂ ᠣᠷᠭᠠᠨᠢᠭ ᠬᠠᠶᠠᠭᠳᠠᠮᠠᠯ ᠪᠣᠳᠠᠰ ᠢ ᠣᠶᠢᠷ᠎ᠠ ᠬᠠᠪᠢ ᠳᠠᠭᠠᠨ ᠲᠤᠬᠠᠶ ᠶᠢᠨ ᠭᠠᠵᠠᠷ ᠲᠤᠨᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠳᠡᠢ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠢ ᠦᠷᠭᠦᠯᠵᠢᠯᠡᠨ ᠥᠷᠨᠢᠭᠦᠯᠦᠨ᠎ᠡ᠃ | ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠴᠢᠩᠭᠠᠳᠬᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠵᠠᠮ ᠳᠠᠭᠠᠤ ᠢᠵᠢ ᠪᠦᠷᠢᠳᠦᠭᠦᠯᠬᠦ ᠪᠡᠯᠡᠳᠬᠡᠮᠵᠢ᠂ ᠠᠵᠤ ᠦᠢᠯᠡᠰ ᠤᠨ ᠬᠦᠷᠢᠶᠡᠯᠡᠩ | ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ | ᠲᠣᠰᠬᠤᠨ ᠯᠤᠭ᠎ᠠ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ | ᠲᠣᠰᠬᠤᠨ ᠤ ᠬᠡᠪᠴᠢᠶᠡᠵᠢᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠵᠢᠵᠢᠭ ᠬᠡᠯᠪᠡᠷᠢ ᠶᠢᠨ | ᠤᠰᠤ ᠬᠠᠩᠭᠠᠬᠤ ᠢᠨᠵᠧᠨᠧᠷᠢᠩ ᠤᠨ ᠪᠠᠷᠢᠮᠵᠢᠶᠠᠵᠢᠭᠰᠠᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠰᠤᠨ ᠤ ᠴᠢᠨᠠᠷ ᠢ | ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ ᠪᠠᠬᠢᠵᠢᠭᠦᠯᠦᠨ | ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠨᠧᠷᠭᠢ ᠶᠢ ᠬᠥᠭᠵᠢᠭᠦᠯᠬᠦ | ᠬᠡᠷᠡᠭᠲᠡᠶ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠ ᠭᠠᠵᠠᠷ | ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠬᠢᠬᠦ ᠶᠢ ᠳᠡᠮᠵᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠣᠳᠣ ᠦ᠊ ᠡᠶ᠎ᠡ ᠶᠢᠨ ᠣᠷᠣᠰᠢᠨ ᠰᠠᠭᠤᠬᠤ ᠳᠤ | ᠳᠣᠭᠢᠷᠬᠠᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠶᠢ | ᠥᠷᠨᠢᠭᠦᠯᠦᠨ᠎ᠡ᠃ ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠲᠣᠭᠠᠴᠢᠯᠠᠭᠰᠠᠨ ᠬᠡᠷᠡᠭᠯᠡᠭᠡᠨ ᠤ ᠲᠠᠯᠠᠪᠤᠷ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠬᠥᠳᠡᠭᠡ | ᠲᠣᠰᠬᠤᠨ ᠤ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠷᠭᠡᠳᠬᠡᠵᠦ᠂ ᠣᠶᠤᠨᠴᠢ ᠲᠠᠷᠢᠶᠠᠯᠠᠩ ᠤᠨ ᠬᠥᠭᠵᠢᠯᠲᠡ ᠶᠢ | ᠠᠬᠢᠭᠤᠯᠤᠨ᠎ᠠ᠃ ᠠᠶᠢᠯ ᠲᠣᠰᠬᠤᠨ ᠤ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠮ | ᠬᠠᠷᠢᠯᠴᠠᠭ᠎ᠠ᠂ ᠭᠠᠯ ᠤᠨᠲᠠᠷᠠᠭᠠᠬᠤ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠭᠡᠷ ᠪᠠᠶᠢᠰᠢᠩ ᠪᠠᠷᠢᠬᠤ ᠵᠡᠷᠭᠡ | ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠬᠡᠮ ᠰᠣᠭᠤᠭ ᠢ ᠵᠠᠰᠠᠬᠤ ᠪᠡᠷᠬᠡ ᠰᠡᠳᠦᠪ ᠢ ᠰᠢᠶ᠋ᠳᠪᠦᠷᠢᠯᠡᠬᠦ ᠠᠵᠢᠯ ᠢ | ᠭᠦᠨᠵᠡᠭᠡᠶ ᠥᠷᠨᠢᠭᠦᠯᠦᠨ᠎ᠡ᠃ | ︵ᠬᠤᠷᠢᠨ ᠳᠣᠯᠤᠭ᠎ᠠ︶ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ | ᠪᠠᠭᠤᠷᠠᠶ ᠭᠤᠭᠴᠤᠭ᠎ᠠ ᠶᠢ ᠬᠦᠴᠦᠯᠡᠨ ᠴᠢᠩᠭᠠᠳᠬᠠᠨ᠎ᠠ᠃ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ | ᠬᠥᠮᠥᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠦᠳᠡᠭᠡ ᠲᠤᠰᠬᠤᠨ ᠤ ᠪᠠᠭᠰᠢ ᠨᠠᠷ ᠤᠨ ᠠᠮᠢᠳᠤᠷᠠᠯ ᠤᠨ | ᠨᠦᠭᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠰᠢᠶᠠᠨ ᠤ ᠬᠡᠪᠴᠢᠶᠡᠨ ᠤ ᠨᠢᠭᠡᠲᠦᠯᠲᠡᠢ ᠲᠦᠯᠦᠪᠵᠢᠭᠦᠯᠭᠡ ᠶᠢ ᠠᠬᠢᠭᠤᠯᠵᠤ᠂ ᠰᠢᠶᠠᠩ ᠲᠤᠰᠬᠤᠨ ᠬᠤᠶᠠᠷ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠬᠥᠳᠡᠭᠡ ᠲᠣᠰᠬᠤᠨ ᠤ ᠡᠮᠴᠢ ᠶᠢᠨ ᠴᠠᠯᠢᠩ ᠬᠥᠯᠥᠰᠥ ᠬᠤᠪᠢᠶᠠᠷᠢᠯᠠᠯᠲᠠ ᠪᠠ ᠣᠯᠭᠤᠮᠵᠢ ᠪᠠᠲᠤᠯᠠᠭ᠎ᠠ ᠶᠢᠨ | ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠶ᠋ᠳᠪᠦᠷᠢᠯᠡᠵᠦ᠂ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠲᠤᠰᠬᠠᠶᠢᠵᠢᠨ | ᠵᠢᠷᠤᠮᠵᠢᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ | ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ | ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠬᠥᠳᠡᠭᠡ ᠲᠣᠰᠬᠤᠨ ᠤ ᠨᠠᠰᠤᠲᠠᠨ ᠨᠢᠯᠬᠠᠰ ᠤᠨ | ᠡᠪᠡᠳᠴᠢᠨ ᠲᠠᠢ ᠵᠡᠮᠳᠡᠭ ᠵᠡᠷᠭᠡ ᠭᠤᠣᠯᠳᠠᠯᠭ᠎ᠠ ᠲᠠᠢ ᠬᠥᠮᠦᠰ ᠤᠨ ᠡᠮ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠳᠢᠭᠯᠢᠮ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠲᠤᠷ ᠬᠠᠮᠠᠭᠠᠯᠠᠬᠤ ᠬᠡᠷᠡᠭᠲᠡᠢ᠃ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ ᠶᠠᠪᠤᠴᠠ ᠶᠢ ᠰᠢᠯᠢᠳᠡᠭᠵᠢᠭᠦᠯᠵᠦ᠂ ᠨᠥᠬᠦᠴᠡᠯ ᠳᠤ ᠨᠡᠶᠢᠴᠡᠬᠦ | ᠬᠦᠴᠢᠷᠳᠡᠯᠲᠡᠶ ᠣᠯᠠᠨ ᠲᠦᠮᠡᠨ ᠤ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ︾ ᠶᠢ ᠦᠨᠡᠨᠬᠦ ᠪᠠᠲᠤᠯᠠᠨ᠎ᠠ᠃ | ᠬᠥᠳᠡᠭᠡ ᠲᠣᠰᠬᠤᠨ ᠤ ᠨᠡᠶᠢᠭᠡᠮ ᠤᠨ ᠠᠵᠢᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠰᠣᠮᠤ ᠪᠠᠯᠭᠠᠰᠣ ᠶᠢᠨ ᠣᠷᠣᠨ | ᠪᠦᠰᠡ ᠶᠢᠨ ᠨᠠᠰᠣᠵᠢᠯ ᠤᠨ ᠦᠢᠯᠡᠴᠢᠯᠡᠬᠡᠨ ᠤ ᠲᠥᠪ ᠤᠨ ᠪᠠᠶᠢᠭᠤᠯᠥᠯᠳᠡ ᠶᠢ ᠳᠦᠷᠭᠡᠳᠭᠡᠵᠦ᠂ ᠡᠳᠣᠷ ᠲᠤᠳᠣᠮ ᠤᠨ | ᠬᠠᠷᠡᠭᠠᠯᠵᠠᠯ᠂ ᠬᠠᠷᠢᠯᠴᠠᠨ ᠬᠠᠪᠰᠣᠷᠣᠯᠴᠠᠵᠦ ᠨᠠᠰᠣᠵᠢᠯ ᠤᠨ ᠠᠰᠠᠷᠡᠬᠤ᠂ ᠰᠣᠷᠪᠤᠯᠵᠢᠯᠠᠵᠦ ᠬᠠᠶᠢᠷ᠎ᠠ ᠬᠠᠯᠠᠮᠵᠢ ᠬᠦᠷᠳᠡᠭᠡᠬᠦ᠂ | ᠨᠠᠰᠣᠳᠡᠶᠢᠴᠣᠳ ᠤᠨ ᠬᠤᠭᠤᠯᠠᠨ ᠭᠡᠷ ᠵᠡᠷᠭᠡ ᠨᠠᠰᠣᠵᠢᠯ ᠤᠨ ᠦᠢᠯᠡᠴᠢᠯᠡᠭᠡᠨ ᠢ ᠳᠡᠯᠭᠡᠷᠡᠬᠦᠯᠥᠨ᠎ᠠ᠃ ᠬᠥᠳᠡᠭᠡ ᠲᠣᠰᠬᠤᠨ ᠤ | ᠡᠮᠡᠭᠲᠡᠶᠢᠴᠦᠳ ᠤᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠨᠠᠰᠤᠨ ᠳᠤ | ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠨ᠂ ᠬᠥᠳᠡᠭᠡ ᠲᠣᠰᠬᠤᠨ ᠤ ᠵᠡᠮᠳᠡᠭᠴᠦᠳ ᠤᠨ ᠨᠡᠶᠢᠭᠡᠮ ᠤᠨ | ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠶᠤᠨ | ᠮᠡᠳᠡᠷᠡᠯ ᠤᠨ ᠰᠠᠭᠠᠳ ᠲᠠᠢ ᠬᠥᠮᠦᠰ ᠢ ᠬᠠᠯᠠᠮᠵᠢᠯᠠᠨ ᠬᠠᠶᠢᠷᠠᠯᠠᠬᠤ ᠬᠡᠷᠡᠭᠲᠡᠢ᠃ | ᠨᠠᠢᠮᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠭᠦᠯᠦᠨ᠎ᠡ | ︵ᠬᠤᠷᠢᠨ ᠨᠠᠢᠮᠠ︶ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠤᠯᠤᠰ ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠬᠤ ᠬᠡᠷᠡᠭᠲᠡᠶ᠃ | ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠵᠦ᠂ ᠰᠢᠶᠠᠨ ᠤ ᠱᠠᠲᠤᠨ ᠤ | ᠨᠠᠮ ᠤᠨ ᠬᠤᠷᠢᠶᠠᠨ ᠤ ᠰᠢᠶᠠᠩ ᠢ ᠠᠳᠬᠤᠵᠤ ᠲᠣᠰᠬᠤᠨ ᠢ ᠠᠬᠢᠭᠤᠯᠬᠤ ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ | ᠰᠢᠶᠠᠩ ᠪᠠᠯᠭᠠᠰᠤ᠂ ᠲᠣᠰᠬᠤᠨ ᠤ ᠤᠳᠤᠷᠢᠳᠬᠤ ᠪᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠴᠢᠳᠠᠪᠤᠷᠢ ᠶᠢ ᠪᠥᠬᠦ ᠲᠠᠯ᠎ᠠ ᠪᠠᠷ ᠪᠣᠯᠪᠠᠰᠤᠷᠠᠭᠤᠯᠤᠨ ᠳᠡᠭᠡᠭᠰᠢᠯᠡᠭᠦᠯᠦᠨ᠎ᠡ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ | ᠪᠣᠯᠤᠨ ᠠᠵᠢᠯᠯᠠᠬᠤ ᠠᠩᠭᠢ ᠶᠢ ᠴᠢᠩᠭ᠎ᠠ ᠲᠣᠮᠢᠯᠠᠨ ᠰᠠᠶᠢᠲᠤᠷ ᠬᠡᠷᠡᠭᠯᠡᠵᠦ᠂ ᠲᠣᠮᠢᠯᠠᠭᠰᠠᠨ ᠨᠢᠭᠡᠴᠡ ᠲᠠᠢ ᠬᠤᠯᠪᠣᠭᠠᠯᠠᠵᠤ | ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ | ᠢᠯᠵᠠᠷᠠᠯ ᠪᠠ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠤᠲᠠ ᠰᠢᠶᠠᠨ ᠤ ᠴᠠᠭᠳᠠᠨ | ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠵᠣᠬᠢᠶᠠᠨ ᠪᠠᠶᠢᠭᠤᠯᠤᠯᠲᠠ ᠪᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠶ ᠵᠣᠯᠭᠠᠯᠴᠠᠭ᠎ᠠ ᠶᠢ | ᠲᠦᠯᠬᠢᠨ ᠠᠬᠢᠭᠤᠯᠵᠤ᠂ ᠲᠣᠰᠬᠤᠨ ᠤ ᠺᠠᠳ᠋ᠷ ᠤᠨ ᠪᠦᠬᠦ ᠲᠠᠯ᠎ᠠ ᠶᠢᠨ ᠬᠠᠮᠢᠶᠠᠷᠤᠯᠲᠠ ᠪᠠ ᠪᠠᠶᠢᠩᠭᠤ ᠶᠢᠨ ᠴᠢᠨᠠᠷᠲᠠᠶ | ᠬᠢᠨᠠᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠨᠠᠮ ᠤᠨ ᠭᠡᠰᠢᠭᠦᠳ ᠢ ᠬᠤᠭᠤᠴᠠᠭ᠎ᠠ ᠪᠦᠯᠦᠭ ᠬᠤᠪᠢᠶᠠᠨ | ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠠᠵᠢᠯ ᠤᠨ ᠪᠠᠶᠢᠷᠢ ᠲᠣᠬᠢᠷᠠᠭᠤᠯᠤᠨ ᠬᠠᠷᠢᠭᠤᠴᠠᠯᠭ᠎ᠠ | ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ ᠲᠣᠰᠬᠤᠨ ᠤ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ︵ᠬᠤᠷᠢ ᠶᠢᠰᠦ︶ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠮ ᠤᠨ | ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠰᠢᠶᠠᠨ ᠰᠢᠶᠠᠩ | ᠲᠣᠰᠬᠤᠨ ᠭᠤᠷᠪᠠᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠴᠢᠳᠠᠮᠵᠢ ᠶᠢ ᠴᠢᠩᠭᠠᠳᠬᠠᠵᠤ᠂ ᠰᠢᠶᠠᠨ ᠤ ᠱᠠᠲᠤᠨ ᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠩ ᠪᠠᠯᠭᠠᠰᠤᠨ ᠤ ᠡᠷᠬᠡ ᠪᠠᠨ ᠥᠷᠭᠡᠳᠬᠡᠵᠦ ᠴᠢᠳᠠᠪᠤᠷᠢ ᠣᠯᠭᠤᠬᠤ ᠶᠢ | ᠠᠬᠢᠭᠤᠯᠵᠤ᠂ ᠲᠣᠰᠬᠤᠨ ᠤ ᠱᠠᠲᠤᠨ ᠤ ᠰᠠᠭᠤᠷᠢ ᠶᠢ ᠪᠠᠲᠤᠳᠬᠠᠨ᠎ᠠ᠃ ᠰᠢᠶᠠᠨ ᠤ ᠱᠠᠲᠤᠨ ᠤ ᠤᠳᠤᠷᠢᠳᠬᠤ ᠪᠠᠭ ᠤᠨ | ᠪᠦᠷᠢᠯᠳᠦᠬᠦᠨ ᠤ ᠰᠢᠶᠠᠩ ᠢ ᠳᠠᠭᠠᠭᠠᠴᠢᠯᠠᠨ ᠲᠣᠰᠬᠤᠨ ᠢᠶᠠᠷ ᠶᠠᠪᠤᠬᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ | ᠪᠦᠷᠢᠯᠳᠦᠬᠦᠨ ᠤ ᠲᠣᠰᠬᠤᠨ ᠢ ᠳᠠᠭᠠᠭᠠᠴᠢᠯᠠᠨ ᠡᠷᠦᠬᠡ ᠲᠠᠢ ᠬᠤᠯᠪᠣᠭᠠᠯᠠᠬᠤ᠂ ᠲᠣᠰᠬᠤᠨ ᠤ ᠺᠠᠳ᠋ᠷ ᠦᠷᠭᠦᠯᠵᠢ ᠡᠷᠦᠬᠡ ᠳᠤ | ᠬᠦᠷᠴᠦ ᠰᠤᠷᠪᠤᠯᠵᠢᠯᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ | ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ | ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠬᠥᠮᠦᠵᠢᠯ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ | ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠢ ᠭᠦᠨᠵᠡᠭᠡᠶ ᠥᠷᠨᠢᠭᠦᠯᠦᠨ᠎ᠡ᠃︶︾ | ᠡᠭᠦᠳᠦᠨ ᠪᠠᠢᠭᠤᠯᠤᠶ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠤᠷᠴᠢᠯᠠᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ | ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ | ᠬᠥᠳᠡᠭᠡ ᠲᠣᠰᠬᠤᠨ ᠤ ᠵᠣᠭᠤᠰ ᠮᠥᠷᠦ᠋ᠢᠴᠡᠬᠦ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠡᠮᠡᠭᠲᠡᠶᠢᠴᠦᠳ ᠬᠡᠦᠬᠡᠳ ᠤᠨ | ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠬᠦ ᠬᠡᠷᠡᠭᠲᠡᠶ᠃ ᠬᠤᠪᠢ ᠬᠤᠷᠠᠮᠳᠤᠭᠤᠯᠬᠤ ᠳᠦᠷᠢᠮ᠂ ᠨᠠᠷᠢᠨ ᠳᠠᠩᠰᠠ ᠶᠢᠨ ᠳᠦᠷᠢᠮ᠂ ᠲᠣᠭᠠᠴᠢᠯᠠᠯᠲᠠ᠂ | ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ ᠰᠢᠢᠳᠪᠦᠷᠢᠯᠡᠬᠦ ᠵᠡᠷᠭᠡ ᠪᠣᠳᠠᠲᠠᠶ ᠶᠢ ᠡᠷᠬᠢᠮᠯᠡᠭᠰᠡᠨ ᠲᠤᠰᠠᠲᠠᠶ ᠵᠠᠰᠠᠬᠤ ᠠᠷᠭ᠎ᠠ | ᠮᠠᠶ᠋ᠢᠭ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠤᠷᠰᠢᠯᠲᠠ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ | ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ ᠭᠤᠴᠢ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ | ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠬᠥᠳᠡᠭᠡ | ᠲᠣᠰᠬᠤᠨ ᠳᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠯᠠᠨ ᠲᠦᠮᠡᠨᠴᠢ ᠴᠢᠨᠠᠷᠲᠠᠢ | ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠵᠡᠷᠭᠡ ᠪᠠᠶᠢᠭᠤᠯᠤᠯᠲᠠ ᠶᠢ ᠥᠷᠭᠡᠳᠬᠡᠵᠦ᠂ | ᠬᠥᠳᠡᠭᠡ ᠲᠣᠰᠬᠤᠨ ᠤ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ ᠥᠪᠡᠷ ᠢᠶᠠᠨ ᠡᠷᠬᠢᠯᠡᠬᠦ ᠶᠢ ᠳᠡᠮᠵᠢᠨ᠎ᠡ᠃ | ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠢᠭᠤᠯᠤᠯᠲᠠ ᠶᠢ ᠴᠢᠬᠤᠯᠠᠴᠢᠯᠠᠵᠤ᠃ ᠲᠠᠷᠢᠶᠠᠯᠠᠬᠤ ᠰᠣᠶᠣᠯ ᠢ | ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠤᠨ ᠴᠢᠬᠤᠯᠠ ᠰᠣᠶᠣᠯ ᠤᠨ ᠥᠪ ᠢ | ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ | ᠪᠠᠶᠠᠷ ᠢ ᠰᠠᠶᠢᠲᠤᠷ ᠡᠷᠬᠢᠯᠡᠨ᠎ᠡ᠃ ᠡᠯ᠎ᠡ ᠭᠠᠵᠠᠷ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ | ᠲᠦᠯᠬᠢᠨ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠵᠢᠷᠤᠮᠵᠢᠯ ᠢ ᠲᠣᠭᠲᠠᠭᠠᠨ᠂ ᠲᠣᠰᠬᠤᠨ ᠤ ᠳᠦᠷᠢᠮ ᠠᠷᠠᠳ ᠤᠨ | ᠭᠡᠷ᠎ᠡ ᠶᠢᠨ ᠬᠢᠵᠠᠭᠠᠷᠯᠠᠬᠤ ᠦᠢᠯᠡᠳᠦᠯ ᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠲᠦᠷᠦᠭᠦᠯᠡᠨ ᠵᠢᠱᠢᠶ᠎ᠡ ᠦᠵᠡᠭᠦᠯᠵᠦ᠂ | ᠥᠨᠳᠥᠷ ᠦᠨ᠎ᠡ ᠥᠷᠲᠡᠭ ᠲᠠᠢ ᠪᠡᠯᠡᠭ᠂ ᠶᠡᠬᠡᠪᠡᠷ ᠬᠢᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠪᠤᠶᠢᠮ᠎ᠠ | ᠠᠰᠠᠭᠤᠳᠠᠯ ᠢ ᠲᠤᠰᠬᠠᠶ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠥᠳᠡᠭᠡ ᠲᠣᠰᠬᠤᠨ ᠤ ᠣᠷᠣᠰᠢᠭᠤᠯᠭ᠎ᠠ ᠶᠢᠨ | ᠵᠠᠩ ᠳᠠᠳᠬᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠶ᠃ | ᠶᠢᠰᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠣᠯᠣᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ | ᠴᠢᠩᠭᠠᠷᠠᠭᠤᠯᠤᠨ᠎ᠠ | ︵ᠭᠤᠴᠢᠨ ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠨ ᠡᠰᠢᠲᠦ ᠣᠷᠣᠭᠤᠯᠤᠯᠲᠠ ᠶᠢᠨ | ᠲᠣᠭᠲᠠᠴᠠ ᠶᠢ ᠪᠦᠷᠢᠨᠰᠢᠬᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢᠶᠠᠷ ᠡᠩ ᠤᠨ ᠣᠯᠠᠨ ᠨᠡᠶᠢᠲᠡ ᠶᠢᠨ ᠲᠥᠰᠦᠪ ᠢ | ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠣᠯᠭᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠣᠷᠣᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠤ | ᠠᠰᠢᠭ ᠣᠯᠵᠠᠪᠤᠷᠢ ᠶᠢ ᠲᠠᠷᠢᠶᠠᠯᠠᠩ ᠬᠥᠳᠡᠭᠡ ᠲᠣᠰᠬᠤᠨ ᠤ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ | ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠣᠷᠣᠨ ᠨᠤᠲᠤᠭ ᠤᠨ | ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠬᠦ ᠬᠡᠪᠴᠢᠶᠡᠨ ᠳᠤ ᠣᠷᠣᠭᠤᠯᠤᠨ᠎ᠠ᠃ ᠵᠠᠬ᠎ᠠ | ᠳᠡᠯᠭᠡᠭᠦᠷᠴᠢᠯᠡᠭᠰᠡᠨ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ | ᠪᠠᠶᠢᠭᠤᠯᠬᠤ ᠶᠢ ᠳᠡᠮᠵᠢᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ᠂ | ᠨᠡᠶᠢᠭᠡᠮ ᠤᠨ ᠣᠷᠣᠭᠤᠯᠤᠯᠲᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ | ᠲᠥᠷᠥᠯ ᠵᠦᠢᠯ ᠢ ᠨᠡᠶᠢᠯᠡᠭᠦᠯᠦᠨ ᠳᠠᠭᠠᠭᠠᠴᠢᠯᠠᠭᠤᠯᠬᠤ ᠶᠢ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠤᠯ | ᠴᠣᠭᠴᠠ ᠠᠴᠠ ᠬᠡᠷᠡᠭᠵᠢᠭᠦᠯᠬᠦ ᠶᠢ ᠵᠣᠷᠢᠭᠵᠢᠭᠤᠯᠵᠤ᠂ ᠮᠥᠩᠭᠦᠨ ᠭᠦᠢᠯᠭᠡᠭᠡᠨ ᠪᠠ ᠨᠡᠶᠢᠭᠡᠮ ᠤᠨ ᠬᠥᠷᠥᠩᠭᠡ ᠶᠢ ᠬᠥᠳᠡᠯᠭᠡᠨ | ᠵᠠᠬ᠎ᠠ ᠳᠡᠯᠭᠡᠭᠦᠷᠴᠢᠯᠡᠬᠦ ᠵᠠᠷᠴᠢᠮ ᠤᠨ ᠶᠣᠰᠣᠭᠠᠷ ᠲᠠᠷᠢᠶᠠᠯᠠᠩ ᠬᠥᠳᠡᠭᠡ ᠲᠣᠰᠬᠤᠨ ᠳᠤ ᠨᠡᠩ ᠢᠯᠡᠭᠦᠦ ᠣᠷᠣᠭᠤᠯᠬᠤ ᠶᠢ | ᠲᠦᠯᠬᠢᠨ ᠠᠬᠢᠭᠤᠯᠤᠨ᠎ᠠ᠃ ᠲᠠᠬᠢᠨ ᠵᠢᠭᠡᠯᠡᠯᠭᠡ ᠶᠢᠨ ᠲᠠᠬᠢᠨ ᠪᠡᠯᠡᠨ ᠵᠣᠭᠤᠰ ᠥᠭᠬᠦ᠂ ᠵᠦᠷᠢᠶᠡᠴᠢᠯᠡᠭᠰᠡᠨ ᠬᠠᠳᠠᠭᠠᠯᠠᠮᠵᠢ ᠶᠢᠨ | ᠪᠡᠯᠡᠳᠬᠡᠯ ᠮᠥᠩᠭᠦ᠂ ᠵᠦᠷᠢᠶᠡᠴᠢᠯᠡᠭᠰᠡᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠬᠢᠨᠠᠨ ᠰᠢᠯᠭᠠᠵᠤ | ᠦᠨᠡᠯᠡᠨ ᠵᠢᠱᠢᠬᠦ ᠵᠡᠷᠭᠡ ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠬᠦᠷᠢᠶᠡᠨ ᠤ ᠵᠢᠭᠡᠯᠡᠯᠭᠡ ᠲᠠᠯᠪᠢᠬᠤ ᠶᠢ | ᠨᠡᠮᠡᠭᠳᠡᠭᠦᠯᠬᠦ ᠶᠢ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ | ᠬᠡᠷᠡᠭᠴᠡᠭᠡ ᠶᠢ ᠭᠤᠣᠯᠳᠠᠯᠭ᠎ᠠ ᠲᠠᠢ ᠪᠠᠲᠤᠯᠠᠬᠤ ᠬᠡᠷᠡᠭᠲᠡᠢ ᠭᠡᠵᠡᠢ᠃ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ | ᠲᠤᠬᠠᠶᠢᠯᠠᠭᠰᠠᠨ ᠠᠵᠢᠯ ᠢ ᠲᠠᠷᠢᠶᠠᠯᠠᠩ ᠬᠥᠳᠡᠭᠡ ᠲᠣᠰᠬᠤᠨ ᠤ ᠬᠦᠷᠢᠶ᠎ᠡ ᠲᠡᠰᠢ ᠬᠡᠯᠪᠠᠶᠢᠯᠭᠡᠬᠦ ᠶᠢ ᠬᠥᠲᠥᠯᠥᠨ ᠵᠢᠯᠣᠭᠤᠳᠴᠤ᠂ | ᠪᠦᠬᠦ ᠤᠯᠤᠰ ᠤᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠦᠢᠯᠡᠳᠦᠯ ᠢ | ᠪᠠᠳᠠᠷᠠᠭᠤᠯᠤᠨ᠎ᠠ᠃ ᠲᠠᠷᠢᠶᠠᠯᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠠᠭᠠᠨ ᠡᠳᠯᠡᠬᠦ ᠶᠢ ᠴᠢᠩᠭᠠᠳᠬᠠᠬᠤ | ᠬᠡᠷᠡᠭᠲᠡᠶ᠃ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠠᠷᠢᠶᠠᠯᠠᠩ ᠢ ᠳᠡᠮᠵᠢᠬᠦ ᠦᠢᠯᠡᠳᠦᠯ ᠢ | ᠪᠠᠳᠠᠷᠠᠭᠤᠯᠵᠤ᠂ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢ ᠰᠢᠯᠢᠳᠡᠭᠵᠢᠭᠦᠯᠦᠨ᠎ᠡ᠃ ᠬᠥᠳᠡᠭᠡ ᠲᠣᠰᠬᠤᠨ ᠤ | ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢᠨ ᠳᠠᠭᠠᠳᠬᠠᠯ ᠢ ᠲᠦᠷᠭᠡᠳᠬᠡᠵᠦ᠂ ᠲᠣᠰᠬᠤᠨ ᠪᠠᠯᠭᠠᠰᠤ ᠶᠢᠨ | ᠪᠠᠩᠬᠢ ᠶᠢᠨ ᠪᠦᠲᠦᠴᠡ ᠶᠢᠨ ᠴᠢᠨᠠᠷᠲᠠᠶ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠬᠤ ᠬᠡᠷᠡᠭᠲᠡᠶ᠃ ᠵᠢᠭᠠᠰᠤᠨ ᠠᠵᠤ | ᠠᠬᠤᠢ ᠶᠢᠨ ᠳᠠᠭᠠᠳᠬᠠᠯ ᠢ ᠵᠣᠷᠢᠭᠵᠢᠭᠤᠯᠤᠨ ᠬᠥᠭᠵᠢᠭᠦᠯᠦᠨ᠎ᠡ᠃ | ︵ᠭᠤᠴᠢᠨ ᠬᠤᠶᠠᠷ︶ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ | ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠨᠡᠶᠢᠭᠡᠮ ᠤᠨ ᠠᠵᠢᠯ᠂ | ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠬᠦᠷᠢᠶᠡᠨ ᠤ ᠴᠢᠳᠠᠪᠤᠷᠢᠲᠠᠨ ᠢ ᠵᠣᠬᠢᠶᠠᠨ ᠪᠠᠶᠢᠭᠤᠯᠤᠨ ᠬᠥᠲᠥᠯᠥᠨ | ᠵᠢᠯᠣᠭᠤᠳᠴᠤ᠂ ᠲᠤᠰ ᠭᠠᠵᠠᠷ ᠤᠨ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠬᠦ ᠶᠢ ᠳᠡᠮᠵᠢᠨ᠎ᠡ᠃ | ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠦᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ | ᠠᠳᠠᠯ ᠦᠢᠯᠡᠰ ᠪᠣᠰᠬᠠᠬᠤ ᠳᠠᠭᠠᠭᠤᠯᠤᠭᠴᠢ ᠶᠢ ᠬᠥᠮᠦᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠷᠠᠭᠤᠯᠤᠯ ᠤᠨ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠦᠢᠯᠡᠳᠪᠦᠷᠢᠯᠡᠯ ᠵᠢᠭᠠᠨ | ᠰᠤᠷᠭᠠᠯᠲᠠ ᠶᠢᠨ ᠠᠭᠤᠰᠤᠯᠴᠠᠯ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ | ᠬᠤᠳᠡ ᠶᠢᠨ ᠲᠣᠰᠬᠠᠢ ᠮᠡᠷᠭᠡᠵᠢᠯ ᠤᠨ ᠴᠢᠳᠡᠪᠦᠷᠢᠳᠡᠨ ᠤ ᠲᠣᠠᠠᠳᠠᠮᠠᠯ ᠬᠤᠭᠤᠴᠠᠭ᠎ᠠ ᠲᠠᠢ ᠪᠠᠷ ᠬᠦᠳᠡᠭᠡ ᠲᠣᠰᠬᠤᠨ ᠳᠤ | ᠦᠢᠯᠡᠴᠢᠯᠡᠬᠦ ᠣᠷᠮᠠᠰᠢᠭᠤᠯᠬᠤ ᠲᠤᠠᠠᠳᠡᠴᠠ ᠶᠢ ᠳᠡᠬᠦᠯᠳᠡᠷᠵᠢᠬᠦᠯᠵᠦ᠂ ᠣᠷᠳᠣ ᠬᠤᠭᠤᠴᠠᠭ᠎ᠠ ᠪᠠᠷ ᠬᠦᠳᠡᠭᠡ ᠲᠣᠰᠬᠤᠨ ᠳᠤ | ᠦᠢᠯᠡᠴᠢᠯᠡᠬᠦ ᠲᠣᠰᠢᠶᠡᠯ ᠳᠡᠪᠰᠢᠬᠦ᠂ ᠮᠡᠷᠭᠡᠵᠢᠯ ᠤᠨ ᠴᠣᠯᠡ ᠰᠢᠯᠭᠠᠷᠠᠭᠤᠯᠤᠨ ᠲᠤᠠᠠᠳᠠᠭᠠᠬᠤ ᠳᠡᠯ᠎ᠠ ᠪᠠᠷ ᠵᠤᠬᠢᠨ᠋ᠡᠥ ᠭᠡᠮᠵᠢᠶ᠎ᠠ ᠪᠠᠷ | ᠭᠡᠯᠪᠠᠶᠢᠯᠭᠡᠨᠠ᠃ ᠬᠤᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠬᠥᠲᠥᠯᠥᠨ ᠵᠢᠯᠣᠭᠤᠳᠴᠤ ᠬᠥᠳᠡᠭᠡ ᠲᠣᠰᠬᠤᠨ ᠳᠤ | ᠣᠴᠢᠭᠤᠯᠤᠨ ᠲᠤᠰᠢᠶᠠᠯ ᠬᠠᠪᠰᠤᠷᠭᠠᠬᠤ ᠪᠠ ᠠᠵᠢᠯ ᠤᠨ ᠪᠠᠶᠢᠷᠢ ᠠᠴᠠ ᠨᠢ ᠰᠠᠯᠭᠠᠵᠤ ᠠᠳᠠᠯ ᠦᠢᠯᠡᠰ ᠪᠣᠰᠬᠠᠬᠤ ᠬᠡᠷᠡᠭᠲᠡᠶ᠃ | ᠵᠣᠬᠢᠬᠤ ᠨᠦᠬᠦᠴᠡᠯ ᠳᠤ ᠨᠡᠶᠢᠴᠡᠭᠰᠡᠨ ᠨᠤᠲᠤᠭ ᠲᠠᠭᠠᠨ ᠪᠤᠴᠠᠵᠤ ᠬᠦᠳᠡᠭᠡ ᠪᠠᠭᠤᠭᠠᠳ ᠠᠵᠢᠯ ᠣᠯᠵᠤ ᠠᠳᠠᠯ ᠦᠢᠯᠡᠰ | ᠴᠤᠭᠴᠠᠯᠠᠬᠤ ᠬᠦᠮᠦᠰ ᠤᠨ ᠤᠭ ᠪᠠᠶᠢᠭ᠎ᠠ ᠭᠠᠵᠠᠷ ᠪᠣᠶᠣ ᠠᠵᠢᠯ ᠣᠯᠵᠤ ᠠᠳᠠᠯ ᠦᠢᠯᠡᠰ ᠴᠤᠭᠴᠠᠯᠠᠬᠤ ᠭᠠᠵᠠᠷ ᠲᠤ ᠡᠷᠦᠬᠡ | ᠠᠮᠠ ᠪᠠᠨ ᠣᠷᠤᠭᠤᠯᠬᠤ ᠶᠢ ᠵᠥᠪᠰᠢᠶᠡᠷᠡᠨ᠎ᠡ᠃ ᠬᠥᠳᠡᠭᠡ ᠲᠣᠰᠬᠤᠨ ᠤ ᠵᠠᠬᠢᠶᠠᠯᠠᠭᠠᠲᠤ ᠬᠠᠨᠳᠤᠯᠭ᠎ᠠ ᠲᠠᠢ ᠪᠠᠷ ᠠᠨᠠᠭᠠᠬᠤ | ᠤᠬᠠᠭᠠᠨ ᠤ ᠰᠤᠷᠤᠭᠴᠢ ᠶᠢ ᠰᠦᠢᠳᠬᠡᠯ ᠬᠤᠷᠢᠶᠠᠬᠤ ᠦᠭᠡᠶ ᠪᠠᠷ ᠬᠥᠮᠦᠵᠢᠭᠦᠯᠬᠦ ᠲᠥᠷᠥᠯ ᠵᠦᠢᠯ᠂ ᠪᠠᠭᠰᠢ ᠶᠢᠨ︽ᠰᠢᠯᠢᠳᠡᠭ | ᠪᠠᠭᠰᠢ ᠶᠢᠨ ᠲᠥᠯᠥᠪᠯᠡᠭᠡ︾᠂ ︽ᠣᠨᠴᠣᠭᠤᠶ ᠠᠵᠢᠯ ᠤᠨ ᠪᠠᠶᠢᠷᠢ ᠶᠢᠨ ᠲᠥᠯᠥᠪᠯᠡᠭᠡ︾᠂ ︽ᠤᠯᠤᠰ ᠤᠨ ᠬᠥᠮᠦᠵᠢᠭᠦᠯᠬᠦ | ᠲᠥᠯᠥᠪᠯᠡᠭᠡ︾ ᠶᠢ ᠦᠷᠭᠦᠯᠵᠢᠯᠡᠨ ᠬᠡᠷᠡᠭᠵᠢᠭᠦᠯᠵᠦ᠂ ︽ᠣᠶᠤᠲᠠᠨ ᠬᠥᠳᠡᠭᠡ ᠲᠣᠰᠬᠤᠨ ᠤ ᠡᠮᠴᠢ︾ ᠶᠢᠨ ᠲᠤᠰᠬᠠᠶ | ᠵᠦᠢᠯ ᠤᠨ ᠲᠥᠯᠥᠪᠯᠡᠭᠡ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ | ᠠᠵᠢᠯᠯᠠᠭ᠎ᠠ᠂ ᠵᠠᠯᠠᠭᠤ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ︵ᠭᠤᠴᠢᠨ ᠭᠤᠷᠪᠠ︶ ᠰᠢᠶᠠᠨ ᠤ ᠬᠡᠪᠴᠢᠶᠡᠨ ᠤ ᠬᠤᠲᠠ ᠬᠦᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ | ᠰᠢᠰᠲ᠋ᠧᠮᠵᠢ ᠶᠢ ᠪᠦᠷᠢᠨᠰᠢᠬᠦᠯᠵᠦ᠂ ᠬᠤᠲᠠ ᠬᠥᠳᠡᠭᠡ ᠶᠢᠨ ᠴᠢᠬᠤᠯᠠ ᠬᠦᠴᠦᠨ ᠵᠦᠢᠯ ᠤᠨ ᠰᠢᠯᠵᠢᠯᠲᠡ ᠶᠢ ᠰᠠᠭᠠᠳ ᠥᠬᠡᠶ | ᠨᠡᠪᠲᠡᠷᠡᠭᠦᠯᠦᠨ᠎ᠡ᠃ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠵᠦ᠂ ᠰᠢᠶᠠᠨ ᠤ ᠬᠤᠲᠠ ᠶᠢᠨ ᠬᠤᠲᠠ ᠪᠠᠯᠭᠠᠰᠤᠵᠢᠯᠲᠠ ᠶᠢᠨ ᠳᠤᠲᠠᠭᠤᠳᠠᠯ ᠢ ᠨᠥᠬᠦᠪᠥᠷᠢᠯᠡᠵᠦ | ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠵᠤ᠂ ᠲᠥᠪ ᠪᠠᠯᠭᠠᠰᠤᠨ ᠤ ᠬᠤᠲᠠ ᠶᠢᠨ ᠶᠠᠪᠤᠳᠠᠯ᠂ | ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠤ ᠲᠠᠷᠢᠶᠠᠴᠢᠨ | ᠬᠦᠴᠦ ᠶᠠᠪᠤᠭᠰᠠᠳ ᠢ ᠬᠤᠲᠠ ᠶᠢᠨ ᠠᠷᠠᠳ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠦᠨᠳᠦᠰᠦᠨ ᠣᠯᠠᠨ | ᠨᠡᠶᠢᠲᠡ ᠶᠢᠨ ᠦᠢᠯᠡᠴᠢᠯᠡᠭᠡ ᠶᠢ ᠪᠠᠶᠢᠩᠭᠤ ᠰᠠᠭᠤᠭ᠎ᠠ ᠬᠦᠮᠦᠨ ᠠᠮᠠ ᠲᠠᠢ ᠬᠤᠯᠪᠣᠭᠳᠠᠭᠤᠯᠬᠤ᠂ ᠪᠠᠶᠢᠩᠭᠤ ᠰᠠᠭᠤᠭ᠎ᠠ ᠬᠦᠮᠦᠨ | ᠠᠮᠠ ᠠᠴᠠ ᠬᠠᠩᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠥᠯᠥᠰᠥᠨ ᠠᠵᠢᠯᠴᠢᠨ ᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ᠰᠢᠶᠠᠨ ᠰᠢᠶᠠᠩ ᠲᠣᠰᠬᠤᠨ ᠤ ᠣᠯᠠᠨ ᠨᠡᠶᠢᠲᠡ ᠶᠢᠨ ᠡᠬᠢ | ᠪᠠᠶᠠᠯᠢᠭ ᠢ ᠱᠠᠲᠤ ᠳᠠᠷᠠᠭᠠᠯᠠᠨ ᠲᠣᠬᠢᠷᠠᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ᠂ ᠨᠢᠭᠲᠠ | ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ᠂ ᠨᠠᠰᠤᠵᠢᠯ ᠤᠨ ᠦᠶ᠋ᠯᠡᠴᠢᠯᠡᠭᠡᠨ ᠤ ᠬᠤᠯᠪᠣᠭᠠᠲᠤ | ᠴᠣᠭᠴᠠ ᠶᠢ ᠬᠥᠭᠵᠢᠭᠦᠯᠦᠨ᠂ ᠰᠢᠶᠠᠨ ᠤ ᠬᠡᠪᠴᠢᠶᠡᠨ ᠳᠠᠬᠢ ᠴᠠᠬᠢᠯᠭᠠᠨ ᠬᠠᠩᠭᠠᠬᠤ᠂ ᠰᠢᠲᠠᠮᠠᠬᠠᠶ ᠬᠡᠶ ᠬᠠᠩᠭᠠᠬᠤ᠂ | ᠴᠠᠬᠢᠯᠭᠠᠨ ᠬᠤᠯᠪᠣᠭ᠎ᠠ᠂ ᠰᠢᠤᠳᠠᠨ ᠵᠡᠷᠭᠡ ᠨᠡᠶᠢᠳᠡᠮ ᠦᠶ᠋ᠯᠡᠴᠢᠯᠡᠭᠡᠨ ᠤ ᠲᠥᠷᠥᠯ ᠤᠨ ᠪᠡᠯᠡᠳᠬᠡᠮᠵᠢ ᠶᠢ ᠬᠤᠲᠠ ᠬᠥᠳᠡᠭᠡ ᠶᠢ | ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠠᠬᠢᠭᠤᠯᠵᠤ᠂ ᠨᠥᠬᠦᠴᠡᠯ ᠲᠠᠢ ᠭᠠᠵᠠᠷ | ᠣᠷᠣᠨ ᠨᠢ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ᠂ ᠬᠥᠳᠡᠭᠡ ᠲᠣᠰᠬᠤᠨ ᠤ ᠪᠢᠴᠢᠯ ᠬᠤᠭᠤᠯᠠᠶ ᠶᠢᠨ ᠲᠣᠤᠷ | ᠵᠡᠷᠭᠡ ᠡᠷᠦᠬᠡ ᠳᠠᠰᠢ ᠤᠷᠲᠤᠳᠬᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ | ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ | ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ︽ᠲᠠᠷᠢᠶᠠᠯᠠᠩ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ ᠴᠢᠩᠭ᠎ᠠ ᠠᠳᠬᠤᠵᠤ ᠰᠠᠶᠢᠲᠤᠷ ᠠᠳᠬᠤᠵᠤ᠂ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ | ᠺᠠᠳ᠋ᠷᠴᠤᠳ ᠣᠯᠠᠨ ᠲᠦᠮᠡᠨᠴᠢ ᠦᠵᠡᠯᠲᠡ ᠶᠢ ᠪᠠᠲᠤ ᠪᠣᠶ ᠪᠣᠯᠭᠠᠵᠤ᠂ ᠣᠯᠠᠨ ᠲᠦᠮᠡᠨᠴᠢ ᠱᠤᠭᠤᠮ ᠢ ᠲᠤᠤᠱᠯᠠᠭᠤᠯᠤᠨ᠂ | ᠦᠨᠳᠦᠰᠦᠨ ᠱᠠᠲᠤᠨ ᠳᠤ ᠢᠯᠡᠭᠦᠬᠡᠨ ᠬᠦᠷᠴᠦ᠂ ᠣᠯᠠᠨ ᠲᠦᠮᠡᠨ ᠲᠠᠢ ᠢᠯᠡᠭᠦᠬᠡᠨ ᠣᠶᠢᠷᠠᠲᠤᠭᠤᠯᠵᠤ᠂ ᠪᠠᠶᠢᠴᠠᠭᠠᠨ | ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠬᠤ ᠬᠡᠷᠡᠭᠲᠡᠶ᠃ ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ᠂ ᠲᠠᠷᠢᠶᠠᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠬᠡᠷᠡᠭᠲᠡᠢ᠃ ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ | ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠳᠤᠮᠳᠠᠬᠢ ᠬᠤᠶᠠᠷ ᠬᠦᠴᠢᠷ᠂ ᠤᠯᠠᠨ ᠬᠦᠴᠢᠷ ᠠᠰᠠᠭᠤᠳᠠᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠠᠵᠢᠯ ᠤᠨ ᠴᠠᠭ ᠪᠠ ᠦᠷ᠎ᠡ ᠪᠦᠲᠦᠮᠵᠢ ᠶᠢ ᠰᠠᠶᠢᠲᠤᠷ | ᠡᠵᠡᠮᠳᠡᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠡᠯ᠎ᠡ ᠲᠥᠷᠥᠯ ᠤᠨ ᠬᠡᠯᠪᠡᠷᠢᠴᠢ | ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠦᠨᠡᠯᠡᠨ ᠵᠢᠱᠢᠵᠦ | ᠬᠦᠷᠭᠡᠨ ᠪᠠᠶᠢᠴᠠᠭᠠᠬᠤ ᠶᠢ ᠤᠭᠲᠤᠬᠤ᠂ ᠬᠦᠰᠦᠨᠦᠭ ᠲᠠᠭᠯᠠᠨ ᠲᠤᠭ᠎ᠠ ᠮᠡᠳᠡᠭᠦᠯᠬᠦ᠂ ᠬᠡᠳᠦ ᠦᠯᠡᠳᠡᠭᠡᠬᠦ ᠵᠡᠷᠭᠡ ᠳᠠᠷᠤᠭᠠᠰᠤ ᠶᠢ | ᠦᠨᠡᠨᠬᠦ ᠬᠥᠩᠭᠡᠷᠡᠭᠦᠯᠵᠦ᠂ ᠦᠨᠳᠦᠰᠦᠨ ᠱᠠᠲᠤᠨ ᠤ ᠭᠤᠣᠯ ᠣᠶᠤᠨ ᠴᠢᠳᠠᠯ ᠢᠶᠠᠨ ᠬᠥᠭᠵᠢᠯᠲᠡ ᠶᠢ ᠡᠷᠢᠯᠬᠢᠯᠡᠬᠦ᠂ | ᠵᠠᠰᠠᠯᠲᠠ ᠶᠢ ᠠᠳᠬᠤᠬᠤ ᠪᠠ ᠲᠠᠷᠢᠶᠠᠴᠢᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ ᠶᠢ ᠠᠬᠢᠭᠤᠯᠬᠤ ᠳᠡᠭᠡᠷ᠎ᠡ | ᠲᠠᠯᠪᠢᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠪᠤᠨ ᠱᠠᠲᠤᠨ ᠤ ᠱᠦᠵᠢ ᠶᠢᠨ ᠠᠳᠬᠤᠬᠤ ᠶᠢ ᠪᠠᠷᠢᠮᠲᠠᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠣᠳᠠᠲᠤ ᠠᠮᠵᠢᠯᠲᠠ ᠶᠢ ᠬᠢᠨᠠᠨ | ᠰᠢᠯᠭᠠᠬᠤ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠳᠠᠯ ᠢ ᠬᠤᠳᠠ | ᠰᠢᠶᠠᠨ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ | ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠬᠤ | ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠶᠢ | ᠴᠢᠩᠭᠠᠳᠬᠠᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ | ᠲᠦᠯᠦᠪᠵᠢᠭᠦᠯᠭᠡ ᠶᠢ ᠲᠣᠭᠲᠠᠭᠠᠵᠤ᠂ ᠪᠦᠬᠦᠯᠢ ᠴᠣᠭᠴᠠ ᠶᠢᠨ ᠳᠦᠰᠦᠪᠯᠡᠯ ᠪᠠ ᠰᠢᠰᠲ᠋ᠧᠮ ᠤᠨ ᠳᠤᠬᠢᠷᠠᠭᠤᠯᠤᠯᠳᠠ ᠶᠢ | ᠰᠠᠶᠢᠲᠤᠷ ᠬᠢᠵᠦ᠂ ᠤᠳᠤ ᠶᠢᠨ ᠲᠥᠯᠥᠪᠵᠢᠭᠦᠯᠭᠡ ᠲᠠᠢ ᠵᠣᠯᠭᠠᠭᠤᠯᠵᠤ᠂ ᠱᠠᠳᠤ ᠦᠶ᠎ᠡ ᠬᠤᠪᠢᠶᠠᠨ ᠯᠠᠪᠳᠠᠭᠤᠨ ᠪᠠᠲᠤᠲᠠᠢ | ᠲᠣᠭᠲᠠᠭᠤᠨ ᠢᠶᠠᠷ ᠠᠬᠢᠭᠤᠯᠤᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ | ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢᠷᠭᠠᠭᠤ ᠬᠠᠲᠠᠭᠤᠵᠢᠯᠲᠠᠢ | ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ | ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠨ᠋ᠬᠢᠮ ᠲᠦᠷᠦ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠨ᠋ᠬᠢᠮ ᠤᠨ ᠲᠠᠷᠤᠮᠠᠯᠯᠠᠨ ᠲᠠᠷᠬᠠᠭᠠᠪᠠ | ᠰᠢᠠᠬᠤᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 15 ᠤ ᠡᠳᠦᠷ ᠤᠨ ᠴᠠᠭᠢᠯᠭᠠᠨ ᠮᠡᠳᠡᠭᠡ ᠳᠣᠮᠲᠠᠲᠤ | ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠠᠯᠪᠠ ᠲᠢᠩᠭᠢᠮ ᠪᠤᠯᠣᠠ ᠳᠦᠷᠤ ᠶᠢᠨ ᠶᠠᠪᠤᠲᠠᠯ ᠤᠨ ᠬᠤᠷᠢᠶᠠᠨ ᠤ | ᠠᠯᠪᠠ ᠲᠢᠩᠭᠢᠮ ᠣᠷᠴᠢᠮᠬᠠᠨ ᠮ᠊ ᠡᠳ ᠤᠨ ᠵᠠᠰᠠᠭ ᠤᠨ ᠬᠢᠨᠠᠯᠲᠠ ᠲᠠᠯᠪᠢᠬᠤ ᠠᠵᠢᠯ ᠢ ᠣᠯᠠᠮ ᠨᠢᠭᠡ ᠠᠯᠬᠤᠮ ᠴᠢᠩᠬᠠᠣᠠᠬᠠᠬᠤ | ᠳᠣᠬᠠᠢ ᠰᠠᠨᠠᠯ ᠮ᠊ ᠢ ᠲᠠᠷᠣᠮᠠᠯᠯᠠᠨ ᠲᠠᠷᠬᠠᠭᠠᠬᠤ ᠶᠢᠨ ᠬᠠᠮᠲᠤ ᠮᠠᠲᠠᠭᠲᠠᠯ ᠭᠠᠷᠭᠠᠵᠤ᠂ ᠡᠯ᠎ᠠ ᠭᠠᠵᠠᠷ ᠣᠷᠣᠠ ᠪᠤᠯᠣᠠ ᠡᠯ᠎ᠠ | ᠰᠠᠯᠠᠭ᠎ᠠ ᠮᠦᠴᠢᠷ ᠣᠣᠠ ᠪᠤᠲᠠᠲᠤ ᠪᠠᠶᠢᠲᠠᠯ ᠲᠠᠢ ᠪᠠ ᠣᠶᠠᠯᠲᠣᠭᠤᠯᠣᠠ ᠬᠢᠨᠠᠮᠠᠭᠠᠢ ᠰᠠᠶᠢᠲᠣᠷ ᠳᠣᠣᠱᠯᠠᠭᠤᠯᠣᠠ | ᠨᠠᠶᠢᠲᠠᠪᠤᠷᠢᠵᠢᠭᠤᠯᠬᠤ ᠬᠡᠷᠠᠭᠲᠠᠢ ᠬᠡᠵᠤ ᠱᠠᠭᠠᠷᠲᠠᠵᠠᠢ᠃ | ︽ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ | ᠤᠨ ᠪᠦᠬᠦ ᠠᠭᠤᠯᠭ᠎ᠠ ᠳᠣᠤᠷᠠᠬᠢ ᠮᠡᠲᠦ᠃ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠶᠠᠪᠤᠳᠠᠯ ᠪᠣᠯ ᠲᠥᠷᠥ ᠶᠢᠨ ᠪᠠᠢᠭᠤᠯᠭ᠎ᠠ᠂ ᠠᠵᠤ ᠠᠬᠤᠢᠯᠠᠯ ᠠᠵᠢᠯ | ᠦᠢᠯᠡᠰ ᠤᠨ ᠨᠢᠭᠡᠴᠢ᠂ ᠪᠤᠰᠤᠳ ᠵᠣᠬᠢᠶᠠᠨ ᠪᠠᠢᠭᠤᠯᠤᠯᠲᠠ ᠪᠠ ᠬᠤᠪᠢ ᠬᠥᠮᠥᠨ ᠤ ᠡᠳ᠋ ᠤᠨ ᠵᠠᠰᠠᠭ᠂ ᠡᠳ᠋ ᠤᠨ ᠶᠠᠪᠤᠳᠠᠯ᠂ | ᠨᠢᠭᠲᠠᠯᠠᠨ ᠪᠣᠳᠣᠬᠤ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠬᠢᠨᠠᠯᠲᠠ ᠲᠠᠯᠪᠢᠨ᠎ᠠ᠃ ᠤᠢᠢᠷ᠎ᠠ ᠶᠢᠨ ᠵᠢᠯ ᠠᠴᠠ | ᠨᠠᠭᠠᠰᠢ᠂ ᠡᠳ᠋ ᠤᠨ ᠵᠠᠰᠠᠭ ᠤᠨ ᠨᠡᠶᠢᠭᠡᠮᠯᠢᠭ ᠲᠤ ᠬᠢᠨᠠᠯᠲᠠ ᠲᠠᠯᠪᠢᠬᠤ ᠨᠢ ᠨᠠᠮ ᠪᠣᠯᠤᠨ ᠤᠯᠤᠰ ᠤᠨ ᠬᠢᠨᠠᠯᠲᠠ ᠲᠠᠯᠪᠢᠬᠤ | ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠠᠬᠢᠭᠤᠯᠬᠤ᠂ ᠲᠥᠪ ᠤᠨ ᠵᠠᠰᠠᠭ ᠤᠨ ᠵᠠᠷᠯᠢᠭ ᠢ ᠰᠠᠭᠠᠳ ᠦᠭᠡᠢ ᠪᠠᠶᠢᠯᠭᠠᠬᠤ ᠶᠢ ᠬᠠᠮᠠᠭᠠᠯᠠᠬᠤ᠂ ᠡᠳ᠋ ᠤᠨ ᠵᠠᠰᠠᠭ ᠠᠵᠤ | ᠠᠬᠤᠢ ᠶᠢᠨ ᠡᠮᠬᠢ ᠳᠢᠭᠯᠢᠮ ᠢ ᠵᠢᠷᠤᠮᠵᠢᠭᠤᠯᠬᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠡᠷᠭᠡ | ᠲᠠᠯ᠎ᠠ ᠪᠠᠷ ᠴᠢᠬᠤᠯᠠ ᠦᠢᠯᠡᠳᠦᠯ ᠦᠵᠡᠭᠦᠯᠦᠭᠰᠡᠨ ᠤ ᠬᠠᠮᠲᠤ ᠪᠠᠰᠠ ᠬᠢᠨᠠᠯᠲᠠ ᠲᠠᠯᠪᠢᠬᠤ ᠰᠢᠰᠲ᠋ᠧᠮ ᠢ ᠬᠠᠷᠠᠬᠠᠨ | ᠲᠡᠭᠦᠯᠳᠡᠷᠵᠢᠭᠦᠯᠬᠦ᠂ ᠠᠵᠢᠯ ᠤᠨ ᠲᠣᠭᠲᠠᠴᠠ ᠶᠢ ᠰᠢᠯᠤᠭᠤᠳᠬᠠᠬᠤ ᠴᠢᠬᠤᠯᠠᠲᠠᠢ ᠪᠠᠶᠢᠬᠤ᠂ ᠬᠠᠤᠯᠢᠵᠢᠯ ᠤᠨ | ᠪᠠᠶᠢᠭᠤᠯᠤᠯᠲᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠬᠤ᠂ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠬᠦ | ᠴᠢᠬᠤᠯᠠᠲᠠᠢ ᠪᠠᠶᠢᠬᠤ᠂ ᠵᠠᠷᠢᠮ ᠬᠦᠷᠢᠶᠡᠨ ᠳᠠᠬᠢ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠡᠭᠴᠡᠯᠡᠨ | ᠵᠠᠰᠠᠬᠤ ᠴᠢᠬᠤᠯᠠᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ | ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠬᠦ ᠪᠠᠷ ᠡᠭᠦᠰᠦᠯᠲᠡ ᠪᠣᠯᠭᠠᠵᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠢᠨᠵᠢ ᠴᠢᠨᠠᠷ ᠢ ᠲᠤᠪᠤᠶᠢᠯᠭᠠᠵᠦ᠂ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠪᠠ ᠪᠤᠰᠤᠳ ᠡᠯ᠎ᠡ ᠲᠦᠷᠦᠯ ᠤᠨ ᠬᠢᠨᠠᠯᠲᠠ ᠲᠠᠯᠪᠢᠬᠤ ᠶᠢ ᠨᠡᠪᠲᠡᠷᠡᠯᠴᠡᠨ | ᠵᠣᠬᠢᠴᠠᠭᠤᠯᠬᠤ ᠶᠢ ᠠᠬᠢᠭᠤᠯᠵᠤ᠂ ᠨᠠᠮ ᠤᠨ ᠨᠢᠭᠡᠳᠦᠯᠲᠡᠢ ᠤᠳᠤᠷᠢᠳᠤᠭᠰᠠᠨ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ | ᠰᠦᠷᠲᠦ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠠᠵᠢᠯ ᠤᠨ ᠱᠠᠭᠠᠷᠳᠠᠯᠭ᠎ᠠ | == ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠤᠯᠤᠰ ᠲᠥᠷᠥ ᠶᠢᠨ ᠳᠠᠪᠠᠭᠤᠯᠢᠭ ᠢᠶᠠᠨ ᠪᠠᠳᠠᠷᠠᠭᠤᠯᠤᠶ᠎ᠠ᠃ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠡᠳ᠋ ᠤᠨ ᠵᠠᠰᠠᠭ ᠨᠢᠭᠲᠠᠯᠠᠨ ᠪᠤᠳᠤᠬᠤ | ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | == ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠲᠠᠯᠠᠵᠤ ᠬᠠᠤᠯᠢ ᠪᠠᠷ ᠵᠠᠰᠠᠬᠤ ᠰᠡᠳᠭᠢᠬᠦᠢ ᠶᠢ ᠴᠢᠩᠭᠠᠳᠭᠠᠶᠠ᠃ | ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠠᠵᠤ ᠠᠬᠤᠢ ᠶᠢᠨ | ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠲᠦᠷᠢᠮ ᠢ ᠪᠦᠷᠢᠨᠰᠢᠬᠦᠯᠵᠤ᠂ | ᠬᠠᠤᠯᠢᠵᠢᠯ ᠤᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠠᠤᠯᠢ ᠲᠣᠭᠲᠠᠭᠠᠯ ᠶᠣᠰᠣᠭᠠᠷ ᠬᠢᠨᠠᠯᠲᠠ | ᠲᠠᠯᠪᠢᠬᠤ ᠶᠢ ᠥᠷᠨᠢᠭᠦᠯᠵᠦ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | == ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠲᠥᠷᠥᠯ ᠬᠤᠪᠢᠶᠠᠨ ᠣᠨᠣᠪᠴᠢᠲᠠᠢ ᠠᠷᠭ᠎ᠠ | ᠪᠣᠳᠣᠯᠭ᠎ᠠ ᠬᠡᠷᠡᠭᠵᠢᠭᠦᠯᠪᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠣᠯᠠᠨ ᠡᠭᠦᠰᠬᠦ᠂ ᠣᠯᠠᠨ ᠡᠭᠦᠰᠬᠦ᠂ ᠠᠮᠠᠷᠬᠠᠨ | ᠡᠭᠦᠰᠬᠦ ᠠᠰᠠᠭᠤᠳᠠᠯ ᠪᠠ ᠳᠣᠪᠤᠶᠢᠮ᠎ᠠ ᠵᠥᠷᠢᠴᠡᠯ ᠳᠤ ᠴᠢᠭᠯᠡᠭᠦᠯᠦᠨ᠂ ᠲᠥᠷᠥᠯ ᠢᠯᠭᠠᠯ ᠬᠤᠪᠢᠶᠠᠨ᠂ ᠱᠠᠲᠤ ᠦᠶ᠎ᠡ | ᠬᠤᠪᠢᠶᠠᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠬᠡ ᠶᠢᠨ ᠠᠵᠢᠯᠯᠠᠭᠠᠨ ᠢ | ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | == ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠭᠠᠶᠠ᠃ | ᠨᠢᠭᠡᠲᠦᠯᠲᠡᠢ ᠲᠦᠯᠦᠪᠯᠡᠨ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠳᠡᠭᠡᠲᠦ ᠳᠣᠣᠷᠠᠳᠤ ᠱᠠᠲᠤ ᠬᠠᠮᠲᠤᠷᠠᠨ | ᠬᠦᠳᠡᠯᠦᠯᠴᠡᠬᠦ ᠱᠠᠭᠠᠷᠳᠠᠯᠭ᠎ᠠ ᠶᠣᠰᠤᠭᠠᠷ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ | ᠥᠨᠳᠦᠷ ᠪᠦᠲᠦᠮᠵᠢᠲᠡᠢ ᠠᠪᠴᠠᠯᠳᠤᠭᠰᠠᠨ᠂ ᠠᠵᠢᠯᠯᠠᠭᠠᠨ ᠨᠢ ᠡᠮᠬᠢ ᠵᠢᠷᠤᠮ ᠲᠠᠢ ᠪᠠᠶᠢᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠪᠣᠰᠤᠳ ᠡᠯ᠎ᠡ ᠲᠥᠷᠥᠯ ᠤᠨ ᠬᠢᠨᠠᠯᠲᠠ ᠲᠠᠯᠪᠢᠯᠲᠠ ᠯᠤᠭ᠎ᠠ ᠤᠷᠭᠠᠨᠢᠭ ᠢᠶᠠᠷ ᠨᠡᠪᠲᠡᠷᠡᠵᠦ᠂ ᠬᠠᠷᠢᠯᠴᠠᠨ | ᠵᠣᠬᠢᠴᠠᠯᠳᠤᠵᠤ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠲᠠᠢ᠂ ᠪᠣᠰᠤᠭ᠎ᠠ ᠴᠣᠭᠴᠠᠲᠤ ᠪᠦᠬᠦᠢ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠣᠢ ᠪᠣᠯᠭᠠᠨ᠎ᠠ᠃ | ︵ᠭᠤᠷᠪᠠ︶ ᠭᠤᠣᠯ ᠬᠠᠷᠠᠯᠲᠠ᠃ 2025 ᠣᠨ ᠪᠣᠯᠬᠤ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠭᠤᠣᠯᠯᠠᠨ ᠬᠢᠨᠠᠯᠲᠠ ᠲᠠᠯᠪᠢᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠷᠢᠭᠤᠴᠠᠯᠭ᠎ᠠ ᠶᠣᠰᠣᠭᠠᠷ ᠬᠢᠨᠠᠯᠲᠠ | ᠲᠠᠯᠪᠢᠬᠤ᠂ ᠡᠯ᠎ᠡ ᠨᠢᠭᠡᠴᠢ ᠶᠢᠨ ᠳᠣᠲᠣᠭᠠᠳᠤ ᠶᠢᠨ ᠬᠢᠨᠠᠯᠲᠠ ᠲᠠᠯᠪᠢᠬᠤ᠂ ᠬᠤᠯᠪᠣᠭᠳᠠᠯ ᠪᠦᠬᠦᠢ ᠵᠠᠭᠤᠴᠢ ᠪᠠᠶᠢᠭᠤᠯᠤᠮᠵᠢ ᠶᠢᠨ | ᠠᠵᠢᠯ ᠡᠷᠬᠢᠯᠡᠬᠦ ᠳᠤ ᠬᠢᠨᠠᠯᠲᠠ ᠲᠠᠯᠪᠢᠬᠤ᠂ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠵᠤ ᠬᠢᠨᠠᠯᠲᠠ | ᠲᠠᠯᠪᠢᠬᠤ ᠡᠳ᠋ ᠤᠨ ᠶᠠᠪᠤᠳᠠᠯ ᠤᠨ ᠨᠡᠶᠢᠭᠡᠮᠯᠢᠭ ᠤᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ︔ ᠡᠯ᠎ᠡ ᠲᠥᠷᠥᠯ ᠤᠨ | ᠬᠢᠨᠠᠯᠲᠠ ᠲᠠᠯᠪᠢᠬᠤ ᠭᠤᠣᠯ ᠴᠣᠭᠴᠠ ᠶᠢᠨ ᠬᠥᠨᠳᠡᠯᠡᠨ ᠢᠶᠠᠷ ᠬᠠᠮᠵᠢᠯᠴᠠᠬᠤ᠂ ᠲᠥᠪ ᠪᠠ ᠣᠷᠣᠨ ᠨᠤᠲᠤᠭ ᠤᠨ ᠭᠤᠯᠳᠤ ᠪᠠᠷ | ᠬᠤᠯᠪᠣᠭᠠᠯᠠᠨ ᠬᠥᠳᠡᠯᠦᠯᠴᠡᠬᠦ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠢᠭᠡᠳ ᠪᠤᠰᠤᠳ ᠡᠯ᠎ᠡ ᠲᠥᠷᠥᠯ ᠤᠨ ᠬᠢᠨᠠᠯᠲᠠ | ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠠᠵᠢᠯ ᠤᠨ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠤᠨ᠎ᠠ︔ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠬᠠᠤᠯᠢ ᠴᠠᠭᠠᠵᠠ ᠶᠢᠨ ᠳᠦᠷᠢᠮ ᠢ ᠨᠡᠩ ᠪᠦᠷᠢᠨᠰᠢᠬᠦᠯᠦᠨ᠂ ᠮᠡᠳᠡᠭᠡ ᠵᠠᠩᠭᠢᠵᠢᠯᠲᠠ ᠶᠢᠨ | ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠡᠩᠨᠡᠭᠡ ᠶᠢᠨ ᠬᠡᠪ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠡᠳ᠋ ᠤᠨ ᠵᠠᠰᠠᠭ ᠠᠵᠤ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠨᠢᠭᠲᠠᠯᠠᠨ ᠪᠤᠳᠤᠬᠤ ᠮᠡᠳᠡᠭᠡ | ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠣᠯᠣᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠪᠠᠲᠤᠯᠠᠭ᠎ᠠ ᠶᠢᠨ ᠦᠢᠯᠡᠳᠦᠯ | ᠪᠠᠳᠠᠷᠠᠭᠤᠯᠤᠨ᠎ᠠ᠃ | ᠬᠤᠶᠠᠷ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠬᠦ | ᠬᠡᠷᠡᠭᠲᠡᠢ | ︵ᠳᠥᠷᠪᠡ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠲᠤᠬᠠᠢ ᠨᠠᠮ ᠤᠨ ᠤᠳᠤᠷᠢᠳᠤᠯᠭ᠎ᠠ ᠶᠢ | ᠴᠢᠩᠬᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠠᠵᠢᠯ ᠤᠨ | ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠪᠦᠲᠦᠮᠵᠢᠲᠡᠢ | ᠥᠷᠨᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠬᠡᠵᠡᠢ᠃ ᠡᠯ᠎ᠡ ᠱᠠᠲᠤᠨ ᠤ ᠵᠠᠰᠠᠭ ᠤᠨ | ᠣᠷᠳᠣᠨ ᠨᠤᠭᠤᠳ ᠡᠳ᠋ ᠤᠨ ᠶᠠᠪᠤᠳᠠᠯ ᠤᠨ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ | ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠲᠣᠭᠲᠠᠴᠠ ᠪᠠᠨ ᠲᠡᠭᠦᠯᠳᠡᠷᠵᠢᠭᠦᠯᠵᠦ᠂ ᠳᠦᠷᠢᠮ ᠢᠶᠠᠨ ᠲᠡᠭᠦᠯᠳᠡᠷᠵᠢᠭᠦᠯᠬᠦ | ᠬᠡᠷᠡᠭᠲᠡᠶ᠂ ᠳᠣᠤᠷᠠᠳᠤ ᠱᠠᠲᠤᠨ ᠤ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠳᠠᠬᠢ ᠰᠢᠮᠳᠠᠭᠤᠯᠤᠯᠲᠠ ᠪᠠ | ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠶ᠃ | ︵ᠲᠠᠪᠤ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠭᠤᠣᠯ ᠬᠠᠷᠢᠭᠤᠴᠠᠯᠭ᠎ᠠ ᠶᠢ ᠬᠠᠤᠯᠢ ᠶᠣᠰᠣᠭᠠᠷ | ᠭᠦᠢᠴᠡᠳ᠋ᠬᠡᠨᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠲᠤᠰ ᠱᠠᠲᠤᠨ ᠤ ᠡᠳ᠋ ᠤᠨ ᠵᠠᠰᠠᠭ ᠤᠨ | ᠬᠢᠨᠠᠯᠲᠠ ᠲᠠᠯᠪᠢᠯᠲᠠ ᠶᠢᠨ ᠭᠤᠤᠯ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠬᠤᠷ ᠡᠳ᠋ ᠤᠨ ᠵᠠᠰᠠᠭ᠂ ᠡᠳ᠋ ᠤᠨ ᠶᠠᠪᠤᠳᠠᠯ᠂ | ᠨᠢᠭᠲᠠᠯᠠᠨ ᠪᠣᠳᠣᠯᠲᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠦᠷᠢᠮ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠲᠦᠷᠦᠭᠦᠯᠡᠨ ᠵᠣᠬᠢᠶᠠᠨ ᠪᠠᠶᠢᠭᠤᠯᠬᠤ ᠬᠡᠷᠡᠭᠲᠡᠶ᠃ | ᠲᠥᠰᠦᠪ ᠤᠨ ᠬᠠᠮᠢᠶᠠᠷᠤᠯᠲᠠ ᠬᠢᠨᠠᠯᠲᠠ ᠲᠠᠯᠪᠢᠯᠲᠠ ᠶᠢ ᠴᠢᠩᠭᠠᠳᠬᠠᠨ᠂ ᠶᠡᠷᠦᠩᠬᠡᠶᠢᠯᠡᠨ ᠨᠢᠭᠡᠳᠦᠯᠲᠡᠶ ᠲᠥᠯᠥᠪᠯᠡᠬᠦ᠂ | ᠵᠢᠷᠤᠮᠵᠢᠯ ᠲᠠᠢ ᠪᠥᠭᠡᠳ ᠢᠯᠡ ᠲᠣᠳᠣ᠂ ᠬᠢᠵᠠᠭᠠᠷᠯᠠᠯ ᠢᠶᠠᠷ ᠡᠷᠴᠢᠮᠲᠡᠶ᠂ ᠠᠮᠵᠢᠯᠲᠠ ᠪᠦᠲᠦᠮᠵᠢ ᠶᠢ ᠡᠷᠬᠢᠮᠯᠡᠬᠦ᠂ | ᠦᠷᠭᠦᠯᠵᠢᠯᠡᠨ ᠠᠮᠤᠷ ᠲᠦᠪᠰᠢᠨ ᠪᠠᠶᠢᠯᠭᠠᠬᠤ ᠣᠳᠣ ᠦ᠊ ᠡᠶ᠎ᠡ ᠶᠢᠨ ᠲᠥᠰᠦᠪ ᠤᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ | ᠲᠠᠯ᠎ᠠ ᠪᠠᠷ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠡᠳ᠋ ᠤᠨ ᠶᠠᠪᠤᠳᠠᠯ ᠤᠨ ᠬᠠᠮᠢᠶᠠᠷᠤᠯᠲᠠ᠂ | ᠳᠣᠲᠣᠭᠠᠳᠤ ᠶᠢᠨ ᠡᠵᠡᠮᠳᠡᠯ ᠳᠠᠬᠢ ᠬᠢᠨᠠᠯᠲᠠ ᠲᠠᠯᠪᠢᠯᠲᠠ ᠪᠠᠨ ᠴᠢᠩᠭᠠᠳᠬᠠᠵᠤ᠂ ᠬᠤᠯᠪᠤᠭᠳᠠᠯ ᠪᠦᠬᠦᠢ ᠨᠢᠭᠡᠴᠡ ᠶᠢ | ᠰᠢᠮᠳᠠᠭᠤᠯᠤᠨ ᠵᠢᠯᠣᠭᠤᠳᠴᠤ ᠪᠠᠶᠢᠭᠠᠳ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠨᠢ ᠵᠢᠷᠤᠮᠵᠢᠭᠤᠯᠵᠤ᠂ ᠳᠣᠲᠣᠭᠠᠳᠤ ᠶᠢᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠶ᠃ ᠨᠢᠭᠲᠠᠯᠠᠨ ᠪᠣᠳᠣᠬᠤ ᠦᠢᠯᠡ ᠠᠵᠢᠯᠯᠠᠭ᠎ᠠ ᠳᠤ | ᠬᠢᠨᠠᠯᠲᠠ ᠲᠠᠯᠪᠢᠬᠤ ᠪᠠᠨ ᠴᠢᠨ᠋ᠬᠠᠳᠭᠠᠵᠤ᠂ ᠨᠢᠭᠲᠠᠯᠠᠨ ᠪᠣᠳᠣᠬᠤ ᠮᠡᠳᠡᠭᠡ ᠵᠠᠨ᠋ᠭᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ᠂ ᠡᠳ᠋ ᠬᠥᠷᠥᠩᠭᠡ ᠶᠢ ᠦᠨᠡᠯᠡᠨ ᠵᠢᠱᠢᠬᠦ ᠪᠠ ᠣᠷᠣᠯᠠᠨ ᠳᠠᠩᠰᠠ ᠲᠡᠮᠳᠡᠭᠯᠡᠬᠦ | ᠠᠵᠢᠯ ᠲᠥᠷᠥᠯ ᠤᠨ ᠬᠢᠨ ᠤ ᠠᠵᠢᠯ ᠡᠷᠬᠢᠯᠡᠬᠦ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠵᠢᠯ | ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠵᠢᠷᠭᠤᠭ᠎ᠠ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠰᠠᠯᠠᠭ᠎ᠠ ᠮᠥᠴᠢᠷ ᠤᠨ | ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠲᠣᠭᠲᠠᠭᠠᠯ ᠶᠣᠰᠣᠭᠠᠷ ᠭᠤᠤᠯᠴᠢᠯᠠᠨ | ᠬᠠᠮᠢᠶᠠᠷᠬᠤ᠂ ᠬᠢᠨᠠᠨ ᠬᠠᠮᠢᠶᠠᠷᠬᠤ ᠠᠵᠢᠯ ᠲᠥᠷᠥᠯ ᠤᠨ ᠰᠢᠰᠲ᠋ᠧᠮ ᠪᠣᠯᠤᠨ ᠨᠢᠭᠡᠴᠡ ᠶᠢᠨ ᠡᠳ᠋ ᠤᠨ ᠶᠠᠪᠤᠳᠠᠯ ᠤᠨ ᠬᠢᠨᠠᠯᠲᠠ | ᠲᠠᠯᠪᠢᠬᠤ ᠠᠵᠢᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠬᠤ ᠬᠡᠷᠡᠭᠲᠡᠶ᠃ ᠬᠠᠷᠢᠶ᠎ᠠ ᠨᠢᠭᠡᠴᠡ ᠶᠢᠨ ᠢᠶᠠᠨ | ᠲᠥᠰᠥᠪ ᠢ ᠬᠡᠷᠡᠭᠵᠢᠭᠦᠯᠬᠦ ᠳᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠲᠥᠰᠥᠪ ᠤᠨ ᠬᠢᠵᠠᠭᠠᠷᠯᠠᠯ ᠢ ᠴᠢᠩᠭᠠᠷᠠᠭᠤᠯᠤᠨ᠎ᠠ᠃ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ᠂ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ | ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠰᠢᠰᠲ᠋ᠧᠮᠴᠢᠯᠡᠭᠰᠡᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠨᠢᠭᠡᠴᠡ ᠶᠢᠨ ᠡᠳ᠋ ᠤᠨ ᠶᠠᠪᠤᠳᠠᠯ ᠤᠨ ᠠᠵᠢᠯᠯᠠᠭ᠎ᠠ ᠶᠢ | ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢ | ᠴᠢᠩᠳᠠᠯᠠᠨ᠎ᠠ᠃ ᠨᠢᠭᠲᠠᠯᠠᠨ ᠪᠣᠳᠣᠬᠤ ᠬᠠᠤᠯᠢ ᠠᠴᠠ ᠣᠯᠭᠤᠭᠰᠠᠨ ᠡᠷᠬᠡ ᠲᠤᠰᠢᠶᠠᠯ ᠶᠣᠰᠣᠭᠠᠷ ᠬᠤᠯᠪᠣᠭᠳᠠᠯ ᠪᠥᠬᠦᠶ | ᠨᠢᠭᠡᠴᠡ ᠶᠢᠨ ᠨᠢᠭᠲᠠᠯᠠᠨ ᠪᠣᠳᠣᠭᠰᠠᠨ ᠮᠠᠲ᠋ᠧᠷᠢᠶᠠᠯ ᠳᠤ ᠬᠢᠨᠠᠯᠲᠠ ᠲᠠᠯᠪᠢᠬᠤ ᠪᠠ ᠨᠢᠭᠲᠠᠯᠠᠨ ᠪᠣᠳᠣᠬᠤ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠢ | ︵ᠳᠣᠯᠤᠭ᠎ᠠ︶ ᠨᠢᠭᠡᠴᠡ ᠶᠢᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠲᠡᠶ᠃ ᠡᠯ᠎ᠡ ᠨᠢᠭᠡᠴᠡ ᠨᠦᠭᠦᠳ ᠲᠤᠰ ᠨᠢᠭᠡᠴᠡ ᠶᠢᠨ ᠢᠶᠠᠨ ᠠᠵᠤ ᠠᠬᠤᠶ ᠶᠢᠨ ᠲᠤᠬᠠᠶᠢᠯᠠᠭᠰᠠᠨ ᠠᠵᠢᠯ᠂ ᠡᠳ᠋ ᠤᠨ | ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠣᠳᠣᠬᠤ ᠦᠢᠯᠡ ᠠᠵᠢᠯᠯᠠᠭ᠎ᠠ ᠳᠤ ᠡᠳᠦᠷ ᠲᠤᠲᠤᠮ ᠤᠨ ᠬᠢᠨᠠᠯᠲᠠ ᠲᠠᠯᠪᠢᠬᠤ ᠪᠠᠨ | ᠴᠢᠩᠭᠠᠳᠬᠠᠬᠤ ᠬᠡᠷᠡᠭᠲᠡᠶ᠃ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠷᠬᠡ ᠬᠠᠷᠢᠭᠤᠴᠠᠯᠭ᠎ᠠ | ᠲᠣᠳᠣᠷᠬᠠᠢ᠂ ᠬᠢᠵᠠᠭᠠᠷᠯᠠᠯ ᠬᠦᠴᠦᠲᠡᠢ ᠳᠣᠲᠣᠭᠠᠳᠤ ᠶᠢᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠲᠣᠭᠲᠠᠴᠠ ᠪᠣᠯᠣᠨ | ᠳᠣᠲᠣᠭᠠᠳᠤ ᠶᠢᠨ ᠡᠵᠡᠮᠳᠡᠬᠦ ᠰᠢᠰᠲ᠋ᠧᠮ ᠢ ᠪᠠᠶᠢᠭᠤᠯᠵᠤ᠂ ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠ᠂ | ᠬᠡᠪᠴᠢᠶ᠎ᠡ᠂ ᠳᠡᠰ ᠳᠠᠷᠠᠭᠠᠯᠠᠯ᠂ ᠡᠷᠬᠡ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠵᠤ᠂ ᠨᠢᠭᠡᠴᠡ ᠶᠢᠨ ᠳᠣᠲᠣᠭᠠᠳᠤ ᠶᠢᠨ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯ ᠲᠤᠰ ᠨᠢᠭᠡᠴᠡ ᠶᠢᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ | ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠪᠣᠯᠬᠤ ᠪᠥᠭᠡᠳ ᠲᠤᠰ ᠨᠢᠭᠡᠴᠡ ᠶᠢᠨ ᠡᠳ᠋ ᠤᠨ ᠶᠠᠪᠤᠳᠠᠯ ᠤᠨ ᠨᠢᠭᠲᠠᠯᠠᠨ | ᠪᠣᠳᠣᠬᠤ ᠠᠵᠢᠯ ᠪᠠ ᠡᠳ᠋ ᠤᠨ ᠶᠠᠪᠤᠳᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ | ᠬᠠᠷᠢᠭᠤᠴᠠᠬᠤ ᠬᠡᠷᠡᠭᠲᠡᠶ᠃ ᠨᠢᠭᠡᠴᠡ ᠶᠢᠨ ᠳᠣᠲᠣᠭᠠᠳᠤ ᠳᠠᠭᠠᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠡᠭᠦᠷᠭᠡ | ᠬᠠᠷᠢᠭᠤᠴᠠᠯᠭ᠎ᠠ ᠡᠭᠦᠷᠭᠡᠯᠡᠬᠦ ᠪᠠᠶᠢᠭᠤᠯᠤᠮᠵᠢ ᠪᠤᠶᠤ ᠠᠵᠢᠯᠲᠠᠨ ᠢ ᠲᠣᠳᠣᠷᠬᠠᠶᠢᠯᠠᠵᠤ᠂ ᠲᠤᠰ ᠨᠢᠭᠡᠴᠡ ᠶᠢᠨ ᠠᠵᠤ ᠠᠬᠤᠶ ᠶᠢᠨ | ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ ᠤᠨ ᠦᠢᠯᠡ ᠠᠵᠢᠯᠯᠠᠭ᠎ᠠ ᠪᠠ ᠨᠢᠭᠲᠠᠯᠠᠨ ᠪᠣᠳᠣᠬᠤ ᠮᠠᠲ᠋ᠧᠷᠢᠶᠠᠯ ᠤᠨ ᠡᠳᠦᠷ | ᠲᠤᠲᠤᠮ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠬᠤ ᠬᠡᠷᠡᠭᠲᠡᠶ᠃ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ | ᠠᠵᠢᠯᠲᠠᠳ ᠥᠪᠡᠷ ᠤᠨ ᠬᠢᠵᠠᠭᠠᠷᠯᠠᠯ ᠢᠶᠠᠨ ᠴᠢᠩᠬᠠᠳᠬᠠᠵᠤ᠂ ᠠᠵᠢᠯ ᠮᠡᠷᠭᠡᠵᠢᠯ ᠤᠨ ᠶᠣᠰᠤ ᠮᠣᠷᠠᠯ ᠢ ᠵᠢᠷᠤᠮᠯᠠᠨ ᠰᠠᠬᠢᠵᠤ᠂ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠳ᠋ ᠤᠨ ᠶᠠᠪᠤᠳᠠᠯ ᠤᠨ ᠵᠦᠢᠯᠡᠰ ᠢ ᠰᠢᠢᠳᠪᠦᠷᠢᠯᠡᠬᠦ ᠦᠭᠡᠢ ᠪᠤᠶᠤ | ᠡᠷᠬᠡ ᠲᠤᠰᠢᠶᠠᠯ ᠶᠣᠰᠣᠭᠠᠷ ᠵᠠᠯᠠᠷᠠᠭᠤᠯᠬᠤ ᠬᠡᠷᠡᠭᠲᠡᠢ᠂ ᠨᠢᠭᠡᠴᠡ ᠪᠤᠶᠤ ᠬᠤᠪᠢ ᠬᠥᠮᠥᠨ ᠤ ᠬᠠᠤᠯᠢ ᠲᠣᠭᠲᠠᠭᠠᠯ ᠢ | ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠡᠷᠬᠡ ᠲᠠᠢ᠃ | ︵ᠨᠠᠢᠮᠠ︶ ᠵᠠᠭᠤᠴᠢ ᠪᠠᠶᠢᠭᠤᠯᠤᠮᠵᠢ ᠶᠢᠨ ᠠᠵᠢᠯ ᠡᠷᠬᠢᠯᠡᠬᠦ ᠬᠢᠨᠠᠯᠲᠠ ᠲᠠᠯᠪᠢᠯᠲᠠ ᠶᠢᠨ ᠦᠢᠯᠡᠳᠦᠯ ᠢ ᠪᠠᠳᠠᠷᠠᠭᠤᠯᠬᠤ | ᠬᠡᠷᠡᠭᠲᠡᠶ᠃ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ᠂ | ᠭᠠᠶᠢᠯᠢ ᠶᠢᠨ ᠶᠠᠪᠤᠳᠠᠯ ᠤᠨ ᠮᠠᠰᠲ᠋ᠧᠷ ᠤᠨ ᠬᠡᠷᠡᠭ ᠡᠷᠬᠢᠯᠡᠬᠦ ᠭᠠᠵᠠᠷ᠂ ᠣᠷᠣᠯᠠᠨ ᠭᠦᠢᠴᠡᠳᠬᠡᠬᠦ ᠳᠠᠩᠰᠠ ᠲᠡᠮᠳᠡᠭᠯᠡᠬᠦ | ᠪᠠᠶᠢᠭᠤᠯᠤᠮᠵᠢ ᠵᠡᠷᠭᠡ ᠵᠠᠭᠤᠴᠢ ᠪᠠᠶᠢᠭᠤᠯᠤᠮᠵᠢ ᠨᠤᠭᠤᠳ ᠬᠢᠨᠠᠨ ᠪᠣᠳᠣᠵᠤ ᠰᠢᠯᠭᠠᠨ ᠭᠡᠷᠡᠴᠢᠯᠡᠬᠦ᠂ ᠡᠳ᠋ ᠬᠥᠷᠥᠩᠭᠡ ᠶᠢ | ᠦᠨᠡᠯᠡᠨ ᠵᠢᠱᠢᠬᠦ᠂ ᠭᠠᠶᠢᠯᠢ ᠲᠠᠲᠠᠪᠤᠷᠢ ᠶᠢᠨ ᠦᠢᠯᠡᠴᠢᠯᠡᠭᠡ᠂ ᠨᠢᠭᠲᠠᠯᠠᠨ ᠪᠣᠳᠣᠬᠤ ᠦᠢᠯᠡᠴᠢᠯᠡᠭᠡ ᠵᠡᠷᠭᠡ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ ᠪᠡᠶ᠎ᠡ ᠪᠠᠨ ᠳᠠᠭᠠᠭᠠᠭᠰᠠᠨ᠂ ᠪᠤᠰᠤᠳᠴᠢ᠂ ᠲᠥᠪ | ᠭᠤᠤᠯᠴᠢ᠂ ᠵᠢᠷᠤᠮᠵᠢᠯ ᠲᠠᠢ ᠠᠵᠢᠯ ᠡᠷᠬᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠵᠢᠯ ᠡᠷᠬᠢᠯᠡᠬᠦ ᠶᠠᠰᠤ ᠴᠢᠨᠠᠷ ᠢ | ᠡᠵᠡᠮᠳᠡᠬᠦ ᠶᠢ ᠦᠨᠡᠨᠬᠦ ᠴᠢᠩᠭᠠᠳᠬᠠᠵᠤ᠂ ᠳᠣᠲᠣᠭᠠᠳᠤ ᠳᠠᠬᠢ ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠳᠣᠲᠣᠭᠠᠳᠤ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠲᠦᠭᠰᠢᠭᠦᠷᠢ ᠶᠢ ᠲᠥᠷᠥᠯ ᠬᠤᠪᠢᠶᠠᠨ ᠰᠡᠷᠭᠡᠶᠢᠯᠡᠨ | ᠡᠵᠡᠮᠳᠡᠬᠦ ᠶᠢ ᠴᠢᠩᠭᠠᠳᠬᠠᠨ᠂ ᠳᠣᠲᠣᠭᠠᠳᠤ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠠᠭᠠᠭᠠᠨ | ᠠᠪᠬᠤ ᠪᠠ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠠᠵᠢᠯ ᠶᠠᠪᠤᠳᠠᠯ ᠤᠨ ᠳᠤᠮᠳᠠ ᠮᠥᠷᠳᠡᠬᠦ᠂ ᠠᠵᠢᠯ ᠶᠠᠪᠤᠳᠠᠯ ᠤᠨ | ᠳᠠᠷᠠᠭ᠎ᠠ ᠦᠨᠡᠯᠡᠬᠦ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠵᠠᠭᠤᠴᠢ ᠪᠠᠶᠢᠭᠤᠯᠤᠮᠵᠢ ᠶᠢᠨ ᠨᠢᠭᠡ | ᠴᠣᠭᠴᠠᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯᠲᠠᠨ ᠢ | ᠲᠣᠬᠢᠷᠠᠭᠤᠯᠬᠤ᠂ ᠡᠳ᠋ ᠤᠨ ᠶᠠᠪᠤᠳᠠᠯ ᠢ ᠲᠣᠬᠢᠷᠠᠭᠤᠯᠬᠤ᠂ ᠲᠤᠬᠠᠶᠢᠯᠠᠭᠰᠠᠨ ᠠᠵᠢᠯ ᠤᠨ ᠵᠣᠯᠭᠠᠭᠤᠯᠤᠯᠲᠠ᠂ ᠮᠡᠷᠭᠡᠵᠢᠯ ᠤᠨ | ᠪᠠᠷᠢᠮᠵᠢᠶ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠮᠥᠨ ᠴᠢᠨᠠᠷ ᠤᠨ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢ ᠪᠡᠶᠡᠯᠡᠭᠦᠯᠦᠨ᠎ᠡ᠃ | ︵ᠶᠢᠰᠦ︶ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠳᠤ ᠬᠢᠨᠠᠯᠲᠠ ᠲᠠᠯᠪᠢᠬᠤ ᠦᠢᠯᠡᠳᠦᠯ ᠢ | ᠴᠢᠩᠭᠠᠷᠠᠭᠤᠯᠤᠨ᠎ᠠ᠃ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠨᠡᠶᠢᠭᠡᠮᠯᠢᠭ᠂ ᠡᠳ᠋ ᠬᠥᠷᠦᠩᠭᠡ ᠶᠢ ᠦᠨᠡᠯᠡᠨ ᠵᠢᠱᠢᠬᠦ | ᠨᠡᠶᠢᠭᠡᠮᠯᠢᠭ᠂ ᠳᠠᠩᠰᠠᠯᠠᠭᠤᠯᠤᠭᠰᠠᠨ ᠭᠠᠶᠢᠯᠢ ᠶᠢᠨ ᠶᠠᠪᠤᠳᠠᠯ ᠤᠨ ᠮᠠᠰᠲ᠋ᠧᠷ ᠤᠨ ᠨᠡᠶᠢᠭᠡᠮᠯᠢᠭ᠂ ᠪᠠᠩᠬᠢ ᠶᠢᠨ ᠦᠢᠯᠡᠰ ᠤᠨ | ᠨᠡᠶᠢᠭᠡᠮᠯᠢᠭ᠂ ᠦᠨᠡᠲᠦ ᠲᠡᠮᠳᠡᠭᠲᠦ ᠶᠢᠨ ᠦᠢᠯᠡᠰ ᠤᠨ ᠨᠡᠶᠢᠭᠡᠮᠯᠢᠭ ᠵᠡᠷᠭᠡ ᠨᠢ ᠰᠢᠮᠳᠠᠭᠤᠯᠤᠨ ᠵᠢᠯᠣᠭᠤᠳᠬᠤ ᠦᠢᠯᠡᠳᠦᠯ ᠢ ᠨᠢ | ᠭᠦᠢᠴᠡᠳ ᠪᠠᠳᠠᠷᠠᠭᠤᠯᠵᠤ᠂ ᠡᠳ᠋ ᠤᠨ ᠶᠠᠪᠤᠳᠠᠯ ᠤᠨ ᠮᠡᠳᠡᠭᠡ ᠵᠠᠩᠭᠢ ᠶᠢᠨ ᠶᠠᠰᠤ ᠴᠢᠨᠠᠷ ᠪᠣᠯᠣᠨ ᠲᠤᠳᠤᠭᠠᠲᠤ ᠶᠢ ᠡᠵᠡᠮᠳᠡᠬᠦ | ᠪᠦᠲᠦᠮᠵᠢᠲᠦ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠲᠥᠷᠥᠯ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ | ᠪᠦᠷᠢᠨᠰᠢᠬᠦᠯᠦᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠠᠵᠢᠯ ᠲᠥᠷᠥᠯ ᠤᠨ ᠬᠠᠮᠢᠶᠠᠷᠤᠯᠲᠠ ᠪᠠ | ᠦᠢᠯᠡᠴᠢᠯᠡᠭᠡᠨ ᠤ ᠠᠵᠢᠯ ᠤᠨ ᠡᠯ᠎ᠡ ᠭᠤᠭᠴᠤᠭ᠎ᠠ ᠳᠤ ᠲᠤᠤᠱᠯᠠᠭᠤᠯᠤᠨ᠎ᠠ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ | ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠲᠡᠭᠡᠮᠵᠢ ᠶᠢᠨ ᠲᠡᠮᠳᠡᠭᠯᠡᠬᠦ᠂ ᠰᠡᠷᠡᠮᠵᠢᠯᠡᠭᠦᠯᠦᠨ | ᠰᠠᠨᠠᠭᠤᠯᠬᠤ᠂ ᠢᠯᠡ ᠪᠠᠶᠢᠯᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠨ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ᠂ | ᠵᠠᠭᠠᠯᠳᠤᠵᠦ ᠢᠯᠡᠴᠢᠯᠡᠨ ᠮᠡᠳᠡᠭᠦᠯᠬᠦ᠂ ᠵᠠᠭᠤᠴᠢᠯᠠᠭᠤᠷ ᠤᠨ ᠮᠠᠳᠠᠭ ᠲᠠᠢ ᠠᠰᠠᠭᠤᠳᠠᠯ ᠵᠡᠷᠭᠡ ᠶᠢ ᠰᠢᠶ᠋ᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠭᠰᠠᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ | ᠭᠤᠷᠪᠠ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ | ︵ᠠᠷᠪᠠ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠥᠨᠳᠡᠯᠡᠨ ᠢᠶᠠᠷ ᠬᠠᠮᠵᠢᠯᠴᠠᠬᠤ ᠶᠢ | ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ | ᠨᠢᠭᠡᠴᠡ᠂ ᠵᠠᠭᠤᠴᠢ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠬᠢᠨᠠᠯᠲᠠ ᠲᠠᠯᠪᠢᠬᠤ ᠭᠤᠤᠯ ᠴᠣᠭᠴᠠ ᠶᠢᠨ | ᠬᠥᠨᠳᠡᠯᠡᠨ ᠢᠶᠠᠷ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠦᠴᠢᠷ ᠲᠦᠷᠦᠭᠦᠯᠡᠨ ᠲᠤᠰ ᠱᠠᠲᠤᠨ ᠤ ᠵᠠᠰᠠᠭ ᠤᠨ ᠣᠷᠳᠤᠨ ᠤ ᠡᠳ᠋ ᠤᠨ ᠵᠠᠰᠠᠭ ᠤᠨ ᠴᠤᠭᠯᠠᠭᠠᠨ ᠳᠤ ᠬᠢᠨᠠᠯᠲᠠ ᠲᠠᠯᠪᠢᠵᠤ | ᠵᠣᠬᠢᠴᠠᠭᠤᠯᠬᠤ ᠠᠵᠢᠯ ᠤᠨ ᠲᠣᠭᠲᠠᠴᠠ ᠶᠢᠨ ᠡᠳᠦᠷ ᠳᠣᠲᠣᠮ ᠤᠨ ᠠᠵᠢᠯ ᠢ ᠬᠠᠷᠢᠭᠤᠴᠠᠵᠤ᠂ ᠣᠶᠢᠯᠠᠭᠠᠯᠴᠠᠵᠤ | ᠵᠣᠬᠢᠴᠠᠭᠤᠯᠬᠤ ᠪᠠᠨ ᠴᠢᠩᠭᠠᠳᠬᠠᠨ᠂ ᠨᠢᠭᠡᠲᠦᠯᠲᠡᠢ ᠲᠦᠯᠦᠪᠯᠡᠬᠦ ᠪᠠ ᠰᠢᠮᠳᠠᠭᠤᠯᠤᠨ ᠵᠢᠯᠤᠭᠤᠳᠬᠤ ᠶᠢ ᠰᠠᠶᠢᠲᠤᠷ ᠠᠳᠬᠤᠬᠤ | ᠬᠡᠷᠡᠭᠲᠡᠢ︔ ᠭᠠᠶᠢᠯᠢ ᠶᠢᠨ ᠶᠠᠪᠤᠳᠠᠯ᠂ ᠠᠷᠠᠳ ᠤᠨ ᠪᠠᠩᠬᠢ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ᠂ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠦᠴᠢᠷ ᠤᠳ ᠢᠳᠡᠪᠬᠢᠲᠡᠢ ᠬᠠᠮᠵᠢᠯᠴᠠᠵᠤ᠂ ᠨᠢᠭᠲᠠ ᠬᠠᠮᠵᠢᠯᠴᠠᠬᠤ ᠬᠡᠷᠡᠭᠲᠡᠢ᠃ ᠰᠠᠯᠠᠭ᠎ᠠ ᠮᠥᠴᠢᠷ ᠤᠨ | ᠬᠤᠭᠤᠷᠣᠨᠳᠣᠬᠢ ᠡᠳ᠋ ᠤᠨ ᠵᠠᠰᠠᠭ ᠨᠢᠭᠲᠠᠯᠠᠨ ᠪᠣᠳᠣᠬᠤ ᠠᠵᠢᠯ ᠳᠤ ᠬᠢᠨᠠᠯᠲᠠ ᠲᠠᠯᠪᠢᠬᠤ ᠲᠥᠷᠥ ᠶᠢᠨ ᠪᠣᠳᠣᠯᠭ᠎ᠠ ᠶᠢ | ᠵᠣᠯᠭᠠᠭᠤᠯᠬᠤ᠂ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠬᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠪᠠᠶᠢᠴᠠᠭᠠᠬᠤ᠂ ᠬᠢᠨᠠᠯᠲᠠ ᠲᠠᠯᠪᠢᠬᠤ ᠦᠷ᠎ᠡ ᠳ᠋ᠦᠩ ᠢ ᠬᠡᠷᠡᠭᠯᠡᠬᠦ᠂ ᠬᠢᠨᠠᠯᠲᠠ ᠲᠠᠯᠪᠢᠬᠤ ᠰᠦᠪᠡᠭᠴᠢ ᠶᠢ ᠰᠢᠯᠵᠢᠭᠦᠯᠦᠨ ᠬᠦᠷᠭᠡᠬᠦ᠂ | ᠬᠢᠨᠠᠯᠲᠠ ᠲᠠᠯᠪᠢᠬᠤ ᠮᠡᠳᠡᠭᠡ ᠵᠠᠩᠭᠢ ᠶᠢ ᠰᠣᠯᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠤᠳ ᠬᠢᠭᠡᠳ ᠠᠵᠢᠯ ᠲᠥᠷᠥᠯ ᠤᠨ ᠨᠡᠶᠢᠭᠡᠮᠯᠢᠭ ᠤᠨ ᠬᠠᠮᠲᠤᠷᠠᠨ ᠬᠢᠨᠠᠨ ᠬᠠᠮᠢᠶᠠᠷᠬᠤ | ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠥᠪᠡᠷ ᠢ ᠪᠠᠨ ᠱᠠᠭᠠᠷᠳᠠᠬᠤ ᠬᠢᠨᠠᠯᠲᠠ | ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ ᠬᠠᠮᠢᠶ᠎ᠠ ᠪᠦᠬᠦᠢ ᠵᠠᠭᠤᠴᠢ | ᠪᠠᠶᠢᠭᠤᠯᠤᠮᠵᠢ ᠨᠤᠭᠤᠳ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠳᠦᠷᠢᠮ ᠢ ᠴᠢᠩᠭ᠎ᠠ ᠵᠢᠷᠤᠮᠯᠠᠨ ᠠᠵᠢᠯ | ᠡᠷᠬᠢᠯᠡᠬᠦ ᠶᠢᠨ ᠬᠠᠮᠲᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠦᠯᠲᠡ ᠳᠤ ᠲᠤᠰᠬᠠᠶ ᠮᠡᠷᠭᠡᠵᠢᠯ ᠤᠨ | ᠰᠠᠨᠠᠯ ᠬᠠᠩᠭᠠᠬᠤ ᠬᠡᠷᠡᠭᠲᠡᠶ᠃ ᠵᠠᠭᠤᠴᠢ ᠪᠠᠶᠢᠭᠤᠯᠤᠮᠵᠢ ᠵᠢᠴᠢ ᠠᠵᠢᠯᠯᠠᠭᠴᠢᠳ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ | ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠡᠯ᠎ᠡ ᠨᠢᠭᠡᠴᠡ ᠨᠦᠭᠦᠳ | ᠬᠠᠤᠯᠢ ᠲᠣᠭᠲᠠᠭᠠᠯ ᠶᠣᠰᠣᠭᠠᠷ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠲᠠᠢ ᠬᠠᠮᠵᠢᠯᠴᠠᠵᠤ ᠪᠠᠶᠢᠭᠠᠳ ᠲᠡᠪᠴᠢᠵᠦ | ᠪᠣᠯᠬᠤ ᠦᠭᠡᠶ᠂ ᠰᠠᠭᠠᠲᠠᠭᠠᠵᠤ ᠪᠣᠯᠬᠤ ᠦᠭᠡᠶ᠂ ᠬᠤᠳᠠᠯ ᠬᠠᠭᠤᠷᠮᠠᠭ ᠪᠤᠶᠤ ᠴᠢᠬᠤᠯᠠ ᠶᠡᠭᠡ ᠣᠷᠬᠢᠭᠳᠠᠯ ᠲᠠᠢ ᠡᠳ᠋ ᠤᠨ | ᠶᠠᠪᠤᠳᠠᠯ ᠤᠨ ᠮᠠᠲ᠋ᠧᠷᠢᠶᠠᠯ ᠵᠢᠴᠢ ᠮᠡᠳᠡᠭᠡ ᠵᠠᠩᠭᠢ ᠬᠠᠩᠭᠠᠵᠤ ᠪᠣᠯᠬᠤ ᠦᠭᠡᠶ᠃ | ︵ᠠᠷᠪᠠᠨ ᠨᠢᠭᠡ︶ ᠲᠥᠪ ᠪᠣᠯᠣᠨ ᠣᠷᠣᠨ ᠨᠤᠲᠤᠭ ᠤᠨ ᠭᠤᠯᠳᠤ ᠴᠢᠭᠯᠡᠯ ᠢᠶᠠᠷ ᠬᠠᠮᠲᠤᠷᠠᠨ ᠬᠥᠳᠡᠯᠦᠯᠴᠡᠬᠦ ᠶᠢ | ᠴᠢᠩᠬᠠᠳᠬᠠᠨ᠎ᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ | ᠴᠢᠩᠭᠠᠳᠬᠠᠵᠤ᠂ ᠳᠡᠭᠡᠳᠦ ᠳᠣᠣᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠤᠨ ᠶᠠᠪᠤᠳᠠᠯ ᠤᠨ ᠬᠢᠨᠠᠯᠲᠠ | ᠲᠠᠯᠪᠢᠬᠤ ᠠᠵᠢᠯ ᠤᠨ ᠳᠦᠷᠢᠮ ᠤᠨ ᠪᠠᠶᠢᠭᠤᠯᠤᠯᠲᠠ ᠪᠣᠯᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠲᠥᠯᠥᠪᠵᠢᠭᠦᠯᠭᠡ ᠶᠢ ᠲᠦᠷᠦᠭᠦᠯᠡᠨ ᠵᠣᠬᠢᠶᠠᠨ ᠪᠠᠶᠢᠭᠤᠯᠤᠨ | ᠲᠣᠭᠲᠠᠭᠠᠵᠤ᠂ ᠣᠨ ᠤ ᠬᠢᠨᠠᠯᠲᠠ ᠲᠠᠯᠪᠢᠬᠤ ᠠᠵᠢᠯ ᠤᠨ ᠭᠤᠤᠯᠳᠠᠯᠭ᠎ᠠ ᠪᠠᠨ ᠲᠣᠳᠣᠷᠬᠠᠶᠢᠯᠠᠨ᠂ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠡᠯ᠎ᠡ ᠨᠢᠭᠡᠴᠡ ᠶᠢᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠵᠢᠯᠣᠭᠤᠳᠤᠨ ᠠᠬᠢᠭᠤᠯᠬᠤ ᠬᠡᠷᠡᠭᠲᠡᠶ᠃ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠶᠢᠨ | ᠠᠵᠢᠯ ᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠲᠥᠷᠥ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠨᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠬᠢᠨᠠᠯᠲᠠ ᠶᠢᠨ ᠠᠵᠢᠯ ᠢ | ᠶᠠᠪᠤᠭᠳᠠᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠦᠭᠡᠢ | ᠨᠡᠪᠲᠡᠷᠡᠭᠦᠯᠵᠦ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠴᠢᠬᠤᠯᠠ ᠶᠡᠭᠡ ᠵᠦᠢᠯᠡᠰ ᠢ ᠮᠡᠳᠡᠭᠦᠯᠬᠦ ᠲᠣᠭᠲᠠᠴᠠ ᠶᠢ | ᠪᠠᠶᠢᠭᠤᠯᠤᠨ᠂ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠠᠴᠠ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠶᠠᠪᠤᠴᠠ ᠳᠤ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠴᠠᠭ | ᠲᠣᠬᠠᠢ ᠳᠤᠨᠢ ᠲᠤᠰᠬᠠᠬᠤ ᠬᠡᠷᠡᠭᠲᠡᠢ᠃ | ︵ᠠᠷᠪᠠᠨ ᠬᠤᠶᠠᠷ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠢᠭᠡᠳ ᠪᠤᠰᠤᠳ ᠡᠯ᠎ᠡ ᠲᠥᠷᠥᠯ ᠤᠨ | ᠬᠢᠨᠠᠯᠲᠠ ᠶᠢᠨ ᠨᠡᠪᠲᠡᠷᠡᠯᠴᠡᠵᠦ ᠵᠣᠬᠢᠴᠠᠭᠤᠯᠬᠤ ᠶᠢ ᠠᠬᠢᠭᠤᠯᠤᠨ᠎ᠠ᠃ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠶᠢ | ᠰᠢᠯᠵᠢᠭᠦᠯᠦᠨ ᠬᠦᠷᠭᠡᠬᠦ᠂ ᠬᠠᠮᠵᠢᠯᠴᠠᠨ ᠬᠢᠨᠠᠯᠲᠠ ᠲᠠᠯᠪᠢᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠵᠡᠷᠭᠡ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠳ᠋ ᠤᠨ ᠶᠠᠪᠤᠳᠠᠯ ᠤᠨ ᠬᠤᠷᠠᠯ ᠳᠤ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠵᠤ᠂ ᠨᠡᠪᠲᠡᠷᠡᠯᠴᠡᠨ | ᠵᠣᠬᠢᠴᠠᠭᠤᠯᠬᠤ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠣᠭᠤᠷᠢᠨ ᠪᠠᠶᠢᠴᠠᠭᠠᠬᠤ | ᠪᠠᠶᠢᠭᠤᠯᠤᠮᠵᠢ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠬᠢᠨᠠᠯᠲᠠ ᠲᠠᠯᠪᠢᠵᠤ ᠬᠠᠮᠵᠢᠯᠴᠠᠬᠤ᠂ | ᠴᠢᠬᠤᠯᠠ ᠶᠡᠭᠡ ᠤᠴᠢᠷ ᠶᠠᠪᠤᠳᠠᠯ ᠢ ᠵᠥᠪᠳᠡᠯᠴᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠵᠤ ᠰᠢᠯᠵᠢᠭᠦᠯᠦᠨ ᠬᠦᠷᠭᠡᠬᠦ | ᠲᠣᠭᠲᠠᠴᠠ ᠶᠢ ᠪᠠᠶᠢᠭᠤᠯᠵᠤ᠂ ᠡᠳ᠋ ᠤᠨ ᠶᠠᠪᠤᠳᠠᠯ ᠤᠨ ᠴᠤᠭᠯᠠᠭᠠᠨ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ | ᠰᠠᠨᠠᠭᠤᠯᠭ᠎ᠠ ᠶᠢ ᠰᠤᠳᠤᠯᠤᠨ ᠰᠢᠢᠳᠪᠦᠷᠢᠯᠡᠨ᠎ᠡ︔ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠯᠭ᠎ᠠ ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠡᠳ᠋ ᠤᠨ ᠶᠠᠪᠤᠳᠠᠯ ᠤᠨ ᠴᠤᠭᠯᠠᠭᠠᠨ ᠤ | ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ ᠲᠠᠯᠪᠢᠬᠤ ᠲᠠᠯ᠎ᠠ ᠪᠠᠷ ᠲᠥᠪ ᠤᠨ | ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠳᠥᠷᠪᠡᠨ ᠰᠤᠷᠲᠠᠯ︾ | ᠢ ᠵᠠᠯᠠᠷᠠᠭᠤᠯᠤᠨ ᠵᠠᠰᠠᠬᠤ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ | ᠵᠡᠷᠭᠡ ᠲᠠᠯ᠎ᠠ ᠶᠢᠨ ᠱᠠᠭᠠᠷᠳᠠᠯᠭ᠎ᠠ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ | ᠲᠠᠯᠪᠢᠬᠤ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠠᠮ ᠤᠨ ᠭᠡᠰᠢᠭᠦᠨ᠂ ᠬᠢᠨᠠᠨ ᠪᠠᠶᠢᠴᠠᠭᠠᠬᠤ | ᠡᠲᠡᠭᠡᠳ ᠤᠨ ᠰᠠᠬᠢᠯᠭ᠎ᠠ ᠪᠠᠲᠤ ᠶᠢ ᠵᠥᠷᠢᠴᠡᠭᠰᠡᠨ ᠪᠤᠶᠤ ᠡᠭᠦᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ᠂ | ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠶ ᠰᠦᠪᠡᠭᠴᠢ ᠶᠢ ᠢᠯᠡᠷᠡᠭᠦᠯᠵᠦ᠂ ᠬᠠᠤᠯᠢ ᠲᠣᠭᠲᠠᠭᠠᠯ | ᠶᠣᠰᠣᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ︔ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠲᠤᠰᠬᠠᠶ ᠮᠡᠷᠭᠡᠵᠢᠯ ᠤᠨ ᠬᠦᠴᠦᠨ ᠤ ᠦᠢᠯᠡᠳᠦᠯ ᠢ ᠪᠠᠳᠠᠷᠠᠭᠤᠯᠵᠤ᠂ ᠡᠳ᠋ ᠤᠨ | ᠶᠠᠪᠤᠳᠠᠯ ᠤᠨ ᠨᠡᠶᠢᠭᠡᠮᠯᠢᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠲᠣᠭᠤᠷᠢᠨ | ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠪᠠ ᠬᠢᠨᠠᠨ | ᠪᠠᠶᠢᠴᠠᠭᠠᠬᠤ ᠪᠠᠶᠢᠴᠠᠭᠠᠯᠲᠠ ᠳᠤ ᠣᠷᠣᠯᠴᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠯᠤᠭ᠎ᠠ | ᠬᠢᠨᠠᠯᠲᠠ ᠲᠠᠯᠪᠢᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠬᠠᠮᠵᠢᠯᠴᠠᠭ᠎ᠠ ᠪᠠᠨ ᠴᠢᠩᠭᠠᠳᠬᠠᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠯᠤᠭ᠎ᠠ ᠬᠢᠨᠠᠯᠲᠠ ᠲᠠᠯᠪᠢᠬᠤ ᠶᠢ ᠲᠥᠰᠦᠪ ᠤᠨ ᠬᠠᠮᠢᠶᠠᠷᠤᠯᠲᠠ ᠶᠢᠨ | ᠵᠢᠷᠤᠮᠵᠢᠯᠳᠤ ᠴᠢᠨᠠᠷ᠂ ᠪᠦᠲᠦᠮᠵᠢᠲᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠡᠪᠲᠡᠷᠡᠯᠴᠡᠨ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠢᠨᠠᠯᠲᠠ | ᠲᠠᠯᠪᠢᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠬᠠᠮᠵᠢᠯᠴᠠᠬᠤ ᠴᠢᠨᠠᠷ | ᠪᠣᠯᠤᠨ ᠬᠤᠯᠪᠣᠭᠠᠯᠠᠨ ᠬᠥᠳᠡᠯᠦᠯᠴᠡᠬᠦ ᠴᠢᠨᠠᠷ ᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ | ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠲᠦᠯᠬᠢᠨ ᠠᠬᠢᠭᠤᠯᠵᠤ᠂ | ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠣᠯᠠᠨ ᠲᠦᠮᠡᠨ ᠤ ᠬᠢᠨᠠᠯᠲᠠ ᠲᠠᠯᠪᠢᠬᠤ᠂ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠡᠳ᠋ ᠤᠨ ᠶᠠᠪᠤᠳᠠᠯ ᠤᠨ ᠬᠢᠨᠠᠯᠲᠠ | ᠲᠠᠯᠪᠢᠵᠤ ᠵᠠᠭᠠᠯᠳᠤᠨ ᠢᠯᠡᠴᠢᠯᠡᠬᠦ ᠶᠢ ᠬᠦᠯᠢᠶᠡᠨ ᠠᠪᠴᠤ ᠰᠢᠶ᠋ᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠂ ᠬᠦᠯᠢᠶᠡᠨ | ᠠᠪᠴᠤ ᠰᠢᠶ᠋ᠳᠪᠦᠷᠢᠯᠡᠬᠦ᠂ ᠪᠠᠶᠢᠴᠠᠭᠠᠨ ᠰᠢᠶ᠋ᠳᠪᠦᠷᠢᠯᠡᠬᠦ᠂ ᠮᠥᠷᠳᠡᠬᠦ᠂ ᠴᠡᠭᠴᠡᠯᠡᠨ ᠰᠠᠶᠢᠵᠢᠷᠠᠭᠤᠯᠬᠤ ᠵᠡᠷᠭᠡ ᠳᠦᠷᠢᠮ ᠢ | ᠲᠡᠭᠦᠯᠳᠡᠷᠵᠢᠭᠦᠯᠬᠦ ᠬᠡᠷᠡᠭᠲᠡᠶ᠃ | ᠳᠥᠷᠪᠡ᠂ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠶᠢᠨ ᠡᠳ᠋ ᠤᠨ ᠶᠠᠪᠤᠳᠡᠯ ᠳᠤ ᠬᠢᠨᠡᠯᠳᠡ ᠳᠡᠯᠪᠢᠬᠤ ᠡᠷᠴᠢᠮ ᠢ | ᠴᠢᠩᠭᠠᠷᠡᠭᠤᠯᠥᠨ᠎ᠠ | ︵ᠠᠷᠪᠠᠨ ᠭᠤᠷᠪᠠ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠳ᠋ ᠶᠢᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ | ᠲᠡᠷᠢᠭᠦᠨ ᠴᠢᠬᠤᠯᠠ ᠡᠭᠦᠷᠭᠡ ᠪᠣᠯᠭᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠷᠥᠩᠭᠡ ᠶᠢᠨ ᠡᠮᠬᠢ ᠵᠢᠷᠤᠮ ᠥᠬᠡᠶ ᠥᠷᠭᠡᠳᠬᠦ ᠶᠢ ᠰᠡᠷᠭᠡᠶᠢᠯᠡᠵᠦ᠂ ᠡᠳ᠋ ᠤᠨ | ᠵᠠᠰᠠᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠴᠢᠬᠤᠯᠠ ᠶᠡᠭᠡ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ | ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ᠂ ᠦᠨᠡᠯᠡᠨ ᠵᠢᠱᠢᠵᠦ ᠬᠢᠨᠠᠨ ᠡᠵᠡᠮᠳᠡᠬᠦ᠂ ᠪᠠᠶᠢᠴᠠᠭᠠᠨ ᠰᠤᠳᠤᠯᠬᠤ ᠵᠡᠷᠭᠡ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠡᠳ᠋ ᠤᠨ ᠵᠠᠰᠠᠭ | ᠠᠵᠤ ᠠᠬᠤᠶ ᠶᠢᠨ ᠬᠦᠷᠢᠶᠡᠨ ᠳᠠᠬᠢ ᠲᠥᠪ ᠤᠨ ᠬᠤᠷᠸ᠎ᠠ ᠰᠢᠢᠳᠪᠦᠷᠢᠲᠦ ᠪᠣᠳᠣᠯᠭ᠎ᠠ ᠪᠠ ᠵᠠᠰᠠᠯᠲᠠ ᠶᠢᠨ ᠲᠣᠬᠢᠷᠠᠭᠤᠯᠭ᠎ᠠ | ᠡᠵᠡᠮᠰᠢᠯ ᠤᠨ ᠱᠠᠭᠠᠷᠳᠠᠯᠭ᠎ᠠ ᠠᠴᠠ ᠵᠥᠷᠢᠴᠡᠭᠰᠡᠨ᠂ ᠠᠵᠤ ᠠᠬᠤᠶ ᠨᠡᠶᠢᠭᠡᠮ ᠤᠨ ᠡᠷᠡᠭᠦᠯ ᠲᠣᠭᠲᠠᠭᠤᠨ ᠬᠥᠭᠵᠢᠯᠲᠡ ᠶᠢ | ᠨᠥᠯᠥᠭᠡᠯᠡᠬᠦ ᠰᠠᠬᠢᠯᠭ᠎ᠠ ᠪᠠᠲᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠠᠷᠪᠠᠨ ᠳᠥᠷᠪᠡ︶ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠬᠠᠲᠠᠭᠤ ᠬᠢᠵᠠᠭᠠᠷᠯᠠᠯ ᠢ | ᠴᠢᠩᠭᠠᠳᠬᠠᠨ᠎ᠠ᠃ ᠡᠳ᠋ ᠤᠨ ᠵᠠᠰᠠᠭ ᠠᠵᠤ ᠠᠬᠤᠶ ᠶᠢᠨ ᠬᠦᠷᠢᠶ᠎ᠡ ᠬᠡᠪᠴᠢᠶᠡᠨ ᠳᠠᠬᠢ ᠨᠡᠶᠢᠲᠡ ᠶᠢᠨ ᠡᠷᠬᠡ ᠶᠢ | ᠬᠡᠷᠡᠭᠵᠢᠭᠦᠯᠬᠦ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠶ ᠶᠢᠨ | ᠰᠠᠬᠢᠯᠭ᠎ᠠ ᠪᠠᠲᠤ ᠶᠢ ᠴᠢᠩᠳᠠᠯᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠨᠠᠮ ᠵᠠᠰᠠᠭ ᠤᠨ | ᠪᠠᠶᠢᠭᠤᠯᠭ᠎ᠠ ᠶᠢᠨ ᠠᠷᠪᠢᠴᠢ ᠭᠠᠮᠲᠠᠶ ᠠᠮᠢᠳᠤᠷᠠᠬᠤ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠦᠨᠳᠦᠰᠦᠨ | ᠪᠠᠲᠤᠯᠠᠭ᠎ᠠ ᠶᠢᠨ ᠴᠠᠯᠢᠩ ᠢ ᠪᠠᠲᠤᠯᠠᠬᠤ ᠠᠵᠢᠯᠯᠠᠭᠠᠨ ᠢ ᠴᠢᠩᠭᠠᠳᠬᠠᠬᠤ᠂ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢ | ᠵᠢᠷᠤᠮᠵᠢᠭᠤᠯᠬᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠥᠷᠢ ᠥᠭᠴᠡᠭᠡ ᠶᠢᠨ ᠠᠶᠤᠯ | ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ | ᠵᠠᠰᠠᠭ ᠤᠨ ᠣᠷᠣᠯᠭ᠎ᠠ ᠦᠨᠡᠨ ᠪᠣᠳᠠᠲᠠᠶ ᠪᠥᠭᠡᠳ ᠲᠣᠭᠲᠠᠭᠠᠯ ᠳᠤ ᠨᠡᠶᠢᠴᠡᠬᠦ ᠥᠬᠡᠶ᠂ ᠲᠣᠭᠲᠠᠭᠠᠯ ᠠᠴᠠ ᠵᠥᠷᠢᠴᠡᠨ ᠠᠰᠠᠷ | ᠲᠠᠩᠬᠢᠮ ᠪᠠᠭᠤᠳᠠᠯ ᠭᠠᠵᠠᠷ ᠪᠠᠶᠢᠭᠤᠯᠬᠤ᠂ ᠡᠳ᠋ ᠤᠨ ᠵᠠᠰᠠᠭ ᠤᠨ ᠲᠤᠰᠬᠠᠶ ᠡᠷᠦᠬᠡ ᠶᠢ ᠳᠤᠷ᠎ᠠ ᠪᠠᠷ ᠢᠶᠠᠨ ᠪᠠᠶᠢᠭᠤᠯᠬᠤ᠂ | ᠲᠣᠭᠲᠠᠭᠠᠯ ᠠᠴᠠ ᠵᠥᠷᠢᠴᠡᠨ ᠡᠳ᠋ ᠬᠥᠷᠥᠩᠭᠡ ᠶᠢ ᠰᠢᠢᠳᠪᠦᠷᠢᠯᠡᠬᠦ᠂ ᠲᠣᠭᠲᠠᠭᠠᠯ ᠠᠴᠠ ᠵᠥᠷᠢᠴᠡᠨ ᠰᠢᠨ᠎ᠡ ᠪᠠᠷ ᠨᠡᠮᠡᠭᠳᠡᠭᠦᠯᠬᠦ | ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠵᠡᠷᠭᠡ ᠲᠣᠪᠤᠶᠢᠮ᠎ᠠ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠪᠲᠡᠷᠡᠭᠦᠯᠦᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠪᠦᠷᠢᠯᠡᠵᠦ | ᠲᠣᠷᠭᠠᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠦᠨᠡᠨ ᠬᠦ ᠴᠠᠬᠢᠯᠭᠠᠨ ᠲᠠᠢ ︽ᠥᠨᠳᠥᠷ ᠬᠦᠴᠦᠳᠡᠯᠲᠦ ᠴᠠᠬᠢᠯᠭᠠᠨ | ᠤᠲᠠᠰᠤ︾ ᠪᠣᠯᠭᠠᠬᠤ ᠬᠡᠷᠡᠭᠲᠡᠶ᠃ | ︵ᠠᠷᠪᠠᠨ ᠲᠠᠪᠤ︶ ᠡᠳ᠋ ᠤᠨ ᠶᠠᠪᠤᠳᠠᠯ ᠤᠨ ᠨᠢᠭᠲᠠᠯᠠᠨ ᠪᠣᠳᠣᠭᠴᠢ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠨᠡᠪᠲᠡ ᠡᠮᠦᠰᠬᠦ᠂ ᠠᠯᠳᠠᠰᠢ ᠭᠠᠷᠬᠤ ᠶᠢ ᠬᠤᠷᠢᠭᠯᠠᠬᠤ᠂ | ᠬᠦᠨᠳᠦ ᠨᠡᠶᠢᠲᠡᠯᠢᠭ ᠵᠢᠱᠢᠶ᠎ᠡ ᠶᠢ ᠬᠡᠷᠡᠭᠯᠡᠬᠦ᠂ ᠬᠡᠪ ᠰᠤᠷᠲᠠᠯ ᠢ ᠲᠥᠪ ᠪᠣᠯᠭᠠᠬᠤ︾ ᠶᠢ ᠪᠠᠷᠢᠮᠲᠠᠯᠠᠵᠤ᠂ ᠡᠳ᠋ ᠤᠨ ᠶᠠᠪᠤᠳᠠᠯ ᠤᠨ | ᠭᠡᠮ ᠰᠣᠭᠤᠭ ᠢ ᠴᠢᠩᠭ᠎ᠠ ᠪᠥᠭᠡᠳ ᠬᠦᠨᠳᠦ ᠪᠠᠷ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ | ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ᠂ | ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠵᠡᠷᠭᠡ ᠶᠢᠨ ᠡᠳ᠋ ᠤᠨ ᠶᠠᠪᠤᠳᠠᠯ᠂ | ᠨᠢᠭᠲᠠᠯᠠᠨ ᠪᠤᠳᠤᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠡᠳ᠋ ᠤᠨ ᠶᠠᠪᠤᠳᠠᠯ ᠤᠨ ᠲᠤᠭ᠎ᠠ | ᠪᠠᠷᠢᠮᠲᠠ ᠶᠢ ᠬᠤᠳᠠᠯ ᠬᠠᠭᠤᠷᠮᠠᠭ᠂ ︽ᠠᠷᠭ᠎ᠠ ᠪᠢᠯᠢᠭ ᠮᠡᠳᠡᠭᠦᠯᠦᠯᠲᠡ︾ ᠭᠠᠷᠭᠠᠬᠤ᠂ ᠳᠣᠲᠣᠭᠠᠳᠤ ᠶᠢᠨ ᠬᠢᠨᠠᠯᠲᠠ ᠲᠠᠯᠪᠢᠵᠤ | ᠬᠦᠴᠦᠨ ᠦᠭᠡᠢ ᠪᠣᠯᠭᠠᠬᠤ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠨᠢᠭᠲᠠᠯᠠᠨ | ᠪᠣᠳᠣᠭᠴᠢ ᠶᠢᠨ ᠮᠡᠳᠡᠭᠡ ᠵᠠᠩᠭᠢ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯ ᠬᠠᠭᠤᠷᠮᠠᠭ | ᠨᠢᠭᠲᠠᠯᠠᠨ ᠪᠣᠳᠣᠬᠤ ᠳᠠᠩᠰᠠ ᠳᠡᠪᠲᠡᠷ᠂ ᠠᠵᠤ ᠠᠬᠤᠶ ᠶᠢᠨ ᠲᠤᠬᠠᠶᠢᠯᠠᠭᠰᠠᠨ ᠠᠵᠢᠯ᠂ ᠨᠢᠭᠲᠠᠯᠠᠨ ᠪᠣᠳᠣᠬᠤ ᠪᠠᠷᠢᠮᠵᠢᠶ᠎ᠠ ᠶᠢ | ᠳᠤᠷ᠎ᠠ ᠪᠠᠷ ᠢᠶᠠᠨ ᠬᠡᠷᠡᠭᠯᠡᠬᠦ ᠵᠡᠷᠭᠡ ᠨᠢᠭᠲᠠᠯᠠᠨ ᠪᠣᠳᠣᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠶ᠃ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠦᠷᠦᠩᠭᠡ ᠶᠢ ᠦᠨᠡᠯᠡᠨ ᠵᠢᠱᠢᠬᠦ | ᠪᠠᠶᠢᠭᠤᠯᠤᠮᠵᠢ᠂ ᠣᠷᠣᠯᠠᠨ ᠳᠠᠩᠰᠠ ᠲᠡᠮᠳᠡᠭᠯᠡᠬᠦ ᠪᠠᠶᠢᠭᠤᠯᠤᠮᠵᠢ ᠵᠡᠷᠭᠡ ᠵᠠᠭᠤᠴᠢ ᠪᠠᠶᠢᠭᠤᠯᠤᠮᠵᠢ ᠶᠢᠨ ᠠᠵᠢᠯ ᠡᠷᠬᠢᠯᠡᠬᠦ ᠶᠠᠰᠤ | ᠴᠢᠨᠠᠷ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠵᠢᠯ ᠲᠦᠷᠦᠯ ᠤᠨ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠦᠪᠯᠡᠷᠡᠭᠦᠯᠵᠦ᠂ ᠦᠨᠡᠮᠯᠡᠯ ᠦᠭᠡᠢ ᠪᠠᠷ ᠡᠵᠡᠩᠨᠡᠬᠦ᠂ ᠨᠡᠷ᠎ᠡ ᠡᠯᠭᠦᠵᠦ ᠠᠵᠢᠯ ᠡᠷᠬᠢᠯᠡᠬᠦ᠂ ᠲᠣᠭᠲᠠᠭᠠᠯ ᠠᠴᠠ ᠵᠦᠷᠢᠴᠡᠨ | ᠮᠡᠳᠡᠭᠦᠯᠦᠯᠲᠡ ᠬᠠᠩᠭᠠᠬᠤ᠂ ᠡᠭᠦᠷᠭᠡᠯᠡᠵᠦ ᠳᠡᠶᠢᠯᠬᠦ ᠴᠢᠳᠠᠪᠤᠷᠢ ᠠᠴᠠ ᠬᠡᠲᠦᠷᠡᠭᠦᠯᠦᠨ ᠠᠵᠢᠯ ᠡᠷᠬᠢᠯᠡᠬᠦ ᠵᠡᠷᠭᠡ ᠬᠠᠤᠯᠢ | ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ | ᠲᠦᠷᠦᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠣᠯᠣᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ | ᠤᠯᠠᠨ ᠢ ᠲᠦᠢᠪᠡᠭᠡᠭᠴᠢ ᠶᠢ ᠡᠷᠡᠰ ᠠᠷᠢᠯᠭᠠᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠵᠤ᠂ ᠬᠠᠮᠵᠢᠯᠴᠠᠬᠤ ᠪᠠᠨ ᠴᠢᠩᠭᠠᠳᠬᠠᠨ᠂ ᠪᠣᠳᠠᠲᠠᠢ ᠲᠠᠢ ᠤᠶᠠᠯᠳᠤᠭᠤᠯᠤᠨ ᠪᠣᠳᠠᠲᠠᠢ ᠬᠡᠷᠡᠭᠵᠢᠭᠦᠯᠬᠦ ᠲᠥᠰᠥᠯ ᠢ | ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠠᠵᠢᠯ ᠢ ᠠᠬᠢᠭᠤᠯᠤᠭᠰᠠᠨ ᠪᠠᠶᠢᠳᠠᠯ ᠢ | ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠬᠤ | ᠬᠡᠷᠡᠭᠲᠡᠶ︔ ᠡᠳ᠋ ᠤᠨ ᠶᠠᠪᠤᠳᠠᠯ ᠤᠨ ᠴᠤᠭᠯᠠᠭᠠᠨ ᠳᠤ ᠬᠢᠨᠠᠯᠲᠠ ᠲᠠᠯᠪᠢᠬᠤ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠦᠭᠡᠢ ᠪᠣᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠠᠷᠪᠠᠨ ᠳᠣᠯᠤᠭ᠎ᠠ︶ ᠡᠳ᠋ ᠤᠨ ᠶᠠᠪᠤᠳᠠᠯ ᠤᠨ ᠨᠡᠶᠢᠭᠡᠮᠯᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠬᠢᠨᠠᠯᠲᠠ | ᠲᠠᠯᠪᠢᠬᠤ ᠶᠢ ᠠᠬᠢᠭᠤᠯᠤᠨ᠎ᠠ᠃ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠠᠤᠯᠢ ᠴᠠᠭᠠᠵᠠ ᠬᠠᠤᠯᠢ ᠲᠣᠭᠲᠠᠭᠠᠯ | ᠳᠦᠷᠢᠮ ᠳᠤ ᠵᠠᠰᠠᠪᠤᠷᠢ ᠣᠷᠣᠭᠤᠯᠵᠤ᠂ ᠲᠥᠰᠦᠪ ᠤᠨ ᠬᠠᠤᠯᠢ᠂ ᠨᠢᠭᠲᠠᠯᠠᠨ ᠪᠤᠳᠤᠬᠤ ᠬᠠᠤᠯᠢ᠂ ᠳᠠᠩᠰᠠᠯᠠᠭᠤᠯᠤᠭᠰᠠᠨ | ᠨᠢᠭᠲᠠᠯᠠᠨ ᠪᠤᠳᠤᠭᠴᠢ ᠶᠢᠨ ᠬᠠᠤᠯᠢ᠂ ᠡᠳ᠋ ᠬᠥᠷᠥᠩᠭᠡ ᠶᠢ ᠦᠨᠡᠯᠡᠨ ᠵᠢᠱᠢᠬᠦ ᠬᠠᠤᠯᠢ᠂ ᠡᠳ᠋ ᠤᠨ ᠵᠠᠰᠠᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ | ᠵᠠᠰᠠᠪᠤᠷᠢ ᠣᠷᠣᠭᠤᠯᠬᠤ ᠶᠢ ᠴᠠᠭ ᠲᠤᠬᠠᠶ ᠳᠤᠨᠢ ᠠᠬᠢᠭᠤᠯᠬᠤ ᠬᠡᠷᠡᠭᠲᠡᠶ᠃ ᠡᠳ᠋ ᠤᠨ ᠵᠠᠰᠠᠭ ᠡᠳ᠋ ᠤᠨ ᠶᠠᠪᠤᠳᠠᠯ ᠤᠨ | ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠳᠦᠷᠢᠮ ᠢ ᠪᠦᠷᠢᠨᠰᠢᠭᠦᠯᠵᠦ᠂ ᠳᠣᠲᠣᠭᠠᠳᠤ ᠳᠠᠬᠢ ᠡᠵᠡᠮᠳᠡᠬᠦ | ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠨᠢᠭᠲᠠᠯᠠᠨ ᠪᠣᠳᠣᠬᠤ ᠠᠵᠢᠯ ᠤᠨ | ᠥᠭᠡᠷᠡᠴᠢᠯᠡᠯᠲᠡᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠨᠢᠭᠲᠠᠯᠠᠨ ᠪᠣᠳᠣᠬᠤ ᠪᠠᠷᠢᠮᠵᠢᠶ᠎ᠠ ᠶᠢᠨ ᠰᠢᠰᠲ᠋ᠤᠮ ᠪᠠ | ᠠᠰᠢᠭ ᠬᠤᠨᠵᠢᠪᠣᠷᠢ ᠶᠢᠨ ᠪᠤᠰᠤ ᠵᠣᠬᠢᠶᠠᠨ ᠪᠠᠶᠢᠭᠤᠯᠤᠯᠲᠠ ᠶᠢᠨ ᠨᠢᠭᠲᠠᠯᠠᠨ ᠪᠣᠳᠣᠬᠤ ᠳᠦᠷᠢᠮ ᠢ ᠲᠡᠭᠦᠯᠳᠡᠷᠵᠢᠭᠦᠯᠵᠦ᠂ | ᠨᠢᠭᠲᠠᠯᠠᠨ ᠪᠣᠳᠣᠬᠤ ᠳᠦᠷᠢᠮ ᠤᠨ ᠳᠦᠷᠢᠮ ᠢ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | ︵ᠠᠷᠪᠠᠨ ᠨᠠᠢᠮᠠ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠡᠭᠠᠭᠡ ᠶᠢᠨ ᠪᠠᠶᠢᠭᠤᠯᠤᠯᠲᠠ ᠶᠢ ᠴᠢᠨ᠋ᠬᠠᠳᠭᠠᠨ᠎ᠠ᠃ | ᠰᠢᠶᠠᠨ ᠤ ᠱᠠᠲᠤᠨ ᠠᠴᠠ ᠳᠡᠭᠡᠭᠰᠢᠬᠢ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ ᠶᠠᠪᠤᠳᠠᠯ ᠤᠨ ᠬᠢᠨᠠᠯᠲᠠ | ᠲᠠᠯᠪᠢᠬᠤ ᠡᠩᠨᠡᠭᠡ ᠪᠣᠯᠤᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠶ᠃ ᠡᠯ᠎ᠠ ᠨᠢᠭᠡᠴᠡ ᠨᠦᠭᠦᠳ | ᠡᠳ᠋ ᠤᠨ ᠶᠠᠪᠤᠳᠡᠯ ᠤᠨ ᠨᠡᠶᠢᠭᠡᠮᠯᠢᠭ ᠤᠨ ᠬᠢᠨᠡᠯᠳᠡ ᠳᠡᠯᠪᠢᠬᠤ ᠡᠬᠦᠷᠭᠡ ᠴᠢᠳᠡᠪᠦᠷᠢ ᠶᠢᠨ ᠡᠬᠦᠷᠭᠡ ᠲᠠᠢ ᠪᠠᠨ ᠵᠤᠬᠢᠴᠠᠯᠳᠣᠠᠠᠰᠠᠨ | ᠠᠵᠢᠯᠳᠡᠨ ᠤ ᠬᠦᠴᠣᠨ ᠲᠣᠬᠢᠷᠡᠭᠤᠯᠵᠦ᠂ ᠡᠳ᠋ ᠤᠨ ᠶᠠᠪᠤᠳᠡᠯ ᠤᠨ ᠨᠡᠶᠢᠭᠡᠮᠯᠢᠭ ᠤᠨ ᠬᠢᠨᠡᠯᠳᠡ ᠳᠡᠯᠪᠢᠬᠤ ᠴᠢᠳᠡᠪᠦᠷᠢᠳᠡᠨ ᠤ | ᠳᠥᠷᠥ ᠶᠢᠨ ᠪᠤᠳᠣᠯᠭ᠎ᠠ ᠶᠢᠨ ᠰᠢᠰᠲ᠋ᠧᠮᠵᠢ ᠶᠢ ᠳᠡᠬᠦᠯᠳᠡᠷᠵᠢᠬᠦᠯᠥᠨ᠂ ᠡᠳ᠋ ᠤᠨ ᠶᠠᠪᠤᠳᠡᠯ ᠤᠨ ᠬᠢᠨᠡᠯᠳᠡ ᠳᠡᠯᠪᠢᠬᠤ | ᠴᠢᠳᠡᠪᠦᠷᠢᠳᠡᠨ ᠤ ᠪᠤᠯᠪᠠᠰᠣᠷᠡᠭᠤᠯᠥᠯ ᠬᠦᠮᠦᠵᠢᠯ ᠢ ᠴᠢᠩᠭᠠᠳᠬᠠᠵᠦ᠂ ᠳᠥᠷᠦᠯ ᠭᠡᠯᠪᠡᠷᠢ ᠬᠤᠪᠢᠶᠡᠨ᠂ ᠬᠦᠷᠢᠶ᠎ᠠ ᠴᠡᠷᠠᠭ᠎ᠠ | ᠬᠤᠪᠢᠶᠡᠨ ᠳᠡᠭᠡᠳᠦ ᠳᠡᠰ ᠲᠠᠪᠬᠤᠷᠭ᠎ᠠ ᠶᠢᠨ ᠡᠳ᠋ ᠤᠨ ᠶᠠᠪᠤᠳᠡᠯ ᠤᠨ ᠬᠢᠨᠡᠯᠳᠡ ᠳᠡᠯᠪᠢᠬᠤ ᠴᠢᠳᠡᠪᠦᠷᠢᠳᠡᠨ ᠤ ᠬᠦᠮᠥᠷᠬᠡ ᠶᠢ | ᠪᠠᠶᠢᠭᠤᠯᠵᠦ᠂ ᠲᠣᠰᠬᠠᠢ ᠮᠡᠷᠭᠡᠵᠢᠯ ᠤᠨ ᠴᠢᠳᠡᠪᠦᠷᠢ ᠪᠠ ᠶᠡᠷᠦᠩᠭᠡᠢᠯᠡᠭᠰᠡᠨ ᠬᠡᠪ ᠴᠢᠨᠡᠷ ᠢ ᠳᠡᠭᠡᠭᠰᠢᠯᠡᠬᠦᠯᠬᠦ ᠭᠡᠷᠡᠭᠳᠡᠢ᠃ | ᠣᠯᠥᠰ ᠤᠨ ᠬᠤᠯᠪᠤᠠᠠᠳᠡᠯ ᠪᠦᠬᠦᠢ ᠲᠣᠠᠠᠳᠠᠭᠠᠯ ᠶᠣᠰᠣᠭᠠᠷ ᠡᠳ᠋ ᠤᠨ ᠶᠠᠪᠤᠳᠡᠯ ᠤᠨ ᠴᠢᠳᠡᠪᠦᠷᠢᠳᠡᠨ ᠤ ᠵᠣᠷᠢᠠᠠᠵᠢᠭᠤᠯᠵᠦ | ᠬᠢᠵᠠᠭᠠᠷᠯᠠᠬᠤ ᠲᠣᠠᠠᠳᠡᠴᠠ ᠶᠢ ᠳᠡᠬᠦᠯᠳᠡᠷᠵᠢᠬᠦᠯᠥᠨ᠎ᠠ᠃ | ︵ᠠᠷᠪᠠ ᠶᠢᠰᠣ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠵᠦ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠬᠢᠨᠠᠯᠳᠠ ᠲᠠᠯᠪᠢᠯᠳᠠ︾ ᠶᠢ | ᠭᠦᠨᠵᠡᠬᠡᠶᠢᠷᠡᠬᠦᠯᠵᠦ᠂ ᠲᠤᠮᠤ ᠳ᠋ᠠᠶᠢᠲ᠋ᠠ ᠪᠠ ᠮᠡᠳᠡᠭᠡ ᠵᠠᠩᠬᠢᠵᠢᠯᠳᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠬᠢᠨᠠᠯᠳᠠ | ᠬᠠᠮᠢᠶᠠᠷᠤᠯᠳᠠ ᠶᠢᠨ ᠭᠦᠴᠦᠨ ᠴᠢᠳᠠᠪᠤᠷᠢ ᠶᠢ ᠦᠨᠡᠨ ᠬᠦ ᠲᠡᠬᠡᠭᠰᠢᠯᠡᠬᠦᠯᠦᠨ᠎ᠠ᠃ ᠪᠥᠬᠦ ᠤᠯᠤᠰ ᠤᠨ ᠨᠢᠭᠡ | ᠴᠣᠭᠴᠠᠵᠢᠭᠤᠯᠤᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠤᠯᠪᠣᠭᠳᠠᠯ ᠪᠥᠬᠦᠶ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ | ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠡᠳ᠋ ᠤᠨ ᠶᠠᠪᠤᠳᠠᠯ ᠤᠨ ᠨᠡᠶᠢᠭᠡᠮᠯᠢᠭ ᠤᠨ ᠬᠢᠨᠠᠯᠲᠠ ᠲᠠᠯᠪᠢᠬᠤ | ᠲᠤᠭ᠎ᠠ ᠪᠠᠷᠢᠮᠲᠠ ᠶᠢᠨ ᠬᠥᠮᠥᠷᠭᠡ ᠶᠢ ᠱᠠᠲᠤ ᠲᠥᠷᠥᠯ ᠬᠤᠪᠢᠶᠠᠨ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠬᠢᠨᠠᠯᠲᠠ | ᠲᠠᠯᠪᠢᠬᠤ ᠲᠤᠭ᠎ᠠ ᠪᠠᠷᠢᠮᠲᠠ ᠶᠢ ᠬᠤᠷᠠᠮᠳᠤᠭᠤᠯᠤᠨ ᠠᠭᠤᠰᠤᠯᠴᠠᠭᠤᠯᠬᠤ ᠪᠠ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ | ᠠᠬᠢᠭᠤᠯᠤᠨ᠎ᠠ᠃ ᠡᠳ᠋ ᠤᠨ ᠶᠠᠪᠤᠳᠠᠯ ᠤᠨ ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠲᠦᠭᠰᠢᠭᠦᠷᠢ ᠶᠢ ᠢᠯᠭᠠᠨ ᠲᠠᠨᠢᠬᠤ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ᠎ᠠ᠃ | ︵ᠬᠤᠷᠢ︶ ᠡᠳ᠋ ᠤᠨ ᠵᠠᠰᠠᠭ ᠤᠨ ᠴᠤᠭᠯᠠᠭᠠᠨ ᠤ ᠬᠢᠨᠠᠯᠲᠠ ᠲᠠᠯᠪᠢᠬᠤ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠢᠨᠠᠯᠲᠠ ᠲᠠᠯᠪᠢᠬᠤ ᠵᠠᠭᠪᠤᠷ ᠬᠢᠭᠡᠳ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠡᠳᠦᠷ ᠲᠤᠲᠤᠮ ᠤᠨ | ᠬᠢᠨᠠᠯᠲᠠ ᠲᠠᠯᠪᠢᠬᠤ ᠪᠠ ᠲᠤᠰᠬᠠᠶ ᠵᠦᠢᠯ ᠢᠶᠠᠷ ᠬᠢᠨᠠᠯᠲᠠ ᠲᠠᠯᠪᠢᠬᠤ᠂ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠬᠤ ᠬᠢᠭᠡᠳ | ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠲᠠᠯᠪᠢᠬᠤ᠂ ᠰᠦᠯᠵᠢᠶᠡᠨ ᠳᠡᠭᠡᠷ᠎ᠡ ᠬᠢᠨᠠᠯᠲᠠ ᠲᠠᠯᠪᠢᠬᠤ ᠬᠢᠭᠡᠳ ᠰᠦᠯᠵᠢᠶᠡᠨ | ᠭᠠᠳᠠᠨ᠎ᠠ ᠬᠢᠨᠠᠯᠲᠠ ᠲᠠᠯᠪᠢᠬᠤ᠂ ᠬᠡᠷᠡᠭ ᠤᠨ ᠡᠮᠦᠨ᠎ᠡ ᠬᠤᠶᠢᠨᠠᠬᠢ ᠬᠢᠨᠠᠯᠲᠠ ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ | ᠠᠬᠢᠭᠤᠯᠵᠤ᠂ ᠬᠢᠨᠠᠯᠲᠠ ᠲᠠᠯᠪᠢᠬᠤ ᠪᠠ ᠬᠠᠮᠢᠶᠠᠷᠬᠤ ᠶᠢ ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠦᠨ᠎ᠡ᠃ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠵᠦ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠥᠪᠡᠷ ᠤᠨ ᠥᠷᠲᠡᠭ ᠢ ᠶᠡᠭᠡ ᠪᠠᠷ ᠳᠡᠭᠡᠭᠰᠢᠯᠡᠭᠦᠯᠵᠦ᠂ ᠬᠤᠯᠪᠣᠭᠠᠯᠠᠨ ᠵᠠᠯᠬᠠᠭᠠᠨ | ᠴᠡᠭᠡᠷᠯᠡᠭᠦᠯᠬᠦ ᠶᠢ ᠠᠬᠢᠭᠤᠯᠤᠨ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠬᠡᠯᠡᠯᠴᠡᠬᠦ ᠶᠢ ᠥᠷᠨᠢᠭᠦᠯᠦᠨ᠎ᠡ᠃ ᠡᠳ᠋ ᠤᠨ ᠶᠠᠪᠤᠳᠠᠯ ᠤᠨ ᠲᠥᠰᠦᠪ ᠲᠤ ᠬᠢᠨᠠᠯᠲᠠ ᠲᠠᠯᠪᠢᠭᠰᠠᠨ ᠦᠷ᠎ᠡ | ᠲᠦᠩ ᠢ ᠬᠡᠷᠡᠭᠯᠡᠬᠦ ᠶᠢ ᠴᠢᠩᠭᠠᠳᠬᠠᠵᠤ᠂ ᠬᠢᠨᠠᠯᠲᠠ ᠲᠠᠯᠪᠢᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠳᠦᠷᠢᠮ ᠢ | ᠲᠡᠭᠦᠯᠳᠡᠷᠵᠢᠭᠦᠯᠦᠨ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠨᠢᠭᠡᠴᠡ ᠪᠣᠯᠤᠨ ᠠᠵᠢᠯᠲᠠᠨ ᠢ | ᠢᠯᠡ ᠪᠣᠯᠭᠠᠬᠤ ᠡᠷᠴᠢᠮ ᠢᠶᠠᠨ ᠨᠡᠮᠡᠭᠳᠡᠭᠦᠯᠵᠦ᠂ ᠨᠠᠮ ᠤᠨ ᠭᠡᠰᠢᠭᠦᠨ ᠪᠣᠯᠤᠨ ᠠᠯᠪᠠᠨ ᠲᠤᠰᠢᠶᠠᠯᠲᠠᠨ ᠳᠤ ᠬᠠᠷᠢᠶᠠᠯᠠᠭᠳᠠᠪᠠᠯ᠂ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ᠂ ᠪᠠᠶᠢᠭ᠎ᠠ ᠨᠢᠭᠡᠴᠡ ᠳᠤᠨᠢ ᠴᠠᠭ ᠲᠤᠬᠠᠶ ᠳᠤᠨᠢ ᠨᠡᠪᠲᠡᠷᠡᠭᠦᠯᠵᠦ᠂ | ᠰᠡᠷᠡᠮᠵᠢᠯᠡᠭᠦᠯᠬᠦ ᠬᠥᠮᠦᠵᠢᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ︵ᠬᠤᠷᠢᠨ ᠨᠢᠭᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠳ᠋ ᠤᠨ ᠶᠠᠪᠤᠳᠠᠯ ᠳᠤ | ᠬᠢᠨᠠᠯᠲᠠ ᠲᠠᠯᠪᠢᠬᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠬᠤ ᠶᠢ | ᠴᠢᠩᠭᠠᠳᠬᠠᠵᠤ᠂ ᠡᠳ᠋ ᠤᠨ ᠶᠠᠪᠤᠳᠠᠯ ᠤᠨ ᠴᠤᠭᠯᠠᠭᠠᠨ ᠤ ᠠᠵᠢᠯ ᠡᠷᠬᠢᠯᠡᠭᠰᠡᠳ ᠤᠨ ᠠᠵᠢᠯ ᠡᠷᠬᠢᠯᠡᠬᠦ ᠰᠠᠬᠢᠯᠭ᠎ᠠ ᠶᠢᠨ | ᠬᠥᠮᠦᠵᠢᠯ ᠢ ᠴᠢᠩᠭᠠᠳᠬᠠᠨ᠎ᠠ᠃ ᠬᠠᠤᠯᠢ ᠶᠣᠰᠤᠭᠠᠷ ᠳᠥᠷᠢᠮ ᠳᠤ ᠨᠡᠶᠢᠴᠡᠬᠦ᠂ ᠠᠮᠤᠷ ᠲᠥᠪᠰᠢᠨ ᠨᠢᠭᠤᠴᠠ ᠶᠢ ᠬᠠᠮᠠᠭᠠᠯᠠᠬᠤ | ᠵᠡᠷᠭᠡ ᠤᠷᠢᠳᠠᠯ ᠳᠣᠣᠷ᠎ᠠ᠂ ᠡᠳ᠋ ᠤᠨ ᠵᠠᠰᠠᠭ ᠤᠨ ᠮᠡᠳᠡᠭᠡ ᠵᠠᠨ᠋ᠭᠢ ᠶᠢ ᠢᠯᠡ ᠪᠣᠯᠭᠠᠬᠤ ᠠᠵᠢᠯ ᠢ ᠶᠡᠬᠡᠪᠡᠷ ᠠᠬᠢᠭᠤᠯᠵᠤ᠂ | ᠡᠳ᠋ ᠤᠨ ᠵᠠᠰᠠᠭ ᠤᠨ ᠮᠡᠳᠡᠭᠡ ᠵᠠᠨ᠋ᠭᠢ ᠶᠢᠨ ᠢᠯᠡ ᠪᠣᠯᠭᠠᠬᠤ ᠠᠵᠢᠯ ᠤᠨ ᠢᠯᠡ ᠲᠣᠳᠤ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠤᠨ᠂ ᠬᠥᠲᠥᠯᠥᠨ ᠳᠠᠭᠠᠭᠤᠯᠵᠤ ᠵᠢᠱᠢᠶ᠎ᠡ | ᠦᠵᠡᠭᠦᠯᠬᠦ ᠶᠢ ᠴᠢᠩᠭᠠᠳᠬᠠᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠲᠤᠷᠰᠢᠯᠲᠠ ᠶᠢᠨ ᠴᠢᠭ ᠤᠨ ᠠᠵᠢᠯ ᠢ | ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ᠃ ᠤᠬᠠᠭᠤᠯᠤᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡ ᠪᠠᠷ | ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ ᠨᠡᠶᠢᠭᠡᠮ ᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠲᠡᠢ | ᠬᠠᠷᠢᠭᠤᠯᠲᠠ ᠥᠭᠴᠦ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠡᠳ᠋ ᠤᠨ ᠶᠠᠪᠤᠳᠠᠯ ᠤᠨ | ᠬᠢᠨᠠᠯᠲᠠ ᠲᠠᠯᠪᠢᠬᠤ ᠠᠵᠢᠯ ᠤᠨ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠨ᠎ᠠ᠃ | | | | |