ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠢ ᠬᠤᠲᠠ ᠶᠢᠨ ᠬᠠᠶᠢᠨᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠺᠣᠮᠫᠠᠨᠢ ᠶᠢᠨ ᠲᠣᠭᠤᠷᠢᠭ ᠤᠨ ᠵᠠᠰᠠᠭ ᠤᠨ ᠣᠷᠳᠣᠨ᠂ | ︵2022 ᠣᠨ ᠤ ᠬᠡᠪᠯᠡᠯ︶ ᠤᠨ ᠲᠤᠬᠠᠢ ᠮᠡᠳᠡᠭᠳᠡᠯ | ᠬᠠᠶᠢᠨᠠᠨ ᠲᠣᠭᠤᠷᠢᠭ ᠤᠨ ᠵᠠᠰᠠᠭ ᠲᠠᠷᠬᠠᠭᠠᠬᠤ 〔2022〕 60 ᠳ᠋ᠤᠭᠠᠷ ᠲᠣᠭᠠᠲᠤ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠲᠣᠭᠤᠷᠢᠭ ᠲᠤ ᠰᠠᠭᠤᠭ᠎ᠠ ᠡᠯ᠎ᠡ ᠬᠠᠮᠢᠶ᠎ᠠ ᠪᠦᠬᠦᠢ ᠨᠢᠭᠡᠴᠡ ᠳᠤ᠄ | ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠲᠠᠩᠰᠠ ︵2022 ᠣᠨ ᠤ ᠬᠡᠪᠯᠡᠯ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ﹇2022﹈ 19 ᠳ᠋ᠦᠭᠡᠷ ᠲᠣᠭᠠᠲᠤ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ | ᠳᠤᠭᠤᠶᠢᠯᠠᠩ ᠤᠨ ᠠᠯᠪᠠᠨ ᠭᠡᠷ ᠤᠨ ᠪᠥᠬᠦ ᠣᠷᠣᠨ ᠤ ᠵᠠᠰᠠᠭ ᠵᠠᠬᠢᠷᠭᠠᠨ ᠤ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ | ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠵᠢᠴᠢ ᠦᠬᠠᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ︽ᠦᠬᠠᠢ ᠬᠤᠲᠠ ᠶᠢᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠦᠬᠠᠢ ᠵᠠᠰᠠᠭ | ᠲᠠᠷᠬᠠᠭᠠᠭᠰᠠᠨ ﹇2022﹈ 27 ᠳ᠋ᠤᠭᠠᠷ ᠲᠣᠭᠠᠲᠤ︶ ᠤᠨ ᠱᠠᠭᠠᠷᠳᠠᠯᠭ᠎ᠠ᠂ ᠮᠠᠨ ᠤ ᠣᠷᠣᠨ ᠤ ᠵᠠᠰᠠᠭ ᠵᠠᠬᠢᠷᠭᠠᠨ ᠤ | ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ | ᠭᠤᠣᠯᠴᠢ ᠥᠨᠳᠥᠷ ᠦᠷ᠎ᠡ ᠪᠦᠲᠦᠮᠵᠢᠲᠡᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ | ᠪᠣᠯᠭᠠᠵᠤ᠂ ᠡᠳᠦᠭᠡ ︽ᠬᠠᠶᠢᠨᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ | ︵2022 ᠣᠨ ᠤ ᠬᠡᠪᠯᠡᠯ︶ ︵ᠳᠣᠷᠣᠭᠰᠢ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ | ᠬᠠᠭᠤᠳᠠᠰᠤ︾ ᠭᠡᠵᠦ ᠲᠣᠪᠴᠢᠯᠠᠨ᠎ᠠ︶ ᠶᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠪᠣᠳᠠᠲᠠᠢ ᠲᠠᠢ ᠪᠠᠨ | ᠤᠶᠠᠯᠳᠤᠭᠤᠯᠤᠨ ᠳᠣᠣᠷᠠᠬᠢ ᠱᠠᠭᠠᠷᠳᠠᠯᠭ᠎ᠠ ᠶᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | ᠨᠢᠭᠡ᠂ ᠡᠯ᠎ᠡ ᠪᠠᠯᠭᠠᠰᠤ᠂ ᠡᠯ᠎ᠡ ᠨᠢᠭᠡᠴᠡ ᠨᠦᠭᠦᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ | ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠬᠠᠭᠤᠳᠠᠰᠤ ᠠᠴᠠ ᠭᠠᠳᠠᠨ᠎ᠠ | ᠴᠥᠮ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠦᠭᠡᠢ᠃ | ᠬᠤᠶᠠᠷ᠂ ᠡᠯ᠎ᠡ ᠪᠠᠯᠭᠠᠰᠤ᠂ ᠡᠯ᠎ᠡ ᠨᠢᠭᠡᠴᠡ ᠨᠦᠭᠦᠳ ᠨᠠᠷᠢᠨ ᠬᠠᠭᠤᠳᠠᠰᠤ ᠶᠢ ᠨᠡᠶᠢᠲᠡᠯᠡᠭᠰᠡᠨ ᠰᠠᠭᠤᠷᠢᠨ | ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠨ ᠨᠡᠶᠢᠲᠡᠯᠡᠭᠰᠡᠨ ᠨᠢᠭᠡᠳᠦᠯᠲᠡᠢ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠵᠢᠷᠤᠮᠵᠢᠯ ᠢ | ᠨᠤᠲᠠᠯᠠᠨ ᠵᠥᠪᠰᠢᠶᠡᠷᠡᠬᠦ ᠪᠠ ᠳᠠᠬᠢᠨ ᠬᠡᠷᠡᠭᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ | ᠶᠠᠪᠤᠳᠠᠯ ᠭᠦᠢᠴᠡᠳᠬᠡᠬᠦ ᠵᠦᠭᠯᠡᠭᠦᠷ ᠢ ᠰᠢᠨᠡᠳᠬᠡᠨ ᠲᠣᠬᠢᠷᠠᠭᠤᠯᠤᠨ᠎ᠠ᠃ | ᠭᠤᠷᠪᠠ᠂ ᠡᠯ᠎ᠡ ᠪᠠᠯᠭᠠᠰᠤ᠂ ᠡᠯ᠎ᠡ ᠨᠢᠭᠡᠴᠡ ᠨᠦᠭᠦᠳ ᠵᠠᠰᠠᠭ ᠵᠠᠬᠢᠷᠭᠠᠨ ᠤ ᠵᠥᠪᠰᠢᠶᠡᠷᠡᠯ ᠤᠨ | ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠡᠷᠡᠭ ᠤᠨ ᠡᠮᠦᠨ᠎ᠡ | ᠤᠴᠢᠷ ᠶᠠᠪᠤᠳᠠᠯ ᠤᠨ ᠳᠤᠮᠳᠠ ᠪᠠ ᠬᠡᠷᠡᠭ ᠤᠨ ᠳᠠᠷᠠᠭᠠᠬᠢ ᠪᠥᠬᠦ ᠬᠡᠯᠬᠢᠶ᠎ᠡ ᠪᠥᠬᠦ ᠬᠦᠷᠢᠶᠡᠨ ᠳᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠦᠴᠦᠨ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | | 2022 ᠣᠨ ᠤ 12 ᠰᠠᠷ᠎ᠠ ᠶᠢᠨ 15 ᠤ ᠡᠳᠣᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠥᠪᠥᠷ ᠮᠣᠩᠭᠤᠯ ᠤᠨ ᠡᠮᠴᠢᠯᠡᠭᠡᠨ ᠤ ᠦᠢᠯᠡᠴᠢᠯᠡᠭᠡ ᠶᠢᠨ ᠴᠤᠪᠤᠷᠠᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ | ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠡᠮᠬᠢ ᠵᠢᠷᠤᠮ ᠲᠠᠢ ᠪᠠᠷ ᠡᠮᠨᠡᠭᠦᠯᠬᠦ | ᠲᠤᠬᠠᠢ ᠮᠡᠳᠡᠭᠳᠡᠯ | ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ᠄ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠢ ︽ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠬᠢᠵᠠᠭᠠᠷᠯᠠᠬᠤ | ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠢ ᠰᠠᠶᠢᠲᠤᠷ ᠬᠢᠬᠦ ᠲᠤᠬᠠᠢ ᠮᠡᠳᠡᠭᠳᠡᠯ︾ ︽ᠰᠢᠨ᠎ᠡ ᠲᠢᠲᠢᠮ ᠲᠠᠢ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ︽ᠡᠪᠡᠳᠴᠢᠨ ᠦᠵᠡᠭᠦᠯᠬᠦ ᠶᠠᠪᠤᠴᠠ ᠶᠢ | ᠤᠯᠠᠮ ᠨᠢᠭᠡ ᠠᠯᠬᠤᠮ ᠰᠢᠯᠢᠳᠡᠭᠵᠢᠭᠦᠯᠵᠦ ᠣᠳᠣᠬᠠᠨ ᠤ ᠡᠮᠴᠢᠯᠡᠭᠡᠨ ᠤ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ ᠡᠳᠦᠭᠡ ᠡᠯ᠎ᠡ ᠠᠶᠢᠮᠠᠭ | ᠬᠤᠲᠠ ᠶᠢ ᠵᠢᠯᠣᠭᠤᠳᠤᠨ ᠡᠮᠴᠢᠯᠡᠭᠡᠨ ᠤ ᠪᠠᠶᠢᠭᠤᠯᠤᠮᠵᠢ ᠶᠢᠨ ᠡᠪᠡᠳᠴᠢᠨ ᠦᠵᠡᠭᠦᠯᠬᠦ ᠴᠤᠪᠤᠷᠠᠯ ᠢ ᠤᠯᠠᠮ ᠨᠢᠭᠡ | ᠠᠯᠬᠤᠮ ᠰᠢᠯᠢᠳᠡᠭᠵᠢᠭᠦᠯᠵᠦ᠂ ᠡᠪᠡᠳᠴᠢᠲᠡᠨ ᠤ ᠡᠮᠬᠢ ᠵᠢᠷᠤᠮ ᠲᠠᠢ ᠡᠪᠡᠳᠴᠢᠨ ᠦᠵᠡᠭᠦᠯᠬᠦ ᠶᠢ ᠰᠢᠨᠵᠢᠯᠡᠬᠦ | ᠤᠬᠠᠭᠠᠨᠴᠢ ᠪᠠᠷ ᠬᠥᠲᠥᠯᠥᠨ ᠵᠢᠯᠤᠭᠤᠳᠴᠤ᠂ ᠰᠢᠨ᠎ᠡ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠳ ᠢ ᠱᠠᠲᠤ | ᠬᠤᠪᠢᠶᠠᠨ ᠲᠥᠷᠥᠯ ᠬᠤᠪᠢᠶᠠᠨ ᠠᠪᠤᠷᠠᠨ ᠵᠠᠰᠠᠬᠤ ᠪᠠ ᠡᠳᠦᠷ ᠲᠤᠲᠤᠮ ᠤᠨ ᠡᠮᠴᠢᠯᠡᠭᠡᠨ ᠤ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠬᠠᠮᠵᠢᠯᠴᠠᠨ ᠣᠷᠣᠯᠴᠠᠬᠤ ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ | ᠣᠨᠣᠰᠢᠯᠠᠨ ᠡᠮᠨᠡᠬᠦ ᠳᠠᠷᠤᠭᠠᠰᠤ ᠶᠢ ᠬᠥᠩᠭᠡᠷᠡᠭᠦᠯᠦᠨ᠎ᠡ | ︵ᠨᠢᠭᠡ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠣᠯᠠᠨ | ᠲᠦᠮᠡᠨ ᠤ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠴᠢᠳᠠᠪᠤᠷᠢ ᠶᠢ ᠤᠯᠠᠮᠵᠢᠯᠠᠯᠲᠤ ᠵᠠᠭᠤᠴᠢᠯᠠᠭᠤᠷ | ᠪᠣᠯᠣᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠰᠢᠨ᠎ᠡ ᠡᠪᠡᠳᠴᠢᠨ ᠡᠮᠭᠡᠭ ᠤᠨ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠤᠷᠢᠳᠴᠢᠯᠠᠨ | ᠰᠡᠷᠭᠡᠶᠢᠯᠡᠵᠦ ᠠᠪᠤᠷᠠᠨ ᠵᠠᠰᠠᠬᠤ᠂ ᠭᠡᠷ ᠪᠦᠯᠢ ᠶᠢᠨ ᠡᠷᠡᠭᠦᠯᠵᠢᠯ᠂ ᠬᠤᠪᠢ ᠬᠥᠮᠥᠨ ᠤ ᠬᠠᠮᠠᠭᠠᠯᠠᠯᠲᠠ᠂ ᠡᠮ ᠵᠢᠴᠢ | ᠥᠳᠥᠭᠡᠭᠴᠢ ᠶᠢᠨ ᠤᠷᠪᠠᠯᠵᠢ ᠶᠢ ᠬᠡᠷᠡᠭᠯᠡᠬᠦ ᠵᠡᠷᠭᠡ ᠮᠡᠳᠡᠯᠭᠡ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ | ᠣᠯᠠᠨ ᠲᠦᠮᠡᠨ ᠤ ᠵᠣᠪᠠᠨᠢᠯ ᠢ ᠪᠠᠭᠠᠰᠬᠠᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠰᠡᠷᠭᠡᠶᠢᠯᠡᠨ | ᠬᠠᠮᠠᠭᠠᠯᠠᠬᠤ᠂ ᠵᠦᠢ ᠵᠣᠬᠢᠰᠲᠠᠢ ᠡᠮᠨᠡᠭᠦᠯᠬᠦ ᠠᠵᠢᠯ ᠢ ᠰᠠᠶᠢᠲᠤᠷ ᠬᠢᠵᠦ᠂ ᠵᠣᠬᠢᠬᠤ ᠬᠡᠮᠵᠢᠶᠡᠨ ᠤ ᠬᠠᠯᠠᠭᠤᠨ ᠢ | ᠠᠷᠢᠯᠭᠠᠵᠤ ᠡᠪᠡᠳᠬᠦ ᠶᠢ ᠵᠣᠭᠰᠤᠭᠠᠬᠤ ᠡᠳᠦᠷ ᠲᠤᠲᠤᠮ ᠤᠨ ᠡᠮ ᠪᠠ ᠥᠳᠥᠭᠡᠭᠴᠢ ᠶᠢᠨ ᠤᠷᠪᠠᠯᠵᠢ ᠶᠢ ᠨᠥᠭᠡᠴᠡᠯᠡᠵᠦ᠂ | ᠥᠪᠡᠷ ᠤᠨ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠨ᠎ᠡ᠄ ᠥᠨᠳᠥᠷ ᠨᠠᠰᠤᠲᠠᠢ ᠨᠠᠰᠤᠲᠠᠨ᠂ | ᠰᠠᠭᠤᠷᠢ ᠴᠢᠨᠠᠷᠲᠠᠢ ᠡᠪᠡᠳᠴᠢᠨ ᠲᠠᠢ ᠡᠪᠡᠳᠴᠢᠲᠡᠨ ᠵᠡᠷᠭᠡ ᠬᠦᠨᠳᠦ ᠡᠪᠡᠳᠴᠢᠨ ᠲᠠᠢ ᠠᠶᠤᠯ ᠲᠦᠭᠰᠢᠭᠦᠷᠢ ᠶᠡᠬᠡᠲᠡᠢ | ᠬᠥᠮᠥᠰ ᠲᠤ ᠦᠷᠭᠦᠯᠵᠢᠯᠡᠨ ᠥᠨᠳᠥᠷ ᠬᠠᠯᠠᠭᠤᠷᠠᠭᠠᠳ ᠪᠠᠭᠤᠷᠠᠬᠤ ᠦᠭᠡᠢ᠂ ᠠᠮᠢᠰᠬᠤᠯ ᠴᠢᠬᠤᠯᠳᠠᠬᠤ ᠵᠡᠷᠭᠡ ᠪᠠᠶᠢᠳᠠᠯ | ᠭᠠᠷᠪᠠᠯ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠡᠮᠨᠡᠭᠦᠯᠦᠨ᠎ᠡ᠃ | ︵ᠬᠤᠶᠠᠷ︶ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠰᠢᠨ᠎ᠡ ᠲᠢᠲᠢᠮ ᠤᠨ ᠬᠥᠩᠭᠡᠨ ᠡᠪᠡᠳᠴᠢᠨ ᠪᠠ | ᠤᠳᠠᠭᠠᠨ ᠴᠢᠨᠠᠷᠲᠠᠢ ᠡᠪᠡᠳᠴᠢᠲᠡᠨ ᠢ ᠲᠦᠷᠭᠡᠨ ᠰᠠᠯᠭᠠᠨ᠎ᠠ᠃ ᠰᠢᠨ᠎ᠡ ᠲᠢᠲᠢᠮ ᠲᠠᠢ ᠬᠥᠩᠭᠡᠨ ᠡᠪᠡᠳᠴᠢᠲᠡᠨ ᠤ | ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠡᠬᠢ ᠪᠠᠶᠠᠯᠢᠭ ᠢ ᠲᠣᠬᠢᠷᠠᠭᠤᠯᠤᠨ ᠡᠷᠡᠭᠦᠯ ᠬᠠᠮᠠᠭᠠᠯᠠᠯ ᠤᠨ ᠲᠠᠰᠤᠭ | ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ︶᠂ ᠨᠡᠶᠢᠭᠡᠮ ᠲᠣᠭᠤᠷᠢᠭ ᠤᠨ ᠨᠠᠮ | ᠪᠠ ᠣᠯᠠᠨ ᠲᠦᠮᠡᠨ ᠤ ᠬᠥᠳᠡᠯᠭᠡᠭᠡᠨ ᠤ ᠲᠠᠰᠤᠭ᠂ ᠪᠥᠭᠡᠮ ᠬᠦᠴᠢᠯ ᠤᠨ ᠥᠯᠢᠭᠡᠷ ᠠᠪᠬᠤ ᠵᠢᠵᠢᠭ ᠥᠷᠥᠭᠡ᠂ ᠡᠷᠡᠭᠦᠯ | ᠮᠡᠨᠳᠦ ᠶᠢᠨ ᠵᠢᠵᠢᠭ ᠥᠷᠥᠭᠡ ᠵᠡᠷᠭᠡ ᠲᠠᠯᠠᠪᠤᠷ ᠲᠤ ᠲᠥᠬᠦᠮ ᠡᠮ ᠨᠠᠶᠢᠷᠠᠭᠤᠯᠬᠤ ᠡᠭᠦᠳᠡᠨ ᠡᠮᠨᠡᠯᠭᠡ ᠭᠠᠷᠭᠠᠵᠤ᠂ | ᠡᠪᠡᠳᠴᠢᠲᠡᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠡᠮ ᠬᠡᠷᠡᠭᠯᠡᠬᠦ ᠬᠦᠴᠦᠯᠡᠴᠡ ᠶᠢ | ᠳᠡᠭᠡᠭᠰᠢᠯᠡᠭᠦᠯᠦᠨ᠂ ᠡᠪᠡᠳᠴᠢᠲᠡᠨ ᠤ ᠦᠨᠳᠦᠰᠦᠨ ᠡᠮᠴᠢᠯᠡᠭᠡ ᠳᠤ ᠲᠤᠯᠭᠠᠭᠤᠷᠢᠯᠠᠯ ᠬᠠᠩᠭᠠᠨ᠎ᠠ᠃ ᠤᠳᠠᠭᠠᠨ ᠴᠢᠨᠠᠷᠲᠠᠢ | ᠡᠪᠡᠳᠴᠢᠨ ᠳᠤ ᠨᠡᠷᠪᠡᠭᠳᠡᠭᠰᠡᠳ ᠢ ᠬᠦᠯᠢᠶᠡᠨ ᠠᠪᠴᠤ ᠡᠮᠨᠡᠭᠦᠯᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ | ᠴᠢᠩᠭᠠᠳᠬᠠᠵᠤ᠂ ᠡᠮᠨᠡᠯᠭᠡ ᠶᠢᠨ ᠬᠤᠷᠢᠶ᠎ᠠ ᠨᠢ ᠡᠩ ᠤᠨ ᠳᠣᠲᠣᠷ ᠡᠮᠨᠡᠯᠭᠡ᠂ ᠨᠠᠰᠤᠲᠠᠶᠢᠴᠤᠳ ᠤᠨ ᠡᠮᠨᠡᠯᠭᠡ ᠶᠢᠨ | ᠤᠬᠠᠭᠠᠨ᠂ ᠶᠡᠷᠦᠩᠬᠡᠢ ᠰᠠᠯᠠᠭᠠᠨ ᠤ ᠡᠮᠨᠡᠯᠭᠡ ᠶᠢᠨ ᠤᠬᠠᠭᠠᠨ ᠵᠡᠷᠭᠡ ᠰᠠᠯᠠᠭ᠎ᠠ ᠲᠠᠰᠤᠭ ᠲᠤ ᠳᠥᠭᠦᠮ ᠡᠮ | ᠨᠠᠶᠢᠷᠠᠭᠤᠯᠬᠤ ᠡᠭᠦᠳᠡᠨ ᠡᠮᠨᠡᠯᠭᠡ ᠲᠣᠬᠢᠷᠠᠭᠤᠯᠵᠤ ᠪᠣᠯᠣᠨ᠎ᠠ᠃ ᠤᠳᠠᠭᠠᠨ ᠴᠢᠨᠠᠷᠲᠠᠢ ᠡᠪᠡᠳᠴᠢᠲᠡᠨ ᠳᠤ ︽ᠨᠢᠭᠡ | ᠥᠷᠲᠡᠭᠡᠨ ᠤ ᠮᠠᠶ᠋ᠢᠭ︾ ᠤᠨ ᠣᠷᠳᠣ ᠬᠤᠭᠤᠴᠠᠭᠠᠨ ᠤ ᠵᠣᠷ ᠪᠢᠴᠢᠵᠦ ᠥᠭᠬᠦ ᠪᠠ ᠡᠮ ᠠᠪᠬᠤ ᠦᠢᠯᠡᠴᠢᠯᠡᠭᠡ | ᠬᠠᠩᠭᠠᠵᠤ᠂ ᠡᠪᠡᠳᠴᠢᠲᠡᠨ ᠤ ᠡᠮᠨᠡᠯᠭᠡ ᠶᠢᠨ ᠬᠤᠷᠢᠶ᠎ᠠ ᠳᠤ ᠰᠢᠯᠵᠢᠬᠦ ᠶᠢ ᠪᠠᠭᠠᠰᠬᠠᠨ᠂ ᠡᠮᠨᠡᠯᠭᠡ ᠶᠢᠨ ᠬᠤᠷᠢᠶ᠎ᠠ ᠶᠢᠨ | ᠡᠩ ᠤᠨ ᠡᠭᠦᠳᠡᠨ ᠡᠮᠨᠡᠯᠭᠡ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠭᠥᠯᠢᠶᠡᠨ ᠠᠪᠴᠤ ᠡᠮᠨᠡᠭᠦᠯᠬᠦ | ᠳᠠᠷᠤᠯᠲᠠ ᠶᠢ ᠬᠥᠩᠭᠡᠷᠡᠭᠦᠯᠵᠦ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠨᠠᠩ ᠣᠯᠠᠨ ᠡᠮᠴᠢᠯᠡᠭᠡᠨ ᠤ ᠡᠬᠢ | ᠪᠠᠶᠠᠯᠢᠭ ᠢᠶᠠᠷ ᠠᠪᠤᠷᠠᠨ ᠵᠠᠰᠠᠬᠤ ᠶᠢ ᠪᠠᠲᠤᠯᠠᠵᠤ᠂ ᠴᠠᠭᠳᠠᠭ᠎ᠠ ᠡᠮᠴᠢᠯᠡᠭᠡᠨ ᠤ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠨ᠂ ᠡᠮᠴᠢᠯᠡᠭᠦᠯᠦᠭᠴᠢ ᠶᠢ ᠬᠥᠲᠥᠯᠥᠨ ᠵᠢᠯᠤᠭᠤᠳᠴᠤ ᠰᠠᠯᠭᠠᠨ ᠲᠣᠬᠢᠷᠠᠭᠤᠯᠬᠤ ᠶᠢ ᠰᠠᠶᠢᠲᠤᠷ ᠬᠢᠵᠦ᠂ | ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ ᠡᠮᠬᠢ ᠳᠢᠭᠯᠢᠮ ᠢ ᠪᠠᠲᠤᠯᠠᠨ᠎ᠠ᠃ ᠡᠮᠴᠢᠯᠡᠭᠦᠯᠵᠦ ᠳᠠᠭᠤᠰᠤᠭᠰᠠᠨ | ᠡᠪᠡᠳᠴᠢᠲᠡᠨ ᠢ ᠡᠮᠴᠢᠯᠡᠭᠡᠨ ᠤ ᠪᠠᠶᠢᠭᠤᠯᠤᠮᠵᠢ ᠠᠴᠠ ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠡᠮᠬᠢ | ᠵᠢᠷᠤᠮ ᠲᠠᠢ ᠪᠠᠷ ᠡᠮᠨᠡᠯᠭᠡ ᠠᠴᠠ ᠭᠠᠷᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷᠠᠬᠢ ᠬᠥᠮᠥᠰ ᠤᠨ ᠲᠦᠷᠭᠡᠨ | ᠲᠠᠷᠬᠠᠬᠤ ᠶᠢ ᠦᠨᠡᠨ ᠬᠦ ᠪᠠᠲᠤᠯᠠᠵᠤ᠂ ᠣᠨᠣᠰᠢᠯᠠᠨ ᠡᠮᠨᠡᠬᠦ ᠡᠮᠬᠢ ᠵᠢᠷᠤᠮ ᠢ ᠬᠠᠮᠠᠭᠠᠯᠠᠨ᠎ᠠ᠃ | ︵ᠭᠤᠷᠪᠠ︶ ᠢᠨᠲ᠋ᠧᠷ ᠰᠦᠯᠵᠢᠶᠡᠨ ᠤ ᠣᠨᠣᠰᠢᠯᠠᠨ ᠡᠮᠨᠡᠬᠦ ᠵᠢᠴᠢ ᠠᠰᠠᠭᠤᠨ ᠯᠠᠪᠯᠠᠬᠤ ᠦᠢᠯᠡᠴᠢᠯᠡᠭᠡ ᠶᠢ | ᠳᠡᠯᠭᠡᠷᠡᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢ ᠨᠢᠭᠡᠨᠲᠡ ᠢᠨᠲ᠋ᠧᠷ ᠰᠦᠯᠵᠢᠶᠡᠨ ᠤ ᠡᠮᠨᠡᠯᠭᠡ ᠶᠢᠨ | ᠬᠤᠷᠢᠶ᠎ᠠ ᠪᠠᠶᠢᠭᠤᠯᠤᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠡᠮᠨᠡᠯᠭᠡ ᠶᠢᠨ ᠠᠵᠢᠯᠲᠠᠳ ᠢ ᠪᠥᠬᠦ | ᠲᠠᠯ᠎ᠠ ᠪᠠᠷ ᠵᠣᠬᠢᠶᠠᠨ ᠪᠠᠶᠢᠭᠤᠯᠵᠤ ᠪᠠᠶᠢᠭᠠᠳ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠳᠤ ᠡᠭᠡᠯᠵᠢᠯᠡᠭᠦᠯᠦᠨ | ᠡᠮᠴᠢᠯᠡᠭᠦᠯᠵᠦ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠪᠠᠶᠢᠭᠤᠯᠬᠤ ᠳᠤ ᠨᠡᠶᠢᠴᠡᠬᠦ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠤᠭᠤᠳ ᠪᠦᠲᠦᠭᠡᠨ ᠪᠠᠶᠢᠭᠤᠯᠬᠤ ᠠᠬᠢᠴᠠ ᠪᠠᠨ ᠲᠦᠷᠭᠡᠳᠬᠡᠬᠦ ᠶᠢᠨ ᠬᠠᠮᠲᠤ | ᠦᠢᠯᠡᠴᠢᠯᠡᠭᠡ ᠬᠠᠩᠭᠠᠵᠤ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠪᠠᠶᠢᠭᠤᠯᠬᠤ ᠶᠢ ᠪᠦᠷᠢᠯᠳᠦᠭᠦᠯᠦᠭᠡᠳᠦᠢ | ᠡᠮᠴᠢᠯᠡᠭᠡᠨ ᠤ ᠪᠠᠶᠢᠭᠤᠯᠤᠮᠵᠢ ᠨᠤᠭᠤᠳ ᠸᠢᠴᠠᠲ ᠤᠨ ᠨᠡᠶᠢᠲᠡ ᠶᠢᠨ ᠳ᠋ᠤᠭᠠᠷ᠂ ᠵᠢᠵᠢᠭ ᠲᠠᠰ ᠳᠠᠷᠠᠭᠠᠯᠠᠯ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ᠰᠦᠯᠵᠢᠶᠡᠨ ᠳᠡᠭᠡᠷᠡᠬᠢ 24 ᠴᠠᠭ ᠤᠨ ᠯᠠᠪᠯᠠᠭ᠎ᠠ ᠥᠭᠬᠦ | ᠦᠢᠯᠡᠴᠢᠯᠡᠭᠡ ᠬᠠᠩᠭᠠᠵᠤ ᠪᠣᠯᠣᠨ᠎ᠠ᠃ᠡᠯ᠎ᠡ ᠭᠠᠵᠠᠷ ᠤᠨ ᠬᠢᠨ ᠸᠢᠴᠠᠲ ᠤᠨ ᠨᠡᠶᠢᠲᠡ ᠶᠢᠨ ᠳ᠋ᠤᠭᠠᠷ᠂ ᠠᠯᠪᠠᠨ ᠤ | ᠰᠦᠯᠵᠢᠶ᠎ᠡ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠨᠣᠰᠢᠯᠠᠨ ᠡᠮᠨᠡᠬᠦ ᠮᠡᠳᠡᠭᠡ ᠵᠠᠩᠭᠢ ᠶᠢ ᠴᠠᠭ | ᠲᠤᠬᠠᠢ ᠳᠤᠨᠢ ᠨᠡᠶᠢᠲᠡᠯᠡᠵᠦ᠂ ᠳᠠᠬᠢᠨ ᠣᠨᠣᠰᠢᠯᠠᠬᠤ᠂ ᠤᠳᠠᠭᠠᠨ ᠴᠢᠨᠠᠷᠲᠠᠢ ᠡᠪᠡᠳᠴᠢᠨ ᠳᠤ ᠡᠮ ᠥᠭᠬᠦ᠂ ᠡᠷᠡᠭᠦᠯ | ᠮᠡᠨᠳᠦ ᠶᠢᠨ ᠯᠠᠪᠯᠠᠭ᠎ᠠ ᠥᠭᠬᠦ ᠣᠯᠠᠨ ᠲᠦᠮᠡᠨ ᠢ ᠪᠦᠲᠦᠮᠵᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠢᠨᠲ᠋ᠧᠷ | ᠰᠦᠯᠵᠢᠶ᠎ᠡ ᠪᠠᠷ ᠳᠠᠮᠵᠢᠭᠤᠯᠤᠨ ᠦᠢᠯᠡᠴᠢᠯᠡᠭᠡ ᠬᠦᠷᠲᠡᠭᠡᠵᠦ᠂ 120 ᠲᠦᠷᠭᠡᠨ ᠠᠪᠤᠷᠠᠯᠳᠠ ᠶᠢᠨ ᠳ᠋ᠢᠶᠠᠩᠬᠤᠸᠠ ᠶᠢᠨ | ᠯᠠᠪᠯᠠᠭ᠎ᠠ ᠪᠠ ᠰᠦᠯᠵᠢᠶᠡᠨ ᠠᠴᠠ ᠭᠠᠳᠠᠭᠤᠷᠬᠢ ᠣᠨᠣᠰᠢᠯᠠᠭ᠎ᠠ ᠶᠢᠨ ᠳᠠᠷᠤᠯᠲᠠ ᠶᠢ ᠬᠥᠩᠭᠡᠷᠡᠭᠦᠯᠬᠦ ᠬᠡᠷᠡᠭᠲᠡᠢ᠃ᠡᠯ᠎ᠡ | ᠭᠠᠵᠠᠷ ᠤᠨ ᠬᠢᠨ ᠢᠨᠲ᠋ᠧᠷ ᠰᠦᠯᠵᠢᠶᠡᠨ ᠤ ᠬᠠᠳᠠᠭᠠᠯᠠᠮᠵᠢ ᠶᠢᠨ ᠡᠬᠢ ᠪᠠᠶᠠᠯᠢᠭ ᠢ ᠲᠠᠰ ᠳᠡᠪᠰᠢᠭᠦᠯᠦᠨ ᠥᠷᠭᠡᠳᠬᠡᠵᠦ᠂ | ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠲᠤᠭ᠎ᠠ ᠪᠠᠷᠢᠮᠲᠠ ᠶᠢᠨ ᠠᠮᠤᠷ | ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠠᠵᠢᠯᠲᠠᠨ ᠢ ᠭᠦᠢᠴᠡᠳ ᠲᠣᠬᠢᠷᠠᠭᠤᠯᠵᠤ᠂ ᠢᠨᠲ᠋ᠧᠷ ᠰᠦᠯᠵᠢᠶᠡᠨ ᠤ | ᠡᠮᠨᠡᠯᠭᠡ ᠶᠢᠨ ᠬᠤᠷᠢᠶ᠎ᠠ᠂ ᠰᠦᠯᠵᠢᠶᠡᠨ ᠳᠡᠭᠡᠷᠡᠬᠢ ᠠᠰᠠᠭᠤᠨ ᠯᠠᠪᠯᠠᠬᠤ ᠦᠢᠯᠡᠴᠢᠯᠡᠭᠡᠨ ᠤ ᠠᠷᠭ᠎ᠠ ᠵᠠᠮ ᠤᠨ ᠰᠠᠭᠠᠳ | ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ | ᠬᠤᠶᠠᠷ᠂ ᠣᠨᠣᠰᠢᠯᠠᠨ ᠡᠮᠨᠡᠬᠦ ᠴᠤᠪᠤᠷᠠᠯ ᠢ ᠰᠢᠯᠢᠳᠡᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠬᠦᠨᠳᠦ ᠡᠪᠡᠳᠴᠢᠨ ᠢ ᠰᠡᠷᠭᠡᠶᠢᠯᠡᠬᠦ᠂ ᠦᠬᠦᠯ ᠢ ᠪᠠᠭᠠᠰᠬᠠᠬᠤ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠨᠤᠭᠤᠳ ︽ᠠᠷᠭ᠎ᠠ ᠴᠢᠨᠠᠷ ᠪᠠᠶᠢᠬᠤ ᠡᠰᠡᠬᠦ ᠶᠢ ᠠᠩᠬᠠᠷᠬᠤ ᠦᠭᠡᠢ᠂ ᠠᠮᠢ ᠨᠠᠰᠤ ᠶᠢ | ᠠᠪᠤᠷᠠᠨ ᠵᠠᠰᠠᠬᠤ ᠶᠢ ᠨᠠᠩ ᠠᠩᠬᠠᠷᠬᠤ︾ ᠣᠨᠣᠯᠵᠢᠬᠤᠨ ᠢ ᠪᠣᠶ ᠪᠣᠯᠭᠠᠵᠤ᠂ ᠡᠪᠡᠳᠴᠢᠯᠡᠭᠰᠡᠳ ᠤᠨ ᠲᠤᠭ᠎ᠠ | ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠲᠥᠰᠥᠭᠡᠯᠡᠵᠦ᠂ ᠡᠮᠴᠢᠯᠡᠭᠡᠨ ᠤ ᠡᠬᠢ ᠪᠠᠶᠠᠯᠢᠭ ᠢ ᠵᠦᠢ ᠵᠣᠬᠢᠰᠲᠠᠢ | ᠲᠣᠬᠢᠷᠠᠭᠤᠯᠤᠨ᠂ ᠣᠨᠣᠰᠢᠯᠠᠨ ᠡᠮᠨᠡᠬᠦ ᠠᠪᠤᠷᠠᠨ ᠵᠠᠰᠠᠬᠤ ᠶᠠᠪᠤᠴᠠ ᠶᠢ ᠰᠢᠯᠢᠳᠡᠭᠵᠢᠭᠦᠯᠵᠦ᠂ ᠠᠵᠢᠯ ᠤᠨ | ᠭᠤᠣᠯᠳᠠᠯᠭ᠎ᠠ ᠪᠠᠨ ᠣᠯᠠᠨ ᠲᠦᠮᠡᠨ ᠤ ᠠᠮᠢ ᠨᠠᠰᠤ ᠶᠢ ᠨᠥᠯᠥᠭᠡᠯᠡᠬᠦ ᠡᠪᠡᠳᠴᠢᠨ ᠡᠮᠭᠡᠭ ᠢ ᠣᠨᠣᠰᠢᠯᠠᠨ ᠵᠠᠰᠠᠬᠤ | ᠠᠵᠢᠯ ᠳᠤ ᠰᠢᠯᠵᠢᠭᠦᠯᠬᠦ ᠬᠡᠷᠡᠭᠲᠡᠢ᠃ | ︵ᠨᠢᠭᠡ︶ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠬᠦᠨᠳᠦ ᠡᠪᠡᠳᠴᠢᠨ ᠢ ᠠᠪᠤᠷᠠᠨ | ᠵᠠᠰᠠᠬᠤ ᠠᠵᠢᠯ ᠳᠤ ᠪᠠᠲᠤᠯᠠᠭ᠎ᠠ ᠬᠠᠩᠭᠠᠨ᠎ᠠ᠃ ᠡᠯ᠎ᠡ ᠭᠠᠵᠠᠷ ᠤᠨ ᠬᠢᠨ ᠬᠠᠷᠢᠶ᠎ᠠ ᠣᠷᠣᠨ ᠤ ᠪᠠᠨ ᠡᠮ ᠡᠮᠨᠡᠯᠭᠡ ᠶᠢᠨ | ᠠᠪᠤᠷᠠᠨ ᠵᠠᠰᠠᠬᠤ ᠲᠤᠰᠬᠠᠢ ᠮᠡᠷᠭᠡᠵᠢᠯᠲᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠦᠨᠳᠦ | ᠡᠪᠡᠳᠴᠢᠲᠡᠨ ᠢ ᠡᠮᠨᠡᠨ ᠠᠪᠤᠷᠠᠬᠤ ᠲᠤᠰᠬᠠᠢ ᠮᠡᠷᠭᠡᠵᠢᠯᠲᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠣᠭᠤᠷᠢᠨ | ᠪᠠᠶᠢᠴᠠᠭᠠᠵᠤ ᠬᠠᠮᠲᠤᠷᠠᠨ ᠣᠨᠣᠰᠢᠯᠠᠬᠤ ᠰᠢᠯᠵᠢᠭᠦᠯᠦᠨ ᠣᠨᠣᠰᠢᠯᠠᠬᠤ ᠳᠦᠷᠢᠮ ᠢ ᠪᠠᠶᠢᠭᠤᠯᠵᠤ᠂ ᠲᠤᠰᠬᠠᠢ | ᠮᠡᠷᠭᠡᠵᠢᠯᠲᠡᠨ ᠤ ᠲᠣᠭᠲᠠᠭᠰᠠᠨ ᠭᠠᠵᠠᠷ ᠢ ᠳᠣᠷᠣᠭᠰᠢ ᠪᠠᠭᠤᠯᠭᠠᠨ ᠵᠢᠯᠤᠭᠤᠳᠬᠤ ᠳᠦᠷᠢᠮ᠂ ᠬᠡᠰᠡᠭ ᠲᠣᠭᠤᠷᠢᠭ ᠢᠶᠠᠷ | ᠬᠦᠨᠳᠦ ᠡᠪᠡᠳᠴᠢᠲᠡᠨ ᠢ ᠠᠪᠤᠷᠠᠨ ᠵᠠᠰᠠᠬᠤ ᠮᠡᠷᠭᠡᠵᠢᠯ ᠤᠨ ᠵᠢᠯᠣᠭᠤᠳᠤᠯᠭ᠎ᠠ ᠶᠢ ᠨᠠᠶᠢᠳᠠᠪᠤᠷᠢᠵᠢᠭᠤᠯᠵᠤ᠂ ᠡᠳᠦᠷ | ᠪᠦᠷᠢ ᠶᠢᠨ ᠬᠦᠨᠳᠦ ᠡᠪᠡᠳᠴᠢᠲᠡᠨ ᠳᠤ ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ᠂ ᠡᠳᠦᠷ ᠤᠨ ᠲᠣᠳᠣᠷᠬᠠᠢ | ᠬᠠᠭᠤᠳᠠᠰᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ ᠬᠠᠮᠲᠤᠷᠠᠨ | ᠣᠨᠣᠰᠢᠯᠠᠬᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠤ ᠡᠪᠡᠳᠴᠢᠨ ᠤ ᠪᠠᠶᠢᠳᠠᠯ ᠢ ᠦᠨᠡᠯᠡᠨ ᠵᠢᠱᠢᠬᠦ ᠵᠡᠷᠭᠡ | ᠠᠵᠢᠯ ᠤᠨ ᠲᠣᠭᠲᠠᠴᠠ ᠶᠢ ᠪᠣᠶ ᠪᠣᠯᠭᠠᠨ᠎ᠠ᠄ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ | ᠱᠠᠭᠠᠷᠳᠠᠯᠭ᠎ᠠ ᠶᠣᠰᠣᠭᠠᠷ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠤ ᠥᠷᠥᠭᠡ ᠪᠣᠯᠣᠨ ᠬᠦᠨᠳᠦ | ᠡᠪᠡᠳᠴᠢᠲᠡᠨ ᠤ ᠣᠷᠣ ᠶᠢ ᠥᠭᠡᠷᠡᠴᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠬᠦᠨᠳᠦ ᠡᠪᠡᠳᠴᠢᠨ ᠢ ᠡᠮᠨᠡᠨ | ᠵᠠᠰᠠᠬᠤ ᠡᠮᠴᠢ ᠰᠤᠪᠢᠯᠠᠭᠴᠢ ᠶᠢᠨ ᠪᠣᠯᠪᠠᠰᠤᠷᠠᠯ ᠢ ᠲᠦᠷᠭᠡᠨ ᠪᠡᠶᠡᠯᠡᠭᠦᠯᠵᠦ᠂ ᠪᠠᠴᠢᠮ ᠲᠦᠭᠰᠢᠭᠦᠷᠢᠲᠡᠢ ᠬᠦᠨᠳᠦ | ᠡᠪᠡᠳᠴᠢᠨ ᠢ ᠠᠪᠤᠷᠠᠨ ᠵᠠᠰᠠᠬᠤ ᠶᠠᠪᠤᠴᠠ ᠪᠠ ᠪᠡᠯᠡᠳᠬᠡᠯ ᠲᠥᠰᠥᠯ ᠢ ᠲᠣᠭᠲᠠᠭᠠᠵᠤ᠂ ᠥᠨᠳᠥᠷ ᠨᠠᠰᠤᠨ ᠤ ︵ᠬᠦᠨᠳᠦ | ᠨᠣᠴᠢᠲᠠᠢ ᠰᠠᠭᠤᠷᠢ ᠡᠪᠡᠳᠴᠢᠨ ᠲᠠᠢ︶᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠢᠷᠠᠢ ᠬᠡᠦᠬᠡᠳ᠂ ᠵᠢᠷᠦᠬᠡ | ᠲᠠᠷᠢᠬᠢ ᠴᠢᠰᠤᠨ ᠰᠤᠳᠠᠯ ᠤᠨ ᠡᠪᠡᠳᠴᠢᠨ᠂ ᠬᠠᠪᠤᠳᠠᠷ ᠤᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ | ᠢᠯᠭᠠᠷᠠᠭᠤᠯᠬᠤ ᠵᠡᠷᠭᠡ ᠭᠤᠣᠯᠳᠠᠯᠭ᠎ᠠ ᠲᠠᠢ ᠬᠥᠮᠥᠰ ᠢ ᠠᠪᠤᠷᠠᠨ ᠵᠠᠰᠠᠬᠤ ᠠᠵᠢᠯ ᠳᠤ ᠭᠦᠢᠴᠡᠳ ᠪᠡᠯᠡᠳᠬᠡᠯ ᠬᠢᠬᠦ | ᠬᠡᠷᠡᠭᠲᠡᠢ᠄ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ︵ᠡᠮᠴᠢᠯᠡᠭᠡᠨ ᠤ | ᠲᠠᠰᠤᠭ︶᠂ ᠲᠦᠷᠭᠡᠨ ᠡᠮᠴᠢᠯᠡᠭᠡᠨ ᠤ ᠭᠥᠯᠢᠶᠡᠨ ᠠᠪᠴᠤ ᠡᠮᠴᠢᠯᠡᠬᠦ ᠲᠠᠰᠤᠭ ᠤᠨ ᠡᠬᠢ ᠪᠠᠶᠠᠯᠢᠭ ᠢ ᠵᠦᠢ ᠵᠣᠬᠢᠰᠲᠠᠢ | ᠥᠷᠭᠡᠳᠬᠡᠨ ᠲᠡᠭᠦᠯᠳᠡᠷᠵᠢᠭᠦᠯᠵᠦ᠂ ᠡᠮᠴᠢᠯᠡᠭᠡᠨ ᠤ ᠬᠦᠴᠦᠨ ᠢ ᠬᠠᠯᠠᠭᠤᠷᠠᠯ ᠤᠨ ᠡᠭᠦᠳᠡᠨ ᠡᠮᠨᠡᠯᠭᠡ᠂ ᠲᠦᠷᠭᠡᠨ | ᠡᠮᠴᠢᠯᠡᠭᠡ ᠳᠠᠰᠢ ᠬᠡᠯᠪᠡᠶᠢᠯᠭᠡᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠲᠦᠷᠭᠡᠨ ᠨᠡᠮᠡᠭᠳᠡᠬᠦ ᠳᠠᠷᠤᠯᠲᠠ ᠶᠢ | ᠪᠦᠲᠦᠮᠵᠢᠲᠡᠢ ᠠᠷᠭᠠᠴᠠᠨ᠎ᠠ᠄ 120 ᠲᠦᠷᠭᠡᠨ ᠠᠪᠤᠷᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ | ᠴᠢᠩᠭᠠᠷᠠᠭᠤᠯᠤᠨ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠ ᠨᠠᠰᠤ ᠠᠬᠢᠭᠰᠠᠨ ᠡᠪᠡᠳᠴᠢᠲᠡᠨ ᠢ ᠲᠦᠷᠭᠡᠨ | ᠠᠪᠤᠷᠠᠯ ᠤᠨ ᠰᠢᠯᠵᠢᠭᠦᠯᠦᠨ ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠪᠠᠲᠤᠯᠠᠵᠤ᠂ ᠨᠡᠶᠢᠭᠡᠮ ᠤᠨ ᠬᠦᠴᠦᠨ ᠪᠤᠶᠤ | ᠭᠤᠷᠪᠠᠳᠠᠭᠢ ᠡᠲᠡᠭᠡᠳ ᠤᠨ ᠡᠬᠢ ᠪᠠᠶᠠᠯᠢᠭ ᠢ ᠠᠰᠢᠭᠯᠠᠨ᠂ ᠲᠦᠷᠭᠡᠨ ᠠᠪᠤᠷᠠᠯ ᠤᠨ ᠪᠤᠰᠤ ᠡᠪᠡᠳᠴᠢᠲᠡᠨ ᠢ | ᠰᠢᠯᠵᠢᠭᠦᠯᠦᠨ ᠲᠡᠭᠡᠭᠡᠪᠦᠷᠢᠯᠡᠬᠦ ᠬᠡᠷᠡᠭᠴᠡᠭᠡ ᠱᠠᠭᠠᠷᠳᠠᠯᠭ᠎ᠠ ᠶᠢ ᠨᠥᠬᠦᠪᠦᠷᠢᠯᠡᠨ᠎ᠡ︔ ᠡᠮᠨᠡᠯᠭᠡ ᠶᠢᠨ ᠬᠤᠷᠢᠶ᠎ᠠ ᠠᠴᠠ | ᠡᠮᠦᠨᠡᠬᠢ ᠲᠦᠷᠭᠡᠨ ᠠᠪᠤᠷᠠᠯᠳᠠ᠂ ᠡᠮᠨᠡᠯᠭᠡ ᠶᠢᠨ ᠬᠤᠷᠢᠶ᠎ᠠ ᠶᠢᠨ ᠳᠣᠲᠣᠷᠠᠬᠢ ᠬᠦᠨᠳᠦ ᠡᠪᠡᠳᠴᠢᠨ ᠢ ᠨᠢᠭᠡ | ᠴᠣᠭᠴᠠᠵᠢᠭᠤᠯᠤᠨ ᠠᠪᠤᠷᠠᠨ ᠵᠠᠰᠠᠬᠤ ᠰᠢᠰᠲ᠋ᠧᠮᠵᠢ ᠶᠢ ᠪᠠᠶᠢᠭᠤᠯᠵᠤ᠂ ᠪᠠᠴᠢᠮ ᠲᠦᠭᠰᠢᠭᠦᠷᠢᠲᠡᠢ ᠬᠦᠨᠳᠦ | ᠡᠪᠡᠳᠴᠢᠲᠡᠨ ᠤ ᠪᠥᠬᠦ ᠴᠤᠪᠤᠷᠠᠯ᠂ ᠪᠥᠬᠦ ᠭᠤᠭᠴᠣᠭᠠᠨ ᠳᠠᠬᠢ ᠭᠥᠯᠢᠶᠡᠨ ᠠᠪᠴᠤ ᠠᠪᠤᠷᠠᠨ ᠵᠠᠰᠠᠬᠤ ᠠᠵᠢᠯ ᠤᠨ | ᠰᠠᠭᠠᠳ ᠦᠭᠡᠢ ᠪᠥᠭᠡᠳ ᠴᠠᠭ ᠲᠤᠬᠠᠢ ᠳᠤᠨᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠬᠠᠮᠢᠶᠠᠷᠬᠤ ᠪᠠ | ᠠᠪᠤᠷᠠᠨ ᠵᠠᠰᠠᠬᠤ ᠶᠢ ᠴᠢᠩᠭᠠᠳᠬᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠨᠢ ᠬᠠᠷᠢᠶ᠎ᠠ ᠣᠷᠣᠨ ᠤ ᠳᠣᠲᠣᠷᠠᠬᠢ ︵ᠭᠡᠷ ᠲᠡᠭᠡᠨ ᠰᠠᠭᠤᠵᠤ ᠪᠠᠶᠢᠭ᠎ᠠ᠂ ᠨᠠᠰᠤᠲᠠᠨ ᠢ ᠠᠰᠠᠷᠠᠬᠤ ᠬᠦᠷᠢᠶᠡᠯᠡᠩ︶ ᠶᠢᠨ | ᠥᠨᠳᠥᠷ ᠨᠠᠰᠤᠲᠠᠢ ᠰᠠᠭᠤᠷᠢ ᠡᠪᠡᠳᠴᠢᠨ ᠲᠠᠢ ᠨᠠᠰᠤᠲᠠᠶᠢᠴᠤᠳ ᠲᠤ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠤᠨ | ᠥᠭᠴᠦ᠂ ᠰᠠᠭᠤᠷᠢ ᠲᠤᠭ᠎ᠠ ᠶᠢ ᠨᠢ ᠲᠣᠳᠣᠷᠬᠠᠢ ᠣᠶᠢᠯᠠᠭᠠᠨ᠂ ᠬᠠᠷᠢᠶ᠎ᠠ ᠭᠠᠵᠠᠷ ᠤᠨ ᠲᠣᠥᠷᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ᠥᠨᠳᠥᠷ ᠨᠠᠰᠤᠲᠠᠢ ᠰᠠᠭᠤᠷᠢ ᠴᠢᠨᠠᠷᠲᠠᠢ | ᠡᠪᠡᠳᠴᠢᠨ ᠲᠠᠢ ᠨᠠᠰᠤᠲᠠᠨ ︵ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠥᠨᠳᠥᠷ ᠨᠠᠰᠤᠲᠠᠢ ᠨᠠᠰᠤᠲᠠᠨ︶ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ 70 ᠨᠠᠰᠤᠨ ᠠᠴᠠ ᠢᠯᠡᠭᠦᠦ᠂ | ᠴᠢᠰᠤᠨ ᠤ ᠬᠦᠴᠢᠯᠲᠥ᠋ᠷᠥᠭᠴᠢ ᠶᠢᠨ ᠬᠠᠨᠤᠴᠠ 90% ᠠᠴᠠ ᠪᠠᠭ᠎ᠠ ᠪᠠᠶᠢᠳᠠᠭ᠃ ᠠᠮᠢᠰᠬᠤᠯ ᠴᠢᠬᠤᠯᠳᠠᠵᠤ᠂ | ᠳᠠᠪᠲᠠᠮᠵᠢ ᠨᠢ ᠮᠢᠨᠦ᠋ᠲ ᠪᠦᠷᠢ 30 ᠤᠳᠠᠭ᠎ᠠ ᠠᠴᠠ ᠬᠡᠲᠦᠷᠡᠨ᠎ᠡ᠃ ᠴᠢᠰᠤᠨ ᠳᠠᠷᠤᠯᠲᠠ ᠨᠢ ᠦᠨᠳᠦᠰᠦᠨ ᠴᠢᠰᠤᠨ | ᠳᠠᠷᠤᠯᠲᠠ ᠶᠢᠨ 30% ᠠᠴᠠ ᠥᠨᠳᠥᠷ ᠪᠤᠶᠤ 30% ᠠᠴᠠ ᠳᠣᠣᠷ᠎ᠠ ᠪᠠᠶᠢᠭ᠎ᠠ ᠪᠠᠴᠢᠮ ᠲᠦᠭᠰᠢᠭᠦᠷᠢᠲᠡᠢ ᠬᠦᠨᠳᠦ | ᠡᠪᠡᠳᠴᠢᠲᠡᠨ ᠳᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠬᠠᠮᠤᠭ ᠤᠨ | ᠲᠡᠷᠢᠭᠦᠨ ᠳᠤ ᠦᠨᠡᠯᠡᠨ ᠵᠢᠱᠢᠵᠦ ᠢᠯᠭᠠᠨ ᠲᠠᠨᠢᠬᠤ ᠠᠵᠢᠯ ᠳᠤ ᠬᠠᠮᠵᠢᠯᠴᠠᠵᠤ᠂ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠴᠠᠭ ᠲᠤᠬᠠᠢ ᠳᠤᠨᠢ ᠰᠢᠯᠵᠢᠭᠦᠯᠦᠨ ᠡᠮᠨᠡᠭᠦᠯᠵᠦ ᠠᠪᠤᠷᠠᠨ ᠵᠠᠰᠠᠬᠤ ᠠᠵᠢᠯ ᠥᠷᠨᠢᠭᠦᠯᠵᠦ᠂ ᠠᠶᠢᠮᠠᠭ | ᠬᠤᠲᠠ ᠶᠢᠨ ᠳᠡᠰ ᠤᠨ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠠᠶᠤᠯ | ᠶᠡᠬᠡᠲᠡᠢ ᠵᠢᠷᠮᠦᠰᠦᠨ ᠡᠮᠡᠭᠲᠡᠢ ᠶᠢᠨ ᠬᠠᠮᠢᠶᠠᠷᠤᠯᠲᠠ ᠶᠢᠨ ᠵᠠᠭᠪᠤᠷ ᠢᠶᠠᠷ ᠯᠠᠪᠯᠠᠯᠲᠠ ᠪᠣᠯᠭᠠᠵᠤ᠂ ᠬᠡᠰᠡᠭ ᠬᠤᠪᠢᠶᠠᠨ | ᠬᠡᠰᠡᠭ ᠬᠤᠪᠢᠶᠠᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠠᠵᠢᠯ ᠢ | ᠬᠠᠷᠢᠭᠤᠴᠠᠵᠤ᠂ ᠪᠤᠰᠤᠳ ᠡᠮᠨᠡᠯᠭᠡ ᠶᠢᠨ ᠬᠤᠷᠢᠶ᠎ᠠ ᠶᠢᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠨ | ᠠᠪᠤᠷᠠᠬᠤ ᠲᠦᠭᠰᠢᠭᠦᠷᠢ ᠶᠢ ᠪᠠᠭᠠᠰᠬᠠᠨ᠎ᠠ᠄ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠯᠭᠡ ᠳᠤ ᠰᠠᠭᠤᠯᠭᠠᠵᠤ | ᠡᠮᠨᠡᠨ ᠵᠠᠰᠠᠬᠤ ᠠᠵᠢᠯ ᠢ ᠴᠢᠩᠭᠠᠳᠬᠠᠵᠤ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠵᠡᠷᠭᠡ ᠪᠠᠴᠢᠮ ᠠᠪᠤᠷᠠᠯᠳᠠ ᠶᠢᠨ | ᠪᠤᠰᠤ᠂ ᠡᠮᠨᠡᠯᠭᠡ ᠳᠤ ᠰᠠᠭᠤᠬᠤ ᠪᠤᠰᠤ ᠭᠠᠵᠠᠷ ᠣᠷᠣᠨ ᠳᠤ ᠦᠬᠦᠭᠰᠡᠨ ᠡᠪᠡᠳᠴᠢᠨ ᠤ ᠵᠢᠱᠢᠶ᠎ᠡ ᠡᠭᠦᠰᠬᠦ ᠶᠢ ᠲᠠᠰᠤ | ᠵᠣᠭᠰᠣᠭᠠᠨ᠎ᠠ᠄ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠨ ᠵᠠᠰᠠᠭᠰᠠᠨ ᠡᠳᠦᠷ ᠤᠨ ᠮᠡᠳᠡᠭᠦᠯᠬᠦ ᠳᠦᠷᠢᠮ ᠢ ᠪᠠᠶᠢᠭᠤᠯᠵᠤ᠂ | ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠲᠠᠪᠴᠠᠩ ᠳᠤ ᠲᠦᠰᠢᠭᠯᠡᠨ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠡᠮᠨᠡᠨ | ᠵᠠᠰᠠᠬᠤ ᠠᠵᠢᠯ ᠢ ᠬᠢᠨᠠᠨ ᠰᠢᠯᠭᠠᠬᠤ ᠶᠢᠨ ᠬᠠᠮᠲᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ | ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠲᠣᠭᠲᠠᠮᠠᠯ ᠬᠤᠰᠢᠭᠤ ᠰᠢᠶᠠᠨ ᠤ ᠡᠮᠨᠡᠯᠭᠡ ᠶᠢᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ ᠬᠦᠨᠳᠦ ᠡᠪᠡᠳᠴᠢᠲᠡᠨ ᠢ ᠭᠥᠯᠢᠶᠡᠨ ᠠᠪᠴᠤ | ᠡᠮᠨᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠲᠤᠰᠠᠯᠠᠬᠤ ᠦᠢᠯᠡᠳᠦᠯ ᠢ ᠪᠠᠳᠠᠷᠠᠭᠤᠯᠤᠨ᠂ ᠠᠶᠢᠮᠠᠭ ᠬᠤᠲᠠ ᠶᠢᠨ ᠱᠠᠲᠤᠨ ᠤ ᠬᠠᠪᠰᠤᠷᠤᠨ ᠲᠡᠳᠬᠦᠬᠦ ᠨᠢᠭᠡ | ᠡᠮᠨᠡᠯᠭᠡ ᠶᠢᠨ ᠬᠤᠷᠢᠶ᠎ᠠ ᠶᠢ ᠵᠢᠭᠠᠨ ᠲᠣᠭᠲᠠᠭᠠᠵᠤ ᠰᠠᠭᠠᠳ ᠦᠭᠡᠢ ᠨᠡᠪᠲᠡᠷᠡᠬᠦ ᠵᠠᠮ ᠪᠠᠶᠢᠭᠤᠯᠤᠨ᠂ ᠬᠤᠰᠢᠭᠤ | ᠰᠢᠶᠠᠨ ᠤ ᠡᠮᠨᠡᠯᠭᠡ ᠶᠢᠨ ᠬᠤᠷᠢᠶ᠎ᠠ ᠶᠢᠨ ᠡᠮᠨᠡᠨ ᠵᠠᠰᠠᠬᠤ ᠶᠢᠨ ᠠᠷᠭ᠎ᠠ ᠦᠭᠡᠢ ᠬᠦᠨᠳᠦ ᠡᠪᠡᠳᠴᠢᠲᠡᠨ ᠢ ᠭᠥᠯᠢᠶᠡᠨ | ᠠᠪᠤᠨ᠎ᠠ᠃ | ᠭᠤᠷᠪᠠ᠂ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠬᠡᠪ ᠤᠨ | ᠶᠣᠰᠣᠭᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠨᠢᠭᠡ︶ ᠡᠮ ᠤᠨ ᠵᠦᠢᠯ ᠤᠨ ᠨᠥᠭᠡᠴᠡᠯᠡᠯᠲᠡ ᠶᠢ ᠴᠢᠩᠭᠠᠳᠬᠠᠵᠤ᠂ ᠲᠠᠰ ᠲᠥᠷᠥᠯ ᠬᠤᠪᠢᠶᠠᠨ | ᠬᠠᠩᠭᠠᠯᠭ᠎ᠠ ᠶᠢ ᠪᠠᠲᠤᠯᠠᠨ᠎ᠠ᠃ᠡᠯ᠎ᠡ ᠠᠶᠢᠮᠠᠭ ᠬᠤᠲᠠ ᠨᠤᠭᠤᠳ ᠡᠮ ᠤᠨ ᠵᠦᠢᠯ ᠤᠨ ᠨᠥᠭᠡᠴᠡᠯᠡᠯᠲᠡ ᠶᠢ ᠪᠥᠬᠦ | ᠲᠠᠯ᠎ᠠ ᠪᠠᠷ ᠴᠢᠩᠭᠠᠳᠬᠠᠵᠤ᠂ ᠡᠪᠡᠳᠴᠢᠨ ᠤ ᠬᠡᠷᠡᠭᠴᠡᠭᠡ ᠪᠠᠷ ᠨᠢ ᠲᠠᠰ ᠲᠥᠷᠥᠯ ᠬᠤᠪᠢᠶᠠᠨ ᠡᠮ ᠤᠨ ᠵᠦᠢᠯ ᠤᠨ | ᠨᠠᠷᠢᠨ ᠲᠠᠩᠰᠠ ᠶᠢ ᠲᠣᠭᠲᠠᠭᠠᠵᠤ᠂ 7x24 ᠴᠠᠭ ᠤᠨ ᠡᠮ ᠤᠨ ᠵᠦᠢᠯ ᠤᠨ ᠪᠠᠲᠤᠯᠠᠭ᠎ᠠ ᠶᠢᠨ ᠲᠠᠰᠤᠯᠳᠠᠯ ᠦᠭᠡᠢ | ᠰᠢᠰᠲ᠋ᠧᠮᠵᠢ ᠶᠢ ᠪᠠᠶᠢᠭᠤᠯᠤᠨ᠎ᠠ᠃ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠡᠩ ᠤᠨ ᠡᠮ ᠤᠨ | ᠵᠦᠢᠯ ᠢ ᠨᠥᠭᠡᠴᠡᠯᠡᠬᠦ ᠶᠢᠨ ᠬᠠᠮᠲᠤ᠂ ᠡᠩ ᠤᠨ 3 ᠰᠠᠷ᠎ᠠ ᠶᠢᠨ ᠬᠡᠷᠡᠭᠯᠡᠬᠦ ᠬᠡᠮᠵᠢᠶ᠎ᠡ ᠪᠠᠷ ᠠᠮᠢᠰᠬᠤᠯ ᠤᠨ ᠳᠡᠭᠡᠳᠦ | ᠵᠠᠮ ᠤᠨ ᠬᠠᠯᠳᠠᠪᠤᠷᠢᠯᠠᠯ ᠤᠨ ᠪᠠᠺᠲ᠋ᠧᠷᠢ ᠡᠰᠡᠷᠭᠦᠴᠡᠬᠦ ᠡᠮ᠂ ᠠᠮᠢᠰᠬᠤᠯ ᠤᠨ ᠰᠢᠰᠲ᠋ᠧᠮ ᠤᠨ ᠬᠠᠯᠳᠠᠪᠤᠷᠢᠯᠠᠯ ᠳᠤ | ᠲᠤᠰᠠᠯᠠᠬᠤ ᠡᠮ᠂ ᠬᠠᠯᠳᠠᠪᠤᠷᠢᠲᠤ ᠲᠠᠭᠰᠢᠭᠤᠷ ᠢ ᠡᠮᠨᠡᠨ ᠵᠠᠰᠠᠬᠤ ᠡᠮ᠂ ᠰᠢᠨ᠎ᠡ ᠲᠢᠲᠢᠮ ᠤᠨ ᠬᠤᠯᠪᠣᠭᠳᠠᠯ ᠪᠦᠬᠦᠢ | ᠡᠮ ᠵᠢᠴᠢ ᠥᠳᠥᠭᠡᠭᠴᠢ ᠤᠷᠪᠠᠯᠵᠢ ᠶᠢ ᠬᠥᠳᠡᠯᠦᠩᠭᠦᠢ ᠪᠠᠷ ᠨᠥᠭᠡᠴᠡᠯᠡᠨ᠎ᠡ᠄ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠡᠩ ᠤᠨ 3 | ᠰᠠᠷ᠎ᠠ ᠶᠢᠨ ᠬᠡᠷᠡᠭᠯᠡᠬᠦ ᠬᠡᠮᠵᠢᠶ᠎ᠡ ᠪᠠᠷ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠲᠡᠨ ᠤ | ᠪᠠᠶᠢᠩᠭᠤ ᠬᠡᠷᠡᠭᠯᠡᠬᠦ ᠡᠮ᠂ ᠬᠠᠯᠠᠭᠤᠨ ᠢ ᠪᠠᠭᠤᠷᠠᠭᠤᠯᠵᠤ ᠬᠠᠨᠢᠶᠠᠳᠤ ᠶᠢ ᠵᠣᠭᠰᠤᠭᠠᠬᠤ ᠡᠮ ᠪᠠ ᠥᠳᠥᠭᠡᠭᠴᠢ | ᠤᠷᠪᠠᠯᠵᠢ ᠶᠢ ᠬᠥᠳᠡᠯᠦᠩᠭᠦᠢ ᠪᠠᠷ ᠨᠥᠭᠡᠴᠡᠯᠡᠨ᠎ᠡ︔ᠬᠢᠲᠠᠳ ᠡᠮ ︵ᠮᠣᠩᠭᠤᠯ ᠡᠮ︶ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠣᠯᠠᠨ ᠲᠦᠮᠡᠨ ᠳᠤ ᠬᠢᠲᠠᠳ ᠡᠮ᠂ ᠮᠣᠩᠭᠤᠯ ᠡᠮ ᠤᠨ ᠨᠠᠶᠢᠷᠠᠯᠲᠠ ᠶᠢᠨ ᠦᠢᠯᠡᠴᠢᠯᠡᠭᠡ ᠬᠠᠩᠭᠠᠨ᠎ᠠ᠄ | ᠨᠡᠶᠢᠭᠡᠮ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠥᠳᠥᠭᠡᠭᠴᠢ ᠤᠷᠪᠠᠯᠵᠢ ᠪᠣᠯᠣᠨ ᠵᠣᠷ ᠤᠨ ᠪᠤᠰᠤ | ᠲᠥᠷᠥᠯ ᠤᠨ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠤᠭᠠᠬᠤ᠂ ᠬᠠᠯᠳᠠᠪᠤᠷᠢᠯᠠᠯ ᠢ ᠡᠰᠡᠷᠭᠦᠴᠡᠬᠦ ᠵᠡᠷᠭᠡ | ᠪᠠᠶᠢᠩᠭᠤ ᠬᠡᠷᠡᠭᠯᠡᠬᠦ ᠡᠮ ᠤᠨ ᠬᠠᠩᠭᠠᠯᠭ᠎ᠠ ᠶᠢ ᠪᠠᠲᠤᠯᠠᠨ᠎ᠠ᠄ ︽ᠵᠢᠵᠢᠭ ᠡᠮ ᠤᠨ ᠬᠠᠶᠢᠷᠴᠠᠭ︾ ᠤᠨ | ᠠᠴᠢᠶᠠᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠬᠢᠵᠠᠭᠠᠷ ᠣᠷᠣᠨ ᠤ ᠣᠯᠠᠨ ᠲᠦᠮᠡᠨ ᠳᠤ | ᠴᠢᠬᠤᠯᠠ ᠪᠦᠬᠦᠢ ᠡᠮ ᠤᠨ ᠵᠦᠢᠯ ᠢ ᠰᠢᠨᠡᠳᠬᠡᠨ ᠲᠣᠬᠢᠷᠠᠭᠤᠯᠵᠤ᠂ ᠲᠣᠭᠤᠷᠢᠨ ᠡᠮᠴᠢᠯᠡᠬᠦ ᠦᠢᠯᠡᠴᠢᠯᠡᠭᠡ ᠶᠢ | ᠥᠷᠨᠢᠭᠦᠯᠦᠨ᠎ᠡ᠄ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠨᠢ ᠣᠯᠠᠨ ᠲᠦᠮᠡᠨ ᠳᠤ ᠡᠮ ᠬᠤᠳᠠᠯᠳᠤᠨ | ᠠᠪᠴᠤ ᠡᠮ ᠢᠯᠡᠭᠡᠬᠦ ᠦᠢᠯᠡᠴᠢᠯᠡᠭᠡ ᠬᠠᠩᠭᠠᠵᠤ᠂ ᠳᠠᠬᠢᠨ ᠡᠮᠨᠡᠬᠦ᠂ ᠤᠳᠠᠭᠠᠨ ᠴᠢᠨᠠᠷᠲᠠᠢ ᠡᠪᠡᠳᠴᠢᠨ ᠤ ᠣᠷᠳᠣ | ᠵᠣᠷ ᠢᠶᠠᠷ ᠡᠮ ᠨᠠᠶᠢᠷᠠᠭᠤᠯᠬᠤ ᠦᠢᠯᠡᠴᠢᠯᠡᠭᠡ ᠶᠢᠨ ᠬᠠᠩᠭᠠᠯᠭ᠎ᠠ ᠶᠢ ᠴᠢᠩᠭᠠᠳᠬᠠᠨ᠎ᠠ︔ ᠰᠢᠶᠠᠩ ᠪᠠᠯᠭᠠᠰᠤ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ︵ᠲᠣᠰᠬᠤᠨ︶ ᠤ ᠵᠥᠪᠯᠡᠯ ᠨᠢ ᠰᠠᠶᠢᠨ ᠳᠤᠷ᠎ᠠ ᠶᠢᠨ ᠠᠵᠢᠯᠯᠠᠭᠰᠠᠳ ᠢ ᠥᠨᠳᠥᠷ | ᠨᠠᠰᠤᠲᠠᠢ ᠨᠠᠰᠤᠲᠠᠨ ᠵᠡᠷᠭᠡ ᠶᠠᠪᠤᠵᠤ ᠰᠠᠭᠤᠬᠤ ᠳᠤ ᠳᠥᠭᠦᠮ ᠦᠭᠡᠢ ᠬᠥᠮᠥᠰ ᠢᠶᠠᠷ ᠲᠣᠬᠢᠷᠠᠭᠤᠯᠵᠤ᠂ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ᠡᠷᠡᠭᠦᠯ ᠬᠠᠮᠠᠭᠠᠯᠠᠯ ᠤᠨ ᠲᠠᠰᠤᠭ︶᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠦᠢᠯᠡᠴᠢᠯᠡᠭᠡᠨ ᠤ ᠥᠷᠳᠡᠭᠡ︶᠂ ᠵᠢᠵᠢᠭᠯᠡᠨ ᠬᠤᠳᠠᠯᠳᠤᠬᠤ | ᠡᠮ ᠤᠨ ᠳᠡᠯᠭᠡᠭᠦᠷ᠂ ᠬᠤᠶᠠᠳᠤᠭᠠᠷ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠪᠠᠷ ᠣᠷᠣᠯᠠᠭᠤᠯᠤᠨ ᠡᠮ | ᠬᠤᠳᠠᠯᠳᠤᠨ ᠠᠪᠤᠭᠤᠯᠬᠤ ᠬᠡᠷᠡᠭᠲᠡᠢ᠃ | ︵ᠬᠤᠶᠠᠷ︶ ᠬᠢᠵᠢᠭ ᠤᠨ ᠪᠠᠶᠢᠳᠠᠯ ᠢ ᠲᠦᠷᠭᠡᠨ ᠰᠢᠢᠳᠪᠦᠷᠢᠯᠡᠵᠦ᠂ ᠬᠢᠵᠢᠭ ᠲᠤ ᠬᠤᠯᠪᠣᠭᠳᠠᠭᠰᠠᠨ ᠣᠷᠣᠨ ᠤ | ᠦᠢᠯᠡᠴᠢᠯᠡᠭᠡ ᠪᠠᠨ ᠲᠦᠷᠭᠡᠨ ᠰᠡᠷᠭᠦᠭᠡᠬᠦ ᠶᠢ ᠦᠨᠡᠨᠬᠦ ᠪᠠᠲᠤᠯᠠᠬᠤ ᠬᠡᠷᠡᠭᠲᠡᠢ᠃ᠡᠮᠴᠢᠯᠡᠭᠡᠨ ᠤ ᠪᠠᠶᠢᠭᠤᠯᠤᠮᠵᠢ ᠳᠤ | ᠬᠢᠵᠢᠭ ᠲᠤ ᠬᠤᠯᠪᠣᠭᠳᠠᠭᠰᠠᠨ ᠪᠠᠶᠢᠳᠠᠯ ᠭᠠᠷᠪᠠᠯ᠂ ᠡᠪᠡᠳᠴᠢᠨ ᠤ ᠣᠷᠣᠨ᠂ ᠡᠮᠴᠢᠯᠡᠭᠡᠨ ᠤ ᠲᠠᠰᠤᠭ ᠵᠡᠷᠭᠡ ᠬᠦᠷᠢᠶ᠎ᠡ | ᠬᠡᠪᠴᠢᠶ᠎ᠡ ᠶᠢᠨ ᠶᠣᠰᠣᠭᠠᠷ ᠣᠷᠴᠢᠨ ᠲᠣᠭᠤᠷᠢᠨ ᠤ ᠥᠯᠢᠭᠡᠷ ᠠᠪᠬᠤ ᠪᠠ ᠤᠰᠠᠳᠬᠠᠬᠤ ᠶᠢ ᠬᠡᠷᠡᠭᠵᠢᠭᠦᠯᠵᠦ᠂ | ︽ᠲᠦᠷᠭᠡᠨ ᠪᠢᠲᠡᠭᠦᠮᠵᠢᠯᠡᠬᠦ᠂ ᠲᠦᠷᠭᠡᠨ ᠰᠢᠭᠰᠢᠬᠦ᠂ ᠲᠦᠷᠭᠡᠨ ᠠᠷᠢᠯᠭᠠᠬᠤ᠂ ᠲᠦᠷᠭᠡᠨ ᠲᠠᠶᠢᠯᠬᠤ︾ ᠶᠢ ᠪᠡᠶᠡᠯᠡᠭᠦᠯᠵᠦ᠂ | ᠡᠮᠨᠡᠯᠭᠡ ᠶᠢᠨ ᠬᠤᠷᠢᠶ᠎ᠠ ᠶᠢᠨ ᠲᠣᠭᠤᠷᠢᠭ ᠢ ᠪᠢᠲᠡᠭᠦᠮᠵᠢᠯᠡᠬᠦ ᠦᠭᠡᠢ᠂ ᠬᠡᠪ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠬᠦ ᠶᠢ ᠨᠥᠯᠥᠭᠡᠯᠡᠬᠦ ᠦᠭᠡᠢ ᠪᠠᠶᠢᠬᠤ ᠬᠡᠷᠡᠭᠲᠡᠢ᠃ᠡᠮᠴᠢᠯᠡᠭᠡᠨ ᠤ ᠪᠠᠶᠢᠭᠤᠯᠤᠮᠵᠢ ᠶᠢᠨ ᠳᠣᠲᠣᠷᠠᠬᠢ | ᠬᠠᠯᠳᠠᠪᠤᠷᠢᠯᠠᠯ ᠢ ᠮᠠᠭᠠᠳᠯᠠᠨ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠵᠠᠳᠠᠯᠤᠯᠲᠠ ᠪᠠ ᠰᠤᠳᠤᠯᠤᠨ ᠮᠠᠭᠠᠳᠯᠠᠯᠲᠠ | ᠬᠢᠬᠦ ᠬᠡᠷᠡᠭᠲᠡᠢ᠂ ᠡᠮᠴᠢᠯᠡᠭᠡᠨ ᠤ ᠪᠠᠶᠢᠭᠤᠯᠤᠮᠵᠢ ᠳᠤ ᠰᠢᠨ᠎ᠡ ᠪᠠᠷ ᠢᠯᠡᠷᠡᠭᠰᠡᠨ ᠸᠢᠷᠦ᠋ᠰ ᠤᠨ ᠬᠠᠯᠳᠠᠪᠤᠷᠢᠯᠠᠯ ᠤᠨ | ᠡᠪᠡᠳᠴᠢᠨ ᠤ ᠵᠢᠱᠢᠶ᠎ᠡ ᠪᠠᠷ ᠰᠢᠯᠲᠠᠭ ᠪᠣᠯᠭᠠᠵᠤ ᠡᠮᠨᠡᠯᠭᠡ ᠶᠢᠨ ᠬᠤᠷᠢᠶ᠎ᠠ ᠶᠢᠨ ᠬᠠᠯᠳᠠᠪᠤᠷᠢᠯᠠᠯ ᠢ ᠳᠤᠷ᠎ᠠ ᠪᠠᠷ ᠢᠶᠠᠨ | ᠰᠢᠢᠳᠪᠦᠷᠢᠯᠡᠬᠦ ᠶᠢᠨ ᠬᠠᠮᠲᠤ ᠰᠢᠳᠬᠡᠨ ᠲᠣᠷᠭᠠᠵᠤ ᠪᠣᠯᠬᠤ ᠦᠭᠡᠢ᠃ | ︵ᠭᠤᠷᠪᠠ︶ ᠡᠮᠨᠡᠨ ᠰᠤᠪᠢᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠡᠮᠴᠢᠯᠡᠭᠡᠨ ᠤ | ᠪᠠᠶᠢᠭᠤᠯᠤᠮᠵᠢ ᠶᠢᠨ ᠠᠪᠤᠷᠠᠨ ᠵᠠᠰᠠᠬᠤ ᠬᠦᠴᠦᠨ ᠢ ᠬᠠᠮᠠᠭᠠᠯᠠᠨ᠎ᠠ᠃ᠡᠯ᠎ᠡ ᠭᠠᠵᠠᠷ ᠤᠨ ᠬᠢᠨ ᠡᠮᠴᠢ ᠰᠤᠪᠢᠯᠠᠭᠴᠢ ᠶᠢᠨ | ᠠᠵᠢᠯᠲᠠᠨ ᠤ ᠣᠷᠣᠨ ᠲᠤᠭ᠎ᠠ ᠪᠠᠨ ᠬᠠᠰᠤᠵᠤ ᠠᠵᠢᠯ ᠤᠨ ᠪᠠᠶᠢᠷᠢ ᠳᠠᠭᠠᠨ ᠪᠤᠴᠠᠬᠤ ᠡᠬᠡ ᠲᠠᠩᠰᠠ ᠪᠠᠶᠢᠭᠤᠯᠵᠤ᠂ | ᠡᠮᠴᠢ ᠰᠤᠪᠢᠯᠠᠭᠴᠢ ᠶᠢᠨ ᠪᠡᠶ᠎ᠡ ᠮᠠᠬᠠᠪᠤᠳ ᠤᠨ ᠡᠷᠡᠭᠦᠯᠵᠢᠯ ᠤᠨ ᠪᠠᠶᠢᠳᠠᠯ ᠢ ᠣᠶᠢᠯᠠᠭᠠᠬᠤ ᠪᠠ ᠰᠠᠯᠠᠭ᠎ᠠ ᠲᠠᠰᠤᠭ ᠤᠨ | ᠠᠵᠢᠯᠲᠠᠨ ᠤ ᠠᠵᠢᠯ ᠤᠨ ᠪᠠᠶᠢᠷᠢ ᠳᠠᠭᠠᠨ ᠪᠤᠴᠠᠬᠤ ᠶᠢ ᠤᠷᠢᠳᠴᠢᠯᠠᠨ ᠵᠢᠱᠢᠬᠦ ᠠᠵᠢᠯ ᠢ ᠰᠠᠶᠢᠲᠤᠷ ᠬᠢᠵᠦ᠂ | ᠡᠮᠨᠡᠯᠭᠡ ᠶᠢᠨ ᠠᠵᠢᠯᠲᠠᠨ ᠤ ᠳᠤᠭᠤᠶᠢᠯᠠᠩ ᠬᠤᠪᠢᠶᠠᠬᠤ᠂ ᠡᠮᠴᠢᠯᠡᠭᠡᠨ ᠤ ᠬᠦᠴᠦᠨ ᠢ ᠲᠣᠬᠢᠷᠠᠭᠤᠯᠬᠤ ᠪᠠ ᠠᠵᠢᠯᠯᠠᠬᠤ | ᠠᠩᠭᠢ ᠶᠢᠨ ᠲᠣᠬᠢᠷᠠᠭᠤᠯᠤᠯᠲᠠ ᠶᠢ ᠬᠥᠳᠡᠯᠦᠩᠭᠦᠢ ᠪᠠᠷ ᠰᠢᠯᠢᠳᠡᠭᠵᠢᠭᠦᠯᠬᠦ ᠪᠠ ᠲᠣᠬᠢᠷᠠᠭᠤᠯᠬᠤ ᠬᠡᠷᠡᠭᠲᠡᠢ᠄ ᠡᠮᠴᠢ | ᠰᠤᠪᠢᠯᠠᠭᠴᠢ ᠶᠢ ᠤᠷᠢᠬᠤ᠂ ᠳᠠᠭᠢᠵᠤ ᠤᠷᠢᠵᠤ ᠴᠡᠷᠢᠭ ᠠᠴᠠ ᠬᠠᠯᠠᠭᠳᠠᠭᠰᠠᠨ ᠴᠡᠷᠢᠭ ᠠᠩᠭᠢ ᠶᠢᠨ ᠡᠮᠴᠢ | ᠰᠤᠪᠢᠯᠠᠭᠴᠢ ᠶᠢ ᠡᠯᠰᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠠᠷᠭ᠎ᠠ ᠵᠠᠮ ᠢᠶᠠᠷ ᠡᠮᠴᠢᠯᠡᠭᠡ ᠡᠷᠡᠭᠦᠯ | ᠬᠠᠮᠠᠭᠠᠯᠠᠯ ᠤᠨ ᠠᠵᠢᠯᠲᠠᠨ ᠤ ᠡᠩᠨᠡᠭᠡ ᠶᠢ ᠥᠷᠭᠡᠳᠬᠡᠬᠦ ᠬᠡᠷᠡᠭᠲᠡᠢ︔ᠸᠢᠷᠦ᠋ᠰ ᠤᠨ ᠣᠨᠳᠣᠣᠰᠢᠭᠰᠠᠨ ᠸᠢᠷᠦ᠋ᠰ ᠤᠨ | ᠰᠠᠭᠤᠷᠢ ᠶᠢᠨ ᠡᠪᠡᠳᠴᠢᠯᠡᠭᠦᠯᠬᠦ ᠴᠢᠨᠠᠷ ᠤᠨ ᠣᠨᠴᠠᠯᠢᠭ ᠪᠠ ᠵᠢᠮ᠎ᠡ ᠶᠣᠰᠣᠨ ᠤ ᠲᠤᠬᠠᠢ ᠮᠡᠳᠡᠯᠭᠡ ᠶᠢᠨ | ᠪᠣᠯᠪᠠᠰᠤᠷᠠᠭᠤᠯᠤᠯ ᠢ ᠴᠢᠩᠭᠠᠳᠬᠠᠵᠤ᠂ ᠬᠠᠯᠳᠠᠪᠤᠷᠢᠯᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠴᠢᠩᠭ᠎ᠠ | ᠬᠡᠷᠡᠭᠵᠢᠭᠦᠯᠵᠦ᠂ ᠠᠵᠢᠯᠲᠠᠨ ᠤ ᠬᠠᠮᠠᠭᠠᠯᠠᠯᠲᠠ ᠶᠢ ᠳᠡᠭᠡᠭᠰᠢᠯᠡᠭᠦᠯᠵᠦ᠂ ᠡᠮᠴᠢᠯᠡᠭᠡᠨ ᠳᠤ ᠬᠡᠷᠡᠭᠯᠡᠬᠦ ᠬᠠᠮᠠᠭᠠᠯᠠᠯᠲᠠ ᠶᠢᠨ | ᠲᠥᠬᠦᠭᠡᠷᠦᠮᠵᠢ ᠶᠢ ᠵᠥᠪ ᠣᠨᠣᠪᠴᠢᠲᠠᠢ ᠰᠣᠩᠭᠤᠨ ᠬᠡᠷᠡᠭᠯᠡᠬᠦ ᠪᠠ ᠵᠡᠭᠦᠵᠦ᠂ ᠡᠮᠨᠡᠯᠭᠡ ᠶᠢᠨ ᠠᠵᠢᠯᠲᠠᠨ ᠤ ᠡᠷᠡᠭᠦᠯ | ᠮᠡᠨᠳᠦ ᠶᠢ ᠬᠢᠨᠠᠨ ᠬᠡᠮᠵᠢᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠢ ᠰᠠᠶᠢᠲᠤᠷ ᠬᠢᠵᠦ᠂ ᠭᠡᠷ ᠪᠦᠯᠢ᠂ ᠨᠢᠭᠡᠴᠡ ᠶᠢᠨ | ︽ᠬᠤᠶᠠᠷ ᠴᠢᠭ᠋ ᠨᠢᠭᠡ ᠱᠤᠭᠤᠮ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠄ ᠠᠶᠢᠮᠠᠭ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠮᠴᠢᠯᠡᠭᠡᠨ ᠤ | ᠪᠠᠶᠢᠭᠤᠯᠤᠮᠵᠢ ᠶᠢ ᠵᠣᠬᠢᠴᠠᠭᠤᠯᠤᠨ᠂ ᠡᠮᠨᠡᠯᠭᠡ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠡᠮᠴᠢ ᠰᠤᠪᠢᠯᠠᠭᠴᠢ ᠶᠢᠨ ᠣᠯᠭᠤᠮᠵᠢ ᠶᠢ ᠵᠦᠢ ᠵᠣᠬᠢᠰᠲᠠᠢ | ᠳᠡᠭᠡᠭᠰᠢᠯᠡᠭᠦᠯᠵᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ | ᠰᠢᠯᠭᠠᠷᠠᠭᠤᠯᠬᠤ᠂ ᠮᠡᠷᠭᠡᠵᠢᠯ ᠤᠨ ᠴᠣᠯᠠ ᠳᠡᠪᠰᠢᠭᠦᠯᠬᠦ᠂ ᠠᠵᠢᠯ ᠤᠨ ᠬᠠᠷᠠᠭ᠎ᠠ ᠠᠴᠠ ᠪᠣᠯᠤᠭᠰᠠᠨ ᠭᠡᠮᠲᠦᠯ ᠢ ᠦᠨᠡᠯᠡᠨ | ᠲᠣᠭᠲᠠᠭᠠᠬᠤ ᠵᠡᠷᠭᠡ ᠲᠠᠯ᠎ᠠ ᠪᠠᠷ ᠪᠣᠳᠠᠲᠠᠢ ᠠᠷᠭ᠎ᠠ ᠶᠢ ᠨᠡᠶᠢᠲᠡᠯᠡᠨ᠎ᠡ᠃ | ︵ᠳᠥᠷᠪᠡ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠵᠤ᠂ ᠡᠮᠴᠢᠯᠡᠭᠡᠨ ᠤ ᠠᠪᠤᠷᠠᠨ | ᠵᠠᠰᠠᠬᠤ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ᠡᠯ᠎ᠡ ᠠᠶᠢᠮᠠᠭ ᠬᠤᠲᠠ ᠨᠤᠭᠤᠳ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠤᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠡᠮᠴᠢᠯᠡᠭᠡᠨ ᠤ | ᠠᠪᠤᠷᠠᠨ ᠵᠠᠰᠠᠯᠲᠠ ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ ᠪᠠᠶᠢᠭᠤᠯᠬᠤ | ᠲᠤᠬᠠᠢ ᠮᠡᠳᠡᠭᠳᠡᠯ︾ ︵ᠥᠪᠥᠷ ᠰᠡᠷᠭᠡᠶᠢᠯᠡᠯᠲᠡ ᠭᠡᠳᠡᠭ ᠨᠢ ᠡᠮᠴᠢᠯᠡᠭᠡᠨ ᠤ ᠡᠵᠡᠮᠰᠢᠯ ᠥᠰᠥᠭ ﹇2022﹈ 210 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠤᠨ | ᠳᠣᠣᠷ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠪᠠᠷ ᠲᠦᠷᠦᠭᠦᠯᠡᠭᠦᠯᠦᠭᠰᠡᠨ᠂ ᠣᠯᠠᠨ ᠰᠠᠯᠠᠭ᠎ᠠ ᠮᠥᠴᠢᠷ ᠬᠠᠮᠵᠢᠯᠴᠠᠭᠰᠠᠨ | ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠪᠠ ᠡᠮᠴᠢᠯᠡᠭᠡᠨ ᠤ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ | ᠪᠠ ᠡᠮᠴᠢᠯᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠶᠡᠷᠦᠩᠬᠡᠶᠢᠯᠡᠨ ᠵᠣᠬᠢᠴᠠᠭᠤᠯᠬᠤ᠂ ᠦᠨᠳᠦᠰᠦᠨ ᠱᠠᠲᠤᠨ ᠤ | ᠡᠷᠡᠭᠦᠯ ᠮᠡᠨᠳᠦ ᠶᠢᠨ ᠬᠠᠮᠢᠶᠠᠷᠤᠯᠲᠠ ᠬᠢᠭᠡᠳ ᠣᠨᠣᠰᠢᠯᠠᠨ ᠡᠮᠨᠡᠬᠦ ᠶᠢ ᠵᠢᠯᠤᠭᠤᠳᠬᠤ᠂ ᠡᠮᠴᠢᠯᠡᠭᠡᠨ ᠤ ᠠᠪᠤᠷᠠᠨ | ᠡᠮᠨᠡᠬᠦ ᠶᠢ ᠵᠢᠯᠤᠭᠤᠳᠬᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ᠂ ᠤᠬᠠᠭᠤᠯᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠵᠡᠷᠭᠡ ᠠᠵᠢᠯ ᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠢ᠂ ᠠᠵᠢᠯᠯᠠᠭᠠᠨ ᠨᠢ | ᠤᠷᠤᠭᠰᠢᠲᠠᠢ᠂ ᠨᠠᠶᠢᠳᠠᠪᠤᠷᠢᠵᠢᠭᠤᠯᠤᠯᠲᠠ ᠨᠢ ᠪᠣᠳᠠᠲᠠᠶᠢᠵᠢᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ | ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠮ | ᠡᠮᠨᠡᠯᠭᠡ ᠶᠢᠨ ᠰᠡᠷᠭᠡᠶᠢᠯᠡᠨ ᠡᠵᠡᠮᠳᠡᠬᠦ ᠳᠤᠭᠤᠶᠢᠯᠠᠩ | 2022 ᠣᠨ ᠤ 12 ᠰᠠᠷ᠎ᠠ ᠶᠢᠨ 22 ᠤ ᠡᠳᠣᠷ | | | | | |